ᠨᠠᠢ᠍ᠮᠠᠨ ᠬᠣᠰᠢᠭᠤᠨ᠎ᠤ ᠵᠢᠭᠤᠯᠴᠢᠯᠠᠯ᠎ᠤᠨ ᠠᠵᠤ ᠦᠢᠯᠡᠰ ᠢᠷᠡᠭᠡᠳᠦᠢ᠎ᠶᠢᠨ ᠲᠠᠪᠤᠨ ᠵᠢᠯ᠎ᠳᠦ 《ᠭᠣᠣᠯᠳᠠᠯᠭ᠎ᠠ ᠳᠠᠢ ᠪᠡᠷ ᠬᠥᠲᠥᠯᠥᠨ ᠳᠠᠭᠠᠭᠤᠯᠬᠤ᠂ ᠣᠯᠠᠨ ᠴᠡᠭ᠎ᠢᠶᠠᠷ ᠲᠤᠯᠭᠠᠭᠤᠷᠢᠯᠠᠬᠤ᠂ ᠪᠥᠬᠥ ᠬᠡᠯᠬᠢᠶᠡᠵᠢᠯ᠎ᠢᠶᠠᠷ ᠥᠷᠲᠡᠭ᠎ᠢ ᠨᠡᠮᠡᠭᠳᠡᠭᠦᠯᠬᠦ》ᠬᠥᠭᠵᠢᠯᠲᠡ᠎ᠶᠢᠨ ᠪᠠᠢᠷᠢᠰᠢᠯ᠎ᠢ ᠪᠠᠢᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ 《ᠡᠯᠡᠰᠦᠨ ᠴᠥᠯ᠎ᠦᠨ ᠨᠢᠭᠤᠴᠠ ᠬᠠᠢᠯᠳᠠ + ᠨᠤᠭᠤ ᠭᠠᠵᠠᠷ᠎ᠤᠨ ᠰᠡᠯᠡᠭᠦᠴᠡᠯ ᠰᠣᠶᠣᠯ᠎ᠤᠨ ᠪᠡᠶᠡᠴᠢᠯᠡᠨ ᠣᠢᠯᠠᠭᠠᠯᠳᠠ》 ᠪᠦᠬᠦᠢ ᠵᠢᠭᠤᠯᠴᠢᠯᠠᠯ᠎ᠤᠨ ᠲᠡᠷᠢᠭᠦᠨ ᠰᠣᠩᠭᠣᠯᠲᠠ᠎ᠶᠢᠨ ᠭᠠᠵᠠᠷ ᠪᠣᠯᠭᠠᠬᠤ ᠪᠡᠷ ᠳᠦᠯᠦᠪᠯᠡᠵᠦ ᠪᠠᠢᠨ᠎ᠠ᠃
ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠲᠡᠰ ᠳᠡᠪᠰᠢᠭᠦᠯᠬᠦ᠎ᠶᠢ ᠭᠦᠨᠵᠡᠭᠡᠢᠷᠡᠭᠦᠯᠵᠦ᠂ ᠤᠯᠠᠨ ᠡᠰᠢᠲᠦ ᠪᠡᠶᠡᠴᠢᠯᠡᠨ ᠣᠢᠯᠠᠭᠠᠬᠤ ᠰᠢᠰᠲᠧᠮ᠎ᠢ ᠪᠠᠢᠭᠤᠯᠤᠨ᠎ᠠ᠃ ᠭᠣᠣᠯ ᠦᠵᠡᠮᠵᠢ᠎ᠶᠢᠨ ᠣᠷᠣᠨ᠎ᠤ ᠶᠠᠰᠤ ᠴᠢᠨᠠᠷ ᠢ᠋ ᠳᠡᠭᠡᠭᠰᠢᠯᠡᠭᠦᠯᠦᠨ ᠪᠠᠭᠲᠠᠭᠠᠮᠵᠢ᠎ᠶᠢ ᠥᠷᠭᠡᠳᠬᠡᠵᠦ᠂ ᠪᠤᠭᠳᠤ ᠵᠢᠨ ᠡᠯᠡᠰᠦ ᠮᠠᠨᠭᠬᠠᠨᠦ ᠵᠢᠭᠤᠯᠴᠢᠯᠡᠯ᠎ᠤᠨ ᠣᠷᠣᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠂ ᠪᠣᠳᠠᠰ᠎ᠤᠨ ᠪᠤᠰᠤ ᠰᠣᠶᠣᠯ᠎ᠤᠨ ᠥᠪ᠂ ᠰᠤᠳᠤᠯᠤᠨ ᠰᠤᠷᠤᠯᠴᠠᠬᠤ ᠭᠤᠷᠪᠠᠨ ᠶᠡᠬᠡ ᠰᠠᠭᠤᠷᠢᠨ᠎ᠳᠤ ᠲᠦᠰᠢᠭᠯᠡᠨ᠂ ᠡᠯᠡᠰᠦᠨ ᠴᠦᠯ᠎ᠦᠨ ᠡᠷᠡᠭᠦᠯᠵᠢᠯ᠎ᠦᠨ ᠰᠠᠭᠤᠷᠢᠨ᠂ ᠣᠳᠣᠨ ᠣᠭᠲᠠᠷᠭᠤᠢ᠎ᠶᠢ ᠠᠵᠢᠭ᠍ᠯᠠᠨ ᠰᠢᠨᠵᠢᠬᠦ ᠥᠷᠲᠡᠭᠡ ᠵᠡᠷᠭᠡ ᠡᠵᠡᠩᠨᠡᠯᠲᠡ᠎ᠶᠢᠨ ᠬᠡᠯᠪᠡᠷᠢ᠎ᠶᠢ ᠰᠢᠨ᠎ᠡ᠎ᠪᠡᠷ ᠨᠡᠮᠡᠭᠳᠡᠭᠦᠯᠵᠦ᠂ 《ᠡᠯᠡᠰᠦᠨ ᠴᠦᠯ᠎ᠦᠨ ᠣᠷᠣᠰᠢᠨ ᠲᠣᠭᠲᠠᠨᠢᠬᠤ ᠥᠷᠢᠰᠦᠯᠳᠦᠭᠡᠨ》᠂ 《ᠤᠮᠠᠷᠠᠲᠤ ᠬᠢᠯᠢ᠎ᠶᠢᠨ ᠤᠯᠤᠰ ᠤ᠋ᠨ ᠪᠠᠲᠤᠯᠠᠨ ᠬᠠᠮᠠᠭᠠᠯᠠᠯᠲᠠ᠎ᠶᠢᠨ ᠰᠤᠳᠤᠯᠤᠨ ᠰᠤᠷᠤᠯᠴᠠᠬᠤ》 ᠰᠣᠳᠣᠨ ᠬᠢᠴᠢᠶᠡᠯ᠎ᠢ ᠨᠡᠭᠡᠭᠡᠨ ᠬᠥᠭᠵᠢᠭᠦᠯᠵᠦ᠂ ᠤᠯᠤᠰ ᠤ᠋ᠨ ᠲᠡᠰ᠎ᠤᠨ ᠰᠤᠳᠤᠯᠤᠨ ᠰᠤᠷᠤᠯᠴᠠᠬᠤ ᠵᠢᠭᠤᠯᠴᠢᠯᠡᠯ᠎ᠤᠨ ᠵᠢᠱ᠌ᠢᠶ᠎ᠡ ᠦᠵᠡᠭᠦᠯᠬᠦ ᠰᠠᠭᠤᠷᠢᠨ᠎ᠢ ᠪᠠᠢᠭᠤᠯᠵᠦ᠂ ᠮᠧᠩ ᠵᠢᠶᠠ ᠳ᠋ᠤᠸᠠᠨ ᠨᠤᠭᠤ ᠭᠠᠵᠠᠷ᠎ᠤᠨ ᠵᠢᠭᠤᠯᠴᠢᠯᠡᠯ᠎ᠤᠨ ᠣᠷᠣᠨ ᠨᠢ ᠡᠪᠦᠯ᠎ᠦᠨ ᠠᠩᠨᠠᠯ᠎ᠤᠨ ᠪᠠᠶᠠᠷ᠎ᠤᠨ IP ᠢ᠋ ᠳᠡᠰ ᠳᠡᠪᠰᠢᠭᠦᠯᠵᠦ᠂ ᠵᠤᠨ᠎ᠤ ᠤᠯᠠᠷᠢᠯ᠎ᠤᠨ ᠤᠰᠤᠨ ᠳᠡᠭᠡᠷᠡᠬᠢ ᠬᠥᠳᠡᠯᠭᠡᠭᠡᠨ᠎ᠦ ᠲᠥᠪ᠂ ᠨᠠᠮᠤᠷ ᠬᠠᠪᠤᠷ᠎ᠤᠨ ᠰᠢᠪᠠᠭᠤ ᠰᠣᠨᠢᠷᠬᠠᠬᠤ ᠰᠠᠭᠤᠷᠢᠨ᠎ᠢ ᠰᠢᠨ᠎ᠡ᠎ᠪᠡᠷ ᠨᠡᠮᠡᠭᠳᠡᠭᠦᠯᠵᠦ᠂ 《ᠲᠦᠷᠪᠡᠨ ᠤᠯᠠᠷᠢᠯ᠎ᠤᠨ ᠵᠢᠭᠠᠰᠤᠴᠢᠨᠤ ᠵᠢᠭᠤᠯᠴᠢᠯᠡᠯ》 ᠤ᠋ᠨ ᠪᠦᠬᠦ ᠬᠤᠭᠤᠴᠠᠭᠠᠨ᠎ᠤ ᠡᠵᠡᠩᠨᠡᠯᠲᠡ᠎ᠶᠢ ᠪᠡᠶᠡᠯᠡᠭᠦᠯᠬᠦ ᠪᠤᠯᠤᠨ᠎ᠠ᠃
ᠣᠷᠣᠨ ᠪᠦᠰᠡ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠬᠥᠭᠵᠢᠯᠲᠡ᠎ᠶᠢᠨ ᠣᠷᠣᠨ ᠵᠠᠢ᠎ᠶᠢ ᠥᠷᠭᠡᠳᠬᠡᠨ᠎ᠡ᠃ ᠳᠣᠲᠣᠭᠠᠳᠤ᠎ᠳᠠᠭᠠᠨ 5A ᠲᠡᠰ᠎ᠤᠨ ᠦᠵᠡᠮᠵᠢ᠎ᠶᠢᠨ ᠣᠷᠣᠨ᠎ᠤ ᠡᠬᠢ ᠪᠠᠶᠠᠯᠢᠭ᠋᠎ᠢ ᠨᠡᠢᠳᠬᠡᠵᠦ᠂ 《ᠡᠯᠡᠰᠦ ᠮᠠᠩᠬ᠎ᠠ᠂ ᠨᠤᠭᠤ ᠭᠠᠵᠠᠷ᠂ ᠸᠠᠩ᠎ᠤᠨ ᠣᠷᠳᠣᠨ᠂ ᠬᠥᠳᠡᠭᠡ ᠲᠣᠰᠬᠣᠨ》᠎ᠤ᠋ ᠪᠥᠬᠥ ᠣᠷᠣᠨ ᠪᠦᠰᠡ᠎ᠶᠢᠨ ᠵᠢᠭᠤᠯᠴᠢᠯᠠᠯ᠎ᠤᠨ ᠵᠠᠮ ᠱᠤᠭᠤᠮ᠎ᠢ ᠰᠢᠯᠢᠳᠡᠭᠵᠢᠭᠦᠯᠵᠦ᠂ 《ᠪᠢᠯᠧᠲ᠎ᠤᠨ ᠤᠷᠤᠯᠭ᠎ᠠ ᠪᠡᠷ ᠠᠷᠠᠳ᠎ᠲᠤ ᠠᠰᠢᠭ᠋ ᠬᠦᠷᠲᠡᠭᠡᠬᠦ》 ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠤᠨ᠎ᠠ᠃ ᠭᠠᠳᠠᠭ᠍ᠰᠢ᠎ᠪᠠᠨ ᠲᠦᠩᠯᠢᠶᠣᠣ᠎ᠶᠢᠨ ᠡᠷᠭᠢᠨ ᠲᠣᠭᠣᠷᠢᠨ᠎ᠤ ᠠᠢᠮᠠᠭ ᠬᠣᠲᠠ ᠵᠢᠴᠢ ᠮᠦᠭᠳᠡᠨ᠂ ᠴᠠᠩᠴᠦ᠋ᠨ ᠵᠡᠷᠭᠡ ᠵᠡᠭᠦᠨ ᠬᠣᠢᠲᠤ᠎ᠶᠢᠨ ᠬᠣᠲᠠ ᠯᠤᠭ᠎ᠠ᠎ᠶᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ 《ᠬᠣᠷᠴᠢᠨ᠎ᠤ ᠰᠣᠶᠣᠯ ᠵᠢᠭᠤᠯᠴᠢᠯᠠᠯ᠎ᠤᠨ ᠬᠣᠩᠭᠢᠯ》᠎ᠢ᠋ ᠬᠠᠮᠲᠤ ᠪᠠᠷ ᠪᠠᠢᠭᠤᠯᠵᠤ᠂ ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ᠂ ᠵᠣᠴᠢᠳ᠎ᠤᠨ ᠢᠷᠡᠯᠲᠡ᠎ᠶᠢ ᠬᠠᠷᠢᠯᠴᠠᠨ ᠬᠦᠷᠭᠡᠬᠦ᠎ᠶᠢ ᠪᠡᠶᠡᠯᠡᠭᠦᠯᠦᠨ᠎ᠡ᠃ ᠱᠠᠩᠬᠠᠢ ᠵᠡᠷᠭᠡ ᠬᠥᠭᠵᠢᠭᠰᠡᠨ ᠭᠠᠵᠠᠷ ᠣᠷᠣᠨ᠎ᠤ ᠰᠣᠶᠣᠯ ᠵᠢᠭᠤᠯᠴᠢᠯᠠᠯ᠎ᠤᠨ ᠠᠵᠤ ᠠᠬᠤᠢᠯᠡᠯ ᠯᠤᠭ᠎ᠠ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠲᠤᠰᠬᠠᠢ ᠮᠡᠷᠭᠡᠵᠢᠯ᠎ᠦᠨ ᠪᠦᠯᠬᠦᠮ ᠨᠡᠶ᠋ᠢᠲᠡ᠎ᠶᠢ ᠣᠷᠣᠭᠤᠯᠤᠨ ᠡᠯᠡᠰᠦᠨ ᠴᠥᠯ᠎ᠳᠦ ᠰᠤᠳᠤᠯᠤᠨ ᠰᠤᠷᠤᠯᠴᠠᠬᠤ᠂ ᠰᠣᠶᠣᠯ᠎ᠤᠨ ᠰᠢᠨ᠎ᠡ᠎ᠶᠢ ᠡᠭᠦᠳᠦᠨ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ᠎ᠢ ᠠᠵᠢᠯᠯᠠᠭᠤᠯᠵᠤ᠂ ᠠᠵᠤ ᠦᠢᠯᠡᠰ᠎ᠦᠨ ᠲᠤᠰᠬᠠᠢᠵᠢᠭ᠍ᠰᠠᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ 《ᠨᠢᠭᠡ ᠪᠦᠰᠡ ᠨᠢᠭᠡ ᠵᠠᠮ》᠎ᠤ᠋ᠨ ᠤᠮᠠᠷᠠᠰᠢ ᠨᠡᠭᠡᠭᠡᠯᠲᠡ ᠬᠢᠬᠦ ᠠᠵᠠ ᠲᠣᠬᠢᠶᠠᠯ᠎ᠢᠶᠠᠷ ᠨᠠᠢ᠍ᠮᠠᠨ᠎ᠤ᠎ᠪᠠᠷ ᠵᠢᠷᠤᠭ᠂ ᠦᠨᠳᠦᠰᠦᠲᠡᠨ᠎ᠦ ᠳᠠᠭᠤᠤ ᠪᠥᠵᠢᠭ ᠵᠡᠷᠭᠡ ᠰᠣᠶᠣᠯ᠎ᠤᠨ ᠡᠯᠧᠮᠧᠨ᠋ᠲ᠎ᠢ ᠬᠢᠯᠢ ᠠᠯᠤᠰᠯᠠᠭᠰᠠᠨ ᠵᠢᠭᠤᠯᠴᠢᠯᠠᠯ᠎ᠤᠨ ᠦᠢᠯᠡᠳᠬᠦᠨ᠎ᠳᠦ ᠠᠭᠤᠰᠤᠯᠴᠠᠭᠤᠯᠬᠤ᠎ᠶᠢ ᠠᠬᠢᠭᠤᠯᠤᠨ᠎ᠠ᠃
ᠨᠠᠷᠠᠲᠤ ᠲᠡᠮᠳᠡᠭᠳᠤ ᠵᠢᠨ《ᠵᠢᠭ᠍ᠰᠠᠭᠠᠯ》᠎ᠢ ᠪᠣᠶ ᠪᠣᠯᠭᠠᠵᠤ᠂ ᠳᠠᠮᠵᠢᠭᠤᠯᠭ᠎ᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ 《ᠭᠣᠣᠯ ᠪᠣᠯᠬᠤ IP + ᠲᠥᠷᠥᠯ ᠲᠡᠮᠳᠡᠭ》 ᠤ᠋ᠨ ᠰᠢᠰᠲᠧᠮ᠎ᠢ ᠪᠠᠢᠭᠤᠯᠵᠤ᠂ 《ᠨᠠᠢ᠍ᠮᠠᠨ ᠸᠠᠩ᠎ᠤᠨ ᠣᠷᠳᠣᠨ᠎ᠤ ᠰᠣᠶᠣᠯ᠎ᠤᠨ ᠨᠠᠢᠷ》᠂ 《ᠬᠥᠳᠡᠭᠡ ᠲᠣᠰᠬᠣᠨ᠎ᠤ ᠡᠯᠪᠡᠭ ᠬᠤᠷᠢᠶᠠᠯᠲᠠ᠎ᠶᠢᠨ ᠪᠠᠶᠠᠷ》 ᠵᠡᠷᠭᠡ ᠪᠠᠶᠠᠷ ᠳᠤᠷᠠᠰᠬᠠᠯ᠎ᠤᠨ ᠨᠠᠷᠠᠲᠤ ᠲᠡᠮᠳᠡᠭᠲᠦ᠎ᠶᠢ ᠪᠣᠢᠵᠢᠭᠤᠯᠤᠨ᠎ᠠ᠃ ᠳᠠᠮᠵᠢᠭᠤᠯᠭ᠎ᠠ᠎ᠶᠢᠨ ᠠᠷᠭ᠎ᠠ ᠬᠡᠯᠪᠡᠷᠢ᠎ᠶᠢᠨ ᠰᠢᠨ᠎ᠡ᠎ᠶᠢ ᠡᠭᠦᠳᠴᠦ᠂ 《ᠨᠠᠢ᠍ᠮᠠᠨ ᠰᠣᠶᠣᠯ ᠵᠢᠭᠤᠯᠴᠢᠯᠠᠯ》᠎ᠤ᠋ᠨ ᠰᠢᠨ᠎ᠡ ᠵᠠᠭᠤᠴᠢᠯᠠᠭᠤᠷ᠎ᠤᠨ ᠬᠦᠴᠦᠨ᠎ᠢ ᠲᠠᠰ ᠳᠡᠪᠰᠢᠭᠦᠯᠵᠦ᠂ ᠰᠢᠷᠢᠰ ᠪᠢᠴᠢᠯ ᠪᠠᠷᠢᠮᠲᠠᠲᠤ ᠹᠢᠯᠢᠮ᠂ VR ᠵᠢᠭᠤᠯᠴᠢᠯᠠᠯ᠎ᠤᠨ ᠦᠢᠯᠡᠳᠬᠦᠨ᠎ᠢ ᠦᠢᠯᠡᠳᠴᠤ᠂ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠎ᠶᠢᠨ ᠲᠣᠭᠯᠠᠯᠲᠠ᠂ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ᠎ᠶᠢᠨ ᠬᠤᠷᠠᠯ᠎ᠢ ᠵᠣᠬᠢᠶᠠᠨ ᠪᠠᠢᠭᠤᠯᠵᠤ᠂ ᠪᠡᠭᠡᠵᠢᠩ ᠲᠢᠶᠠᠨᠵᠢᠨ ᠾᠧᠪᠧᠢ᠂ ᠵᠡᠭᠦᠨ ᠬᠣᠢᠲᠤ ᠣᠷᠣᠨ ᠵᠡᠷᠭᠡ ᠵᠢᠭᠤᠯᠴᠢᠯᠠᠭᠰᠠᠳ᠎ᠤᠨ ᠢᠷᠡᠯᠲᠡ᠎ᠶᠢᠨ ᠭᠠᠵᠠᠷ᠎ᠲᠤ ᠬᠦᠷᠴᠦ᠂ ᠳᠦᠷᠦᠯ ᠲᠡᠮᠳᠡᠭ᠎ᠦᠨ ᠨᠥᠯᠥᠭᠡᠯᠡᠬᠦ ᠬᠦᠴᠦᠨ᠎ᠢ ᠥᠷᠭᠡᠳᠬᠡᠨ᠂ ᠪᠦᠲᠦᠭᠡᠭᠳᠡᠬᠦᠨ᠎ᠢ ᠡᠮᠬᠢᠯᠡᠨ ᠨᠡᠢᠯᠡᠭᠦᠯᠵᠦ᠂ 《ᠦᠵᠡᠮᠵᠢ᠎ᠶᠢᠨ ᠣᠷᠣᠨ + ᠡᠯᠧᠺᠲᠷᠣᠨ ᠬᠤᠳᠠᠯᠳᠤᠭ᠎ᠠ》᠎ᠶ᠋ᠢᠨ ᠪᠣᠷᠤᠯᠠᠭᠤᠯᠭ᠎ᠠ᠎ᠶᠢᠨ ᠲᠣᠣᠷ ᠰᠦᠯᠵᠢᠶ᠎ᠡ᠎ᠶᠢ ᠪᠠᠢᠭᠤᠯᠤᠨ᠎ᠠ᠃