ᠥᠪᠥᠷ ᠮᠣᠩᠭᠣᠯ᠎ᠬᠠᠤᠯᠢ ᠴᠠᠭᠠᠵᠠ᠎ᠶᠢᠨ ᠬᠢᠨᠠᠨ ᠲᠣᠭᠲᠠᠭᠠᠬᠴᠢ ᠢ᠋ᠢᠨ ᠠᠵᠢᠯ ᠡᠷᠬᠢᠯᠡᠬᠦ ᠴᠢᠲᠠᠪᠤᠷᠢ ᠢ᠋ᠢᠨ ᠬᠢᠨᠠᠨ ᠰᠢᠯᠭᠠᠯᠲᠠ᠎ᠶᠢ ᠠᠩᠬ᠎ᠠ ᠤᠳᠠᠭ᠎ᠠ ᠮᠠᠰᠢᠨ᠎ᠢᠶᠠᠷ ᠰᠢᠯᠭᠠᠬᠤ ᠬᠡᠯᠪᠡᠷᠢ᠎ᠪᠡᠷ ᠶᠠᠪᠤᠭᠳᠠᠭᠤᠯᠪᠠ
2025-12-11 10:23:39
ᠵᠣᠬᠢᠶᠠᠭ᠍ᠴᠢ᠄
​ ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠤᠢᠷ᠎ᠠ ᠎ᠳᠤ᠂  ᠥᠪᠡᠷᠲᠡᠭᠡᠨ ᠵᠠᠰᠠᠬᠤ ᠣᠷᠣᠨ᠎ᠤ ᠠᠩᠬ᠎ᠠ ᠤᠳᠠᠭ᠎ᠠ ᠮᠠᠰᠢᠨ᠎ᠢᠶᠠᠷ ᠰᠢᠯᠭᠠᠬᠤ ᠬᠡᠯᠪᠡᠷᠢ᠎ᠪᠡᠷ ᠶᠠᠪᠤᠬᠳᠠᠭᠤᠯᠤᠬᠰᠠᠨ ᠬᠠᠤᠯᠢ ᠴᠠᠭᠠᠵᠠ᠎ᠶᠢᠨ ᠬᠢᠨᠠᠨ ᠲᠣᠭᠲᠠᠭᠠᠭ᠍ᠴᠢ᠎ᠶᠢᠨ ᠠᠵᠢᠯ ᠡᠷᠭᠢᠯᠡᠬᠦ ᠴᠢᠳᠠᠪᠤᠷᠢ᠎ᠶᠢᠨ ᠬᠢᠨᠠᠨ ᠰᠢᠯᠭᠠᠯᠲᠠ (ᠣᠯᠠᠨ ᠨᠡᠶ᠋ᠢᠲᠡ᠎ᠶᠢᠨ ᠰᠠᠭᠤᠷᠢ ᠮᠡᠳᠡᠯᠭᠡ᠎ᠶᠢᠨ ᠰᠢᠯᠭᠠᠯᠲᠠ + ᠲᠤᠬᠠᠢᠯᠠᠭᠰᠠᠨ ᠠᠵᠢᠯ᠎ᠤᠨ ᠮᠡᠳᠡᠯᠭᠡ᠎ᠶᠢᠨ ᠰᠢᠯᠭᠠᠯᠲᠠ)᠎ᠬᠥᠬᠡᠬᠣᠲᠠ ᠪᠠ ᠲᠦᠩᠯᠢᠶᠣᠣ ᠬᠣᠲᠠ᠎ᠳᠦ ᠬᠣᠶᠠᠷ ᠰᠢᠯᠭᠠᠯᠲᠠ᠎ᠶᠢᠨ ᠲᠣᠭᠣᠷᠢᠭ᠋᠎ᠳᠤᠬᠢᠷᠠᠭᠤᠯᠵᠦ ᠵᠡᠷᠭᠡ ᠪᠡᠷ ᠶᠠᠪᠤᠬᠲᠠᠭᠤᠯᠪᠠ᠃

ᠲᠣᠰ ᠤᠳᠠᠭᠠᠨ᠎ᠤ ᠰᠢᠯᠭᠠᠯᠲᠠ᠎ᠵᠢ ᠬᠠᠤᠯᠢ ᠴᠠᠭᠠᠵᠠ ᠢ᠋ᠢᠨ ᠬᠢᠨᠠᠨ ᠲᠣᠭᠲᠠᠭᠠᠯᠲᠠ᠎ᠶᠢᠨ ᠠᠵᠢᠯ ᠡᠷᠭᠢᠯᠡᠬᠦ᠎ᠪᠡᠷ ᠰᠢᠨ᠎ᠡ᠎ᠪᠡᠷ ᠭᠤᠶᠤᠴᠢᠯᠠᠬᠰᠠᠨ ᠵᠢᠴᠢ ᠬᠠᠤᠯᠢ ᠴᠠᠭᠠᠵᠠ ᠢ᠋ᠢᠨ ᠬᠢᠨᠠᠨ ᠲᠣᠭᠲᠠᠭᠠᠯᠲᠠ᠎ᠶᠢᠨ ᠠᠵᠢᠯ ᠡᠷᠭᠢᠯᠡᠬᠦ ᠦᠨᠡᠮᠯᠡᠯ᠎ᠦᠨ ᠳᠠᠩᠰᠠᠯᠠᠯᠲᠠ᠎ᠶᠢᠨ ᠵᠦᠢᠯᠡᠰ᠎ᠢ ᠬᠤᠪᠢᠷᠠᠭᠤᠯᠬᠤ᠎ᠪᠠᠷ ᠭᠤᠶᠤᠴᠢᠯᠠᠬᠰᠠᠨ ᠬᠥᠮᠥᠰ᠎ᠲᠦ ᠲᠤᠬᠢᠷᠠᠭᠤᠯᠪᠠ᠃ ᠰᠢᠯᠭᠠᠯᠲᠠ᠎ᠨᠢ ᠬᠠᠤᠯᠢ ᠴᠠᠭᠠᠵᠠ ᠲᠦᠷᠢᠮ ᠲᠣᠭᠲᠠᠭᠠᠯ ᠬᠢᠭᠡᠳ ᠲᠤᠰᠬᠠᠢ ᠮᠡᠷᠭᠡᠵᠢᠯ᠎ᠦᠨ ᠮᠡᠳᠡᠯᠭᠡ᠎ᠶᠢᠨ ᠰᠢᠯᠭᠠᠯᠲᠠ ᠭᠡᠬᠦ ᠬᠣᠶᠠᠷ ᠲᠥᠷᠥᠯ᠎ᠦᠨ ᠬᠢᠴᠢᠶᠡᠯ ᠲᠥᠷᠥᠯ᠎ᠢ ᠬᠠᠮᠤᠷᠤᠭᠰᠠᠨ ᠪᠥᠭᠡᠳ ᠰᠢᠯᠭᠠᠯᠲᠠ᠎ᠳᠤ ᠨᠡᠷ᠎ᠡ ᠮᠡᠳᠡᠭᠦᠯᠦᠭᠰᠡᠨ ᠬᠦᠷᠢᠶ᠎ᠡ ᠴᠠᠷᠠᠭ᠎ᠠ᠎ᠶᠢᠨ ᠲᠣᠭ᠎ᠠ ᠬᠡᠮᠵᠢᠶ᠎ᠡ᠎ᠶᠢ ᠦᠨᠳᠦᠰᠦᠯᠡᠨ ᠰᠢᠯᠭᠠᠯᠲᠠ᠎ᠶᠢᠨ ᠴᠠᠭ᠎ᠤᠨ ᠣᠷᠳᠣ᠌᠎ᠶᠢ ᠲᠣᠭᠲᠠᠭᠠᠪᠠ᠃ ᠰᠢᠯᠭᠠᠯᠲᠠ ᠨᠢ ᠬᠠᠤᠯᠢ᠎ᠶᠢᠨ ᠠᠨᠠᠭᠠᠬᠤ ᠤᠬᠠᠭᠠᠨ᠎ᠤ ᠲᠥᠷᠥᠯ᠂ ᠪᠣᠳᠠᠰ᠎ᠤᠨ ᠭᠡᠷᠡᠴᠢ᠎ᠶᠢᠨ ᠲᠥᠷᠥᠯ᠂ ᠲᠠᠭᠤ ᠳᠦᠷᠰᠦ ᠰᠢᠩᠭᠡᠭᠡᠯᠲᠡ᠎ᠶᠢᠨ ᠮᠠᠲᠧᠷᠢᠶᠠᠯ᠂ ᠣᠷᠴᠢᠨ ᠲᠤᠭᠤᠷᠢᠨ᠎ᠤ ᠬᠣᠬᠢᠷᠠᠯ ᠵᠡᠷᠭᠡ ᠳᠥᠷᠪᠡᠨ ᠲᠥᠷᠥᠯ᠎ᠦᠨ 14 ᠲᠤᠰᠬᠠᠢ ᠮᠡᠷᠭᠡᠵᠢᠯ᠎ᠦᠨ ᠬᠦᠷᠢᠶ᠎ᠡ᠎ᠶᠢ ᠬᠠᠮᠤᠷᠴᠤ᠂ ᠪᠥᠬᠥ ᠣᠷᠣᠨ᠎ᠳᠤ ᠨᠡᠶ᠋ᠢᠲᠡ 180 ᠬᠥᠮᠥᠨ ᠰᠦᠯᠵᠢᠶᠡᠨ ᠳᠡᠭᠡᠷᠡᠬᠢ ᠰᠢᠯᠭᠠᠯᠲᠠ᠎ᠳᠤ ᠣᠷᠣᠯᠴᠠᠵᠠᠢ᠃ ᠭᠤᠷᠪᠠᠳᠠᠭᠢ ᠡᠲᠡᠭᠡᠳ᠎ᠦᠨ ᠨᠢᠭᠡᠳᠦᠯᠲᠡᠢ ᠰᠢᠯᠭᠠᠯᠲᠠ᠎ᠶᠢᠨ ᠶᠠᠪᠤᠳᠠᠯ᠎ᠤᠨ ᠰᠢᠰᠲᠧᠮ᠎ᠢ ᠠᠩᠬ᠎ᠠ ᠤᠳᠠᠭ᠎ᠠ ᠬᠡᠷᠡᠭᠯᠡᠵᠦ᠂《ᠲᠠᠪᠴᠠᠩ + ᠰᠡᠳᠦᠪ᠎ᠦᠨ ᠬᠥᠮᠥᠷᠭᠡ》ᠢ᠋ᠢᠨ ᠰᠢᠨ᠎ᠡ ᠬᠡᠯᠪᠡᠷᠢ᠎ᠶᠢᠨ ᠰᠢᠯᠭᠠᠯᠲᠠ᠎ᠶᠢᠨ ᠵᠠᠭᠪᠤᠷ᠎ᠢ ᠦᠨᠳᠦᠰᠦᠯᠡᠨ ᠰᠢᠯᠭᠠᠯᠲᠠ᠎ᠳᠤ ᠨᠡᠷ᠎ᠡ ᠮᠡᠳᠡᠭᠦᠯᠬᠦ ᠂ ᠰᠢᠯᠭᠠᠯᠲᠠ ᠢ᠋ᠢᠨ ᠰᠡᠲᠦᠪ ᠭᠠᠷᠭᠠᠬᠤ᠂ ᠰᠢᠯᠭᠠᠯᠲᠠ ᠬᠢᠬᠦ᠂ ᠰᠢᠯᠭᠠᠯᠲᠠ ᠦᠵᠡᠬᠦ ᠪᠥᠬᠥ ᠶᠠᠪᠤᠴᠠ᠎ᠶᠢᠨ ᠮᠡᠳᠡᠭᠡ ᠵᠠᠩᠭᠢᠵᠢᠯᠲᠠ᠎ᠶᠢ ᠪᠡᠶᠡᠯᠡᠭᠦᠯᠪᠡ᠃ ᠰᠢᠯᠭᠠᠭᠤᠯᠤᠭ᠍ᠴᠢ ᠰᠢᠯᠭᠠᠯᠲᠠ ᠢ᠋ᠢᠨ ᠲᠠᠯᠠᠪᠠᠶ᠎ᠳᠤ ᠣᠷᠣᠬᠤ᠎ᠳᠤ ᠵᠢᠰᠦ᠎ᠶᠢ ᠢᠯᠭᠠᠨ ᠲᠠᠨᠢᠬᠤ ᠪᠠ ᠠᠮᠤᠷ ᠲᠦᠪᠰᠢᠨ᠎ᠦ ᠰᠢᠯᠭᠠᠨ ᠪᠠᠢᠴᠠᠭᠠᠯᠲᠠ ᠬᠢᠵᠦ᠂ ᠰᠢᠯᠭᠠᠯᠲᠠ᠎ᠶᠢᠨ ᠪᠥᠬᠥ ᠶᠠᠪᠤᠴᠠ᠎ᠳᠤ ᠰᠦᠯᠵᠢᠶ᠎ᠡ᠎ᠪᠡᠷ ᠬᠢᠨᠠᠨ ᠡᠵᠡᠮᠳᠡᠬᠦ᠎ᠶᠢ ᠬᠡᠷᠡᠭᠵᠢᠭᠦᠯᠪᠡ᠃ ᠲᠤᠬᠠᠢ᠎ᠶᠢᠨ ᠲᠠᠯᠠᠪᠤᠷ᠎ᠤᠨ ᠵᠣᠬᠢᠶᠠᠨ ᠪᠠᠢᠭᠤᠯᠤᠯᠲᠠ ᠨᠢᠭ᠍ᠲᠠ ᠴᠢᠩᠭ᠎ᠠ᠂ ᠡᠮᠬᠢ ᠳᠢᠭ᠌ᠯᠢᠮ᠎ᠲᠠᠢ ᠪᠠᠢᠵᠤ ᠂ ᠰᠢᠯᠭᠠᠭᠤᠯᠤᠭ᠍ᠴᠢ ᠨᠠᠷᠢᠨ ᠬᠢᠨᠠᠮᠠᠭᠠᠢ ᠬᠠᠷᠢᠭᠤᠯᠵᠦ᠂ ᠰᠢᠯᠭᠠᠯᠲᠠ᠎ᠶᠢᠨ ᠬᠡᠪ ᠰᠤᠷᠲᠠᠯ ᠪᠠ ᠰᠠᠬᠢᠯᠭ᠎ᠠ ᠪᠠᠲᠤ ᠵᠢ ᠪᠠᠳᠤᠯᠠᠪᠠ᠃

ᠲᠤᠰ ᠤᠳᠠᠭ᠎ᠠ᠎ᠶᠢᠨ ᠰᠢᠯᠭᠠᠯᠲᠠ᠎ᠶᠢ ᠬᠥᠬᠡᠮᠥ᠋ᠷᠡᠨ᠎ᠦ ᠭᠤᠷᠪᠠᠯᠵᠢᠨ ᠬᠣᠢᠭ᠋(ᠱᠠᠩᠬᠠᠢ᠂ ᠵᠧᠵᠢᠶᠠᠩ᠂ ᠵᠢᠶᠠᠩᠰᠤ᠂ ᠠᠨᠾᠦ᠋ᠢ)ᠤ᠋ᠨ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠬᠠᠮᠲᠤᠷᠠᠭᠰᠠᠨ ᠰᠢᠯᠭᠠᠯᠲᠠ᠎ᠪᠠᠷ ᠲᠣᠯᠢ ᠪᠣᠯᠭᠠᠭᠰᠠᠨ ᠰᠠᠭᠤᠷᠢᠨ ᠳᠡᠭᠡᠷ᠎ᠡ ᠲᠥᠯᠥᠪᠯᠡᠨ ᠶᠠᠪᠤᠭᠳᠠᠭᠤᠯᠵᠤ᠂ ᠠᠳᠠᠯᠢᠬᠠᠨ ᠵᠣᠬᠢᠶᠠᠨ ᠪᠠᠢᠭᠤᠯᠤᠯᠲᠠ᠎ᠶᠢᠨ ᠵᠠᠭᠪᠤᠷ᠂ ᠰᠡᠳᠦᠪ ᠭᠠᠷᠭᠠᠬᠤ ᠬᠡᠯᠪᠡᠷᠢ ᠪᠣᠯᠣᠨ ᠰᠢᠯᠭᠠᠯᠲᠠ᠎ᠶᠢᠨ ᠶᠠᠪᠤᠳᠠᠯ᠎ᠤᠨ ᠬᠠᠮᠢᠶᠠᠷᠤᠯᠲᠠ᠎ᠶᠢᠨ ᠵᠠᠭᠪᠤᠷ᠎ᠢ ᠬᠡᠷᠡᠭᠯᠡᠵᠡᠢ᠃ ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠡᠴᠡ ᠬᠢᠨᠠᠨ ᠰᠢᠯᠭᠠᠬᠤ ᠲᠣᠭᠲᠠᠴᠠ᠎ᠶᠢ ᠦᠷᠭᠦᠯᠵᠢᠯᠡᠨ ᠰᠢᠯᠢᠳᠡᠭᠵᠢᠭᠦᠯᠬᠦ᠎ᠶᠢᠨ ᠬᠠᠮᠲᠤ᠂ ᠪᠠᠢᠭᠤᠯᠤᠮᠵᠢ᠎ᠶᠢᠨ ᠣᠷᠣᠬᠤ ᠵᠥᠪᠰᠢᠶᠡᠷᠡᠯ᠂ ᠶᠠᠰᠤ ᠴᠢᠨᠠᠷ᠎ᠤᠨ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ ᠬᠥᠮᠦᠵᠢᠯ ᠵᠡᠷᠭᠡ ᠭᠣᠭᠴᠣᠭ᠎ᠠ ᠯᠤᠭ᠎ᠠ ᠪᠢᠲᠡᠭᠦᠦ ᠴᠠᠭᠠᠷᠢᠭ᠋ ᠢ᠋ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠠᠵᠢᠯ ᠲᠥᠷᠥᠯ᠎ᠦᠨ ᠲᠤᠰᠬᠠᠢᠵᠢᠯᠲᠠ᠂ ᠵᠢᠷᠦᠮᠵᠢᠯᠲᠡ᠎ᠶᠢᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号