ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠤᠢ᠍ᠢᠯᠠᠭᠠᠭ᠍ᠰᠠᠨ ᠵᠢᠡᠷ᠂ ᠲᠦᠷᠦᠭᠦᠬᠡᠨ ᠬᠥᠳᠡᠭᠡ ᠠᠵᠤ ᠠᠬᠤᠢ ᠬᠥᠳᠡᠭᠡ ᠲᠣᠰᠭᠣᠨ ᠤ᠋ ᠶᠠᠮᠤᠨ ᠤᠳᠤ ᠦᠶ᠎ᠡ ᠶ᠋ᠢᠨ ᠲᠠᠷᠢᠶᠠᠯᠠᠡᠭ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠷᠱᠢᠯᠲᠠ ᠶ᠋ᠢᠨ ᠵᠢᠱ᠌ᠢᠢᠡ ᠦᠵᠡᠭᠦᠯᠬᠦ᠌ ᠰᠠᠭᠤᠷᠢᠨ (ᠲᠦᠷᠦᠬᠦᠤ ᠪᠦᠯᠦᠭ) ᠤ᠋ ᠨᠡᠷᠡᠰ ᠢ᠋ ᠨᠡᠢᠲᠡᠯᠡᠵᠠᠢ᠂ ᠡᠭᠦᠨᠳᠤ ᠮᠠᠨ ᠤ᠋ ᠤᠷᠤᠨ ᠤ᠋ 4 ᠲᠠᠷᠢᠮᠠᠯ ᠤ᠋ᠨ ᠦᠢᠯᠡᠰ ᠤ᠋ᠨ ᠵᠢᠱ᠌ᠢᠢᠡ ᠦᠵᠡᠭᠦᠯᠬᠦ᠌ ᠰᠠᠭᠤᠷᠢᠨ ᠪᠤᠯᠤᠨ 1 ᠮᠠᠯ ᠠᠵᠤ ᠠᠬᠤᠢ ᠮᠠᠯ ᠡᠮᠨᠡᠯᠭᠡ ᠶ᠋ᠢᠨ ᠲᠦᠷᠦᠯ ᠤ᠋ᠨ ᠵᠢᠱ᠌ᠢᠢᠡ ᠦᠵᠡᠭᠦᠯᠬᠦ᠌ ᠰᠠᠭᠤᠷᠢᠨ ᠲᠤᠰ ᠨᠡᠷᠡᠰ ᠤ᠋ᠨ ᠵᠢᠭ᠍ᠰᠠᠭᠠᠯᠲᠠ ᠳ᠋ᠤ ᠲᠣᠳᠣᠷᠠᠬᠰᠠᠨ ᠪᠠᠢᠨ᠎ᠠ᠃
ᠮᠠᠯ ᠠᠵᠤ ᠠᠬᠤᠶᠲᠠᠷᠢᠶᠠᠯᠠᠡᠭ ᠤ᠋ᠨ ᠲᠡᠷᠢᠭᠦᠨ ᠤ᠋ ᠲᠸᠭᠨᠢᠭ ᠮᠡᠷᠭᠡᠵᠢᠯ ᠤ᠋ᠨ ᠬᠤᠷᠠᠮᠠᠯ ᠤ᠋ᠨ ᠱᠢᠨ᠎ᠡ ᠡᠭᠦᠳᠤᠯᠳᠡ ᠪᠠ ᠪᠣᠯᠪᠠᠰᠤᠷᠠᠩᠭᠤᠶ ᠶ᠋ᠢᠨ ᠬᠡᠮᠵᠢᠶ᠎ᠡ ᠵᠢ ᠱᠢᠯᠭᠠᠨ ᠪᠠᠲᠤᠯᠠᠬᠤ ᠵᠢᠨ ᠬᠠᠮᠳᠤ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠵᠢ ᠠᠬᠢᠭᠤᠯᠬᠤ ᠶ᠋ᠢᠨ ᠲᠥᠯᠥᠭᠡ᠂ ᠬᠦᠳᠡᠭᠡ ᠠᠵᠤ ᠠᠬᠤᠢ ᠬᠥᠳᠡᠭᠡ ᠲᠣᠰᠭᠣᠨ ᠤ᠋ ᠶᠠᠮᠤᠨ ᠡᠨᠡ ᠵᠢᠯ ᠤ᠋ᠨ 5 ᠰᠠᠷ᠎ᠠ ᠳ᠋ᠤ ᠣᠲᠣ ᠦᠶ᠎ᠡ ᠶ᠋ᠢᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠷᠱᠢᠯᠲᠠ ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ ᠢ᠋ ᠱᠢᠯᠢᠨ ᠰᠣᠩᠭᠣᠵᠤ ᠲᠠᠨᠢᠯᠴᠠᠭᠤᠯᠬᠤ ᠠᠵᠢᠯ ᠢ᠋ ᠡᠬᠢᠯᠡᠭᠦᠯᠪᠡ᠃ ᠡᠬᠦᠨ ᠳ᠋ᠤ ᠡᠯ᠎ᠡ ᠱᠠᠲᠤᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠰᠠᠯᠠᠭ᠎ᠠ ᠮᠥᠴᠢᠷ ᠡᠴᠡ ᠲᠠᠨᠢᠯᠴᠠᠭᠤᠯᠬᠤ᠂ ᠲᠤᠰᠭᠠᠶ ᠮᠡᠷᠭᠡᠵᠢᠯᠲᠡᠨ ᠢ᠋ ᠵᠣᠬᠢᠶᠠᠨ ᠪᠠᠢᠭᠤᠯᠵᠤ ᠬᠢᠨᠠᠨ ᠲᠣᠭ᠍ᠲᠠᠭᠠᠬᠤ᠂ ᠲᠤᠬᠠᠶ ᠶ᠋ᠢᠨ ᠲᠠᠯᠠᠪᠤᠷ ᠲᠦ᠍ ᠬᠢᠨᠠᠨ ᠱᠢᠯᠭᠠᠬᠤ ᠪᠠ ᠵᠠᠷᠯᠠᠨ ᠨᠡᠢᠲᠡᠯᠡᠬᠦ᠌ ᠵᠡᠷᠭᠡ ᠶᠠᠪᠤᠴᠠ ᠪᠡᠷ ᠳᠠᠮᠵᠢᠨ 149 ᠣᠲᠣ ᠦᠶ᠎ᠡ ᠶ᠋ᠢᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠷᠱᠢᠯᠲᠠ ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ (ᠲᠦᠷᠦᠬᠦᠤ ᠪᠦᠯᠦᠭ) ᠢ᠋ ᠨᠡᠢᠲᠡᠯᠡᠵᠦ᠍᠂ ᠲᠠᠷᠢᠮᠠᠯ ᠤ᠋ᠨ ᠦᠶ᠋ᠯᠡᠰ᠂ ᠮᠠᠯ ᠠᠵᠤ ᠠᠬᠤᠶ ᠮᠠᠯ ᠡᠮᠨᠡᠯᠭᠡ᠂ ᠵᠢᠭᠠᠰᠤᠨ ᠤ᠋ ᠠᠵᠤ ᠠᠬᠤᠶ᠂ ᠲᠠᠷᠢᠶᠠᠯᠠᠩ ᠤ᠋ᠨ ᠮᠠᠱᠢᠨ᠂ ᠡᠬᠢ ᠪᠠᠶᠠᠯᠢᠭ ᠣᠷᠴᠢᠨ ᠲᠤᠭᠤᠷᠢᠨ ᠵᠡᠷᠭᠡ 5 ᠠᠵᠢᠯ ᠲᠥᠷᠥᠯ ᠤ᠋ᠨ ᠬᠦᠷᠢᠶ᠎ᠡ ᠵᠢ ᠬᠠᠮᠤᠷᠴᠠᠶ᠃
ᠬᠥᠳᠡᠭᠡ ᠠᠵᠤ ᠠᠬᠤᠢ ᠬᠥᠳᠡᠭᠡ ᠲᠣᠰᠭᠣᠨ ᠤ᠋ ᠶᠠᠮᠤᠨ ᠤ᠋ ᠤᠳᠤ ᠦᠶ᠎ᠡ ᠶ᠋ᠢᠨ ᠲᠠᠷᠢᠶᠠᠯᠠᠡᠭ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠷᠱᠢᠯᠲᠠ ᠶ᠋ᠢᠨ ᠵᠢᠱ᠌ᠢᠢᠡ ᠦᠵᠡᠭᠦᠯᠬᠦ᠌ ᠰᠠᠭᠤᠷᠢᠨ ᠵᠢᠡᠷ ᠰᠤᠩᠭᠤᠭᠳᠠᠭᠰᠠᠨ ᠥᠪᠥᠷ ᠮᠣᠩᠭᠣᠯ ᠤ᠋ᠨ 5 ᠰᠠᠭᠤᠷᠢᠨ ᠪᠣᠯ ᠲᠤᠰ ᠲᠤᠰ ᠲᠠᠷᠢᠮᠠᠯ ᠬᠢᠬᠡᠳ ᠮᠠᠰᠢᠨᠴᠢᠯᠠᠯᠲᠠ ᠶ᠋ᠢᠨ ᠣᠲᠣ ᠦᠶ᠎ᠡ ᠶ᠋ᠢᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠷᠱᠢᠯᠲᠠ ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ (ᠡᠷᠭᠦᠨ᠎ᠡ ᠬᠤᠳᠠ)᠂ ᠲᠠᠷᠢᠮᠠᠯ ᠬᠢᠬᠡᠳ ᠮᠠᠰᠢᠨᠴᠢᠯᠠᠯᠲᠠ ᠶ᠋ᠢᠨ ᠣᠲᠣ ᠦᠶ᠎ᠡ ᠶ᠋ᠢᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠷᠱᠢᠯᠲᠠ ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ (ᠰᠠᠢᠬᠠᠨ ᠲᠤᠭᠤᠷᠢᠭ)᠂ ᠲᠠᠷᠢᠮᠠᠯ ᠤ᠋ᠨ ᠦᠢᠯᠡᠰ ᠤ᠋ᠨ ᠣᠲᠣ ᠦᠶ᠎ᠡ ᠶ᠋ᠢᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠷᠱᠢᠯᠲᠠ ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ (ᠤᠷᠠᠳ ᠤ᠋ᠨ ᠡᠮᠦᠨᠡᠲᠦ ᠬᠣᠱᠢᠭᠤ)᠂ ᠲᠠᠷᠢᠮᠠᠯ ᠬᠢᠬᠡᠳ ᠮᠠᠰᠢᠨᠴᠢᠯᠠᠯᠲᠠ ᠶ᠋ᠢᠨ ᠣᠲᠣ ᠦᠶ᠎ᠡ ᠶ᠋ᠢᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠷᠱᠢᠯᠲᠠ ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ (ᠲᠦᠮᠡᠳ ᠵᠡᠭᠦᠨ ᠬᠣᠱᠢᠭᠤ)᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ᠌ ᠬᠢᠬᠡᠳ ᠲᠡᠵᠢᠭᠡᠯ ᠡᠪᠡᠰᠦ ᠪᠣᠷᠳᠣᠭ᠎ᠠ ᠶ᠋ᠢᠨ ᠣᠲᠣ ᠦᠶ᠎ᠡ ᠶ᠋ᠢᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠷᠱᠢᠯᠲᠠ ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ (ᠬᠤᠷᠢᠨᠭᠡᠷ) ᠪᠤᠯᠤᠨ᠎ᠠ᠃