ᠲᠦᠷᠦᠬᠦᠬᠡᠨ᠂ ᠠᠷᠠᠳ ᠤ᠋ᠨ ᠲᠡᠭᠡᠳᠦ ᠪᠠᠢᠴᠠᠭᠠᠬᠤ ᠬᠤᠷᠢᠶ᠎ᠠ 2025 ᠤᠨ ᠤ᠋ ᠪᠦᠬᠦ ᠤᠯᠤᠰ ᠤ᠋ᠨ ᠦᠨᠳᠦᠰᠦᠨ ᠱᠠᠳᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢᠨ ᠪᠠᠢᠭᠤᠯᠤᠯᠳᠠ ᠵᠢᠨ 《ᠨᠢᠬᠡ ᠪᠠᠢᠴᠠᠭᠠᠬᠤ ᠬᠤᠷᠢᠶ᠎ᠠ ᠳ᠋ᠸ᠋ ᠨᠢᠬᠡ ᠪᠦᠳᠦᠬᠡᠯ ᠲᠠᠢ ᠪᠠᠢᠬᠤ》 ᠨᠡᠢᠳᠡᠯᠢᠭ ᠵᠢᠱ᠌ᠢᠶ᠎ᠡ ᠵᠢ ᠰᠢᠯᠭᠠᠷᠠᠭᠤᠯᠬᠤ ᠠᠵᠢᠯ ᠢ ᠦᠷᠨᠢᠬᠦᠯᠵᠡᠢ᠃ ᠡᠷᠢᠶᠡᠨ ᠬᠤᠳᠠ ᠵᠢᠨ ᠠᠷᠠᠳ ᠤ᠋ᠨ ᠪᠠᠢᠴᠠᠭᠠᠬᠤ ᠬᠤᠷᠢᠶ᠎ᠠ ᠵᠢᠨ 《ᠪᠠᠢᠴᠠᠭᠠᠬᠤ ᠠᠵᠢᠯ ᠵᠢᠡᠷ ᠪᠤᠭᠤᠮᠳᠠ ᠵᠢ ᠰᠠᠬᠢᠬᠤ》 ᠲᠦᠷᠦᠯ ᠳᠡᠮᠳᠡᠭ ᠪᠦᠬᠦ ᠤᠯᠤᠰ ᠤ᠋ᠨ ᠦᠨᠳᠦᠰᠦᠨ ᠱᠠᠳᠤᠨ ᠤ᠋ ᠪᠠᠢᠴᠠᠭᠠᠬᠤ ᠬᠤᠷᠢᠶ᠎ᠠ ᠵᠢᠨ ᠪᠠᠢᠭᠤᠯᠤᠯᠳᠠ ᠵᠢᠨ ᠤᠨᠴᠠᠯᠢᠬᠳᠤ ᠲᠦᠷᠦᠯ ᠲᠡᠮᠳᠡᠭ ᠲᠦ᠍ ᠰᠤᠩᠭᠤᠬᠳᠠᠨ ᠤᠷᠤᠪᠠ᠃ ᠡᠷᠢᠶᠡᠨ ᠬᠤᠳᠠ ᠵᠢᠨ ᠠᠷᠠᠳ ᠤ᠋ᠨ ᠪᠠᠢᠴᠠᠭᠠᠬᠤ ᠬᠤᠷᠢᠶ᠎ᠠ ᠪᠠᠰᠠ ᠰᠢᠯᠢᠳᠡᠭ ᠦᠨᠳᠦᠰᠦᠨ ᠱᠠᠳᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢᠨ ᠲᠦᠯᠦᠬᠡᠯᠡᠭᠴᠢ ᠵᠢᠨ ᠬᠤᠪᠢ ᠪᠡᠷ ᠪᠦᠬᠦ ᠤᠯᠤᠰ ᠤ᠋ᠨ ᠪᠠᠢᠴᠠᠭᠠᠬᠤ ᠪᠠᠢᠭᠤᠯᠭ᠎ᠠ ᠵᠢᠨ ᠦᠨᠳᠦᠰᠦᠨ ᠱᠠᠳᠤᠨ ᠤ᠋ ᠪᠠᠢᠴᠠᠭᠠᠬᠤ ᠬᠤᠷᠢᠶ᠎ᠠ ᠵᠢᠨ ᠪᠠᠢᠭᠤᠯᠤᠯᠳᠠ ᠵᠢᠨ ᠲᠡᠭᠡᠳᠦ ᠲᠡᠰ ᠤ᠋ᠨ ᠰᠤᠳᠤᠯᠤᠨ ᠰᠤᠷᠤᠯᠴᠠᠬᠤ ᠠᠩᠬᠢ ᠳ᠋ᠸ᠋ ᠤᠷᠤᠯᠴᠠᠵᠤ ᠲᠤᠷᠰᠢᠯᠭ᠎ᠠ ᠪᠡᠨ ᠰᠤᠯᠢᠯᠴᠠᠵᠠᠢ᠃
ᠤᠢᠷ᠎ᠠ ᠵᠢᠨ ᠵᠢᠯ ᠡᠴᠨ ᠡᠷᠢᠶᠡᠨ ᠬᠤᠳᠠ ᠵᠢᠨ ᠠᠷᠠᠳ ᠤ᠋ᠨ ᠪᠠᠢᠴᠠᠭᠠᠬᠤ ᠬᠤᠷᠢᠶ᠎ᠠ ᠨᠢ 《ᠪᠠᠢᠴᠠᠭᠠᠬᠤ ᠠᠵᠢᠯ ᠵᠢᠡᠷ ᠪᠤᠭᠤᠮᠳᠠ ᠵᠢ ᠰᠠᠬᠢᠬᠤ》ᠲᠦᠷᠦᠯ ᠲᠡᠮᠳᠡᠭ ᠵᠢᠡᠷ ᠭᠠᠷᠳᠠᠴᠠ ᠪᠤᠯᠭᠠᠨ᠂ ᠤᠯᠤᠰ ᠤ᠋ᠨ ᠤᠮᠠᠷᠠᠰᠢ ᠨᠡᠬᠡᠬᠡᠯᠳᠡ ᠬᠢᠬᠦ ᠪᠠᠢᠯᠳᠤᠬᠤ ᠪᠤᠳᠤᠯᠭ᠎ᠠ ᠳ᠋ᠸ᠋ ᠰᠠᠨᠠᠭᠠᠴᠢᠯᠠᠭ᠎ᠠ ᠡᠴᠨ ᠪᠡᠨ ᠦᠢᠯᠡᠴᠢᠯᠡᠵᠦ᠂ ᠬᠢᠯᠢ ᠬᠢᠵᠠᠭᠠᠷ ᠤ᠋ᠨ ᠵᠠᠰᠠᠯᠳᠠ ᠵᠢᠨ ᠪᠠᠢᠴᠠᠭᠠᠬᠤ ᠠᠵᠢᠯ ᠤ᠋ᠨ ᠡᠬᠦᠷᠬᠡ ᠬᠠᠷᠢᠭᠤᠴᠠᠯᠭ᠎ᠠ ᠵᠢ ᠢᠯᠡᠷᠡᠬᠦᠯᠵᠡᠢ; ᠡᠷᠢᠶᠡᠨ ᠬᠤᠳᠠ ᠵᠢᠨ ᠠᠷᠠᠳ ᠤ᠋ᠨ ᠪᠠᠢᠴᠠᠭᠠᠬᠤ ᠬᠤᠷᠢᠶ᠎ᠠ ᠨᠢ 《ᠪᠠᠢᠴᠠᠭᠠᠬᠤ ᠠᠵᠢᠯ ᠵᠢᠡᠷ ᠬᠢᠨᠠᠯᠳᠠ ᠲᠠᠯᠪᠢᠬᠤ + ᠵᠠᠰᠠᠬ ᠵᠠᠬᠢᠷᠭᠠᠨ ᠵᠢᠡᠷ ᠬᠢᠨᠠᠨ ᠬᠠᠮᠢᠶᠠᠷᠬᠤ》 ᠪᠡᠷ ᠲᠠᠮᠵᠢᠨ ᠬᠢᠯᠢ ᠬᠢᠵᠠᠭᠠᠷ ᠤ᠋ᠨ ᠠᠮᠢ ᠠᠬᠤᠢ ᠵᠢᠨ ᠵᠠᠰᠠᠯᠳᠠ ᠵᠢ ᠰᠠᠬᠢᠨ ᠬᠠᠮᠠᠭᠠᠯᠠᠵᠦ᠂ ᠤᠯᠤᠰ ᠤ᠋ᠨ ᠭᠤᠤᠯᠳᠠᠯᠭ᠎ᠠ ᠲᠠᠢ ᠬᠠᠮᠠᠭᠠᠯᠠᠯᠳᠠ ᠵᠢᠨ ᠤᠷᠭᠤᠮᠠᠯᠢ ᠡᠪᠳᠡᠵᠦ ᠰᠦᠢᠳᠭᠡᠭᠰᠡᠨ ᠶᠠᠯᠠᠳᠤ ᠬᠡᠷᠡᠭ ᠲᠦ᠍ ᠪᠦᠳᠦᠮᠵᠢᠳᠡᠢ ᠠᠯᠪᠠᠨ ᠵᠠᠭᠠᠯᠳᠤᠯᠭ᠎ᠠ ᠭᠠᠷᠭᠠᠪᠠ; ᠬᠢᠯᠢ ᠬᠢᠵᠠᠭᠠᠷ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠪᠤᠯᠤᠬᠰᠠᠨ ᠤ᠋ ᠬᠤᠪᠢ ᠳ᠋ᠸ᠋ ᠲᠤᠮᠳᠠᠳᠤ ᠵᠢᠨ ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ ᠢ ᠪᠠᠳᠤ ᠴᠤᠬᠴᠠᠯᠠᠬᠤ ᠪᠡᠷ ᠭᠤᠤᠯ ᠰᠢᠵᠢᠮ ᠪᠤᠯᠭᠠᠨ᠂ ᠤᠯᠤᠰ ᠲᠦᠷᠦ ᠵᠢᠨ ᠪᠤᠯᠪᠠᠰᠤᠷᠠᠯ᠂ ᠲᠤᠰᠬᠠᠢ ᠰᠡᠳᠦᠪᠳᠦ ᠰᠤᠳᠤᠯᠤᠨ ᠰᠤᠷᠤᠯᠴᠠᠬᠤ᠂ ᠭᠤᠤᠯ ᠰᠡᠳᠦᠪᠳᠦ ᠨᠠᠮ ᠤ᠋ᠨ ᠡᠳᠦᠷ ᠵᠡᠷᠬᠡ ᠠᠴᠢᠶᠠᠯᠠᠪᠤᠷᠢ ᠪᠡᠷ 《ᠤᠯᠤᠰ ᠤ᠋ᠨ ᠡᠬᠦᠳᠡ ᠵᠢ ᠰᠠᠢᠳᠤᠷ ᠰᠠᠬᠢᠬᠤ》 ᠤᠯᠤᠰ ᠲᠦᠷᠦ ᠵᠢᠨ ᠤᠬᠠᠮᠰᠠᠷᠢ ᠴᠢᠩᠭᠠᠳᠬᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号