ᠱᠢᠪᠠᠭᠤᠨ ᠤ᠋ ᠲᠥᠷᠥᠯ ᠢ᠋ ᠬᠠᠮᠠᠭᠠᠯᠠᠬᠤ ᠶ᠋ᠢ ᠪᠥᠬᠥ᠌ ᠲᠠᠯ᠎ᠠ ᠪᠡᠷ ᠴᠢᠩᠭᠠᠳᠭᠠᠵᠤ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠪᠠ ᠠᠮᠢ ᠠᠬᠤᠶ ᠵᠢᠨ ᠲᠡᠩᠴᠡᠭᠦᠷᠢ ᠶ᠋ᠢ ᠬᠠᠮᠠᠭᠠᠯᠠᠬᠤ ᠵᠢᠨ ᠲᠥᠯᠥᠭᠡ ᠥᠪᠥᠷ ᠮᠣᠩᠭᠣᠯ ᠣᠯᠠᠨ ᠵᠦᠶ᠋ᠯᠦᠨ ᠠᠷᠭ᠎ᠠ ᠬᠡᠮᠵᠢᠶ᠎ᠡ ᠶ᠋ᠢ ᠵᠡᠷᠭᠡᠪᠡᠷ ᠬᠡᠷᠡᠭ᠌ᠯᠡᠵᠦ᠍᠂ ᠬᠠᠤᠯᠢ ᠪᠤᠰᠤ ᠪᠡᠷ ᠠᠩᠨᠠᠵᠤ ᠠᠷᠠᠯᠵᠢᠶᠠᠯᠠᠬᠤ ᠳ᠋ᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ ᠥᠷᠨᠢᠭᠦᠯᠪᠡ᠃
2025 ᠣᠨ ᠤ᠋ 6 ᠰᠠᠷᠠᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶ᠎ᠠ᠂ ᠠᠮᠢ ᠠᠬᠤᠶ ᠣᠷᠴᠢᠨ ᠲᠣᠭᠣᠷᠢᠨ ᠤ᠋ ᠲᠢᠩᠬᠢᠮ᠂ ᠳᠣᠲᠣᠭᠠᠳᠤ ᠶ᠋ᠢ ᠬᠠᠮᠠᠭᠠᠯᠠᠬᠤ ᠲᠢᠩᠬᠢᠮ᠂ ᠵᠠᠬ᠎ᠠ ᠳᠡᠯᠭᠡᠭᠦᠷᠦᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ᠂ ᠬᠡᠭᠡᠷ᠎ᠡ ᠵᠢᠨ ᠱᠢᠪᠠᠭᠤᠨ ᠤ᠋ ᠲᠥᠷᠥᠯ ᠢ᠋ ᠬᠠᠤᠯᠢ ᠪᠤᠰᠤ ᠪᠡᠷ ᠠᠩᠨᠠᠵᠤ ᠠᠷᠠᠯᠵᠢᠶᠠᠯᠠᠬᠤ ᠲᠤᠰᠭᠠᠶ ᠠᠵᠢᠯᠯᠠᠭ᠎ᠠ ᠥᠷᠨᠢᠭᠦᠯᠪᠡ; 9 ᠰᠠᠷ᠎ᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶ᠎ᠠ ᠲᠦᠷᠦᠭᠦᠯᠡᠨ 《ᠪᠥᠬᠥ᠌ ᠣᠷᠣᠨ ᠤ᠋ ᠱᠢᠪᠠᠭᠤᠨ ᠤ᠋ ᠲᠥᠷᠥᠯ ᠢ᠋ ᠬᠠᠮᠠᠭᠠᠯᠠᠬᠤ ᠠᠵᠢᠯᠯᠠᠭ᠎ᠠ ᠪᠠ ᠬᠠᠤᠯᠢ ᠪᠤᠰᠤ ᠪᠡᠷ ᠠᠩᠨᠠᠵᠤ ᠠᠷᠠᠯᠵᠢᠶᠠᠯᠠᠬᠤ ᠳ᠋ᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ ᠵᠢᠨ ᠬᠠᠮᠲᠤᠷᠠᠭ᠍ᠰᠠᠨ ᠠᠵᠢᠯ ᠤ᠋ᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠪᠥᠬᠥ᠌ ᠣᠷᠣᠨ ᠤ᠋ ᠬᠡᠪᠴᠢᠶᠡᠨᠳᠦ ᠲᠤᠰᠭᠠᠶ ᠠᠵᠢᠯᠯᠠᠭ᠎ᠠ ᠥᠷᠨᠢᠭᠦᠯᠤᠨ᠂ ᠮᠠᠨ ᠤ᠋ ᠣᠷᠣᠨ ᠤ᠋ ᠱᠢᠪᠠᠭᠤᠨ ᠤ᠋ ᠲᠥᠷᠥᠯ ᠢ᠋ ᠬᠠᠮᠠᠭᠠᠯᠠᠬᠤ ᠬᠢᠷᠢ ᠬᠡᠮᠵᠢᠶ᠎ᠡ ᠶ᠋ᠢ ᠪᠥᠬᠥ᠌ ᠲᠠᠯ᠎ᠠ ᠪᠡᠷ ᠳᠡᠭᠡᠭ᠌ᠰᠢᠯᠡᠭᠦᠯᠦᠭᠰᠡᠨ ᠪᠠᠢᠨ᠎ᠠ᠃
ᠪᠥᠬᠥ᠌ ᠣᠷᠣᠨ ᠤ᠋ 67 ᠱᠢᠪᠠᠭᠤᠨ ᠤ᠋ ᠲᠥᠷᠥᠯᠦᠨ ᠴᠢᠬᠤᠯᠠ ᠣᠷᠣᠱᠢᠨ ᠠᠮᠢᠳᠤᠷᠠᠬᠤ ᠭᠠᠵᠠᠷ᠂ 26 ᠬᠡᠭᠡᠷ᠎ᠡ ᠵᠢᠨ ᠠᠮᠢᠲᠠᠨ ᠤ᠋ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠵᠡᠷᠭᠡ ᠭᠤᠤᠯᠳᠠᠯᠭᠠᠲᠠᠶ ᠣᠷᠣᠨ ᠪᠦᠰᠡ ᠶ᠋ᠢ ᠲᠣᠭᠣᠷᠢᠨ ᠬᠠᠮᠠᠭᠠᠯᠠᠵᠤ ᠵᠢᠵᠢᠭᠦᠷᠯᠡᠨ ᠰᠠᠬᠢᠬᠤ ᠠᠵᠢᠯ ᠤ᠋ᠨ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠱᠢᠪᠠᠭᠤᠨ ᠤ᠋ ᠲᠥᠷᠥᠯ ᠢ᠋ ᠬᠠᠮᠠᠭᠠᠯᠠᠬᠤ ᠠᠵᠢᠯᠯᠠᠭ᠎ᠠ ᠵᠢᠴᠢ ᠲᠤᠰᠭᠠᠶ ᠴᠣᠬᠢᠯᠲᠠ ᠥᠭ᠌ᠬᠦ ᠠᠵᠢᠯ ᠤ᠋ᠨ ᠪᠣᠳᠠᠲᠤ ᠦᠷ᠎ᠡ ᠪᠦᠲᠦᠮᠵᠢ ᠤᠯᠬᠤ ᠶ᠋ᠢ ᠦᠨᠡᠨ ᠬᠦ᠌ ᠪᠠᠲᠤᠯᠠᠬᠤ ᠵᠢᠨ ᠲᠥᠯᠥᠭᠡ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶ᠎ᠠ᠂ ᠳᠣᠲᠣᠭᠠᠳᠤ ᠶ᠋ᠢ ᠬᠠᠮᠠᠭᠠᠯᠠᠬᠤ ᠲᠢᠩᠬᠢᠮ ᠤᠯᠤᠰ ᠤ᠋ᠨ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶ᠎ᠠ ᠵᠢᠨ ᠥᠪᠥᠷ ᠮᠣᠩᠭᠣᠯ ᠳ᠋ᠤ ᠰᠠᠭᠤᠭ᠎ᠠ ᠲᠤᠰᠭᠠᠶ ᠲᠤᠱᠢᠶᠠᠯᠲᠠᠨ ᠤ᠋ ᠠᠯᠪᠠᠨ ᠬᠡᠷᠲᠡᠶ ᠬᠠᠮᠲᠤᠷᠠᠨ 9 ᠰᠠᠷ᠎ᠠ ᠡᠴᠡ 11 ᠰᠠᠷ᠎ᠠ ᠳ᠋ᠤ ᠬᠡᠰᠡᠭ ᠠᠢᠮᠠᠭ ᠬᠣᠲᠠ ᠵᠢᠨ ᠱᠢᠪᠠᠭᠤᠨ ᠤ᠋ ᠲᠥᠷᠥᠯ ᠢ᠋ ᠬᠠᠮᠠᠭᠠᠯᠠᠬᠤ ᠠᠵᠢᠯ ᠢ᠋ ᠥᠷᠨᠢᠭᠦᠯᠦᠭ᠌ᠰᠡᠨ ᠪᠠᠢᠳᠠᠯ ᠢ᠋ ᠳᠠᠯᠳᠠᠭᠤᠷ ᠰᠤᠷᠪᠤᠯᠵᠢᠯᠠᠵᠤ᠂ ᠢᠯᠡᠷᠡᠭᠦᠯᠦᠭ᠌ᠰᠡᠨ ᠱᠢᠪᠠᠭᠤᠨ ᠤ᠋ ᠲᠥᠷᠥᠯ ᠢ᠋ ᠬᠠᠮᠠᠭᠠᠯᠠᠬᠤ ᠤᠬᠠᠭᠤᠯᠭ᠎ᠠ ᠴᠢᠩᠭ᠎ᠠ ᠪᠢᠰᠢ ᠵᠡᠷᠭᠡ ᠠᠰᠠᠭᠤᠳᠠᠯ ᠢ᠋ ᠲᠤᠬᠠᠶ ᠵᠢᠨ ᠭᠠᠵᠠᠷ ᠲᠤ᠌ ᠴᠠᠭ ᠲᠤᠬᠠᠶ ᠳ᠋ᠤᠨᠢ ᠬᠠᠷᠢᠭᠤ ᠲᠤᠰᠭᠠᠬᠤ ᠵᠢᠨ ᠬᠠᠮᠲᠤ ᠴᠡᠭ᠌ᠴᠡᠯᠡᠨ ᠰᠠᠢᠵᠢᠷᠠᠭᠤᠯᠬᠤ ᠪᠡᠷ ᠱᠠᠭᠠᠷᠳᠠᠪᠠ᠃
ᠡᠯ᠎ᠡ ᠠᠢᠮᠠᠭ ᠬᠣᠲᠠ ᠨᠠᠮᠤᠷ ᠤ᠋ᠨ ᠤᠯᠠᠷᠢᠯ ᠤ᠋ᠨ ᠨᠡᠭᠦᠳᠡᠯᠦᠨ ᠱᠢᠪᠠᠭᠤ ᠵᠢᠨ ᠨᠡᠭᠦᠳᠡᠯᠯᠡᠬᠦ᠌ ᠵᠢᠴᠢ 《ᠬᠡᠭᠡᠷ᠎ᠡ ᠵᠢᠨ ᠠᠮᠢᠲᠠᠨ ᠤ᠋ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ》 ᠪᠡᠷ ᠳᠠᠮᠵᠢᠨ ᠬᠡᠭᠡᠷ᠎ᠡ ᠵᠢᠨ ᠠᠮᠢᠲᠠᠨ ᠢ᠋ ᠠᠪᠤᠷᠠᠨ ᠲᠤᠰᠠᠯᠠᠬᠤ ᠵᠢᠴᠢ ᠬᠠᠤᠯᠢᠠᠴᠠ ᠵᠥᠷᠢᠴᠡᠨ ᠶᠠᠯ᠎ᠠ ᠬᠢᠭ᠌ᠰᠡᠨ ᠰᠦᠪᠡᠭ᠌ᠴᠢ ᠶ᠋ᠢ ᠢᠯᠡᠴᠢᠯᠡᠨ ᠮᠡᠳᠡᠭᠦᠯᠬᠦ᠌ ᠤᠲᠠᠰᠤ ᠶ᠋ᠢ ᠴᠠᠭ ᠲᠤᠬᠠᠶ ᠳ᠋ᠤᠨᠢ ᠨᠡᠢᠭᠡᠮᠳᠦ ᠨᠡᠢᠲᠡᠯᠡᠬᠦ᠌ ᠵᠢᠨ ᠬᠠᠮᠲᠤ ᠣᠯᠠᠨ ᠵᠦᠶ᠋ᠯᠦᠨ ᠬᠡᠯᠪᠡᠷᠢ ᠮᠠᠶᠢᠭ ᠤ᠋ᠨ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠵᠤ᠂ ᠪᠥᠬᠥ᠌ ᠨᠡᠢᠭᠡᠮ ᠵᠢᠡᠷ ᠵᠢᠡᠨ ᠬᠡᠭᠡᠷ᠎ᠡ ᠵᠢᠨ ᠱᠢᠪᠠᠭᠤᠨ ᠤ᠋ ᠲᠥᠷᠥᠯᠦᠨ ᠬᠠᠮᠠᠭᠠᠯᠠᠯᠲᠠ ᠳ᠋ᠤ ᠣᠷᠣᠯᠴᠠᠬᠤ ᠭᠦᠨ ᠵᠤᠵᠠᠭᠠᠨ ᠠᠭᠤᠷ ᠠᠮᠢᠰᠭᠤᠯ ᠢ᠋ ᠪᠣᠶ ᠪᠣᠯᠭᠠᠪᠠ᠃