ᠦᠨᠳᠦᠰᠦᠨ ᠱᠠᠳᠤᠨ᠎ᠤ ᠠᠮᠢ ᠠᠬᠤᠢ ᠵᠢᠨ ᠵᠠᠰᠠᠯᠳᠠ ᠵᠢᠨ ᠠᠮᠢᠳᠤ ᠳᠤᠷᠰᠢᠯᠭ᠎ᠠ
2025-12-12 11:21:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠩᠭᠡᠷᠡᠭᠰᠡᠨ᠎ᠳᠦ᠂ ᠭᠤᠷᠪᠠᠨᠬᠤᠸᠠ ᠰᠤᠮᠤ ᠠᠮᠢ ᠠᠬᠤᠢ᠎ᠶᠢᠨ ᠬᠦᠨᠳᠦ ᠬᠡᠴᠡᠭᠦᠦ ᠥᠷᠢᠰᠦᠯᠳᠦᠭᠡᠨ᠎ᠳᠦ ᠲᠤᠯᠭᠠᠷᠠᠵᠦ ᠪᠠᠢᠪᠠ᠃ ᠤᠷᠭᠤᠮᠠᠯ᠎ᠤᠨ ᠬᠤᠴᠢᠯᠭ᠎ᠠ ᠰᠡᠢᠷᠡᠭ᠂ ᠠᠮᠢ ᠠᠬᠤᠢ᠎ᠶᠢᠨ ᠣᠷᠴᠢᠨ ᠬᠡᠪᠡᠷᠡᠭ ᠪᠠᠢᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠲᠡᠩᠴᠡᠭᠦᠷᠢ᠂ ᠲᠤᠬᠠᠢ᠎ᠶᠢᠨ ᠭᠠᠵᠠᠷ᠎ᠤᠨ ᠮᠠᠯᠴᠢᠳ᠎ᠤᠨ ᠦᠢᠯᠡᠳᠪᠦᠷᠢᠯᠡᠯ ᠠᠮᠢᠳᠤᠷᠠᠯ᠎ᠢ ᠴᠤ᠌ ᠨᠦᠯᠦᠬᠡᠯᠡᠵᠦ ᠪᠠᠢᠭᠰᠠᠨ ᠵᠢᠡᠷ ᠠᠮᠢ ᠠᠬᠤᠢ᠎ᠶᠢᠨ ᠣᠷᠴᠢᠨ ᠲᠣᠭᠣᠷᠢᠨ᠎ᠢ ᠰᠠᠢᠵᠢᠷᠠᠭᠤᠯᠵᠤ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠬᠦ ᠨᠢ ᠡᠨᠡ ᠬᠡᠰᠡᠭ ᠭᠠᠵᠠᠷ ᠰᠢᠷᠣᠢ᠎ᠶᠢᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠣᠯᠵᠠᠢ᠃

ᠪᠤᠳᠠᠳᠠᠢ ᠠᠰᠠᠭᠤᠳᠠᠯ᠎ᠳᠤ ᠴᠢᠭᠯᠡᠭᠦᠯᠦᠨ ᠭᠤᠷᠪᠠᠨᠬᠤᠸᠠ ᠰᠤᠮᠤ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠥᠮᠥᠨ᠎ᠦ ᠬᠦᠴᠦ᠎ᠪᠡᠷ ᠡᠪᠡᠰᠦ ᠲᠠᠷᠢᠬᠤ᠎ᠶᠢ ᠵᠠᠰᠠᠯᠲᠠ᠎ᠶᠢᠨ ᠭᠣᠣᠯ ᠠᠷᠭ᠎ᠠ ᠬᠡᠮᠵᠢᠶ᠎ᠡ ᠪᠣᠯᠭᠠᠵᠤ᠂ ᠶᠦᠩ ᠰᠢᠩ ᠭᠠᠴᠠᠭ᠎ᠠ᠂ ᠰᠠᠢᠬᠠᠨᠲᠠᠯ᠎ᠠ ᠭᠠᠴᠠᠭ᠎ᠠ ᠵᠡᠷᠭᠡ ᠡᠯᠡᠰᠦᠷᠬᠡᠭᠵᠢᠯ᠎ᠤᠨ ᠪᠠᠢᠳᠡᠯ ᠲᠥᠪᠯᠡᠷᠡᠭᠰᠡᠨ ᠣᠷᠣᠨ ᠪᠦᠰᠡ᠎ᠳᠦ ᠨᠡᠶ᠋ᠢᠲᠡ ᠲᠦᠮᠡ ᠭᠠᠷᠤᠢ ᠮᠦ᠍᠎ᠶᠢᠨ ᠲᠠᠷᠢᠮᠠᠯ᠎ᠤᠨ ᠡᠭᠦᠷᠭᠡ᠎ᠶᠢ ᠪᠡᠶᠡᠯᠡᠭᠦᠯᠪᠡ᠃ ᠡᠬᠦᠨ᠎ᠳᠤ ᠰᠡᠷᠭᠦᠭᠡᠨ ᠵᠠᠰᠠᠬᠤ᠎ᠶᠢ ᠨᠢᠭᠡ ᠴᠣᠭᠴᠠᠵᠢᠭᠤᠯᠬᠤ ᠢᠨᠵᠧᠨᠧᠷᠢᠩ᠎ᠦᠨ ᠬᠥᠮᠥᠨ᠎ᠦ ᠬᠦᠴᠦ᠎ᠪᠡᠷ ᠡᠪᠡᠰᠦ ᠲᠠᠷᠢᠬᠤ ᠲᠦᠷᠦᠯ ᠵᠦᠢᠯ᠎ᠢ ᠡᠬᠢᠯᠡᠭᠦᠯᠦᠭᠰᠡᠨ᠎ᠡᠴᠡ ᠨᠠᠭᠠᠰᠢ᠂ ᠶᠡᠬᠡ ᠬᠡᠪᠴᠢᠶᠡᠨ᠎ᠦ ᠡᠯᠡᠰᠦᠷᠬᠡᠭ ᠭᠠᠵᠠᠷ ᠰᠢᠨ᠎ᠡ ᠠᠮᠢᠯᠠᠯ᠎ᠲᠠᠢ ᠪᠣᠯᠵᠦ᠂ ᠲᠥᠷᠥᠯ ᠵᠦᠢᠯ᠎ᠦᠨ ᠣᠷᠣᠨ᠎ᠤ ᠶᠡᠷᠦᠩᠬᠡᠢ ᠲᠠᠯᠠᠪᠠᠶ ᠨᠢ 5954 ᠮᠦ᠍ ᠪᠠᠢᠵᠤ᠂ ᠲᠣᠬᠠᠢ ᠵᠢᠨ ᠵᠢᠯ᠎ᠤᠳ ᠳᠦ᠍ ᠬᠥᠮᠥᠨ᠎ᠦ ᠬᠦᠴᠦ᠎ᠪᠡᠷ 3300 ᠮᠦ᠍ ᠡᠪᠡᠰᠦ ᠳᠠᠷᠢᠪᠠ᠃ ᠡᠨᠡ ᠵᠢᠯ᠂ ᠬᠥᠮᠥᠨ᠎ᠦ ᠬᠦᠴᠦ᠎ᠪᠡᠷ 5500 ᠮᠦ᠍ ᠡᠪᠡᠰᠦ ᠲᠠᠷᠢᠵᠤ᠂ 《ᠨᠢᠭᠡ ᠴᠡᠭ ᠳᠡᠭᠡᠷ᠎ᠡ ᠰᠢᠪᠲᠤᠯᠤᠯᠲᠠ ᠭᠠᠷᠭᠠᠵᠤ᠂ ᠨᠡᠢᠳᠡᠮ᠎ᠢ ᠪᠦᠷᠬᠦᠭᠦᠯᠬᠦ》 ᠵᠠᠰᠠᠯᠲᠠ᠎ᠶᠢᠨ ᠪᠠᠢᠷᠢᠰᠢᠯ ᠶᠠᠭ ᠡᠨᠡ ᠬᠦ᠌ ᠨᠤᠲᠤᠭ ᠳᠡᠪᠢᠰᠬᠡᠷ ᠳᠡᠭᠡᠷ᠎ᠡ ᠲᠣᠭᠲᠠᠭᠤᠨ᠎ᠢᠶᠠᠷ ᠪᠦᠷᠢᠯᠳᠦᠵᠦ ᠪᠤᠢ᠃

ᠵᠠᠰᠠᠯᠳᠠ ᠵᠢᠨ ᠶᠠᠪᠤᠴᠠ᠎ᠳᠤ᠂ ᠭᠤᠷᠪᠠᠨᠬᠤᠸᠠ ᠰᠤᠮᠤ ᠭᠠᠴᠠᠭᠠᠨ᠎ᠤ ᠪᠠᠭ᠎ᠠ ᠳᠤᠭᠤᠢᠯᠠᠩ᠎ᠤᠨ ᠲᠥᠯᠦᠪᠵᠢᠭᠦᠯᠭᠡ᠎ᠡᠴᠡ ᠰᠤᠮᠤ ᠬᠦᠷᠲᠡᠯ᠎ᠡ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠪᠡᠰᠦᠨ᠎ᠦ ᠡᠭᠦᠯᠳᠡᠷ᠎ᠢ ᠰᠣᠩᠭᠣᠨ ᠪᠣᠢᠵᠢᠭᠤᠯᠬᠤ᠎ᠠᠴᠠ ᠰᠡᠭᠦᠯᠴᠢ᠎ᠶᠢᠨ ᠬᠤᠭᠤᠴᠠᠭᠠᠨ᠎ᠤ ᠬᠠᠮᠢᠶᠠᠷᠴᠤ ᠬᠠᠮᠠᠭᠠᠯᠠᠬᠤ ᠬᠦᠷᠲᠡᠯᠡᠬᠢ 《ᠲᠥᠯᠦᠪᠵᠢᠭᠦᠯᠬᠦ ᠳᠠᠷᠢᠬᠤ ᠠᠷᠠᠴᠢᠯᠠᠨ ᠬᠠᠮᠠᠭᠠᠯᠠᠬᠤ ᠠᠰᠢᠭ᠍ᠯᠠᠬᠤ》 ᠪᠥᠬᠥ ᠬᠡᠯᠬᠢᠶᠡᠨ᠎ᠦ ᠵᠠᠰᠠᠯᠲᠠ᠎ᠶᠢᠨ ᠵᠠᠭᠪᠤᠷ᠎ᠢ ᠪᠠᠢᠭᠤᠯᠪᠠ᠃ ᠡᠪᠡᠰᠦᠨ᠎ᠦ ᠦᠷ᠎ᠡ᠎ᠶᠢ ᠰᠣᠩᠭᠣᠬᠤ ᠲᠠᠯ᠎ᠠ᠎ᠪᠠᠷ 《ᠠᠮᠢ ᠠᠬᠤᠢ᠎ᠶᠢ ᠲᠡᠷᠢᠭᠦᠨ᠎ᠳᠦ ᠲᠠᠯᠪᠢᠵᠤ᠂ ᠦᠷ᠎ᠡ ᠠᠰᠢᠭ᠋᠎ᠢ ᠬᠠᠮᠲᠤ ᠳ᠋ᠤᠨᠢ ᠬᠠᠷᠠᠭᠠᠯᠵᠠᠬᠤ》 ᠵᠠᠷᠴᠢᠮ᠎ᠢ ᠪᠠᠷᠢᠮᠲᠠᠯᠠᠨ᠂ 《ᠡᠯᠡᠰᠦ᠎ᠶᠢ ᠲᠣᠭᠲᠠᠪᠤᠷᠢᠵᠢᠭᠤᠯᠤᠨ ᠣᠷᠣᠯᠭ᠎ᠠ᠎ᠶᠢ ᠨᠢ ᠨᠡᠮᠡᠭᠳᠡᠭᠦᠯᠬᠦ》 ᠳᠠᠪᠬᠤᠷ ᠰᠢᠨᠵᠢ ᠪᠦᠬᠦᠢ ᠡᠪᠡᠰᠦᠨ᠎ᠦ ᠲᠥᠷᠥᠯ ᠪᠤᠯᠬᠤ ᠪᠤᠷᠦ ᠴᠠᠷᠭᠠᠰᠤ ᠪᠣᠯᠣᠨ ᠬᠠᠷ᠎ᠠ ᠪᠤᠭᠤᠳᠠᠢ᠎ᠶᠢ ᠬᠣᠯᠢᠯᠳᠤᠭᠤᠯᠤᠨ ᠳᠠᠷᠢᠪᠡ᠃ ᠡᠯᠡᠰᠦᠷᠬᠡᠭᠵᠢᠭᠰᠡᠨ ᠬᠥᠷᠥᠰᠥ ᠰᠢᠷᠣᠢ᠎ᠶᠢ ᠰᠠᠢᠵᠢᠷᠠᠭᠤᠯᠤᠨ᠂ ᠡᠪᠡᠰᠦᠨ᠎ᠦ ᠭᠠᠷᠤᠯᠲᠠ᠎ᠶᠢ ᠳᠡᠭᠡᠭᠰᠢᠯᠡᠭᠦᠯᠵᠦ᠂ ᠡᠯᠡᠰᠦᠷᠬᠡᠭᠵᠢᠯ᠎ᠢᠶᠡᠷ ᠨᠡᠯᠢᠶᠡᠳ ᠬᠦᠨᠳᠦ ᠭᠠᠵᠠᠷ᠎ᠲᠤ ᠭᠠᠩ᠎ᠢ ᠳᠠᠭᠠᠭᠠᠵᠤ ᠡᠯᠡᠰᠦ᠎ᠶᠢ ᠲᠣᠭᠲᠠᠪᠤᠷᠢᠵᠢᠭᠤᠯᠬᠤ ᠪᠤᠳᠠ ᠬᠠᠷᠭᠠᠨ᠎ᠠ᠎ᠶᠢ ᠡᠩ ᠲᠡᠷᠢᠭᠦᠨ᠎ᠳᠦ ᠳᠠᠷᠢᠵᠤ᠂ ᠰᠠᠯᠬᠢ᠎ᠶᠢ ᠰᠡᠷᠭᠡᠢᠯᠡᠵᠦ ᠡᠯᠡᠰᠦ᠎ᠶᠢ ᠲᠣᠭᠲᠠᠪᠤᠷᠢᠵᠢᠭᠤᠯᠬᠤ ᠨᠢᠭᠡᠳᠦᠭᠡᠷ ᠰᠡᠷᠭᠡᠢᠯᠡᠯᠲᠡ᠎ᠶᠢᠨ ᠱᠤᠭᠤᠮ᠎ᠢ ᠪᠠᠢᠭᠤᠯᠵᠡᠢ᠃ ᠵᠠᠰᠠᠯᠲᠠ᠎ᠶᠢᠨ ᠦᠷ᠎ᠡ ᠪᠦᠲᠦᠮᠵᠢ᠎ᠶᠢ ᠪᠠᠲᠤᠯᠠᠬᠤ᠎ᠶᠢᠨ ᠲᠥᠯᠥᠭᠡ᠂ ᠲᠥᠷᠥᠯ ᠵᠦᠢᠯ᠎ᠦᠨ ᠲᠣᠭᠣᠷᠢᠭ᠋᠎ᠲᠤ ᠰᠢᠰᠲᠧᠮ᠎ᠲᠠᠢ ᠵᠠᠰᠠᠬᠤ ᠠᠷᠭ᠎ᠠ ᠬᠡᠮᠵᠢᠶ᠎ᠡ ᠠᠪᠴᠦ᠂ ᠤᠰᠤᠯᠠᠯᠲᠠ᠎ᠳᠤ ᠬᠡᠷᠡᠭᠯᠡᠬᠦ ᠬᠤᠳᠳᠤᠭ ᠮᠠᠯᠳᠠᠨ ᠳᠤᠬᠢᠷᠠᠭᠤᠯᠵᠦ᠂ ᠵᠢᠵᠢᠭ ᠬᠡᠯᠪᠡᠷᠢ᠎ᠶᠢᠨ ᠰᠦᠷᠴᠢᠨ ᠤᠰᠤᠯᠠᠬᠤ ᠵᠢᠴᠢ ᠲᠣᠮᠣ᠌ ᠬᠡᠯᠪᠡᠷᠢ᠎ᠶᠢᠨ ᠬᠦᠷᠳᠦᠲᠦ ᠰᠦᠷᠴᠢᠨ ᠤᠰᠤᠯᠠᠬᠤ ᠮᠠᠰᠢᠨ᠎ᠢᠶᠠᠷ ᠬᠠᠳᠤᠯᠠᠩ ᠪᠡᠯᠴᠢᠭᠡᠷ᠎ᠦᠨ ᠤᠰᠤ ᠬᠡᠷᠡᠭᠯᠡᠬᠦ ᠬᠡᠮᠵᠢᠶ᠎ᠠ᠎ᠶᠢ ᠪᠠᠲᠤᠯᠠᠵᠤ᠂ ᠣᠳᠣᠬᠠᠨ᠎ᠳᠤ ᠬᠦᠷᠳᠦᠲᠦ ᠰᠦᠷᠴᠢᠨ ᠤᠰᠤᠯᠠᠬᠤ ᠮᠠᠰᠢᠨ᠎ᠤ ᠪᠦᠷᠬᠦᠴᠡ᠎ᠶᠢᠨ ᠲᠠᠯᠠᠪᠠᠶ ᠨᠢ ᠨᠢᠭᠡᠨᠲᠡ 240 ᠮᠦ᠍᠎ᠳᠦ ᠬᠦᠷᠴᠡᠢ᠃ ᠡᠭᠦᠨ᠎ᠦ ᠬᠠᠮᠲᠤ ᠠᠯᠤᠰ᠎ᠠᠴᠠ ᠬᠢᠨᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ᠎ᠪᠡᠷ ᠠᠲᠠᠷ ᠬᠠᠭᠠᠯᠪᠤᠷᠢᠯᠠᠬᠤ᠎ᠶᠢ ᠴᠠᠭᠠᠵᠠᠯᠠᠬᠤ ᠪᠠ ᠪᠡᠯᠴᠢᠭᠡᠷᠯᠡᠭᠦᠯᠬᠦ᠎ᠶᠢ ᠴᠠᠭᠠᠵᠠᠯᠠᠬᠤ᠎ᠶᠢ ᠴᠢᠩᠭᠠᠳᠬᠠᠵᠤ᠂ ᠡᠪᠡᠰᠦ᠎ᠶᠢ ᠴᠠᠭ ᠲᠤᠬᠠᠢ ᠳ᠋ᠤᠨᠢ ᠬᠣᠷᠢᠶᠠᠨ ᠬᠠᠳᠠᠭᠠᠯᠠᠬᠤ᠎ᠶᠢ ᠪᠠᠲᠤᠯᠠᠵᠦ ᠴᠢᠳᠠᠯ᠎ᠠ᠃ 

 (ᠨᠢ᠋ᠮᠠᠨ ᠬᠤᠰᠢᠭᠤᠨ᠎ᠤ ᠬᠠᠮ ᠵᠠᠭᠤᠴᠢᠯᠠᠭᠤᠷ᠎ᠤᠨ ᠬᠢᠨ ᠮᠡᠳᠡᠬᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号