ᠤᠢᠷ᠎ᠠ᠎ᠶᠢᠨ ᠡᠳᠦᠷ᠂ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠮᠡᠷᠭᠡᠵᠢᠯ᠎ᠤᠨ ᠤᠷᠤᠯᠳᠤᠭᠠᠨ᠎ᠤ ᠥᠪᠥᠷ ᠮᠣᠩᠭᠣᠯ᠎ᠤᠨ ᠰᠢᠯᠭᠠᠷᠠᠭᠤᠯᠬᠤ ᠤᠷᠤᠯᠳᠤᠭᠠᠨ᠎ᠢ ᠪᠤᠭᠤᠲᠤ᠂ ᠣᠷᠳᠣᠰ᠂ ᠪᠠᠶᠠᠨᠨᠠᠭᠤᠷ ᠵᠡᠷᠭᠡ ᠭᠤᠷᠪᠠᠨ ᠭᠠᠵᠠᠷ᠎ᠲᠤ ᠡᠷᠭᠢᠯᠡᠵᠦ᠂ ᠪᠥᠬᠥ᠌ ᠣᠷᠣᠨ᠎ᠤ 131ᠲᠤᠭᠤᠢᠯᠠᠩ᠂ 263 ᠲᠠᠮᠢᠷᠴᠢᠨ ᠤᠷᠤᠯᠳᠤᠭᠠᠨ᠎ᠳᠤ ᠣᠷᠣᠯᠴᠠᠵᠤ᠂ 23 ᠲᠠᠮᠢᠷᠴᠢᠨ ᠪᠥᠬᠥ᠌ ᠤᠯᠤᠰ᠎ᠤᠨ ᠱᠢᠶ᠋ᠳᠪᠦᠷᠢᠲᠦ ᠤᠷᠤᠯᠳᠤᠭᠠᠨ᠎ᠳᠤ ᠤᠷᠤᠯᠴᠠᠬᠤ ᠬᠢᠷᠢ ᠭᠡᠮ ᠤᠯᠪᠠ᠃
ᠲᠣᠰ ᠤᠳᠠᠭᠠᠨ᠎ᠤ ᠤᠷᠤᠯᠳᠤᠭᠠᠨ᠎ᠳᠤ ᠱᠢᠨ᠎ᠡ ᠡᠨᠧᠷᠭᠢ ᠶ᠋ᠢᠨ ᠮᠠᠱᠢᠨ ᠲᠡᠷᠭᠡ᠂ ᠣᠶᠤᠨᠴᠢ ᠠᠵᠤ ᠦᠶ᠋ᠯᠡᠳᠪᠦᠷᠢ ᠶ᠋ᠢᠨ ᠮᠠᠱᠢᠨ ᠬᠥᠮᠦᠨ᠂ RISC ᠊᠊᠊V ᠵᠡᠷᠭᠡ ᠪᠦᠲᠦᠴᠡ ᠶ᠋ᠢᠨ ᠴᠢᠫ᠎ᠤᠨ ᠨᠡᠭᠡᠭᠡᠨ ᠬᠥᠭ᠌ᠵᠢᠭᠦᠯᠦᠯᠳᠡ ᠪᠠ ᠱᠢᠰᠲ᠋ᠧᠮ᠎ᠦᠨ ᠬᠡᠷᠡᠭ᠌ᠯᠡᠯᠲᠡ᠂ ᠠᠵᠤ ᠦᠶ᠋ᠯᠡᠳᠪᠦᠷᠢ ᠶ᠋ᠢᠨ ᠲᠣᠮᠣ ᠳ᠋ᠠᠢᠲ᠋ᠠ᠂ ᠦᠶ᠋ᠯᠡᠳᠬᠦ᠌ ᠦᠶ᠋ᠯᠡᠰ᠎ᠦᠨ ᠲᠣᠭᠠᠴᠢᠯᠠᠯᠲᠠ ᠳᠠᠢᠰᠢ ᠬᠡᠯᠪᠡᠷᠢ ᠪᠠᠨ ᠬᠤᠪᠢᠷᠠᠭᠤᠯᠬᠤ᠂ ᠠᠵᠤ ᠦᠶ᠋ᠯᠡᠳᠪᠦᠷᠢ ᠶ᠋ᠢᠨ ᠢᠨᠲ᠋ᠧᠷ ᠰᠦᠯᠵᠢᠶᠡᠨ᠎ᠦ ᠱᠢᠨ᠎ᠡ ᠶ᠋ᠢ ᠡᠭᠦᠳᠬᠦ᠌ ᠬᠡᠷᠡᠭ᠌ᠯᠡᠯᠲᠡ ᠵᠡᠷᠭᠡ ᠵᠢᠷᠭᠤᠭᠠᠨ ᠤᠷᠤᠯᠳᠤᠭᠠᠨ ᠲᠣᠬᠢᠷᠠᠭᠤᠯᠵᠤ᠂ 《ᠲᠤᠬᠠᠶ ᠶ᠋ᠢᠨ ᠲᠠᠯᠠᠪᠠᠶ ᠶ᠋ᠢᠨ ᠬᠢᠨᠠᠨ ᠱᠢᠯᠭᠠᠯᠲᠠ + ᠪᠣᠳᠠᠲᠤ ᠠᠵᠢᠯᠯᠠᠭᠠᠨ᠎ᠤ ᠤᠷᠤᠯᠳᠤᠭᠠᠨ》 ᠤ᠋ ᠵᠠᠭ᠍ᠪᠤᠷ᠎ᠢ ᠬᠡᠷᠡᠭ᠌ᠯᠡᠨ ᠶᠠᠪᠤᠭᠳᠠᠭᠤᠯᠵᠠᠢ᠃
ᠰᠢᠯᠭᠠᠷᠠᠭᠤᠯᠬᠤ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠲᠢᠩᠬᠢᠮ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠶ᠋ᠢᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠂ ᠠᠵᠢᠯᠴᠢᠨ᠎ᠤ ᠶᠡᠷᠦᠩᠬᠡᠶ ᠡᠪᠯᠡᠯ᠂ ᠡᠪᠯᠡᠯ᠎ᠦᠨ ᠬᠣᠷᠢᠶ᠎ᠠ ᠬᠠᠮᠲᠤᠷᠠᠨ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠪᠠᠷᠠᠭᠠᠨ᠎ᠤ ᠮᠡᠳᠡᠭᠡ ᠵᠠᠩᠭᠢ ᠶ᠋ᠢᠨ ᠰᠦᠯᠵᠢᠶᠡᠨ᠎ᠦ ᠠᠵᠢᠯ ᠲᠥᠷᠥᠯ᠎ᠦᠨ ᠨᠡᠢᠭᠡᠮᠯᠢᠭ ᠳᠠᠭᠠᠭᠠᠴᠢᠯᠠᠨ ᠡᠷᠭᠢᠯᠡᠵᠦ᠍᠂ 《ᠤᠷᠤᠯᠳᠤᠭᠠᠨ ᠪᠠ ᠠᠵᠤ ᠦᠶ᠋ᠯᠡᠰ᠎ᠦᠨ ᠠᠭᠤᠰᠤᠯᠴᠠᠯ᠎ᠢ ᠭᠦᠨᠵᠡᠭᠡᠢᠷᠡᠭᠦᠯᠦᠨ᠂ ᠤᠷᠤᠯᠳᠤᠭᠠᠨ᠎ᠢᠶᠠᠷ ᠴᠢᠳᠠᠪᠤᠷᠢᠲᠠᠨ᠎ᠢ ᠬᠥᠮᠦᠵᠢᠭᠦᠯᠬᠦ᠌》 ᠪᠠᠷ ᠵᠣᠷᠢᠯᠳᠡ ᠪᠣᠯᠭᠠᠵᠤ᠂ ᠱᠢᠨ᠎ᠡ ᠡᠨᠧᠷᠭᠢ᠂ ᠣᠶᠤᠨᠳᠤ ᠦᠶ᠋ᠯᠡᠳᠬᠦ᠌ ᠦᠶ᠋ᠯᠡᠰ᠂ ᠲᠣᠭᠠᠴᠢᠯᠠᠭ᠍ᠰᠠᠨ ᠠᠵᠤ ᠠᠬᠤᠶ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠤᠷᠤᠯᠳᠤᠭᠠᠨ᠎ᠢ ᠠᠵᠤ ᠦᠶ᠋ᠯᠡᠰ᠎ᠦᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ 《ᠪᠣᠯᠪᠠᠰᠤᠷᠠᠯ᠎ᠤᠨ ᠲᠠᠯᠠᠪᠠᠢ》 ᠪᠣᠯᠭᠠᠵᠤ᠂ ᠥᠪᠥᠷ ᠮᠣᠩᠭᠣᠯ᠎ᠤᠨ ᠠᠵᠤ ᠦᠶ᠋ᠯᠡᠳᠪᠦᠷᠢ ᠶ᠋ᠢᠨ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠠᠢ᠃