— ᠲᠦᠪ ᠤ᠋ᠨ ᠤᠯᠤᠰ ᠲᠦᠷᠦ ᠵᠢᠨ ᠲᠤᠪᠴᠢᠶ᠎ᠠ ᠵᠢᠨ ᠬᠤᠷᠠᠯ ᠡᠴᠡ 2026 ᠤᠨ ᠤ᠋ ᠠᠵᠤ ᠠᠬᠤᠢ ᠵᠢᠨ ᠠᠵᠢᠯ ᠤ᠋ᠨ ᠴᠢᠭᠯᠡᠯ ᠢ᠋ ᠬᠠᠷᠠᠬᠤᠢ
12 ᠰᠠᠷ᠎ᠠ᠎ᠶ᠋ᠢᠨ 8 ᠤ᠋ ᠡᠳᠦᠷ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠬᠤᠷᠠᠯ ᠬᠤᠷᠠᠯᠳᠤᠭᠤᠯᠵᠤ᠂ 2026 ᠣᠨ᠎ᠤ ᠠᠵᠤ ᠠᠬᠤᠶ᠎ᠶ᠋ᠢᠨ ᠠᠵᠢᠯ᠎ᠢ ᠵᠠᠳᠠᠯᠤᠨ ᠰᠤᠳᠤᠯᠪᠠ᠃
ᠬᠤᠷᠠᠯ᠎ᠡᠴᠡ ᠡᠨᠡ ᠵᠢᠯ᠎ᠦᠨ ᠠᠵᠤ ᠠᠬᠤᠢ᠎ᠶ᠋ᠢᠨ ᠠᠵᠢᠯ᠎ᠢ ᠳ᠋ᠦᠩᠨᠡᠨ ᠵᠠᠳᠠᠯᠵᠤ᠂ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠳᠤ ᠠᠯᠢ ᠤᠯᠠᠨ ᠴᠢᠬᠤᠯᠠ ᠪᠠᠢᠷᠢᠯᠠᠭᠤᠯᠤᠯᠲᠠ ᠬᠢᠵᠡᠢ᠂ ᠡᠨᠡ ᠨᠢ ᠯᠠᠪᠲᠠᠢ ᠤᠯᠠᠮ ᠨᠢᠭᠡ ᠠᠯᠬᠤᠮ ᠬᠥᠭ᠌ᠵᠢᠯᠲᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠬᠥᠭ᠌ᠵᠢᠯᠲᠡ᠎ᠶ᠋ᠢᠨ ᠬᠠᠮᠲᠤ᠎ᠶ᠋ᠢᠨ ᠲᠠᠨᠢᠯᠲᠠ ᠪᠠᠨ ᠨᠢᠭ᠍ᠲᠠᠷᠠᠭᠤᠯᠵᠤ᠂ ᠡᠯ᠎ᠡ ᠵᠦᠢᠯ᠎ᠦᠨ ᠳᠠᠭᠠᠷᠢᠯᠳᠠ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠠᠵᠤ ᠠᠬᠤᠢ ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶ᠋ᠢ ᠪᠡᠬᠢᠵᠢᠭᠦᠯᠦᠨ ᠥᠷᠭᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ ᠶ᠋ᠢ ᠪᠡᠶᠡᠯᠡᠭᠦᠯᠬᠦ᠌᠎ᠳᠦ ᠪᠠᠲᠤ ᠰᠠᠭᠤᠷᠢ ᠲᠠᠯᠪᠢᠬᠤ ᠪᠣᠯᠤᠨ᠎ᠠ᠃
ᠡᠨᠡ ᠵᠢᠯ ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠤᠷᠤᠭ᠍ᠰᠢᠲᠠᠢ᠎ᠪᠠᠷ ᠪᠡᠶᠡᠯᠡᠭ᠌ᠳᠡᠬᠦ᠌ ᠪᠣᠯᠤᠨ᠎ᠠ
2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠂ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠ ᠴᠢᠬᠤᠯᠠ ᠠᠴᠢ ᠬᠣᠯᠪᠣᠭ᠍ᠳᠠᠯ᠎ᠲᠠᠶ ᠶᠤᠮ᠃
ᠬᠤᠷᠠᠯ᠎ᠡᠴᠡ ᠨᠢᠭᠡ ᠵᠢᠯ᠎ᠦᠨ ᠲᠤᠷᠱᠢᠬᠢ ᠠᠵᠤ ᠠᠬᠤᠢ᠎ᠶ᠋ᠢᠨ ᠠᠵᠢᠯ᠎ᠢ ᠳ᠋ᠦᠩᠨᠡᠵᠦ᠍᠂ ᠴᠢᠬᠤᠯᠠ ᠮᠠᠭᠠᠳᠯᠠᠯᠲᠠ ᠬᠢᠪᠡ᠄ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠦᠷᠦᠨ ᠤᠷᠤᠭ᠍ᠰᠢᠯᠠᠵᠤ᠂ ᠡᠷᠡᠮᠡᠭᠡᠢᠯᠡᠨ ᠲᠡᠮᠡᠴᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ ᠶ᠋ᠢ ᠨᠢᠭᠡᠳᠦᠯᠲᠡᠢ ᠲᠥᠯᠥᠪᠵᠢᠭᠦᠯᠵᠦ᠍᠂ ᠨᠡᠩ ᠢᠳᠡᠪᠬᠢᠲᠡᠢ ᠵᠢᠳᠬᠦᠯ ᠴᠢᠷᠮᠠᠢᠯᠭ᠎ᠠ ᠲᠠᠶ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠦᠭ᠌ᠰᠡᠨ᠎ᠡᠴᠡ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠤᠷᠤᠭ᠍ᠰᠢᠲᠠᠢ ᠪᠡᠶᠡᠯᠡᠭ᠌ᠳᠡᠬᠦ᠌ ᠪᠣᠯᠤᠨ᠎ᠠ᠃
《ᠵᠢᠯ ᠤ᠋ᠨ ᠡᠬᠢᠨ ᠡᠴᠡ ᠨᠠᠭᠠᠰᠢ᠂ ᠭᠠᠳᠠᠭᠠᠳᠤ ᠣᠷᠴᠢᠨ᠎ᠤ ᠳᠠᠷᠤᠯᠲᠠ ᠶᠡᠬᠡᠰᠦᠭ᠌ᠰᠡᠨ ᠪᠠ ᠳᠣᠲᠣᠭᠠᠳᠤ᠎ᠶ᠋ᠢᠨ ᠬᠦᠴᠢᠷᠳᠡᠯ ᠨᠡᠯᠢᠶᠡᠳ ᠤᠯᠠᠨ ᠪᠠᠢᠭ᠎ᠠ ᠪᠤᠳᠤᠯᠢᠶᠠᠨᠲᠠᠢ ᠪᠠᠢᠳᠠᠯ᠎ᠤᠨ ᠡᠮᠦᠨ᠎ᠡ᠂ ᠨᠠᠮ ᠤᠨ ᠲᠥᠪ ᠬᠣᠷᠢᠶ᠎ᠠ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠲᠦᠷᠦᠭᠦᠦ ᠭᠤᠷᠪᠠᠨ ᠤᠯᠠᠷᠢᠯ᠎ᠳᠤ ᠮᠠᠨ᠎ᠤ ᠤᠯᠤᠰ᠎ᠤᠨ ᠤᠯᠤᠰ᠎ᠤᠨ ᠳᠣᠲᠣᠭᠠᠳᠤ ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠨᠢᠳᠤᠨᠤᠨ ᠤ᠋ ᠠᠳᠠᠯᠢ ᠬᠤᠭᠤᠴᠠᠭᠠᠨ᠎ᠤ ᠬᠢ᠎ᠡᠴᠡ 5.2 % ᠵᠢᠡᠷ ᠨᠡᠮᠡᠭ᠌ᠳᠡᠵᠦ᠍᠂ ᠪᠦᠬᠦ᠌ ᠪᠥᠮᠪᠥᠷᠴᠡᠭ᠎ᠦᠨ ᠭᠣᠣᠯ ᠪᠣᠯᠬᠤ ᠠᠵᠤ ᠠᠬᠤᠢ᠎ᠶ᠋ᠢᠨ ᠴᠣᠭ᠍ᠴᠠ᠎ᠶ᠋ᠢᠨ ᠡᠮᠦᠨ᠎ᠡ ᠡᠩᠨᠡᠭᠡᠨ᠎ᠳᠦ ᠬᠣᠱᠢᠭᠤᠷᠠᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢᠶᠡᠨ ᠦᠷᠭᠦᠯᠵᠢᠯᠡᠨ ᠢᠯᠡᠷᠡᠭᠦᠯᠵᠠᠢ》ᠭᠡᠵᠦ᠍ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠠᠵᠤ ᠠᠬᠤᠶ ᠰᠤᠳᠤᠯᠬᠤ ᠭᠠᠵᠠᠷ᠎ᠤᠨ ᠳᠡᠳ᠋ ᠳᠠᠷᠤᠭ᠎ᠠ ᠭᠦᠸᠧ ᠯᠢ ᠶᠠᠨ ᠬᠡᠯᠡᠪᠡ᠃
ᠬᠤᠷᠠᠯ᠎ᠡᠴᠡ᠂ ᠮᠠᠨ ᠤ ᠤᠯᠤᠰ ᠤᠨ ᠠᠵᠤ ᠠᠬᠤᠶ᠎ᠶ᠋ᠢᠨ ᠡᠷᠬᠢᠯᠳᠠ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠲᠣᠭ᠍ᠲᠠᠭᠤᠨ ᠤ ᠳᠤᠮᠳᠠ ᠠᠬᠢᠵᠤ᠂ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ ᠲᠣᠭ᠍ᠲᠠᠭᠤᠨ᠎ᠢᠶᠠᠷ ᠬᠥᠭ᠌ᠵᠢᠵᠦ᠍᠂ ᠥᠭᠡᠷᠡᠴᠢᠯᠡᠯᠲᠡ ᠨᠡᠭᠡᠭᠡᠯᠲᠡ ᠱᠢᠨ᠎ᠡ ᠠᠯᠬᠤᠮ᠎ᠢ ᠠᠯᠬᠤᠵᠤ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠠᠷᠢᠯᠭᠠᠬᠤ ᠠᠵᠢᠯ ᠢᠳᠡᠪᠬᠢᠲᠡᠶ ᠠᠬᠢᠴᠠ᠎ᠲᠠᠶ ᠪᠣᠯᠵᠣ᠂ ᠠᠷᠠᠳ ᠤᠨ ᠠᠮᠢᠳᠤᠷᠠᠯ᠎ᠤᠨ ᠪᠠᠲᠤᠯᠠᠭ᠎ᠠ ᠨᠠᠩ ᠬᠦᠴᠦᠲᠡᠶ ᠪᠣᠯᠵᠣ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠵᠠᠢ ᠭᠡᠵᠤ ᠵᠢᠭᠠᠵᠤ ᠭᠠᠷᠭᠠᠪᠠ᠃
ᠤᠯᠤᠰ ᠤᠨ ᠮᠡᠳᠡᠭᠡ ᠵᠠᠩᠭᠢ᠎ᠶ᠋ᠢᠨ ᠲᠥᠪ᠎ᠦᠨ ᠠᠵᠤ ᠠᠬᠤᠶ᠎ᠶ᠋ᠢᠨ ᠵᠢᠱ᠌ᠢᠯᠲᠡ᠎ᠶ᠋ᠢᠨ ᠬᠡᠯᠲᠡᠰ᠎ᠦᠨ ᠬᠣᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠲᠠᠰᠤᠭ᠎ᠤᠨ ᠳᠡᠳ᠋ ᠡᠷᠬᠢᠯᠡᠭ᠌ᠴᠢ ᠽᠸᠤ ᠶᠦᠨ ᠬᠠᠨ᠂ ᠵᠢᠯ ᠤ᠋ᠨ ᠡᠬᠢᠨ ᠡᠴᠡ ᠨᠠᠭᠠᠰᠢ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠣᠢᠵᠢᠭᠤᠯᠵᠤ᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠨᠡᠮᠡᠭ᠌ᠳᠡᠯ᠎ᠳᠦ ᠱᠢᠨ᠎ᠡ ᠬᠥᠳᠡᠯᠭᠡᠭᠦ ᠡᠨᠧᠷᠭᠢ ᠨᠡᠮᠡᠷᠢᠯᠡᠪᠡ᠃ 《ᠬᠣᠶᠠᠷ ᠱᠢᠨ᠎ᠡ》᠂《ᠬᠣᠶᠠᠷ ᠴᠢᠬᠤᠯᠠ》 ᠲᠥᠷᠥ᠎ᠶ᠋ᠢᠨ ᠪᠣᠳᠣᠯᠭ᠎ᠠ᠎ᠶ᠋ᠢ ᠬᠦᠴᠦᠯᠡᠨ ᠥᠷᠭᠡᠳᠭᠡᠵᠦ᠍᠂ ᠬᠥᠷᠥᠩᠭᠡ᠎ᠶ᠋ᠢᠨ ᠵᠠᠬ᠎ᠠ ᠳᠡᠯᠭᠡᠭᠦᠷ ᠢ ᠬᠥᠭ᠌ᠵᠢᠶᠡᠨᠲᠡᠶ ᠪᠣᠯᠭᠠᠵᠤ᠂ 《ᠳᠣᠲᠣᠭᠠᠳᠤ ᠵᠢᠨ ᠰᠢᠷᠦᠬᠦᠨ ᠦᠷᠢᠰᠤᠯᠳᠤᠭᠡᠨ ᠤ᠋ ᠮᠠᠶᠢᠭ》 ᠤ᠋ᠨ ᠥᠷᠢᠰᠥᠯᠳᠦᠭᠡᠨ ᠵᠡᠷᠭᠡ ᠠᠯᠢ ᠣᠯᠠᠨ ᠲᠥᠷᠥ᠎ᠶ᠋ᠢᠨ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠠᠵᠢᠯ ᠬᠦᠴᠦᠲᠡᠶ ᠦᠷ᠎ᠡ ᠪᠦᠲᠦᠮᠵᠢ ᠣᠯᠵᠤ᠂ ᠴᠢᠨᠠᠷ ᠰᠠᠢᠲᠠᠶ ᠬᠥᠭ᠌ᠵᠢᠯᠲᠡ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠠᠢ ᠭᠡᠵᠤ ᠢᠯᠡᠳᠭᠡᠪᠡ᠃
ᠬᠤᠷᠠᠯ᠎ᠡᠴᠡ᠂ ᠥᠩᠭᠡᠷᠡᠭ᠌ᠰᠡᠨ 5 ᠵᠢᠯ᠎ᠳᠦ᠂ ᠪᠢᠳᠠ ᠡᠯ᠎ᠡ ᠵᠦᠢᠯ᠎ᠦᠨ ᠲᠠᠭᠠᠷᠢᠯᠳᠠ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠮᠠᠨ ᠤ ᠤᠯᠤᠰ᠎ᠤᠨ ᠠᠵᠤ ᠠᠬᠤᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠬᠠᠲᠠᠭᠤ ᠪᠣᠳᠠᠲᠤ ᠬᠦᠴᠦᠨ ᠪᠣᠯᠤᠨ ᠰᠣᠶᠣᠯ᠂ ᠪᠠᠢᠭᠤᠯᠤᠯ᠂ ᠭᠠᠳᠠᠭᠠᠳᠤ ᠬᠠᠷᠢᠯᠴᠠᠭ᠎ᠠ ᠵᠡᠷᠭᠡ ᠵᠥᠭᠡᠯᠡᠨ ᠪᠣᠳᠠᠲᠤ ᠬᠦᠴᠦᠨ ᠢᠯᠡᠳᠲᠡ ᠳᠡᠭᠡᠭ᠌ᠰᠢᠯᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤᠳᠠᠯ ᠦᠭᠡᠢ ᠲᠡᠭᠦᠰ ᠠᠮᠵᠢᠯᠲᠠ᠎ᠲᠠᠶ ᠰᠡᠬᠦᠯ ᠬᠤᠷᠢᠶᠠᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠲᠡᠶ ᠪᠣᠯᠬᠤ ᠪᠣᠯᠤᠨ᠎ᠠ ᠭᠡᠵᠤ ᠦᠵᠡᠪᠡ᠃
ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠳᠤ ᠲᠣᠭ᠍ᠲᠠᠭᠤᠨ ᠤ᠋ ᠲᠤᠮᠳᠠ ᠤᠷᠤᠬᠰᠢᠯᠡᠨ ᠲᠠᠪᠰᠢᠵᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠠᠷᠢᠮᠲᠠᠯᠠᠨ᠎ᠠ
2026 ᠣᠨ ᠪᠣᠯ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠨᠢ ᠲᠤᠢᠯ᠎ᠤᠨ ᠴᠢᠬᠤᠯᠠ ᠶᠤᠮ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ᠂ 《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠭᠦᠨᠵᠡᠭᠡᠢ ᠪᠤᠳᠤᠯᠢᠶᠠᠨᠲᠠᠢ ᠬᠤᠪᠢᠷᠠᠯᠲᠠ ᠲᠤᠯᠭᠠᠷᠠᠵᠤ ᠪᠠᠢᠨ᠎ᠠ》᠂《ᠮᠠᠨ᠎ᠤ ᠤᠯᠤᠰ᠎ᠤᠨ ᠬᠥᠭ᠌ᠵᠢᠯᠲᠡ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ ᠪᠡᠷ ᠣᠷᠣᠱᠢᠵᠤ᠂ ᠲᠣᠭ᠍ᠲᠠᠪᠤᠷᠢ ᠦᠭᠡᠢ ᠡᠯᠧᠮᠧᠨ᠋ᠲ ᠨᠡᠮᠡᠭ᠌ᠳᠡᠬᠦ᠌ ᠴᠠᠭ ᠦᠶ᠎ᠡ᠎ᠳᠦ ᠣᠷᠣᠱᠢᠵᠤ ᠪᠠᠢᠨ᠎ᠠ》 ᠭᠡᠵᠦ᠍ ᠵᠢᠭᠠᠵᠤ ᠭᠠᠷᠭᠠᠪᠠ᠃
ᠢᠷᠡᠬᠦ᠌ ᠵᠢᠯ ᠦᠨ ᠠᠵᠤ ᠠᠬᠤᠢ᠎ᠶ᠋ᠢᠨ ᠠᠵᠢᠯ ᠢ ᠰᠠᠢᠲᠤᠷ ᠬᠢᠬᠦ᠌ ᠵᠢᠨ ᠲᠤᠭᠤᠷᠢᠨ ᠳ᠋ᠤ᠂ ᠬᠤᠷᠠᠯ ᠡᠴᠡ᠂《ᠲᠣᠭ᠍ᠲᠠᠭᠤᠨ ᠤ ᠳᠤᠮᠳᠠ ᠤᠷᠤᠭ᠍ᠰᠢᠯᠠᠨ ᠲᠠᠪᠱᠢᠬᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠠᠷᠢᠮᠲᠠᠯᠠᠬᠤ ᠬᠡᠷᠡᠭ᠌ᠲᠡᠢ》᠂ 《ᠤᠯᠤᠰ᠎ᠤᠨ ᠳᠣᠲᠣᠭᠠᠳᠤ᠎ᠶ᠋ᠢᠨ ᠠᠵᠤ ᠠᠬᠤᠢ᠎ᠶ᠋ᠢᠨ ᠠᠵᠢᠯ ᠪᠣᠯᠤᠨ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠡᠮᠡᠴᠡᠯ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠬᠦ᠌ ᠬᠡᠷᠡᠭ᠌ᠲᠡᠢ》 ᠭᠡᠵᠦ᠍ ᠵᠢᠭᠠᠵᠤ ᠭᠠᠷᠭᠠᠪᠠ᠃
《ᠳᠣᠲᠣᠭᠠᠳᠤ ᠬᠡᠷᠡᠭ᠌ᠴᠡᠭᠡ ᠶ᠋ᠢ ᠦᠷᠭᠦᠯᠵᠢᠯᠡᠨ ᠥᠷᠭᠡᠳᠭᠡᠵᠦ᠍᠂ ᠬᠠᠩᠭᠠᠯᠭ᠎ᠠ᠎ᠶ᠋ᠢ ᠱᠢᠯᠢᠳᠡᠭ᠌ᠵᠢᠭᠦᠯᠬᠦ᠌》᠂ 《ᠨᠡᠮᠡᠭ᠌ᠳᠡᠯ ᠢ ᠱᠢᠯᠢᠳᠡᠭ᠌ᠵᠢᠭᠦᠯᠵᠦ᠍᠂ ᠨᠦᠭᠡᠴᠡ᠎ᠶᠢ ᠠᠮᠢᠳᠤᠯᠢᠭᠵᠢᠭᠤᠯᠬᠤ》᠂ 《ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠬᠥᠭ᠌ᠵᠢᠭᠦᠯᠬᠦ᠌》᠂ 《ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠬᠤ》᠂《ᠭᠣᠣᠯᠳᠠᠯᠭ᠎ᠠ᠎ᠲᠠᠶ ᠬᠦᠷᠢᠶᠡᠨ᠎ᠳ᠋ᠡᠬᠢ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠬᠤ》᠂ 《ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ ᠶ᠋ᠢ ᠲᠣᠭ᠍ᠲᠠᠪᠤᠷᠢᠵᠢᠭᠤᠯᠬᠤ》᠁ ᠬᠤᠷᠠᠯ᠎ᠡᠴᠡ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠤᠨ ᠬᠦᠴᠦᠯᠡᠬᠦ᠌ ᠴᠡᠭ᠎ᠢ ᠲᠣᠳᠣᠷᠬᠠᠢᠯᠠᠪᠠ᠃
《ᠬᠤᠷᠠᠯ ᠤᠨ ᠱᠢᠷᠢᠰ ᠪᠠᠢᠷᠢᠯᠠᠭᠤᠯᠤᠯᠲᠠ᠎ᠶ᠋ᠢᠨ ᠴᠢᠭ᠌ᠯᠡᠯ ᠲᠣᠳᠣᠷᠬᠠᠢ᠂ ᠪᠣᠳᠠᠲᠠᠢ᠎ᠶ᠋ᠢ ᠡᠷᠬᠢᠮᠯᠡᠭ᠌ᠰᠡᠨ ᠣᠨᠣᠪᠴᠢᠲᠠᠢ᠂ ᠬᠠᠷᠠᠯᠲᠠ ᠤᠳᠤᠷᠢᠳᠤᠮᠵᠢ ᠨᠡᠩ ᠢᠯᠡ ᠲᠣᠳᠣ᠂ ᠲᠦᠷᠦ᠍᠎ᠶ᠋ᠢᠨ ᠪᠤᠳᠤᠯᠭ᠎ᠠ᠎ᠶ᠋ᠢᠨ ᠬᠠᠮᠵᠢᠯᠴᠠᠭ᠎ᠠ ᠨᠡᠩ ᠨᠢᠭ᠍ᠲᠠ᠂ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠨᠡᠩ ᠲᠥᠪᠯᠡᠷᠡᠩᠭᠦᠢ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠡᠩ ᠪᠣᠳᠠᠲᠠᠢ᠎ᠶ᠋ᠢ ᠡᠷᠬᠢᠮᠯᠡᠵᠠᠢ》 ᠭᠡᠵᠦ᠍ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠷᠸ᠎ᠠ ᠠᠵᠤ ᠠᠬᠤᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ ᠵᠠᠩ ᠯᠢᠨ ᠱᠠᠨ ᠬᠡᠯᠡᠪᠡ᠃
ᠬᠣᠷᠸ᠎ᠠ ᠲᠦᠷᠦ᠍᠎ᠶ᠋ᠢᠨ ᠪᠤᠳᠤᠯᠭ᠎ᠠ ᠪᠣᠯ ᠠᠵᠤ ᠠᠬᠤᠢ᠎ᠶ᠋ᠢᠨ ᠲᠣᠭ᠍ᠲᠠᠭᠤᠨ ᠡᠷᠬᠢᠯᠳᠠ ᠵᠢ ᠬᠠᠮᠠᠭᠠᠯᠠᠬᠤ ᠴᠢᠬᠤᠯᠠ ᠠᠷᠭ᠎ᠠ ᠪᠠᠷᠢᠯ ᠮᠥᠨ᠃ ᠬᠤᠷᠠᠯ᠎ᠡᠴᠡ᠂ 《ᠨᠠᠩ ᠢᠳᠡᠪᠬᠢᠲᠡᠢ ᠵᠢᠳᠬᠦᠯ ᠴᠢᠷᠮᠠᠢᠯᠭ᠎ᠠ ᠲᠠᠢ ᠬᠣᠷᠸ᠎ᠠ ᠲᠦᠷᠤ᠎ᠶ᠋ᠢᠨ ᠪᠤᠲᠣᠯᠭ᠎ᠠ᠎ᠶ᠋ᠢ ᠭᠡᠷᠡᠭᠵᠢᠬᠦᠯᠤᠨ᠎ᠠ》᠂ 《ᠨᠠᠩ ᠢᠳᠡᠪᠬᠢᠲᠡᠢ ᠡᠳ᠋ ᠤ᠋ᠨ ᠵᠠᠰᠠᠭ᠎ᠤᠨ ᠲᠦᠷᠦ᠎ᠶ᠋ᠢᠨ ᠪᠤᠲᠣᠯᠭ᠎ᠠ ᠪᠠ ᠵᠣᠬᠢᠰᠲᠠᠢ᠎ᠪᠠᠷ ᠠᠭᠤᠵᠢᠭᠤ ᠲᠠᠯᠪᠢᠬᠤ ᠵᠣᠭᠣᠰᠣᠨ᠎ᠤ ᠲᠦᠷᠤ᠎ᠶ᠋ᠢᠨ ᠪᠤᠲᠣᠯᠭ᠎ᠠ᠎ᠶ᠋ᠢ ᠦᠷᠭᠦᠯᠵᠢᠯᠡᠨ ᠭᠡᠷᠡᠭᠵᠢᠬᠦᠯᠵᠤ᠂ ᠨᠡᠮᠡᠭᠳᠡᠯ ᠤ᠋ᠨ ᠲᠦᠷᠦ᠎ᠶ᠋ᠢᠨ ᠪᠤᠲᠣᠯᠭ᠎ᠠ ᠪᠠ ᠬᠠᠳᠠᠭᠠᠯᠠᠯᠳᠠ ᠵᠢᠨ ᠲᠦᠷᠦ᠎ᠶ᠋ᠢᠨ ᠪᠤᠲᠣᠯᠭ᠎ᠠ᠎ᠶ᠋ᠢᠨ ᠬᠤᠷᠠᠭᠤᠯᠬᠤ ᠦᠢᠯᠡᠳᠦᠯ ᠢ ᠪᠠᠳᠠᠷᠠᠭᠤᠯᠤᠨ᠂ ᠰᠥᠷᠭᠡᠦ ᠦᠶᠡᠯᠡᠯ᠎ᠦᠨ ᠬᠤᠭᠤᠴᠠᠭ᠎ᠠ ᠪᠠ ᠦᠶᠡᠯᠡᠯ ᠠᠯᠤᠰᠯᠠᠨ ᠳᠣᠭᠢᠷᠠᠭᠣᠯᠬᠤ ᠠᠵᠢᠯ ᠤᠨ ᠡᠷᠴᠢᠮ᠎ᠢ ᠴᠢᠨᠭᠭᠠᠷᠠᠭᠤᠯᠤᠨ᠎ᠠ》 ᠭᠡᠵᠤ ᠵᠢᠭᠠᠵᠤ ᠭᠠᠷᠭᠠᠪᠠ᠃
ᠳᠤᠮᠳᠠᠳᠤ ᠤᠯᠤᠰ᠎ᠤᠨ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠶᠠᠩ ᡁᠢ ᠶᠦᠩ᠂ ᠢᠷᠡᠬᠦ᠌ ᠵᠢᠯ᠎ᠳᠦ ᠬᠣᠷᠸ᠎ᠠ ᠳᠦᠷᠤ᠎ᠶ᠋ᠢᠨ ᠪᠤᠲᠣᠯᠭ᠎ᠠ ᠪᠦᠳᠦᠭᠡᠨ ᠪᠠᠢᠭᠤᠯᠬᠤ ᠴᠢᠭᠯᠡᠯ ᠵᠢᠠᠨ ᠨᠠᠩ ᠢᠳᠡᠪᠬᠢᠲᠡᠢ ᠪᠡᠷ ᠦᠷᠭᠦᠯᠵᠢᠯᠡᠨ ᠪᠠᠲᠤᠯᠠᠬᠤ᠎ᠶ᠋ᠢᠨ ᠬᠠᠮᠲᠤ ᠳᠦᠷᠤ᠎ᠶ᠋ᠢᠨ ᠪᠤᠲᠣᠯᠭ᠎ᠠ ᠶ᠋ᠢᠨ ᠦᠢᠯᠡᠳᠦᠯ ᠴᠢᠳᠠᠪᠤᠷᠢ ᠶ᠋ᠢ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠵᠤ᠂ ᠬᠣᠷᠸ᠎ᠠ ᠡᠵᠡᠮᠰᠢᠯ ᠳᠣᠭᠢᠷᠠᠭᠣᠯᠭᠠ ᠵᠢᠨ ᠡᠷᠴᠢᠮ᠎ᠢᠶᠡᠨ ᠴᠢᠨᠭᠭᠠᠳᠬᠠᠨ᠎ᠠ᠂ ᠡᠨᠡ ᠨᠢ ᠬᠦᠭ᠌ᠵᠢᠯᠲᠠ᠎ᠶ᠋ᠢᠨ ᠲᠥᠰᠦᠪᠯᠡᠯ᠎ᠢ ᠨᠠᠩ ᠰᠠᠢ᠌ᠠ ᠬᠦᠲᠣᠯᠣᠠ ᠵᠢᠯᠣᠭᠣᠳᠴᠤ᠌᠂ ᠬᠣᠷᠸ᠎ᠠ ᠠᠵᠤ ᠠᠬᠤᠢ᠎ᠶ᠋ᠢᠨ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠵᠤ ᠠᠬᠤᠢ᠎ᠶ᠋ᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭ᠌ᠰᠢᠯᠡᠯᠲᠡ ᠪᠠ ᠬᠡᠮᠵᠢᠶᠡᠨ᠎ᠦ ᠵᠦᠢ ᠵᠣᠬᠢᠰᠲᠠᠢ ᠨᠠᠮᠡᠬᠳᠠᠯᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢ᠌ᠠ ᠡᠬᠢᠯᠡᠯᠲᠡ᠎ᠶ᠋ᠢ ᠦᠨᠡᠨ ᠬᠦ᠌ ᠪᠠᠲᠤᠯᠠᠬᠤ ᠪᠣᠯᠤᠨ᠎ᠠ ᠭᠡᠵᠦ ᠢᠯᠡᠳᠭᠡᠪᠡ᠃
ᠢᠷᠡᠬᠦ᠌ ᠵᠢᠯ᠎ᠦᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌᠎ᠳᠤ 《ᠨᠠᠢ᠍ᠮᠠ᠎ᠶ᠋ᠢ ᠪᠠᠷᠢᠮᠲᠠᠯᠠᠬᠤ》 ᠵᠢ ᠳᠤᠷᠠᠳᠪᠠ
ᠬᠤᠷᠠᠯ᠎ᠡᠴᠡ 2026 ᠣᠨ᠎ᠤ《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠴᠢᠬᠤᠯᠠ ᠪᠠᠢᠷᠢ ᠰᠠᠭᠤᠷᠢ᠎ᠶ᠋ᠢ ᠣᠨᠣᠪᠴᠢᠲᠠᠢ ᠡᠵᠡᠮᠳᠡᠵᠦ᠍᠂ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ 《ᠨᠠᠢ᠍ᠮᠠ᠎ᠶ᠋ᠢ ᠪᠠᠷᠢᠮᠲᠠᠯᠠᠬᠤ》 ᠵᠢ ᠲᠤᠷᠠᠳᠪᠠ᠄
ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠦᠴᠦᠷᠬᠡᠭ ᠶᠡᠬᠡ ᠤᠯᠤᠰ ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ ᠢ ᠪᠠᠢᠭᠤᠯᠤᠨ᠎ᠠ ; ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠱᠠᠯᠠᠪᠳᠠᠨ ᠪᠣᠢᠵᠢᠭᠤᠯᠤᠨ ᠪᠤᠵᠠᠭᠠᠢᠷᠠᠭᠤᠯᠤᠨ᠎ᠠ; ᠥᠭᠡᠷᠡᠴᠢᠯᠡᠯᠲᠡ᠎ᠶ᠋ᠢᠨ ᠪᠣᠭᠣᠮᠲᠠ ᠱᠢᠪᠲᠤᠯᠬᠤ ᠶ᠋ᠢ ᠪᠠᠷᠢᠮᠲᠠᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ᠎ᠢ ᠴᠢᠩᠭᠠᠳᠭᠠᠨ᠎ᠠ; ᠭᠠᠳᠠᠭᠠᠳᠤ ᠨᠡᠬᠡᠬᠡᠯᠳᠡ ᠬᠢᠬᠦ᠌᠎ᠶ᠋ᠢ ᠪᠠᠷᠢᠮᠲᠠᠯᠠᠵᠤ᠂ ᠤᠯᠠᠨ ᠬᠦᠷᠢᠶᠡᠨ᠎ᠦ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠠᠬᠢᠭᠤᠯᠤᠨ᠎ᠠ ;ᠵᠣᠬᠢᠴᠠᠩᠭᠤᠶ ᠬᠥᠭ᠌ᠵᠢᠯᠲᠡ᠎ᠶ᠋ᠢ ᠪᠠᠷᠢᠮᠲᠠᠯᠠᠵᠤ᠂ ᠬᠣᠲᠠ ᠬᠥᠳᠡᠭᠡ᠎ᠶ᠋ᠢᠨ ᠠᠭᠤᠰᠤᠯᠴᠠᠯ ᠪᠠ ᠣᠷᠣᠨ ᠪᠦᠰᠡ᠎ᠶ᠋ᠢᠨ ᠬᠣᠯᠪᠣᠭᠠᠯᠠᠨ ᠬᠥᠳᠡᠯᠦᠯᠴᠡᠬᠦ᠌ ᠶ᠋ᠢ ᠠᠬᠢᠭᠤᠯᠤᠨ᠎ᠠ; ᠬᠤᠤᠰ ᠨᠡᠭᠦᠷᠡᠰᠦᠲᠥ᠋ᠷᠥᠭ᠌ᠴᠢ》 ᠪᠠᠷ ᠬᠥᠲᠥᠯᠥᠨ ᠳᠠᠭᠠᠭᠤᠯᠬᠤ ᠶ᠋ᠢ ᠪᠠᠷᠢᠮᠲᠠᠯᠠᠵᠤ᠂ ᠪᠥᠬᠥ᠌ ᠲᠠᠯ᠎ᠠ᠎ᠪᠠᠷ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠶ᠋ᠢ ᠠᠬᠢᠭᠤᠯᠤᠨ᠎ᠠ; ᠠᠷᠠᠳ᠎ᠤᠨ ᠠᠮᠢᠳᠤᠷᠠᠯ ᠢ ᠴᠢᠬᠤᠯᠠᠴᠢᠯᠠᠨ ᠬᠠᠯᠠᠮᠵᠢᠯᠠᠬᠤ᠎ᠶ᠋ᠢ ᠪᠠᠷᠢᠮᠲᠠᠯᠠᠵᠤ᠂ ᠠᠷᠠᠳ ᠣᠯᠠᠨ᠎ᠳᠤ ᠢᠯᠡᠭᠦᠬᠡᠨ ᠪᠣᠳᠠᠲᠤ ᠶᠠᠪᠤᠳᠠᠯ ᠬᠢᠵᠦ᠍ ᠥᠭ᠌ᠬᠦ᠎ᠪᠡᠷ ᠴᠢᠷᠮᠠᠢᠨ᠎ᠠ; ᠬᠣᠷᠢᠭ᠎ᠠ ᠱᠤᠭᠤᠮ᠎ᠢ ᠪᠠᠲᠤ ᠰᠠᠬᠢᠬᠤ᠎ᠶ᠋ᠢ ᠪᠠᠷᠢᠮᠲᠠᠯᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠢᠳᠡᠪᠬᠢᠲᠡᠢ ᠯᠠᠪᠳᠠᠭᠤᠨ᠎ᠢᠶᠠᠷ ᠠᠷᠢᠯᠭᠠᠨ᠎ᠠ᠃
《ᠡᠨᠡ ᠬᠦ᠌ 〈ᠨᠠᠢ᠍ᠮᠠ᠎ᠶ᠋ᠢ ᠪᠠᠷᠢᠮᠲᠠᠯᠠᠬᠤ〉᠎ᠨᠢ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠢᠯᠡᠷᠡᠭᠦᠯᠦᠭ᠌ᠰᠡᠨ ᠪᠥᠭᠡᠳ 2026 ᠣᠨ ᠤ ᠠᠵᠤ ᠠᠬᠤᠢ᠎ᠶ᠋ᠢᠨ ᠠᠵᠢᠯ᠎ᠤᠨ ᠣᠨᠴᠠᠯᠢᠭ᠎ᠢ ᠦᠨᠳᠦᠰᠦᠯᠡᠵᠦ᠍᠂〈ᠳᠣᠲᠣᠭᠠᠳᠤ ᠬᠡᠷᠡᠭ᠌ᠴᠡᠭᠡ ᠪᠡᠷ ᠤᠳᠤᠷᠢᠳᠤᠮᠵᠢ ᠪᠣᠯᠭᠠᠵᠤ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ ᠢ ᠪᠠᠢᠭᠤᠯᠬᠤ〉 ᠵᠢ ᠲᠤᠪᠤᠢ᠌ᠯᠭᠠᠨ ᠴᠢᠬᠤᠯᠠᠴᠢᠯᠠᠵᠤ᠂ ᠪᠦᠲᠦᠮᠵᠢᠲᠡᠢ ᠬᠡᠷᠡᠭ᠌ᠴᠡᠭᠡ ᠬᠦᠷᠦᠯᠴᠡᠬᠦ᠌ ᠦᠭᠡᠢ ᠪᠠᠢᠬᠤ ᠵᠡᠷᠭᠡ ᠲᠤᠪᠤᠢ᠌ᠮ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠬᠦ᠌᠎ᠶ᠋ᠢᠨ ᠲᠥᠯᠥᠭᠡ ᠶᠤᠮ》 ᠭᠡᠵᠦ ᠴᠢᠩᠬᠤᠸᠠ ᠶᠡᠬᠡ ᠰᠤᠷᠭᠠᠭᠤᠯᠢ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠰᠤᠳᠤᠯᠭᠠᠨ ᠤ ᠬᠦᠷᠢᠶᠡᠯᠡᠩ᠎ᠦᠨ ᠪᠠᠢᠩᠭᠤ᠎ᠶ᠋ᠢᠨ ᠳᠡᠳ᠋ ᠳᠠᠷᠤᠭ᠎ᠠ ᠳ᠋ᠦᠩ ᠢᠦᠶ ᠢᠯᠡᠳᠭᠡᠪᠡ᠃
ᠤᠯᠤᠰ᠎ᠤᠨ ᠮᠡᠳᠡᠭᠡ ᠵᠠᠩᠭᠢ᠎ᠶ᠋ᠢᠨ ᠲᠥᠪ᠎ᠦᠨ ᠠᠵᠤ ᠠᠬᠤᠶ᠎ᠶ᠋ᠢᠨ ᠵᠢᠱ᠌ᠢᠯᠲᠡ᠎ᠶ᠋ᠢᠨ ᠬᠡᠯᠲᠡᠰ᠎ᠦᠨ ᠰᠤᠳᠤᠯᠤᠭ᠍ᠴᠢ ᠵᠠᠩ ᠱᠢᠶᠤᠤ ᠯᠠᠨ ᠤ ᠦᠵᠡᠬᠦ᠌᠎ᠪᠡᠷ᠂ ᠬᠤᠷᠠᠯ᠎ᠡᠴᠡ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠬᠠᠩᠭᠠᠯᠭ᠎ᠠ ᠶ᠋ᠢ ᠱᠢᠯᠢᠳᠡᠭ᠌ᠵᠢᠭᠦᠯᠬᠦ᠌᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠨᠡᠭᠡᠭᠡᠯᠲᠡ᠎ᠶ᠋ᠢ ᠥᠷᠭᠡᠳᠭᠡᠬᠦ᠌᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠵᠡᠷᠭᠡ ᠡᠭᠦᠷᠭᠡ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠤ ᠪᠠᠢᠳᠠᠯ᠎ᠳᠤ ᠨᠡᠢᠴᠡᠬᠦ᠌᠂ ᠤᠷᠢᠳᠠᠴᠢ ᠴᠢᠨᠠᠷᠲᠠᠶ ᠠᠵᠢᠯ᠎ᠤᠨ ᠲᠣᠬᠢᠷᠠᠭᠤᠯᠤᠯᠲᠠ ᠳᠤᠷᠠᠳᠴᠤ᠌᠂ ᠣᠳᠣᠬᠠᠨ᠎ᠤ ᠬᠥᠭ᠌ᠵᠢᠯᠲᠡ᠎ᠶ᠋ᠢᠨ ᠬᠦᠴᠢᠷ ᠠᠰᠠᠭᠤᠳᠠᠯ ᠢ ᠱᠢᠶ᠋ᠳᠪᠦᠷᠢᠯᠡᠬᠦ᠌᠎ᠪᠡᠷ ᠪᠠᠷᠠᠬᠤ ᠥᠬᠡᠶ ᠪᠠᠰᠠ ᠠᠯᠤᠰ ᠬᠡᠲᠦ᠍᠎ᠶ᠋ᠢᠨ ᠲᠣᠭ᠍ᠲᠠᠭᠤᠨ ᠬᠥᠭ᠌ᠵᠢᠯᠲᠡ᠎ᠶ᠋ᠢᠨ ᠵᠢᠱ᠌ᠢᠯᠲᠡ᠎ᠶ᠋ᠢ ᠪᠣᠳᠣᠯᠬᠢᠯᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠨᠢᠭᠡᠳᠭᠡᠬᠦ᠌᠂ ᠪᠥᠬᠥ᠌ ᠲᠠᠯ᠎ᠠ᠎ᠪᠠᠷ ᠲᠥᠯᠥᠪᠵᠢᠭᠦᠯᠬᠦ᠌ ᠪᠠ ᠭᠤᠤᠯᠳᠠᠯᠭ᠎ᠠ᠎ᠶ᠋ᠢ ᠳᠣᠪᠣᠢᠯᠭᠠᠬᠤ᠎ᠶ᠋ᠢ ᠬᠠᠷᠢᠯᠴᠠᠨ ᠵᠣᠬᠢᠴᠠᠭᠤᠯᠬᠤ ᠵᠠᠰᠠᠯᠲᠠ᠎ᠶ᠋ᠢᠨ ᠣᠶᠤᠨ ᠤᠬᠠᠭᠠᠨ᠎ᠢ ᠢᠯᠡᠷᠡᠭᠦᠯᠪᠡ᠃
ᠠᠵᠢᠯ ᠤᠨ ᠪᠦᠲᠦᠮᠵᠢ ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍ ᠭᠠᠵᠠᠷ ᠣᠷᠣᠨ ᠤ ᠪᠠᠢᠳᠠᠯ᠎ᠳᠠᠭᠠᠨ ᠲᠣᠬᠢᠷᠠᠭᠤᠯᠤᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠨ᠎ᠠ
ᠬᠤᠷᠠᠯ᠎ᠡᠴᠡ᠂ ᠨᠠᠮ᠎ᠤᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍ ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠵᠦ᠍᠂ ᠴᠢᠨᠠᠷ ᠰᠠᠢᠲᠠᠢ ᠪᠥᠭᠡᠳ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠦᠨ᠎ᠡ᠃ ᠤᠯᠤᠰ ᠪᠠ ᠣᠷᠣᠨ ᠨᠤᠲᠤᠭ᠎ᠤᠨ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠴᠢ ᠲᠤᠰᠭᠠᠢ ᠲᠥᠯᠥᠪᠵᠢᠭᠦᠯᠭᠡ᠎ᠶ᠋ᠢ ᠰᠠᠢᠲᠤᠷ ᠨᠠᠢᠷᠠᠭᠤᠯᠤᠨ ᠵᠣᠬᠢᠶᠠᠨ᠎ᠠ᠃
《 ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠃ ᠪᠠᠢᠳᠠᠯ ᠪᠤᠳᠤᠯᠢᠶᠠᠨᠲᠠᠢ᠂ ᠡᠭᠦᠷᠭᠡ ᠪᠡᠷᠬᠡ ᠬᠠᠲᠠᠭᠤᠵᠢᠯᠲᠠᠢ ᠪᠣᠯᠬᠤ ᠲᠤᠳᠤᠮ ᠠᠵᠤ ᠠᠬᠤᠢ᠎ᠶ᠋ᠢᠨ ᠠᠵᠢᠯ᠎ᠳᠠᠬᠢ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠴᠢᠩᠭᠠᠳᠭᠠᠬᠤ᠎ᠶ᠋ᠢ ᠤᠯᠠᠮ ᠪᠠᠷᠢᠮᠲᠠᠯᠠᠵᠤ᠂ ᠨᠠᠮ᠎ᠡᠴᠡ ᠠᠵᠤ ᠠᠬᠤᠢ᠎ᠶ᠋ᠢᠨ ᠠᠵᠢᠯ᠎ᠢ ᠤᠳᠤᠷᠢᠳᠭᠤ ᠲᠦᠷᠢᠮ᠎ᠦᠨ ᠳᠠᠪᠠᠭᠤᠯᠢᠭ᠎ᠢ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ》᠃ ᠯᠢ ᠴᠧᠩ ᠵᠢᠶᠠᠨ᠂ ᠨᠠᠮ ᠤᠨ ᠲᠥᠪ ᠬᠤᠷᠢᠶ᠎ᠠ ᠵᠢᠨ ᠠᠵᠤ ᠠᠬᠤᠢ᠎ᠶ᠋ᠢᠨ ᠠᠵᠢᠯ᠎ᠤᠨ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠨᠡᠨ ᠪᠣᠳᠠᠲᠠᠢ ᠠᠵᠢᠯᠯᠠᠭ᠎ᠠ᠎ᠪᠠᠷ᠎ᠢᠶᠠᠨ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ ᠭᠡᠵᠦ ᠬᠡᠯᠡᠪᠡ᠃
ᠵᠠᠩ ᠱᠢᠶᠤᠤ ᠯᠠᠨ᠂ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠪᠣᠯ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠤᠷᠢᠲᠠᠯ ᠮᠥᠨ᠂ ᠭᠣᠣᠯᠳᠠᠯᠭ᠎ᠠ ᠨᠢ ᠪᠣᠳᠠᠲᠠᠢ᠎ᠡᠴᠡ ᠡᠭᠦᠰᠴᠦ ᠂ ᠪᠠᠢᠴᠠᠭᠠᠨ ᠰᠤᠳᠤᠯᠤᠯᠲᠠ ᠬᠢᠬᠦ᠌ ᠪᠠ ᠱᠢᠨᠵᠢᠯᠡᠬᠦ᠌ ᠤᠬᠠᠭᠠᠨᠴᠢ ᠨᠤᠲᠠᠯᠠᠯᠲᠠ ᠬᠢᠬᠦ᠌᠎ᠶ᠋ᠢ ᠴᠢᠩᠭᠠᠳᠭᠠᠵᠤ᠂ ᠠᠳᠠᠯᠢ ᠴᠢᠨᠠᠷ ᠪᠦᠬᠦᠢ ᠥᠷᠢᠰᠥᠯᠳᠦᠭᠡᠨ ᠪᠠ ᠨᠢᠳᠤᠨ ᠡᠮᠦᠨᠡᠬᠢ᠎ᠪᠡᠨ ᠪᠤᠳᠤᠬᠤ ᠠᠵᠢᠯᠯᠠᠭ᠎ᠠ᠎ᠡᠴᠡ ᠵᠠᠢᠯᠠᠰᠭᠢᠵᠦ᠍᠂ ᠨᠠᠮ᠎ᠤᠨ ᠲᠥᠪ ᠬᠤᠷᠢᠶ᠎ᠠ ᠵᠢᠨ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠵᠤ᠂ ᠴᠢᠨᠠᠷ ᠰᠠᠢᠲᠠᠢ᠂ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠵᠠᠮᠨᠠᠨ᠎ᠠ ᠭᠡᠵᠦ ᠢᠯᠡᠳᠭᠡᠪᠡ᠃
ᠳ᠋ᠦᠩ ᠢᠦᠢ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠳᠦ᠂ ᠡᠯ᠎ᠡ ᠭᠠᠵᠠᠷ᠎ᠤᠨ ᠬᠢᠨ ᠪᠦᠬᠦ᠌ ᠤᠯᠤᠰ᠎ᠢᠶᠠᠷ᠎ᠢᠶᠠᠨ《ᠨᠢᠭᠡ ᠬᠥᠯᠭᠡ ᠱᠢᠳᠠᠷ᠎ᠠ》 ᠪᠣᠯᠬᠤ ᠱᠠᠭᠠᠷᠳᠠᠯᠭ᠎ᠠ ᠶᠣᠰᠣᠭᠠᠷ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠪᠠᠢᠷᠢᠯᠠᠭᠤᠯᠤᠯᠲᠠ᠎ᠶ᠋ᠢ ᠡᠷᠡᠰ ᠨᠠᠢᠳᠠᠪᠤᠷᠢᠵᠢᠭᠤᠯᠬᠤ ᠬᠡᠷᠡᠭ᠌ᠲᠡᠢ ᠪᠥᠭᠡᠳ ᠪᠠᠰᠠ ᠢᠳᠡᠪᠬᠢᠲᠡᠢ ᠪᠡᠷ ᠰᠠᠨᠠᠭᠠᠴᠢᠯᠠᠭ᠎ᠠ᠎ᠡᠴᠡ᠎ᠪᠠᠨ ᠠᠵᠢᠯᠯᠠᠵᠤ᠂ ᠲᠤᠰ ᠪᠡᠶ᠎ᠡ᠎ᠶ᠋ᠢᠨ ᠠᠵᠤ ᠦᠢᠯᠡᠰ᠎ᠦᠨ ᠰᠠᠭᠤᠷᠢ ᠪᠣᠯᠤᠨ ᠪᠣᠳᠠᠲᠠᠢ ᠪᠠᠢᠳᠠᠯ᠎ᠢᠶᠠᠨ ᠦᠨᠳᠦᠰᠦᠯᠡᠨ ᠴᠢᠭ᠌ᠯᠡᠯ᠎ᠢᠶᠡᠨ ᠣᠨᠣᠪᠴᠢᠲᠠᠢ ᠣᠯᠵᠤ᠂ ᠤᠨᠢᠨ ᠳᠡᠭᠡᠷ᠎ᠡ ᠨᠢ ᠲᠥᠯᠥᠪᠵᠢᠭᠦᠯᠵᠦ᠍᠂ ᠲᠤᠰ ᠭᠠᠵᠠᠷ ᠣᠷᠣᠨ ᠢᠷᠡᠬᠦ᠌ ᠵᠢᠯ ᠴᠢᠨᠠᠭ᠍ᠰᠢᠯᠠᠪᠠᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ᠎ᠶ᠋ᠢᠨ ᠬᠥᠭ᠌ᠵᠢᠯᠲᠡ᠎ᠶ᠋ᠢ ᠰᠠᠢᠲᠤᠷ ᠲᠥᠯᠥᠪᠵᠢᠭᠦᠯᠵᠦ᠍᠂ ᠣᠷᠣᠨ ᠨᠤᠲᠤᠭ᠎ᠤᠨ ᠬᠡᠰᠡᠭ ᠲᠠᠯ᠎ᠠ ᠵᠢᠨ ᠪᠦᠲᠦᠮᠵᠢᠲᠡᠢ ᠱᠢᠪᠲᠤᠯᠤᠯᠲᠠ᠎ᠪᠠᠷ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠬᠡᠯᠡᠪᠡ᠃
ᠬᠤᠷᠠᠯ᠎ᠡᠴᠡ ᠪᠠᠰᠠ᠂ ᠬᠤᠶᠠᠷ ᠵᠢᠯ᠎ᠤᠨ ᠠᠭᠤᠯᠵᠠᠷ ᠲᠡᠬᠢ ᠴᠢᠬᠤᠯᠠ ᠠᠷᠠᠳ᠎ᠤᠨ ᠠᠮᠢᠳᠤᠷᠠᠯ᠎ᠤᠨ ᠲᠠᠸᠠᠷ ᠤᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠰᠠᠢᠲᠤᠷ ᠬᠢᠵᠦ᠍᠂ ᠬᠦᠴᠢᠷᠳᠡᠯᠲᠡᠶ ᠣᠯᠠᠨ ᠲᠦᠮᠡᠨ ᠦ ᠦᠶ᠋ᠯᠡᠳᠪᠦᠷᠢᠯᠡᠯ ᠠᠮᠢᠳᠤᠷᠠᠯ᠎ᠢ ᠬᠠᠯᠠᠮᠵᠢᠯᠠᠵᠤ᠂ ᠠᠵᠤ ᠠᠬᠤᠢᠯᠠᠯ᠎ᠤᠨ ᠲᠠᠩᠰᠠᠨ᠎ᠤ ᠵᠣᠭᠣᠰ ᠪᠠ ᠬᠥᠯᠥᠰᠥᠨ ᠲᠠᠷᠢᠶᠠᠴᠢᠨ᠎ᠤ ᠴᠠᠯᠢᠩ᠎ᠢ ᠥᠷᠢᠲᠦᠵᠦ᠍ ᠪᠠᠢᠭ᠎ᠠ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠠᠷᠠᠳ᠎ᠤᠨ ᠠᠮᠢᠳᠤᠷᠠᠯ ᠤᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠶ᠃ ᠴᠠᠭ ᠢᠮᠠᠭ᠍ᠲᠠ ᠰᠠᠨᠠᠭᠠᠰᠢᠷᠠᠬᠤ ᠬᠠᠷᠢᠭᠤᠴᠠᠯᠭᠠᠲᠤ ᠰᠡᠳᠭᠢᠯᠭᠡ᠎ᠪᠡᠷ ᠠᠶᠤᠯᠭᠦᠢ ᠦᠢᠯᠡᠳᠪᠦᠷᠢᠯᠡᠯ ᠢ ᠰᠠᠢᠲᠤᠷ ᠠᠳᠭᠤᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠢ ᠭᠡᠵᠦ ᠲᠤᠷᠠᠳᠪᠠ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 12 ᠰᠠᠷ᠎ᠠ ᠵᠢᠨ 8 ᠤ᠋ ᠴᠠᠬᠢᠯᠭᠠᠨ ᠮᠡᠳᠡᠭᠡ )