ᠬᠦᠮᠦᠨ ᠠᠮᠠ ᠵᠢᠨ ᠬᠡᠪ ᠪᠤᠯᠪᠠᠰᠤᠷᠠᠯ᠎ᠢ ᠳᠡᠬᠡᠭᠰᠢᠯᠡᠬᠦᠯᠵᠦ ᠬᠦᠮᠦᠨ᠎ᠤ ᠪᠦᠬᠦ ᠳᠠᠯ᠎ᠠ ᠵᠢᠨ ᠬᠦᠭᠵᠢᠯᠳᠡ ᠵᠢ ᠠᠬᠢᠭᠤᠯᠪᠠ
2025-12-12 09:54:30
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

12 ᠰᠠᠷ᠎ᠠ ᠶ᠋ᠢᠨ 11 ᠤ᠋ ᠡᠳᠦᠷ᠂ ᠦᠪᠦᠷ ᠮᠤᠩᠭᠤᠯ ᠤ᠋ᠨ ᠦᠪᠡᠷᠲᠡᠭᠡᠨ ᠵᠠᠰᠬᠠᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠲᠡᠭᠡᠨ ᠤ᠋ ᠠᠯᠪᠠᠨ ᠬᠡᠷ 《〈ᠠᠷᠪᠠᠨ ᠲᠦᠷᠪᠡᠲᠦᠭᠡᠷ ᠲᠠᠪᠤᠨ ᠵᠢᠯ〉 ᠤ᠋ᠨ ᠲᠦᠯᠦᠪᠵᠢᠭᠦᠯᠭᠡ ᠵᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ》 ᠰᠢᠷᠢᠰ ᠭᠤᠤᠯ ᠰᠡᠲᠦᠪᠲᠦ ᠰᠤᠨᠢᠨ ᠮᠡᠲᠡᠭᠡ ᠨᠡᠢᠲᠡᠯᠡᠬᠦ ᠬᠤᠷᠠᠯ ᠤ᠋ᠨ 《ᠬᠦᠮᠦᠨ ᠠᠮᠠ ᠵᠢᠨ ᠬᠡᠪ ᠪᠤᠯᠪᠠᠰᠤᠷᠠᠯ᠎ᠢ ᠳᠡᠬᠡᠭᠰᠢᠯᠡᠬᠦᠯᠵᠦ ᠬᠦᠮᠦᠨ᠎ᠤ ᠪᠦᠬᠦ ᠳᠠᠯ᠎ᠠ ᠵᠢᠨ ᠬᠦᠭᠵᠢᠯᠳᠡ ᠵᠢ ᠠᠬᠢᠭᠤᠯᠬᠤ》 ᠲᠤᠰᠬᠠᠢ ᠲᠠᠯᠠᠪᠠᠢ ᠰᠤᠨᠢᠨ ᠮᠡᠲᠡᠭᠡ ᠨᠡᠢᠲᠡᠯᠡᠬᠦ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ ᠤ᠋ ᠡᠷᠡᠬᠦᠯ ᠬᠠᠮᠠᠭᠠᠯᠠᠯ᠎ᠡᠷᠡᠬᠦᠯ ᠮᠡᠨᠳᠤ ᠵᠢᠨ ᠵᠦᠪᠯᠡᠯ᠂ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠦᠮᠦᠵᠢᠯ᠎ᠤᠨ ᠲᠢᠩᠬᠢᠮ᠂ ᠦᠪᠡᠷᠲᠡᠭᠡᠨ ᠵᠠᠰᠠᠬᠤ ᠤᠷᠤᠨ ᠤ᠋ ᠡᠪᠯᠡᠯ᠎ᠤᠨ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ᠋ ᠡᠮᠡᠭᠳᠡᠢᠴᠤᠳ᠎ᠤᠨ ᠬᠤᠯᠪᠤᠭ᠎ᠠ᠂ ᠦᠪᠡᠷᠳᠡᠬᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠢ᠋ ᠤᠷᠢᠵᠤ᠂ 《ᠠᠷᠪᠠᠨ ᠲᠦᠷᠪᠡᠲᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠡᠬᠢ ᠦᠪᠦᠷ ᠮᠤᠡᠭᠭᠤᠯ ᠤ᠋ᠨ ᠬᠦᠮᠦᠨ ᠠᠮᠠ ᠵᠢᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠤᠭᠰᠠᠨ ᠲᠤᠬᠠᠢ ᠬᠠᠮᠢᠶ᠎ᠠ ᠪᠦᠬᠦᠢ ᠠᠵᠢᠯ ᠤ᠋ᠨ ᠠᠬᠢᠴᠠ ᠪᠠ ᠠᠮᠵᠢᠯᠲᠠ ᠪᠦᠲᠦᠮᠵᠢ ᠢ᠋ᠢ ᠲᠠᠨᠢᠯᠴᠠᠭᠤᠯᠪᠠ᠃

ᠦᠷᠡᠵᠢᠯ᠎ᠦᠨ ᠳᠡᠮᠵᠢᠯᠭᠡ᠎ᠶᠢᠨ ᠰᠢᠰᠲᠧᠮ᠎ᠢ ᠲᠡᠭᠦᠯᠳᠡᠷᠵᠢᠭᠦᠯᠵᠦ ᠵᠡᠷᠡᠮᠳᠡᠭ ᠲᠦᠷᠦᠭᠦ ᠰᠡᠷᠭᠡᠢᠯᠡᠯᠲᠡ᠎ᠵᠢ ᠪᠠᠲᠤᠳᠬᠠᠪᠠ

《〈 ᠠᠷᠪᠠᠨ ᠲᠦᠷᠪᠡᠳᠦᠬᠡᠷ ᠳᠠᠪᠤᠨ ᠵᠢᠯ 〉 ᠡᠴᠡ ᠨᠠᠭᠠᠰᠢ᠂ ᠦᠷᠡᠵᠢᠯ᠎ᠦᠨ ᠳᠡᠮᠵᠢᠯᠭᠡ ᠵᠢᠨ ᠰᠢᠰᠲᠧᠮ᠎ᠢ ᠳᠡᠬᠦᠯᠳᠡᠷᠵᠢᠬᠦᠯᠵᠦ᠂ ᠥᠪᠡᠷᠲᠡᠭᠡᠨ ᠵᠠᠰᠠᠬᠤ ᠣᠷᠣᠨ ᠠ᠋ᠴᠠ ᠣᠯᠠᠨ ᠵᠦᠢᠯ᠎ᠦᠨ ᠬᠡᠷᠡᠭᠵᠢᠭᠦᠯᠬᠦ ᠲᠥᠰᠥᠯ ᠨᠡᠢᠲᠡᠯᠡᠵᠦ᠂ ᠡᠯ᠎ᠡ ᠠᠢᠮᠠᠭ ᠬᠣᠲᠠ ᠵᠢᠨ ᠬᠢᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠪᠠ᠃ ᠬᠡᠦᠬᠡᠳ ᠪᠤᠢᠵᠢᠭᠤᠯᠬᠤ ᠨᠦᠬᠦᠪᠦᠷᠢ ᠵᠢᠨ ᠲᠦᠷᠢᠮ᠎ᠢ ᠬᠡᠷᠡᠭᠵᠢᠬᠦᠯᠵᠦ᠂ 45.3 ᠲᠦᠮᠡᠨ ᠭᠤᠶᠤᠴᠢᠯᠠᠭᠰᠠᠳ ᠲᠤ᠌ ᠨᠦᠬᠦᠪᠦᠷᠢ ᠤᠯᠭᠤᠪᠠ᠃ ᠬᠦᠩᠬᠡᠵᠢᠯᠳᠡ᠂ ᠪᠠᠷ᠎ᠠ ᠪᠤᠯᠵᠤ ᠰᠤᠪᠢᠯᠠᠬᠤ᠂ ᠬᠡᠦᠬᠡᠳ ᠠᠰᠠᠷᠠᠬᠤ ᠠᠮᠠᠷᠠᠯᠳᠠ᠎ᠶᠢᠨ ᠳᠦᠷᠢᠮ᠎ᠢ ᠨᠠᠢᠳᠠᠪᠤᠷᠢᠵᠢᠭᠤᠯᠪᠠ᠃ 8 ᠲᠦᠷᠦᠯ ᠵᠦᠢᠯ᠎ᠢ ᠡᠮ ᠡᠮᠨᠡᠯᠬᠡ ᠵᠢᠨ ᠳᠠᠭᠠᠳᠬᠠᠯ ᠳ᠋ᠤ ᠤᠷᠤᠭᠤᠯᠵᠤ᠂ ᠬᠡᠦᠬᠡᠳ ᠲᠦᠷᠦᠵᠦ ᠦᠰᠬᠡᠬᠦ ᠦᠪᠡᠷ᠎ᠤᠨ ᠦᠷᠳᠡᠭ᠎ᠢ ᠪᠠᠭᠤᠷᠠᠭᠤᠯᠪᠠ》 ᠬᠡᠵᠦ ᠦᠪᠡᠷᠳᠡᠬᠡᠨ ᠵᠠᠰᠠᠬᠤ ᠤᠷᠤᠨ᠎ᠤ ᠡᠷᠡᠬᠦᠯ ᠬᠠᠮᠠᠭᠠᠯᠠᠯ ᠡᠷᠡᠬᠦᠯ ᠮᠡᠨᠳᠤ ᠵᠢᠨ ᠵᠦᠪᠯᠡᠯ᠎ᠤᠨ ᠬᠤᠶᠠᠳᠤᠭᠠᠷ ᠳᠡᠰ᠎ᠤᠨ ᠳᠤᠭᠤᠷᠢᠨ ᠪᠠᠢᠴᠠᠭᠠᠭᠴᠢ ᠹᠧᠩ ᠯᠧᠢ ᠳᠠᠨᠢᠯᠴᠠᠭᠤᠯᠪᠠ᠃ ᠮᠠᠨ ᠤ᠋ ᠤᠷᠤᠨ ᠲᠦᠬᠡᠮᠡᠯ ᠬᠠᠷᠠᠭᠠᠯᠵᠠᠯᠳᠤ ᠬᠡᠦᠬᠡᠳ ᠰᠠᠭᠠᠲᠠᠭᠤᠯᠬᠤ ᠦᠢᠯᠡᠴᠢᠯᠡᠭᠡ᠎ᠶᠢ ᠦᠷᠭᠦᠯᠵᠢᠯᠡᠨ ᠥᠷᠭᠡᠳᠬᠡᠵᠦ᠂ ᠰᠣᠷᠣᠭ᠍ᠴᠢ᠎ᠪᠦᠷᠢ ᠳ᠋ᠤ ᠳᠤᠮᠳᠠᠴᠢ ᠲᠣᠭᠲᠠᠭᠰᠠᠨ ᠨᠥᠬᠥᠪᠦᠷᠢ᠎ᠶᠢ ᠬᠡᠷᠡᠭᠵᠢᠭᠦᠯᠦᠨ 7.4 ᠲᠦᠮᠡᠨ ᠬᠥᠮᠥᠨ ᠤᠳᠠᠭ᠎ᠠ᠎ᠳᠤ ᠠᠰᠢᠭ᠋ ᠬᠦᠷᠲᠡᠭᠡᠵᠦ᠂ ᠡᠯ᠎ᠡ ᠲᠥᠷᠥᠯ᠎ᠦᠨ ᠬᠡᠦᠬᠡᠳ ᠰᠠᠭᠠᠲᠠᠭᠤᠯᠬᠤ ᠪᠠᠢᠭᠤᠯᠤᠮᠵᠢ᠎ᠶᠢ 2100 ᠭᠠᠷᠤᠢ ᠪᠠᠢᠭᠤᠯᠪᠠ᠃ ᠦᠷᠡᠵᠢᠯ᠎ᠤᠨ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢ ᠦᠨᠳᠦᠰᠦᠨ ᠤᠯᠠᠨ ᠨᠡᠢᠳᠡ ᠵᠢᠨ ᠡᠷᠡᠬᠦᠯ ᠬᠠᠮᠠᠭᠠᠯᠠᠯ᠎ᠤᠨ ᠦᠢᠯᠡᠴᠢᠯᠡᠬᠡ ᠵᠢᠨ ᠬᠦᠷᠢᠶᠡᠨ ᠳ᠋ᠤ ᠤᠷᠤᠭᠤᠯᠵᠦ᠂ ᠵᠠᠯᠠᠭᠤᠴᠤᠳ ᠪᠠᠭᠠᠴᠤᠳ᠎ᠤᠨ ᠦᠷᠡᠵᠢᠯ᠎ᠡᠷᠡᠬᠦᠯ ᠮᠡᠨᠳᠤ ᠵᠢᠨ ᠬᠦᠮᠦᠵᠢᠯ᠎ᠢ ᠴᠢᠩᠭᠠᠳᠬᠠᠵᠤ᠂ 《ᠤᠷᠢ ᠵᠠᠯᠠᠭᠤ ᠨᠠᠰᠤ ᠡᠷᠡᠬᠦᠯ ᠰᠠᠷᠠᠭᠤᠯ ᠢᠷᠡᠬᠡᠳᠦᠢ》 ᠵᠢᠨ ᠲᠦᠷᠦᠯ ᠵᠦᠢᠯ᠎ᠢ ᠡᠬᠢᠯᠡᠬᠦᠯᠪᠡ; 《ᠨᠠᠷᠠᠨ ᠬᠤᠸᠠᠷ ᠡᠴᠢᠬᠡ ᠡᠬᠡ ᠦᠷ᠎ᠡ ᠬᠡᠦᠬᠡᠳ᠎ᠤᠨ ᠦᠷᠦᠬᠡ》 ᠵᠢᠨ ᠲᠦᠷᠦᠯ ᠵᠦᠢᠯ ᠡᠴᠡ 4.5 ᠲᠦᠮᠡᠨ ᠬᠡᠷ ᠪᠦᠯᠢ ᠳ᠋ᠤ ᠳᠤᠰᠬᠠᠢ ᠮᠠᠷᠬᠡᠵᠢᠯ᠎ᠤᠨ ᠵᠢᠯᠤᠭᠤᠳᠤᠯᠭ᠎ᠠ ᠬᠢᠵᠦ᠂ ᠦᠷᠡᠵᠢᠯ᠎ᠤᠨ ᠨᠦᠬᠦᠷᠰᠡᠭ ᠨᠡᠢᠬᠡᠮ᠎ᠤᠨ ᠤᠷᠴᠢᠨ ᠠᠬᠤᠢ ᠵᠢ ᠪᠤᠢ ᠪᠤᠯᠭᠠᠪᠠ᠃

ᠮᠠᠨ ᠤ᠋ ᠤᠷᠤᠨ ᠪᠠᠰᠠ ᠪᠦᠬᠦ ᠤᠯᠤᠰ ᠲᠤ᠌ ᠲᠦᠷᠦᠭᠦᠯᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠷᠡᠮᠳᠡᠭ ᠲᠦᠷᠦᠭᠦ᠎ᠶᠢ ᠰᠡᠷᠭᠡᠢᠯᠡᠨ ᠵᠠᠰᠠᠬᠤ ᠳᠦᠷᠢᠮ》 ᠢ᠋ ᠨᠠᠢᠳᠠᠪᠤᠷᠢᠵᠢᠭᠤᠯᠵᠤ᠂ 12 ᠠᠢᠮᠠᠭ ᠬᠣᠲᠠ ᠰᠦᠢᠳᠬᠡᠯ ᠬᠤᠷᠢᠶᠠᠬᠤ ᠦᠭᠡᠢ᠎ᠪᠡᠷ ᠤᠷᠤᠭᠯᠠᠬᠤ᠎ᠠᠴᠠ ᠡᠮᠦᠨᠡᠬᠢ ᠠᠨᠠᠭᠠᠬᠤ ᠤᠬᠠᠭᠠᠨ᠎ᠤ ᠪᠠᠢᠴᠠᠭᠠᠯᠲᠠ᠎ᠬᠢᠬᠦ ᠵᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ᠂ 56% ᠬᠣᠰᠢᠭᠤ ᠰᠢᠶᠠᠨ᠎ᠳᠤ ᠣᠷᠣᠭ᠎ᠤᠨ ᠳᠠᠩᠰᠠᠯᠠᠯᠳᠠ ᠪᠠ ᠤᠷᠤᠭᠯᠠᠬᠤ ᠪᠠᠢᠴᠠᠭᠠᠯᠲᠠ᠎ᠶᠢᠨ ᠲᠠᠯᠠᠪᠤᠷ᠎ᠢ ᠤᠢᠷ᠎ᠠ ᠬᠠᠪᠢ ᠎ᠳᠤᠨᠢ ᠪᠠᠢᠷᠢᠯᠠᠭᠤᠯᠬᠤ᠎ᠶᠢ ᠪᠡᠶᠡᠯᠡᠭᠦᠯᠪᠡ᠃ ᠪᠥᠬᠥ ᠣᠷᠣᠨ᠎ᠤ ᠤᠷᠤᠭᠯᠠᠬᠤ ᠠ᠋ᠴᠠ ᠡᠮᠦᠨᠡᠬᠢ ᠠᠨᠠᠭᠠᠬᠤ ᠤᠬᠠᠭᠠᠨ᠎ᠤ ᠪᠠᠢᠴᠠᠭᠠᠯᠲᠠ᠎ᠶᠢᠨ ᠨᠣᠷᠮ᠎ᠠ 84.4%᠎ᠳᠤ ᠬᠦᠷᠴᠦ᠂ ᠵᠢᠷᠮᠦᠰᠦᠯᠡᠬᠦ᠎ᠡᠴᠡ ᠡᠮᠦᠨᠡᠬᠢ ᠪᠠᠢᠴᠠᠭᠠᠯᠲᠠ᠂ ᠬᠥᠩᠭᠡᠵᠢᠬᠦ᠎ᠡᠴᠡ ᠡᠮᠦᠨᠡᠬᠢ ᠰᠢᠭ᠌ᠰᠢᠨ ᠪᠠᠢᠴᠠᠭᠠᠯᠲᠠ᠂ ᠨᠢᠷᠠᠢ ᠬᠡᠦᠬᠡᠳ᠎ᠦᠨ ᠡᠪᠡᠳᠴᠢᠨ ᠡᠮᠭᠡᠭ᠎ᠦᠨ ᠰᠢᠭ᠌ᠰᠢᠨ ᠪᠠᠢᠴᠠᠭᠠᠯᠲᠠ᠎ᠶᠢᠨ ᠨᠣᠷᠮ᠎ᠠ ᠴᠥᠮ 90%᠎ᠶᠢ ᠳᠠᠪᠠᠪᠠ᠃

ᠰᠠᠭᠤᠷᠢ ᠰᠤᠷᠭᠠᠨ ᠬᠦᠮᠦᠵᠢᠯ᠎ᠤᠨ ᠦᠬᠡᠷᠡᠴᠢᠯᠡᠯᠳᠡ ᠪᠡᠷ ᠬᠦᠮᠦᠨ ᠠᠮᠠ ᠵᠢᠨ ᠴᠢᠨᠠᠷ ᠰᠠᠢᠳᠠᠢ ᠬᠦᠭᠵᠢᠯᠳᠡ ᠳ᠋ᠤ ᠦᠢᠯᠡᠴᠢᠯᠡᠪᠡ

《ᠠᠷᠪᠠᠨ ᠳᠥᠷᠪᠡᠳᠦᠭᠡᠷ ᠲᠠᠪᠤᠨ ᠵᠢᠯ》᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠰᠠᠭᠤᠷᠢ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠶᠢ ᠬᠥᠮᠥᠨ ᠠᠮᠠ᠎ᠶᠢᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ ᠪᠠᠢᠯᠳᠤᠬᠤ ᠪᠣᠳᠣᠯᠭ᠎ᠠ᠎ᠶᠢᠨ ᠰᠠᠭᠤᠷᠢ ᠢᠨᠵᠧᠨᠧᠷᠢᠩ ᠪᠣᠯᠭᠠᠵᠤ᠂ 《ᠲᠠᠪᠤᠨ ᠬᠥᠮᠦᠵᠢᠯ᠎ᠢ ᠵᠡᠷᠭᠡ᠎ᠪᠡᠷ ᠠᠳᠬᠤᠬᠤ》 ᠵᠢ ᠠᠬᠢᠭᠤᠯᠵᠤ ᠢᠯᠡᠳᠲᠡ ᠦᠷ᠎ᠡ ᠪᠦᠲᠦᠮᠵᠢ ᠣᠯᠪᠠ᠃

ᠳᠦᠷᠢᠮ᠎ᠦᠨ ᠪᠠᠲᠤᠯᠠᠭ᠎ᠠ᠎ᠪᠠᠷ 《ᠬᠥᠳᠡᠯᠭᠡᠭᠦᠷ》 ᠪᠣᠯᠭᠠᠵᠤ᠂ ᠬᠥᠮᠥᠨ᠎ᠢ ᠬᠥᠮᠥᠵᠢᠭᠦᠯᠬᠦ ᠦᠨᠡᠯᠡᠯᠲᠡ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠤᠷᠢᠳ ᠬᠣᠵᠢᠳ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ᠂ ᠪᠡᠶ᠎ᠡ᠎ᠶᠢᠨ ᠲᠠᠮᠢᠷ᠂ ᠭᠤᠸ᠎ᠠ ᠰᠠᠢᠬᠠᠨ᠂ ᠬᠥᠳᠡᠯᠮᠦᠷᠢ᠎ᠶᠢᠨ ᠬᠥᠮᠦᠵᠢᠯ᠂ ᠰᠢᠨᠵᠢᠯᠡᠬᠦ ᠤᠬᠠᠭᠠᠨ᠎ᠤ ᠬᠥᠮᠦᠵᠢᠯ ᠵᠡᠷᠭᠡ ᠰᠢᠷᠢᠰ ᠵᠠᠩᠭᠢᠯᠠᠭ᠎ᠠ᠎ᠶᠢᠨ ᠪᠢᠴᠢᠭ ᠮᠠᠲᠧᠷᠢᠶᠠᠯ᠎ᠢ ᠨᠡᠢᠲᠡᠯᠡᠵᠦ᠂ ᠪᠠᠲᠤ ᠪᠡᠬᠢ ᠳᠦᠷᠢᠮ᠎ᠦᠨ ᠲᠤᠯᠭᠠᠭᠤᠷᠢᠯᠠᠯ᠎ᠬᠠᠩᠭᠠᠪᠠ᠃ ᠦᠨᠡᠯᠡᠯᠲᠡ᠎ᠶᠢᠨ ᠥᠭᠡᠷᠡᠴᠢᠯᠡᠯᠲᠡ᠎ᠪᠡᠷ ᠬᠥᠲᠥᠯᠥᠮᠵᠢ ᠪᠣᠯᠭᠠᠵᠤ᠂ ᠪᠡᠶ᠎ᠡ᠎ᠶᠢᠨ ᠲᠠᠮᠢᠷ᠎ᠢ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠯᠭ᠎ᠠ᠎ᠶᠢᠨ ᠬᠢᠷᠢ ᠲᠦᠪᠰᠢᠨ᠎ᠦ ᠰᠢᠯᠭᠠᠯᠲᠠ᠎ᠶᠢᠨ ᠬᠤᠪᠢ ᠪᠤᠳᠤᠬᠤ ᠬᠢᠴᠢᠶᠡᠯ ᠲᠥᠷᠥᠯ᠎ᠳᠦ ᠣᠷᠣᠭᠤᠯᠵᠤ᠂ ᠶᠡᠷᠦᠩᠬᠡᠢᠯᠡᠭᠰᠡᠨ ᠬᠡᠪ ᠪᠤᠯᠪᠠᠰᠤᠷᠠᠯ᠎ᠤᠨ ᠦᠨᠡᠯᠡᠯᠲᠡ᠎ᠶᠢ ᠪᠥᠬᠥ ᠲᠠᠯ᠎ᠠ᠎ᠪᠠᠷ ᠬᠡᠷᠡᠭᠵᠢᠭᠦᠯᠦᠨ᠂ 《ᠳᠦᠷᠢᠮ᠎ᠦᠨ ᠪᠠᠲᠤᠯᠠᠭ᠎ᠠ + ᠦᠨᠡᠯᠡᠯᠲᠡ᠎ᠶᠢᠨ ᠬᠥᠲᠥᠯᠥᠮᠵᠢ》 ᠵᠢᠨ ᠬᠠᠮ ᠠᠷᠭ᠎ᠠ ᠪᠠᠷᠢᠯ᠎ᠢᠶᠠᠷ ᠰᠢᠨᠵᠢᠯᠡᠬᠦ ᠤᠬᠠᠭᠠᠨᠴᠢ᠎ᠪᠠᠷ ᠬᠥᠮᠥᠨ ᠢ᠋ ᠬᠦᠮᠦᠵᠢᠬᠦᠯᠪᠡ᠃

ᠰᠤᠷᠭᠠᠭᠤᠯᠢ᠎ᠶᠢᠨ ᠰᠤᠷᠭᠠᠨ ᠬᠥᠮᠦᠵᠢᠯ᠎ᠢᠶᠡᠷ 《ᠭᠣᠣᠯ ᠵᠢᠭ᠍ᠰᠠᠭᠠᠯ᠎ᠤᠨ ᠭᠠᠵᠠᠷ》 ᠪᠣᠯᠭᠠᠵᠤ᠂ ᠶᠡᠷᠦᠩᠬᠡᠢᠯᠡᠭᠰᠡᠨ ᠬᠡᠪ ᠪᠣᠯᠪᠠᠰᠤᠷᠠᠯ᠎ᠤᠨ ᠬᠥᠮᠦᠵᠢᠯ᠎ᠢ ᠪᠣᠳᠠᠲᠠᠢ ᠠᠳᠬᠤᠪᠠ᠃ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢ ᠨᠢᠭᠡ ᠴᠣᠭᠴᠠᠵᠢᠭᠤᠯᠬᠤ ᠪᠠᠢᠷᠢᠰᠢᠯ᠎ᠢ ᠪᠣᠶ ᠪᠤᠯᠭᠠᠵᠤ᠂ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠢ ᠴᠢᠩᠭᠠᠳᠬᠠᠵᠤ᠂ 8 ᠪᠥᠬᠥ ᠤᠯᠤᠰ᠎ᠤᠨ ᠲᠤᠷᠰᠢᠯᠲᠠ᠎ᠶᠢᠨ ᠤᠷᠤᠨ᠂ 68 ᠲᠤᠷᠰᠢᠯᠲᠠ᠎ᠶᠢᠨ ᠰᠤᠷᠭᠠᠭᠤᠯᠢ ᠵᠢᠴᠢ 16 ᠵᠣᠬᠢᠶᠠᠮᠠᠯ ᠤᠶᠤᠨ ᠴᠢᠳᠠᠪᠤᠷᠢ ᠵᠢᠨ ᠰᠤᠷᠭᠠᠨ ᠬᠥᠮᠦᠵᠢᠯ᠎ᠦᠨ ᠰᠠᠭᠤᠷᠢᠨ᠎ᠢ ᠪᠠᠢᠭᠤᠯᠪᠠ᠃ ᠡᠳᠦᠷ ᠪᠦᠷᠢ᠎ᠶᠢᠨ 2 ᠴᠠᠭ᠎ᠡᠴᠡ ᠳᠤᠤᠷ᠎ᠠ ᠦᠬᠡᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠳ᠋ᠤ ᠤᠷᠤᠯᠴᠠᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠪᠠ᠃ ᠭᠤᠸ᠎ᠠ ᠰᠠᠢᠬᠠᠨ᠎ᠤ ᠬᠥᠮᠦᠵᠢᠯ ᠵᠢᠡᠷ ᠤᠮᠳᠠᠯᠠᠬᠤ ᠠᠵᠢᠯᠯᠠᠭ᠎ᠠ ᠦᠷᠨᠢᠬᠦᠯᠵᠦ᠂ 189 ᠬᠥᠳᠡᠯᠮᠦᠷᠢ ᠶ᠋ᠢᠨ ᠬᠥᠮᠦᠵᠢᠯ᠎ᠦᠨ ᠲᠤᠷᠰᠢᠯᠲᠠ ᠶ᠋ᠢᠨ ᠰᠤᠷᠭᠠᠭᠤᠯᠢ ᠶ᠋ᠢ ᠪᠠᠢᠭᠤᠯᠤᠨ᠂ ᠰᠤᠷᠤᠭ᠍ᠴᠢᠳ᠎ᠤᠨ ᠶᠡᠷᠦᠩᠬᠡᠢᠯᠡᠭᠰᠡᠨ ᠬᠡᠪ ᠪᠣᠯᠪᠠᠰᠤᠷᠠᠯ ᠢ᠋ ᠪᠥᠬᠥ ᠲᠠᠯ᠎ᠠ᠎ᠪᠠᠷ ᠳᠡᠬᠡᠭᠰᠢᠯᠡᠬᠦᠯᠪᠡ᠃

ᠦᠢᠯᠡᠳᠦᠯᠭᠡ᠎ᠪᠡᠷ ᠲᠠᠪᠤᠨ ᠬᠥᠮᠦᠵᠢᠯ᠎ᠢ ᠠᠭᠤᠰᠤᠯᠴᠠᠭᠤᠯᠬᠤ ᠠᠷᠭ᠎ᠠ ᠵᠠᠮ᠎ᠢ ᠦᠷᠬᠡᠳᠬᠡᠵᠦ᠂ 《ᠨᠠᠮ᠎ᠤᠨ ᠠᠴᠢ᠎ᠳ᠋ᠤ ᠳᠠᠯᠠᠷᠬᠠᠵᠤ ᠨᠠᠮ᠎ᠤᠨ ᠦᠭᠡ᠎ᠶᠢ ᠰᠣᠨᠣᠰᠴᠤ ᠨᠠᠮ᠎ᠢᠶᠠᠨ ᠳᠠᠭᠠᠨ ᠤᠷᠤᠬᠰᠢᠯᠠᠬᠤ》᠂ 《ᠪᠢᠴᠢᠬᠠᠨ ᠠᠨᠠᠷ᠎ᠤᠨ ᠬᠢᠯᠢ ᠵᠢᠨ ᠠᠶᠠᠯᠠᠯ》 ᠵᠡᠷᠭᠡ ᠲᠦᠷᠦᠯ ᠲᠡᠮᠳᠡᠭᠳᠤ ᠠᠵᠢᠯᠯᠠᠭ᠎ᠠ᠎ᠶᠢ ᠦᠷᠨᠢᠬᠦᠯᠵᠦ᠂ 《ᠦᠵᠡᠯ ᠰᠠᠨᠠᠭ᠎ᠠ ᠤᠯᠤᠰ ᠲᠦᠷᠦ᠎ᠶᠢᠨ ᠬᠠᠮ ᠬᠢᠴᠢᠶᠡᠯ》 ᠤ᠋ᠨ ᠦᠢᠯᠡᠳᠦᠯᠭᠡ᠎ᠶᠢᠨ ᠰᠠᠭᠤᠷᠢᠨ ᠢ᠋ 123  ᠪᠠᠢᠭᠤᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠤᠷᠤᠯᠳᠤᠭᠠᠨ᠂ 《ᠰᠢᠨᠵᠢᠯᠡᠬᠦ ᠤᠬᠠᠭᠠᠨ᠎ᠤ ᠪᠢᠴᠢᠬᠠᠨ ᠠᠺᠠᠳᠧᠮᠢᠴᠢ》᠂ ᠪᠡᠶ᠎ᠡ᠎ᠶᠢᠨ ᠲᠠᠮᠢᠷ᠎ᠤᠨ ᠤᠷᠤᠯᠳᠤᠭᠠᠨ᠂ ᠬᠥᠳᠡᠯᠮᠦᠷᠢ᠎ᠶᠢᠨ ᠦᠢᠯᠡᠳᠦᠯᠭᠡ᠎ᠪᠡᠷ ᠬᠥᠮᠥᠵᠢᠭᠦᠯᠬᠦ ᠲᠥᠯᠥᠪᠯᠡᠭᠡ᠎ᠵᠡᠷᠬᠡ ᠤᠷᠤᠯᠳᠤᠭᠠᠨ ᠠᠵᠢᠯᠯᠠᠭ᠎ᠠ ᠵᠢ ᠪᠠᠢᠩᠭᠤᠵᠢᠭᠤᠯᠤᠨ ᠥᠷᠨᠢᠭᠦᠯᠵᠦ᠂ ᠪᠣᠰᠣᠭ᠎ᠠ ᠴᠣᠭᠴᠠᠲᠤ ᠬᠥᠮᠥᠨ᠎ᠢ ᠬᠥᠮᠥᠵᠢᠭᠦᠯᠬᠦ ᠲᠠᠪᠴᠠᠩ᠎ᠢ ᠪᠠᠢᠭᠤᠯᠪᠠ᠃

ᠡᠮᠡᠭᠳᠡᠢᠴᠤᠳ ᠬᠡᠦᠬᠡᠳ᠎ᠤᠨ ᠡᠷᠬᠡ ᠠᠰᠢᠭ᠎ᠢ ᠬᠠᠮᠠᠭᠠᠯᠠᠬᠤ ᠠᠵᠢᠯ᠎ᠢ ᠰᠡᠳᠬᠢᠯ ᠳᠠᠯᠪᠢᠨ ᠰᠠᠢᠳᠤᠷ ᠬᠢᠪᠡ

《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠤ᠂ ᠬᠦᠢᠰᠦ᠎ᠶᠢᠨ ᠢᠯᠭᠠᠯ᠎ᠤᠨ ᠭᠠᠳᠠᠭᠤᠷᠴᠢᠯᠠᠯ᠎ᠢ ᠠᠷᠢᠯᠭᠠᠬᠤ᠂ ᠭᠡᠷ ᠪᠦᠯᠢ᠎ᠶᠢᠨ ᠳᠠᠷᠤᠭᠠᠰᠤ᠎ᠶᠢ ᠬᠥᠩᠭᠡᠷᠡᠭᠦᠯᠬᠦ᠂ ᠪᠠᠲᠤᠯᠠᠭ᠎ᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ᠎ᠶᠢᠨ ᠠᠯᠢ ᠣᠯᠠᠨ ᠠᠷᠭ᠎ᠠ ᠬᠡᠮᠵᠢᠶ᠎ᠡ᠎ᠠᠪᠴᠤ᠂ ᠡᠮᠡᠭᠲᠡᠢᠴᠦᠳ᠎ᠦᠨ ᠪᠥᠬᠥ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ᠎ᠳᠤ ᠢᠳᠡᠪᠬᠢᠲᠡᠢ ᠦᠢᠯᠡᠳᠦᠯ ᠦᠵᠡᠭᠦᠯᠵᠡᠢ》 ᠬᠡᠵᠦ ᠦᠪᠡᠷᠳᠡᠬᠡᠨ ᠵᠠᠰᠠᠬᠤ ᠤᠷᠤᠨ᠎ᠤ ᠡᠮᠡᠭᠳᠡᠢᠴᠤᠳ᠎ᠤᠨ ᠬᠤᠯᠪᠤᠭ᠎ᠠ ᠵᠢᠨ ᠳᠡᠳ᠋ ᠱᠦᠵᠢ ᠱᠧᠦ ᠯᠠᠨ ᠯᠠᠨ ᠳᠠᠨᠢᠯᠴᠠᠭᠤᠯᠪᠠ᠃

ᠡᠮᠡᠭᠲᠡᠢᠴᠦᠳ ᠬᠡᠦᠬᠡᠳ᠎ᠦᠨ ᠡᠷᠬᠡ ᠠᠰᠢᠭ᠋᠎ᠢ ᠪᠠᠲᠤᠯᠠᠬᠤ ᠬᠠᠤᠯᠢ ᠲᠣᠭᠲᠠᠭᠠᠯ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠴᠢᠩᠭᠠᠳᠬᠠᠵᠤ᠂ ᠰᠢᠨ᠎ᠡ ᠨᠢᠭᠡᠨ ᠦᠶᠡᠯᠡᠯ᠎ᠦᠨ ᠡᠮᠡᠭᠲᠡᠢᠴᠦᠳ ᠬᠡᠦᠬᠡᠳ᠎ᠦᠨ ᠬᠥᠭᠵᠢᠯᠲᠡ᠎ᠶᠢᠨ ᠬᠦᠳᠦᠯᠪᠦᠷᠢ (2021 — 2030 ᠣᠨ) ᠢ᠋ ᠨᠡᠢᠲᠡᠯᠡᠨ ᠬᠡᠷᠡᠭᠵᠢᠭᠦᠯᠵᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠬᠦᠯᠪᠡ᠃ ᠡᠮᠡᠭᠲᠡᠢᠴᠦᠳ᠎ᠦᠨ ᠡᠷᠬᠡ ᠠᠰᠢᠭ᠋᠎ᠢ ᠪᠠᠲᠤᠯᠠᠬᠤ ᠬᠠᠤᠯᠢ᠎ᠶᠢ ᠬᠡᠷᠡᠭᠵᠢᠭᠦᠯᠬᠦ ᠠᠷᠭ᠎ᠠ᠂ ᠨᠠᠰᠤᠨ᠎ᠳᠤ ᠦᠯᠤ ᠬᠥᠷᠦᠭᠰᠡᠳ᠎ᠢ ᠬᠠᠮᠠᠭᠠᠯᠠᠬᠤ ᠳᠦᠷᠢᠮ᠎ᠳᠦ ᠵᠠᠰᠠᠪᠤᠷᠢ ᠣᠷᠣᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠣᠯᠪᠤᠭᠠᠯᠠᠨ ᠢᠵᠢ ᠪᠦᠷᠢᠳᠦᠭᠦᠯᠬᠦ ᠳᠦᠷᠢᠮ᠎ᠦᠨ ᠲᠣᠭᠲᠠᠴᠠ᠎ᠶᠢ ᠪᠠᠢᠭᠤᠯᠵᠤ᠂ ᠪᠦᠬᠥ ᠲᠠᠯ᠎ᠠ᠎ᠶᠢᠨ᠂ ᠤᠯᠠᠨ ᠲᠡᠰ ᠳᠠᠪᠬᠤᠷᠭ᠎ᠠ᠎ᠶᠢᠨ ᠬᠠᠤᠯᠢ᠎ᠪᠠᠷ ᠵᠠᠰᠠᠬᠤ ᠪᠠᠲᠤᠯᠠᠭ᠎ᠠ᠎ᠶᠢᠨ ᠲᠣᠣᠷ᠎ᠢ ᠪᠠᠢᠭᠤᠯᠪᠠ᠃

ᠡᠮᠡᠭᠲᠡᠢᠴᠦᠳ ᠬᠡᠦᠬᠡᠳ᠎ᠦᠨ ᠡᠷᠬᠡ ᠠᠰᠢᠭ᠋᠎ᠢ ᠪᠠᠲᠤᠯᠠᠬᠤ ᠨᠡᠢᠬᠡᠮ᠎ᠤᠨ ᠬᠦᠭᠵᠢᠯᠳᠡ ᠵᠢᠨ ᠤᠷᠴᠢᠨ᠎ᠢ ᠪᠤᠢ ᠪᠤᠯᠭᠠᠠ᠂ 《ᠬᠠᠤᠯᠢ ᠪᠡᠷ ᠵᠠᠰᠠᠬᠤ ᠥᠪᠥᠷ ᠮᠣᠩᠭᠣᠯ᠎ᠤᠨ ᠪᠠᠢᠭᠤᠯᠤᠯᠳᠠ ᠳ᠋ᠤ ᠤᠮᠠᠷᠠᠲᠤ ᠬᠢᠯᠢ᠎ᠶᠢᠨ ᠡᠮᠡᠭᠲᠡᠢᠴᠦᠳ᠎ᠬᠦᠳᠡᠯᠦᠯᠴᠡᠬᠦ》 ᠠᠵᠢᠯᠯᠠᠭ᠎ᠠ ᠶ᠋ᠢ ᠭᠦᠨᠵᠡᠭᠡᠢᠷᠡᠭᠦᠯᠵᠦ᠂ ᠲᠠᠪᠤᠨ ᠵᠢᠯ᠎ᠦᠨ ᠲᠤᠷᠰᠢ 《ᠵᠠᠭᠤᠨ ᠡᠮᠡᠭᠲᠡᠢ ᠬᠠᠤᠯᠢᠴᠢ᠎ᠶᠢᠨ ᠵᠠᠭᠤᠨ ᠲᠠᠯᠠᠪᠠᠢ ᠬᠠᠤᠯᠢ ᠪᠡᠷ ᠵᠠᠰᠠᠬᠤ ᠨᠡᠶ᠋ᠢᠲᠡ᠎ᠶᠢᠨ ᠠᠰᠠᠷᠠᠮᠵᠢ᠎ᠶᠢᠨ ᠲᠣᠭᠣᠷᠢᠨ ᠲᠠᠢᠯᠪᠤᠷᠢᠯᠠᠯᠲᠠ》 ᠶ᠋ᠢ 1290 ᠲᠠᠯᠠᠪᠠᠢ ᠡᠷᠬᠢᠯᠡᠵᠦ᠂ ᠨᠡᠢᠭᠡᠮ ᠲᠣᠭᠣᠷᠢᠭ᠋᠂ ᠬᠥᠳᠡᠭᠡ ᠲᠣᠰᠬᠣᠨ᠂ ᠠᠯᠪᠠᠨ ᠪᠠᠢᠭᠤᠯᠭ᠎ᠠ᠂ ᠠᠵᠤ ᠠᠬᠤᠢᠯᠠᠯ᠂ ᠰᠤᠷᠭᠠᠭᠤᠯᠢ᠂ ᠬᠡᠷ ᠪᠦᠯᠢ ᠳ᠋ᠤ ᠤᠷᠤᠭᠤᠯᠵᠤ᠂ 15.8 ᠲᠦᠮᠡᠨ ᠡᠮᠡᠭᠲᠡᠢᠴᠦᠳ ᠬᠡᠦᠬᠡᠳ᠎ᠲᠦ ᠠᠰᠢᠭ᠋ ᠬᠦᠷᠲᠡᠭᠡᠪᠡ᠃ 2.3 ᠲᠦᠮᠡᠨ ᠨᠡᠷᠡᠰ ᠭᠠᠴᠠᠭ᠎ᠠ ᠲᠣᠰᠬᠣᠨ (ᠨᠡᠢᠭᠡᠮ ᠲᠣᠭᠣᠷᠢᠭ᠋) ᠤ᠋ ᠡᠮᠡᠭᠲᠡᠢᠴᠦᠳ᠎ᠦᠨ ᠬᠤᠯᠪᠤᠭ᠎ᠠ ᠵᠢᠨ ᠳᠡᠷᠢᠬᠦᠯᠡᠭᠴᠢ ᠪᠠ ᠬᠦᠢᠴᠡᠳᠬᠡᠬᠦ ᠵᠦᠪᠯᠡᠯ᠎ᠤᠨ ᠪᠦᠷᠢᠯᠳᠦᠬᠦᠨ᠎ᠤ 《ᠬᠠᠤᠯᠢ ᠴᠠᠭᠠᠵᠠ᠎ᠵᠢ ᠰᠠᠢᠨ ᠮᠡᠳᠡᠳᠡᠭ ᠬᠥᠮᠥᠨ》 ᠤ᠋ ᠡᠩᠨᠡᠭᠡ᠎ᠶᠢ ᠪᠦᠷᠢᠯᠳᠦᠭᠦᠯᠵᠦ᠂ 1.5 ᠲᠦᠮᠡᠨ ᠭᠠᠴᠠᠭ᠎ᠠ ᠲᠣᠰᠬᠣᠨ (ᠨᠡᠢᠭᠡᠮ ᠲᠣᠭᠣᠷᠢᠭ᠋) ᠳ᠋ᠤ ᠬᠠᠤᠯᠢ ᠴᠠᠭᠠᠵᠠ᠎ᠶᠢ ᠲᠦᠬᠡᠮᠡᠯᠵᠢᠬᠦᠯᠵᠦ᠂ ᠡᠮᠡᠭᠲᠡᠢᠴᠦᠳ᠎ᠢ ᠬᠦᠨᠳᠦᠳᠬᠡᠬᠦ᠂ ᠬᠡᠦᠬᠡᠳ᠎ᠢ ᠬᠠᠯᠠᠮᠵᠢᠯᠠᠨ ᠬᠠᠢᠷᠠᠯᠠᠬᠤ ᠨᠡᠢᠭᠡᠮ᠎ᠦᠨ ᠤᠷᠴᠢᠨ ᠠᠬᠤᠢ ᠵᠢ ᠪᠣᠶ ᠪᠤᠯᠭᠠᠪᠠ᠃

ᠡᠮᠡᠭᠲᠡᠢᠴᠦᠳ ᠬᠡᠦᠬᠡᠳ᠎ᠦᠨ ᠡᠷᠬᠡ ᠠᠰᠢᠭ᠋᠎ᠢ ᠬᠠᠮᠠᠭᠠᠯᠠᠬᠤ ᠠᠵᠢᠯ᠎ᠢ ᠪᠠᠢᠩᠭᠤᠵᠢᠭᠤᠯᠵᠤ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠪᠡ᠃ 12338 ᠡᠮᠡᠭᠲᠡᠢᠴᠦᠳ᠎ᠦᠨ ᠡᠷᠬᠡ ᠠᠰᠢᠭ᠋᠎ᠢ ᠬᠠᠮᠠᠭᠠᠯᠠᠬᠤ ᠬᠠᠯᠠᠮᠵᠢᠯ ᠤᠲᠠᠰᠤ᠎ᠶᠢ ᠪᠦᠳᠦᠮᠵᠢᠳᠡᠢ ᠠᠰᠢᠬᠯᠠᠵᠦ᠂ ᠲᠠᠪᠤᠨ ᠵᠢᠯ᠎ᠳᠦ ᠨᠡᠢ᠍ᠢᠲᠡ 1 ᠲᠦᠮᠡ ᠭᠠᠷᠤᠢ ᠬᠤᠪᠢ ᠲᠤᠰᠠᠯᠠᠮᠵᠢ ᠭᠤᠶᠤᠴᠢᠯᠠᠭᠰᠠᠨ ᠠᠰᠠᠭᠤᠳᠠᠯ᠎ᠢ ᠰᠢᠢᠳᠪᠦᠷᠢᠯᠡᠬᠦ᠎ᠪᠡᠷ ᠬᠠᠷᠢᠭᠤ ᠲᠤᠰᠬᠠᠪᠠ᠃ ᠭᠤᠷᠪᠠᠨ ᠱᠠᠲᠤᠨ᠎ᠤ ᠤᠷᠤᠭ ᠭᠡᠷ ᠪᠦᠯᠢ᠎ᠶᠢᠨ ᠵᠠᠭᠤᠷᠠᠯᠳᠤᠭᠠᠨ ᠤ᠋ ᠠᠷᠠᠳ᠎ᠤᠨ ᠡᠶᠡᠳᠡᠭᠦᠯᠭᠡ᠎ᠶᠢᠨ ᠲᠣᠣᠷ ᠢ᠋ ᠪᠠᠢᠭᠤᠯᠵᠤ᠂ 4.5 ᠲᠦᠮᠡ ᠭᠠᠷᠤᠢ ᠬᠤᠪᠢ  ᠵᠠᠭᠤᠷᠠᠯᠳᠤᠭᠠᠨ᠎ᠢ ᠡᠶᠡᠳᠡᠬᠦᠯᠪᠡ᠃ 《ᠪᠠᠭᠪᠠᠭᠠᠢ ᠴᠡᠴᠡᠭ》 ᠡᠮᠡᠭᠲᠡᠢᠴᠦᠳ ᠬᠡᠦᠬᠡᠳ᠎ᠦᠨ ᠡᠷᠬᠡ ᠠᠰᠢᠭ᠋᠎ᠤᠨ ᠦᠢᠯᠡᠴᠢᠯᠡᠭᠡ ᠵᠢᠨ 471 ᠲᠦᠷᠦᠯ ᠵᠦᠢᠯ᠎ᠢ ᠬᠡᠷᠡᠭᠵᠢᠬᠦᠯᠪᠡ᠃

ᠵᠠᠯᠠᠭᠤᠴᠤᠳ᠎ᠤᠨ ᠬᠦᠭᠵᠢᠯᠳᠡ ᠵᠢ ᠪᠦᠬᠦ ᠳᠠᠯ᠎ᠠ ᠪᠡᠷ ᠠᠬᠢᠭᠤᠯᠬᠤ ᠠᠵᠢᠯ᠎ᠤᠨ ᠰᠢᠰᠲᠧᠮ᠎ᠢ ᠪᠠᠢᠭᠤᠯᠪᠠ

《〈ᠠᠷᠪᠠᠨ ᠳᠥᠷᠪᠡᠳᠦᠭᠡᠷ ᠲᠠᠪᠤᠨ ᠵᠢᠯ〉 ᠳ᠋ᠤ᠂ ᠵᠠᠯᠠᠭᠤᠴᠤᠳ᠎ᠤᠨ ᠬᠥᠭᠵᠢᠯᠲᠡ᠎ᠶᠢ ᠪᠦᠬᠦ ᠲᠠᠯ᠎ᠠ᠎ᠪᠡᠷ ᠠᠬᠢᠭᠤᠯᠬᠤ ᠠᠵᠢᠯ᠎ᠤᠨ ᠰᠢᠰᠲ᠋ᠧᠮ᠎ᠢ ᠪᠠᠢᠭᠤᠯᠵᠤ᠂ ᠲᠥᠯᠦᠪᠵᠢᠭᠦᠯᠭᠡ ᠵᠢ ᠨᠠᠢᠳᠠᠪᠤᠷᠢᠵᠢᠭᠤᠯᠬᠤ ᠪᠠ ᠵᠠᠯᠠᠭᠤᠴᠤᠳ᠎ᠤᠨ ᠬᠡᠷᠡᠭᠴᠡᠭᠡ ᠱᠠᠭᠠᠷᠳᠠᠯᠭ᠎ᠠ᠎ᠶᠢ ᠵᠣᠯᠭᠠᠭᠤᠯᠬᠤ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢ ᠨᠢᠭ᠍ᠲᠠᠷᠠᠭᠤᠯᠪᠠ》 ᠬᠡᠵᠦ ᠦᠪᠡᠷᠳᠡᠬᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ ᠵᠢᠨ ᠳᠡᠳ᠋ ᠱᠦᠵᠢ ᠯᠢᠦ ᠵᠢᠶᠠᠨ ᠬᠤᠢ ᠳᠠᠨᠢᠯᠴᠠᠭᠤᠯᠤᠯ᠎ᠠ᠃

ᠵᠠᠯᠠᠭᠤᠴᠤᠳ᠎ᠤᠨ ᠬᠦᠭᠵᠢᠯᠳᠡ ᠵᠢᠨ ᠲᠦᠷᠦ ᠵᠢᠨ ᠪᠤᠳᠤᠯᠭ᠎ᠠ ᠵᠢ ᠳᠡᠬᠦᠯᠳᠡᠷᠵᠢᠬᠦᠯᠪᠡ᠃ ᠵᠠᠯᠠᠭᠤᠴᠤᠳ᠎ᠤᠨ ᠰᠤᠷᠭᠠᠨ ᠬᠥᠮᠦᠵᠢᠯ᠂ ᠠᠵᠢᠯ ᠣᠯᠭᠣᠯᠲᠠ᠂ ᠣᠷᠣᠨ ᠰᠠᠭᠤᠴᠠ᠂ ᠤᠷᠤᠭ ᠬᠤᠷᠢᠮ᠂ ᠡᠷᠡᠬᠦᠯ ᠮᠡᠨᠳᠤ ᠵᠡᠷᠭᠡ ᠵᠠᠩᠭᠢᠯᠠᠭ᠎ᠠ᠎ᠶᠢᠨ ᠬᠦᠷᠢᠶ᠎ᠡ᠎ᠳ᠋ᠤ ᠠᠩᠬᠠᠷᠤᠯ ᠵᠢᠡᠨ ᠲᠦᠪᠯᠡᠷᠡᠬᠦᠯᠵᠦ᠂ 《ᠨᠠᠮ᠎ᠤᠨ ᠬᠣᠷᠢᠶ᠎ᠠ ᠤᠳᠤᠷᠢᠳᠬᠤ᠂ ᠡᠪᠯᠡᠯ᠎ᠦᠨ ᠬᠣᠷᠢᠶ᠎ᠠ ᠨᠢᠭᠡᠳᠦᠯᠲᠡᠢ ᠲᠥᠯᠥᠪᠵᠢᠭᠦᠯᠬᠦ᠂ ᠰᠠᠯᠠᠭ᠎ᠠ ᠮᠥᠴᠢᠷ ᠬᠠᠮᠵᠢᠯᠴᠠᠬᠤ》 ᠪᠠᠢᠷᠢᠰᠢᠯ᠎ᠢ ᠪᠦᠷᠢᠯᠳᠦᠭᠦᠯᠪᠡ᠃ ᠦᠢᠯᠡᠴᠢᠯᠡᠭᠡ ᠵᠢ ᠰᠠᠢᠵᠢᠷᠠᠭᠤᠯᠵᠤ᠂ ᠵᠠᠯᠠᠭᠤᠴᠤᠳ᠎ᠤᠨ ᠤᠯᠠᠨ ᠳᠠᠯ᠎ᠠ ᠵᠢᠨ ᠱᠠᠭᠠᠷᠳᠠᠯᠭ᠎ᠠ ᠳ᠋ᠤ ᠤᠨᠢᠨ ᠳᠡᠬᠡᠷ᠎ᠡ ᠨᠢ ᠬᠦᠴᠦᠯᠡᠪᠡ᠃ ᠬᠥᠬᠡᠬᠣᠲᠠ ᠪᠦᠬᠦ ᠤᠯᠤᠰ᠎ᠤᠨ ᠵᠠᠯᠠᠭᠤᠴᠤᠳ᠎ᠤᠨ ᠬᠥᠭᠵᠢᠯᠲᠡ᠎ᠶᠢᠨ ᠬᠡᠯᠪᠡᠷᠢ᠎ᠶᠢᠨ ᠬᠤᠳᠠ᠎ᠶᠢᠨ ᠲᠤᠷᠰᠢᠯᠲᠠ᠎ᠶᠢᠨ ᠴᠡᠭ᠎ᠲᠦ ᠰᠣᠩᠭᠣᠭᠳᠠᠵᠤ᠂ ᠪᠤᠭᠤᠳᠤ ᠬᠤᠳᠠ ᠵᠢᠨ ᠴᠢᠩ ᠱᠠᠨ ᠳᠤᠭᠤᠷᠢᠭ ᠵᠡᠷᠬᠡ13 ᠬᠣᠰᠢᠭᠤ ᠰᠢᠶᠠᠨ᠎ᠢ ᠪᠦᠬᠦ ᠤᠷᠤᠨ᠎ᠤ ᠵᠠᠯᠠᠭᠤᠴᠤᠳ᠎ᠤᠨ ᠬᠦᠭᠵᠢᠯᠳᠡ ᠵᠢᠨ ᠬᠡᠯᠪᠡᠷᠢ ᠰᠢᠶᠠᠨ᠎ᠤ ᠬᠡᠪᠴᠢᠶᠡᠨ᠎ᠤ ᠳᠤᠷᠰᠢᠯᠳᠠ ᠵᠢᠨ ᠴᠡᠭ ᠵᠢᠡᠷ ᠳᠤᠭᠳᠠᠭᠠᠪᠠ᠃  ᠲᠠᠪᠤᠨ ᠵᠢᠯ᠎ᠦᠨ ᠲᠤᠷᠰᠢ᠂ ᠡᠯ᠎ᠡ ᠱᠠᠳᠤᠨ᠎ᠤ ᠡᠪᠯᠡᠯ᠎ᠤᠨ ᠵᠤᠬᠢᠶᠠᠨ ᠪᠠᠢᠭᠤᠯᠤᠯᠳᠠ 1300 ᠭᠠᠷᠤᠢ ᠤᠳᠠᠭ᠎ᠠ᠎ᠶᠢᠨ ᠢᠨᠠᠭ ᠬᠠᠢᠷ᠎ᠠ ᠨᠦᠬᠦᠷᠯᠡᠯ᠎ᠤᠨ ᠠᠵᠢᠯᠯᠠᠭ᠎ᠠ᠎ᠶᠢ ᠥᠷᠨᠢᠭᠦᠯᠵᠦ᠂ 13 ᠲᠦᠮᠡᠨ ᠵᠠᠯᠠᠭᠤᠴᠤᠳ᠎ᠲᠤ ᠦᠢᠯᠡᠴᠢᠯᠡᠪᠡ᠃ ᠴᠢᠳᠠᠪᠤᠷᠢ᠎ᠶᠢ ᠳᠡᠭᠡᠭᠰᠢᠯᠡᠭᠦᠯᠬᠦ ᠲᠠᠯ᠎ᠠ᠎ᠪᠠᠷ᠂ 1700 ᠭᠠᠷᠤᠢ ᠵᠠᠯᠠᠭᠤᠴᠤᠳ᠎ᠤᠨ ᠭᠠᠪᠰᠢᠭᠠᠢ ᠠᠩᠭᠢ᠎ᠶᠢ ᠵᠣᠬᠢᠶᠠᠨ ᠪᠠᠢᠭᠤᠯᠵᠤ᠂ 《ᠬᠦᠭᠵᠢᠬᠦᠯᠦᠨ ᠮᠠᠨᠳᠤᠭᠤᠯᠬᠤ ᠬᠤᠨᠳᠠᠭᠠᠲᠤ》 ᠵᠡᠷᠭᠡ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ᠎ᠤ ᠲᠥᠷᠥᠯ ᠳᠡᠮᠳᠡᠭ᠎ᠢ ᠡᠬᠦᠳᠪᠡ᠃ 2025 ᠣᠨ᠎ᠳᠤ ᠨᠡᠶ᠋ᠢᠲᠡ 1000 ᠭᠠᠷᠤᠢ ᠵᠠᠯᠠᠭᠤ ᠰᠦᠯᠵᠢᠶᠡᠨ᠎ᠤ ᠨᠡᠪᠳᠡᠷᠡᠬᠦᠯᠦᠭᠴᠢ ᠵᠢ ᠬᠦᠮᠦᠵᠢᠬᠦᠯᠵᠦ᠂ ᠰᠢᠭᠤᠳ ᠨᠡᠪᠲᠡᠷᠡᠬᠦᠯᠬᠡ ᠪᠡᠷ ᠲᠠᠷᠢᠶᠠᠯᠠᠩ᠎ᠢ ᠲᠤᠰᠠᠯᠠᠬᠤ ᠪᠣᠷᠤᠯᠠᠭᠤᠯᠭ᠎ᠠ 1.2 ᠳ᠋ᠦᠩᠰᠢᠭᠤᠷ ᠲᠥᠭᠥᠷᠢᠭ᠎ᠲᠦ ᠬᠦᠷᠴᠡᠢ᠃  6000  ᠭᠠᠷᠤᠢ ᠵᠠᠯᠠᠭᠤ ᠮᠠᠯᠴᠢᠨ ᠲᠠᠷᠢᠶᠠᠴᠢᠨ ᠪᠣᠯᠪᠠᠰᠤᠷᠠᠯ᠎ᠬᠦᠷᠳᠡᠬᠡᠪᠡ᠃

《ᠠᠵᠢᠯ ᠣᠯᠭᠣᠯᠲᠠ᠎ᠶᠢᠨ ᠦᠢᠯᠡᠴᠢᠯᠡᠭᠡ + ᠦᠢᠯᠡᠰ ᠪᠣᠰᠬᠠᠬᠤ᠎ᠶᠢ ᠲᠡᠳᠬᠦᠬᠦ + ᠡᠬᠢ ᠪᠠᠶᠠᠯᠢᠭ᠋᠎ᠢ ᠵᠣᠯᠭᠠᠭᠤᠯᠬᠤ》 ᠬᠠᠮ ᠠᠷᠭ᠎ᠠ᠎ᠪᠠᠷ ᠵᠠᠯᠠᠭᠤᠴᠤᠳ᠎ᠤᠨ ᠦᠢᠯᠡᠰ ᠪᠣᠰᠬᠠᠬᠤ ᠠᠵᠢᠯ ᠣᠯᠭᠣᠯᠲᠠ᠎ᠶᠢ ᠠᠬᠢᠭᠤᠯᠪᠠ᠃ 《ᠳᠠᠷᠪᠠᠭᠤᠯ ᠬᠡᠢᠰᠬᠡᠬᠦ ᠲᠥᠯᠥᠪᠯᠡᠭᠡ》 ᠶ᠋ᠢ ᠬᠡᠷᠡᠭᠵᠢᠭᠦᠯᠦᠨ 9 ᠲᠦᠮᠡ ᠰᠢᠬᠠᠮ ᠳᠠᠳᠤᠯᠭ᠎ᠠ᠎ᠶᠢᠨ ᠠᠵᠢᠯ᠎ᠤᠨ ᠪᠠᠢᠷᠢ ᠴᠤᠭᠯᠠᠭᠤᠯᠵᠤ᠂ 4 ᠲᠦᠮᠡ ᠭᠠᠷᠤᠢ ᠬᠥᠮᠥᠨ᠎ᠢ ᠡᠯᠰᠡᠨ ᠬᠡᠷᠡᠭᠯᠡᠪᠡ᠃ ᠪᠦᠬᠦ ᠤᠷᠤᠨ᠎ᠤ ᠲᠣᠮᠣ᠌ ᠬᠡᠯᠪᠡᠷᠢ᠎ᠶᠢᠨ ᠠᠵᠢᠯᠳᠠᠨ ᠤᠷᠢᠵᠤ ᠡᠯᠰᠡᠬᠦ ᠴᠤᠭᠯᠠᠭᠠᠨ᠂ ᠰᠤᠷᠭᠠᠭᠤᠯᠢ᠎ᠶᠢᠨ ᠬᠦᠷᠢᠶᠡᠨ᠎ᠦ ᠲᠤᠰᠬᠠᠢ ᠲᠠᠯᠠᠪᠤᠷ ᠵᠢᠴᠢ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ᠎ᠵᠡᠷᠬᠡ ᠵᠢ 70 ᠭᠠᠷᠤᠢ ᠲᠠᠯᠠᠪᠤᠷ ᠡᠷᠭᠢᠯᠡᠵᠦ᠂ 6 ᠲᠦᠮᠡ ᠭᠠᠷᠤᠢ ᠠᠵᠢᠯ᠎ᠤᠨ ᠪᠠᠢᠷᠢ᠎ᠶᠢ ᠨᠡᠢᠳᠡᠯᠡᠵᠦ᠂ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢ ᠳᠠᠶ᠋ᠢᠴᠢᠯᠠᠨ 297 ᠲᠠᠯᠠᠪᠤᠷ ᠠᠵᠢᠯᠯᠠᠭ᠎ᠠ ᠥᠷᠨᠢᠭᠦᠯᠵᠦ᠂ 40 ᠲᠦᠮᠡ ᠰᠢᠬᠠᠮ ᠠᠵᠢᠯ᠎ᠤᠨ ᠪᠠᠢᠷᠢ ᠬᠠᠩᠭᠠᠪᠠ᠃ ᠡᠪᠯᠡᠯ᠎ᠤᠨ ᠬᠤᠷᠢᠶ᠎ᠠ᠂ ᠪᠠᠩᠬᠢ᠂ ᠠᠵᠤ ᠠᠬᠤᠢᠯᠠᠯ᠎ᠤᠨ ᠬᠠᠮᠵᠢᠯᠴᠠᠭ᠎ᠠ ᠵᠢ ᠠᠬᠢᠭᠤᠯᠤᠨ᠂ 45 ᠮᠥᠩᠭᠥᠨ ᠭᠦᠢᠯᠭᠡᠭᠡᠨ᠎ᠦ ᠪᠠᠢᠭᠤᠯᠤᠮᠵᠢ᠎ᠲᠠᠢ ᠬᠠᠮᠲᠤᠷᠠᠨ 《ᠵᠠᠯᠠᠭᠤᠴᠤᠳ᠎ᠤᠨ ᠦᠢᠯᠡᠰ ᠪᠤᠰᠬᠠᠬᠤ ᠵᠢᠭᠡᠯᠡᠯᠭᠡ》 ᠵᠢ ᠬᠡᠷᠡᠭᠵᠢᠭᠦᠯᠵᠦ᠂ 2023 ᠣᠨ ᠠ᠋ᠴᠠ ᠣᠲᠣ᠌ ᠪᠣᠯᠲᠠᠯ᠎ᠠ 1.32 ᠳ᠋ᠦᠩᠰᠢᠭᠤᠷ ᠲᠥᠭᠥᠷᠢᠭ᠎ᠦᠨ ᠵᠢᠭᠡᠯᠡᠯᠭᠡ ᠳᠠᠯᠪᠢᠪᠠ᠃

ᠵᠡᠮᠳᠡᠭ ᠬᠡᠦᠬᠡᠳ ᠢ᠋ ᠬᠠᠯᠠᠮᠵᠢᠯᠠᠵᠤ ᠵᠡᠮᠳᠡᠭᠴᠤᠳ᠎ᠤᠨ ᠠᠵᠢᠯ ᠤᠯᠭᠤᠯᠳᠠ ᠳ᠋ᠤ ᠬᠦᠴᠦᠨ ᠨᠡᠮᠡᠷᠢᠯᠡᠪᠡ

《〈ᠠᠷᠪᠠᠨ ᠳᠥᠷᠪᠡᠳᠦᠭᠡᠷ ᠲᠠᠪᠤᠨ ᠵᠢᠯ〉 ᠳ᠋ᠤ᠂ ᠥᠪᠥᠷ ᠮᠣᠩᠭᠣᠯ ᠵᠡᠮᠳᠡᠭ ᠬᠡᠦᠬᠡᠳ᠎ᠦᠨ ᠡᠷᠡᠭᠦᠯᠵᠢᠯ᠎ᠦᠨ ᠠᠪᠤᠷᠠᠨ ᠲᠤᠰᠠᠯᠠᠯᠲᠠ᠎ᠶᠢᠨ ᠲᠣᠭᠣᠷᠢᠨ᠎ᠳᠤ᠂ ᠵᠡᠮᠳᠡᠭ ᠬᠡᠦᠬᠡᠳ᠎ᠦᠨ ᠭᠡᠷ ᠪᠦᠯᠢ᠎ᠵᠢᠨ ᠠᠪᠤᠷᠠᠨ ᠳᠤᠰᠠᠯᠠᠬᠤ ᠬᠡᠪᠴᠢᠶ᠎ᠠ ᠵᠢ ᠦᠷᠬᠡᠳᠬᠡᠵᠦ᠂ ᠳᠠᠷᠤᠭᠠᠰᠤ ᠵᠢ ᠨᠢ ᠬᠦᠩᠬᠡᠯᠡᠵᠤ᠂ ᠦᠢᠯᠡᠴᠢᠯᠡᠬᠡ ᠪᠠᠨ ᠰᠠᠢᠵᠢᠷᠠᠭᠤᠯᠪᠠ》 ᠭᠡᠵᠦ ᠦᠪᠡᠷᠳᠡᠬᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠬᠦᠨ᠂ ᠳᠡᠳ᠋ ᠬᠡᠷᠡᠭ ᠡᠷᠬᠢᠯᠡᠭᠴᠢ ᠵᠢᠶᠠ ᠫᠧᠩ ᠳᠠᠨᠢᠯᠴᠠᠭᠤᠯᠤᠯ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠳ᠋ᠤ ᠮᠠᠨ ᠤ᠋ ᠤᠷᠤᠨ ᠠᠪᠤᠷᠠᠨ ᠲᠤᠰᠠᠯᠠᠬᠤ ᠪᠦᠷᠬᠦᠴᠡ᠎ᠶᠢ ᠦᠷᠭᠦᠯᠵᠢᠯᠡᠨ ᠥᠷᠭᠡᠳᠬᠡᠵᠦ᠂ ᠤᠯᠤᠰ ᠠ᠋ᠴᠠ ᠲᠣᠭᠲᠠᠭᠠᠭᠰᠠᠨ 0 — 6 ᠨᠠᠰᠤᠨ᠎ᠤ ᠠᠪᠤᠷᠠᠨ ᠲᠤᠰᠠᠯᠠᠬᠤ ᠬᠡᠪᠴᠢᠶ᠎ᠡ᠎ᠶᠢ 0 — 7 ᠨᠠᠰᠤ ᠬᠦᠷᠲᠡᠯ᠎ᠡ ᠤᠷᠳᠤᠳᠬᠠᠵᠤ᠂ ᠬᠥᠬᠡᠬᠣᠲᠠ᠂ ᠪᠤᠭᠤᠲᠤ ᠵᠡᠷᠭᠡ ᠭᠠᠵᠠᠷ᠎ᠤᠨ ᠬᠢᠨ 0 —10 ᠨᠠᠰᠤ ᠬᠦᠷᠲᠡᠯ᠎ᠡ ᠤᠷᠲᠤᠳᠬᠠᠵᠤ᠂ ᠬᠡᠰᠡᠭ ᠭᠠᠵᠠᠷ ᠣᠷᠣᠨ᠎ᠤ ᠠᠪᠤᠷᠠᠨ ᠲᠤᠰᠠᠯᠠᠬᠤ ᠪᠠᠷᠢᠮᠵᠢᠶ᠎ᠠ᠎ᠶᠢ ᠬᠥᠮᠥᠨ ᠳᠤᠮᠳᠠᠴᠢ᠎ᠪᠡᠷ ᠵᠢᠯ ᠳ᠋ᠤ 2 ᠲᠦᠮᠡᠨ ᠲᠥᠭᠥᠷᠢᠭ ᠬᠦᠷᠳᠡᠯ᠎ᠠ ᠳᠡᠭᠡᠭᠰᠢᠯᠡᠭᠦᠯᠵᠦ᠂ ᠪᠠᠰᠠ ᠬᠠᠷᠠᠭᠠᠯᠵᠠᠨ ᠬᠠᠮᠠᠭᠠᠯᠠᠭ᠍ᠴᠢ᠎ᠳᠦ ᠠᠰᠠᠷᠠᠨ ᠰᠤᠪᠢᠯᠠᠬᠤ ᠨᠥᠬᠥᠪᠦᠷᠢ ᠤᠯᠭᠤᠪᠠ᠃ ᠪᠦᠬᠦ ᠤᠷᠤᠨ᠎ᠤ ᠨᠡᠢᠳᠡ 23237 ᠵᠡᠮᠳᠡᠭ ᠬᠡᠦᠬᠡᠳ ᠦᠨᠳᠦᠰᠦᠨ ᠡᠷᠡᠬᠦᠯᠵᠢᠯ᠎ᠤᠨ ᠠᠪᠤᠷᠠᠨ ᠳᠤᠰᠠᠯᠠᠯᠳᠠ ᠵᠢ ᠬᠦᠷᠳᠡᠪᠡ᠃ ᠵᠡᠮᠳᠡᠭ ᠬᠡᠦᠬᠡᠳ᠎ᠤᠨ ᠬᠡᠷ ᠪᠦᠯᠢ ᠵᠢᠨ ᠳᠠᠷᠤᠭᠠᠰᠤ᠎ᠶᠢ ᠲᠠᠰᠤᠷᠠᠯᠲᠠ ᠦᠭᠡᠢ ᠬᠥᠩᠭᠡᠷᠡᠭᠦᠯᠵᠦ᠂ ᠡᠮ ᠡᠮᠨᠡᠯᠭᠡ᠎ᠶᠢᠨ ᠳᠠᠭᠠᠳᠬᠠᠯ᠎ᠤᠨ ᠲᠣᠭᠠᠴᠠᠭ᠎ᠠ ᠪᠠ ᠡᠷᠡᠭᠦᠯᠵᠢᠯ᠎ᠦᠨ ᠨᠥᠬᠥᠪᠦᠷᠢ᠎ᠶᠢ ᠤᠶᠠᠯᠳᠤᠭᠤᠯᠬᠤ ᠵᠠᠭᠪᠤᠷ᠎ᠤᠨ ᠰᠢᠨ᠎ᠡ᠎ᠶᠢ ᠡᠭᠦᠳᠴᠦ᠂ 0 ︱ 14 ᠪᠦᠬᠦᠯᠢ ᠨᠠᠰᠤᠨ᠎ᠤ ᠳᠠᠭᠠᠳᠬᠠᠯ᠎ᠳᠤ ᠣᠷᠣᠯᠴᠠᠭᠰᠠᠨ ᠵᠡᠮᠳᠡᠭ ᠬᠡᠦᠬᠡᠳ᠎ᠦᠨ ᠡᠮᠨᠡᠯᠭᠡ᠎ᠳᠦ ᠰᠠᠭᠤᠵᠤ ᠡᠷᠡᠭᠦᠯᠵᠢᠭᠦᠯᠬᠦ ᠡᠮᠴᠢᠯᠡᠭᠡ᠎ᠳᠦ 《ᠡᠳᠦᠷ᠎ᠢᠶᠡᠷ ᠳᠤᠭᠠᠴᠠᠭ᠎ᠠ ᠬᠢᠬᠦ》 ᠵᠢ ᠬᠡᠷᠡᠭᠵᠢᠭᠦᠯᠵᠦ᠂ ᠥᠪᠡᠰᠦᠪᠡᠨ ᠲᠥᠯᠥᠬᠦ ᠬᠠᠷᠢᠴᠠᠯ᠎ᠢ ᠶᠡᠬᠡ᠎ᠪᠡᠷ ᠪᠠᠭᠤᠷᠠᠭᠤᠯᠪᠠ᠃ ᠦᠢᠯᠡᠴᠢᠯᠡᠭᠡᠨ᠎ᠦ  ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠵᠡᠮᠳᠡᠭ ᠬᠡᠦᠬᠡᠳ᠎ᠦᠨ ᠡᠯ᠎ᠡ ᠲᠥᠷᠥᠯ᠎ᠦᠨ ᠴᠡᠭ ᠲᠣᠭᠲᠠᠭᠠᠭᠰᠠᠨ ᠡᠷᠡᠭᠦᠯᠵᠢᠭᠦᠯᠬᠦ ᠪᠠᠢᠭᠤᠯᠤᠮᠵᠢ᠎ᠵᠢ ᠵᠦᠪᠰᠢᠶᠡᠷᠡᠬᠦ ᠪᠠᠷᠢᠮᠵᠢᠶ᠎ᠠ᠎ᠶᠢ ᠲᠣᠳᠣᠷᠬᠠᠢᠯᠠᠨ᠂ 242 ᠴᠡᠭ ᠲᠣᠭᠲᠠᠭᠠᠭᠰᠠᠨ ᠪᠠᠢᠭᠤᠯᠤᠮᠵᠢ 103 ᠬᠣᠰᠢᠭᠤ ᠰᠢᠶᠠᠨ (ᠬᠣᠲᠠ᠂ ᠲᠣᠭᠣᠷᠢᠭ᠋) ᠢ᠋ ᠬᠠᠮᠤᠷᠴᠤ᠂ 《ᠡᠮᠴᠢᠯᠡᠭᠡ + ᠡᠷᠡᠭᠦᠯᠵᠢᠯ》 ᠢ᠋ ᠨᠢᠭᠡ ᠴᠣᠭᠴᠠᠵᠢᠭᠤᠯᠤᠭᠰᠠᠨ ᠦᠢᠯᠡᠴᠢᠯᠡᠭᠡ᠎ᠶᠢ ᠪᠡᠶᠡᠯᠡᠭᠦᠯᠦᠨ᠂ ᠡᠯ᠎ᠡ ᠲᠥᠷᠥᠯ᠎ᠦᠨ ᠥᠪᠡᠷ᠎ᠦᠨ ᠥᠷᠲᠡᠭ᠎ᠢ ᠠᠷᠪᠢᠯᠠᠬᠤ᠎ᠶᠢᠨ ᠬᠠᠮᠲᠤ ᠡᠷᠡᠭᠦᠯᠵᠢᠯ᠎ᠦᠨ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ ᠵᠡᠮᠳᠡᠭᠴᠤᠳ᠎ᠤᠨ ᠠᠵᠢᠯ ᠮᠡᠷᠬᠡᠵᠢᠯ᠎ᠤᠨ ᠴᠢᠳᠠᠪᠤᠷᠢ ᠵᠢ ᠳᠡᠬᠡᠭᠰᠢᠯᠡᠬᠦᠯᠵᠦ᠂ 59152 ᠵᠡᠮᠳᠡᠭᠴᠦᠳ᠎ᠲᠦ ᠠᠵᠢᠯ ᠮᠡᠷᠭᠡᠵᠢᠯ᠎ᠦᠨ ᠤᠷ᠎ᠠ ᠴᠢᠳᠠᠪᠤᠷᠢ ᠶ᠋ᠢᠨ ᠪᠣᠯᠪᠠᠰᠤᠷᠠᠯ ᠬᠦᠷᠳᠡᠬᠡᠵᠦ᠂ 51351 ᠬᠥᠮᠥᠨ᠎ᠳᠦ ᠰᠢᠨ᠎ᠡ ᠪᠡᠷ ᠠᠵᠢᠯ ᠣᠯᠭᠤᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号