ᠥᠪᠥᠷ ᠮᠣᠩᠭᠣᠯ ᠡᠬᠡ ᠤᠯᠤᠰ᠎ᠤᠨ ᠤᠮᠠᠷᠠᠲᠤ ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠭᠣᠣᠯ ᠣᠷᠣᠨ ᠪᠣᠯᠤᠭᠰᠠᠨ᠎ᠤ ᠬᠤᠪᠢ᠎ᠳᠤ᠂ ᠠᠮᠢ ᠠᠬᠤᠢ᠎ᠶᠢᠨ ᠪᠠᠢᠳᠠᠯ ᠨᠢ ᠤᠮᠠᠷᠠᠲᠤ ᠣᠷᠣᠨ᠂ ᠵᠡᠭᠦᠨ ᠬᠣᠢᠲᠤ ᠣᠷᠣᠨ ᠴᠢᠨᠠᠭᠰᠢᠯᠠᠪᠠᠯ ᠪᠦᠬᠦ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠲᠠᠢ ᠬᠣᠯᠪᠣᠭᠳᠠᠵᠤ᠂ ᠳᠤᠮᠳᠠᠳᠤ᠎ᠶᠢᠨ ᠦᠨᠳᠦᠰᠦᠲᠡᠨ᠎ᠦ ᠥᠨᠢᠳᠡ᠎ᠶᠢᠨ ᠦᠷᠭᠦᠯᠵᠢᠯᠡᠬᠦᠢᠴᠡ ᠬᠥᠭᠵᠢᠯᠲᠡ᠎ᠲᠠᠢ ᠬᠣᠯᠪᠣᠭᠳᠠᠵᠣ ᠪᠠᠢᠳᠠᠭ᠃ ᠥᠪᠥᠷ ᠮᠣᠩᠭᠣᠯ᠎ᠢ ᠮᠠᠨ ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠭᠠᠨ ᠪᠦᠲᠦᠭᠡᠨ ᠪᠠᠶ᠋ᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ ᠤᠨ ᠤᠯᠤᠰ᠎ᠤᠨ ᠬᠦᠭᠵᠢᠯᠳᠡ ᠵᠢᠨ ᠪᠦᠬᠦ ᠲᠠᠯ᠎ᠠ ᠡᠴᠡ ᠦᠪᠦᠷ ᠮᠤᠡᠭᠭᠤᠯ᠎ᠳᠤ ᠦᠭᠬᠦᠭᠰᠡᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠂ ᠦᠪᠦᠷ ᠮᠤᠡᠭᠭᠤᠯ᠎ᠤᠨ ᠡᠷᠭᠡᠪᠰᠢ ᠯᠠᠪᠳᠠᠭᠤᠨ ᠪᠠᠳᠤᠳᠠᠢ ᠡᠬᠦᠷᠭᠡᠯᠡᠵᠤ ᠨᠠᠷᠢᠨ ᠬᠢᠨᠠᠮᠠᠭᠠᠢ ᠬᠦᠢᠴᠡᠳᠭᠡᠬᠦ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ ᠪᠤᠯᠤᠨ᠎ᠠ᠃ ᠲᠦᠷᠦᠭᠦᠬᠡᠨ ᠬᠤᠷᠠᠯᠳᠤᠬᠰᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠠᠴᠠ ᠲᠠᠬᠢᠨᠳᠠ ᠲᠥᠯᠦᠪᠵᠢᠭᠦᠯᠭᠡ ᠪᠠᠢᠷᠢᠯᠠᠭᠤᠯᠤᠯᠲᠠ ᠬᠢᠵᠦ᠂ 《ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠵᠦ᠂ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠨᠡᠮᠡᠭᠳᠡᠭᠦᠯᠬᠦ 》 ᠠᠵᠢᠯ᠎ᠢ ᠦᠷᠭᠦᠯᠵᠢᠯᠡᠨ ᠴᠢᠡᠭᠭᠠᠳᠬᠠᠬᠣ ᠳᠣᠬᠠᠢ ᠳᠣᠷᠠᠳᠴᠠᠢ᠃
《ᠠᠷᠪᠠᠨ ᠲᠦᠷᠪᠡᠳᠦᠬᠡᠷ ᠲᠠᠪᠤᠨ ᠵᠢᠯ》᠎ᠤᠨ ᠲᠦᠯᠦᠪᠵᠢᠬᠦᠯᠬᠡ ᠵᠢᠨ ᠬᠤᠭᠤᠴᠠᠭᠠᠨ᠎ᠳᠤ ᠦᠪᠦᠷ ᠮᠤᠡᠭᠭᠤᠯ᠎ᠤᠨ ᠮᠠᠨ ᠤ᠋ ᠤᠯᠤᠰ᠎ᠤᠨ ᠤᠮᠠᠷᠠᠲᠤ ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠄ 2025 ᠣᠨ᠎ᠤ ᠳᠡᠭᠡᠷ᠎ᠡ ᠬᠠᠭᠠᠰ ᠵᠢᠯ ᠪᠣᠯᠲᠠᠯ᠎ᠠ ᠨᠢᠭᠡᠨᠲᠡ 1551.6 ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠢ᠎ᠶᠢᠨ ᠵᠠᠰᠠᠯᠲᠠ᠎ᠶᠢ ᠪᠡᠶᠡᠯᠡᠭᠦᠯᠵᠦ ᠂ ᠪᠠᠳᠠᠢ᠎ᠶᠢᠨ ᠵᠢᠷᠠᠨ ᠪᠣᠯᠣᠨ ᠲᠡᠭᠷᠢ ᠡᠯᠡᠰᠦ᠎ᠶᠢ ᠡᠮᠵᠢᠶᠡᠷᠢᠯᠡᠭᠰᠡᠨ ᠤᠢ ᠰᠢᠭᠤᠢ ᠡᠪᠡᠰᠦ ᠪᠡᠯᠴᠢᠭᠡᠷ᠎ᠦᠨ ᠪᠦᠰᠡ᠎ᠶᠢ ᠠᠮᠵᠢᠯᠲᠠ᠎ᠲᠠᠢ ᠨᠡᠢᠯᠡᠭᠦᠯᠪᠡ᠃ 3.8 ᠳ᠋ᠦᠩᠰᠢᠭᠤᠷ ᠮᠦ᠍ᠭᠠᠵᠠᠷ ᠲᠦ᠍ ᠪᠡᠯᠴᠢᠭᠡᠷᠯᠡᠭᠦᠯᠬᠦ᠎ᠶᠢ ᠵᠣᠭᠰᠣᠭᠠᠬᠣ ᠪᠠ 5.9 ᠳ᠋ᠦᠩᠰᠢᠭᠤᠷ ᠮᠦ᠍ ᠭᠠᠵᠠᠷ ᠲᠦ᠍ ᠮᠠᠯ ᠪᠡᠯᠴᠢᠭᠡᠷ ᠢ ᠲᠡᠩᠴᠡᠭᠦᠷᠢ᠎ᠲᠠᠢ ᠪᠠᠢᠯᠭᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠳᠦᠷᠢᠮ᠎ᠡᠴᠡ ᠵᠥᠷᠢᠴᠡᠨ ᠪᠡᠯᠴᠢᠭᠡᠷᠯᠡᠭᠦᠯᠦᠭᠰᠡᠨ ᠨᠣᠷᠮ᠎ᠠ ᠵᠢ 4.5% ᠪᠣᠯᠲᠠᠯ᠎ᠠ ᠪᠠᠭᠤᠷᠠᠭᠤᠯᠪᠠ᠃ ᠬᠥᠯᠥᠨ ᠨᠠᠭᠤᠷ᠂ ᠤᠯᠠᠭᠠᠨᠰᠤᠬᠠᠢ ᠨᠠᠭᠤᠷ᠂ ᠲᠠᠭ᠎ᠠ᠎ᠶᠢᠨ ᠨᠠᠭᠤᠷ᠎ᠤᠨ ᠠᠮᠢ ᠠᠬᠤᠢ ᠲᠣᠭᠲᠠᠭᠤᠨ᠎ᠢᠶᠠᠷ ᠰᠠᠢᠵᠢᠷᠠᠵᠤ᠂ ᠪᠥᠬᠥ ᠣᠷᠣᠨ᠎ᠤ PM 2.5 ᠶᠢᠨ ᠥᠳᠬᠡᠴᠡ ᠠᠳᠠᠯᠢ ᠬᠤᠭᠤᠴᠠᠭᠠᠨ᠎ᠤ ᠬᠢ᠎ᠡᠴᠡ 11.1%᠎ᠪᠠᠷ ᠪᠠᠭᠤᠷᠠᠵᠤ᠂ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ 87.8%᠎ᠳᠤ ᠬᠥᠷᠪᠡ᠃ ᠡᠲᠡᠭᠡᠷ ᠯᠠᠪᠳᠠᠭᠤᠨ ᠪᠠᠲᠤᠲᠠᠢ ᠠᠬᠢᠴᠠ ᠨᠢ ᠮᠠᠨ᠎ᠤ ᠤᠯᠤᠰ᠎ᠤᠨ ᠤᠮᠠᠷᠠᠲᠤ ᠶᠢᠨ ᠠᠮᠢ ᠠᠬᠤᠢ᠎ᠶᠢᠨ ᠠᠮᠤᠷ ᠲᠦᠪᠰᠢᠨ ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ ᠢᠳᠡᠷᠡᠭᠦᠨ ᠠᠯᠬᠤᠭᠠᠠᠯᠬᠤᠵᠤ᠂ 《ᠦᠵᠡᠰᠬᠦᠯᠡᠩᠲᠦ ᠰᠠᠢᠬᠠᠨ ᠳᠤᠮᠳᠠᠳᠤ ᠤᠯᠤᠰ ᠤᠨ ᠥᠪᠥᠷ ᠮᠣᠩᠭᠣᠯ᠎ᠤᠨ ᠥᠯᠢᠭᠡᠷ ᠬᠡᠪ》 ᠳᠠᠢᠰᠢ ᠲᠣᠭᠲᠠᠭᠤᠨ᠎ᠢᠶᠠᠷ ᠤᠷᠤᠭᠰᠢᠯᠠᠵᠤ ᠪᠠᠢᠬᠤ᠎ᠶᠢ ᠬᠠᠷᠠᠭᠤᠯᠵᠤ ᠪᠠᠢᠨ᠎ᠠ᠃
ᠲᠡᠦᠬᠡ᠎ᠶᠢᠨ ᠰᠢᠨ᠎ᠡ ᠭᠠᠷᠤᠭ᠎ᠠ ᠳᠡᠭᠡᠷ᠎ᠡ ᠮᠠᠨ ᠤ᠋ ᠣᠯᠣᠰ ᠤ᠋ᠨ ᠤᠮᠠᠷᠠᠲᠤ ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢ ᠴᠢᠨᠠᠭᠰᠢᠳᠠ ᠰᠢᠰᠲᠧᠮ᠎ᠲᠠᠢ ᠲᠥᠯᠥᠪᠵᠢᠭᠦᠯᠬᠦ᠎ᠶᠢᠨ ᠬᠠᠮᠲᠤ ᠯᠠᠪᠳᠠᠭᠤᠨ ᠪᠠᠲᠤᠲᠠᠢ ᠠᠬᠢᠭᠤᠯᠬᠤ ᠨᠢ ᠨᠢᠭᠡ ᠵᠦᠢᠯ ᠦᠨ ᠴᠢᠬᠤᠯᠠ ᠶᠡᠬᠡ ᠠᠮᠢ ᠠᠬᠤᠢ᠎ᠶᠢᠨ ᠢᠨᠵᠧᠨᠧᠷᠢᠩ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠪᠦᠬᠦ ᠲᠠᠯ᠎ᠠ᠎ᠳᠤ ᠬᠣᠯᠪᠣᠭᠳᠠᠬᠤ᠂ ᠠᠯᠤᠰ ᠬᠡᠳᠤ᠎ᠳᠦ ᠠᠰᠢᠭ᠍ᠲᠠᠢ ᠪᠠᠢᠯᠳᠤᠬᠤ ᠪᠣᠳᠣᠯᠭ᠎ᠠ᠎ᠶᠢᠨ ᠡᠭᠦᠷᠭᠡ ᠪᠣᠯᠣᠨ᠎ᠠ᠃
ᠦᠵᠦ ᠲᠥᠯᠥᠪᠯᠡᠭᠡ ᠶᠢ ᠭᠦᠨᠵᠡᠭᠡᠢᠷᠡᠭᠦᠯᠵᠦ᠂ ᠰᠢᠰᠲᠧᠮᠴᠢᠯᠡᠭᠰᠡᠨ ᠵᠠᠰᠠᠯᠲᠠ᠎ᠶᠢᠨ ᠰᠢᠨ᠎ᠡ ᠪᠠᠢᠷᠢᠰᠢᠯ᠎ᠢ ᠪᠦᠷᠢᠯᠳᠦᠬᠦᠯᠬᠦ ᠬᠡᠷᠡᠭᠳᠡᠢ᠃ ᠠᠮᠢ ᠠᠬᠤᠢ᠎ᠶᠢᠨ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢ ᠤᠯᠤᠰ ᠪᠣᠯᠣᠨ ᠣᠷᠣᠨ ᠪᠦᠰᠡ᠎ᠶᠢᠨ ᠬᠥᠭᠵᠢᠯᠲᠡ᠎ᠶᠢᠨ ᠶᠡᠷᠦᠩᠬᠡᠢ ᠪᠠᠢᠷᠢᠰᠢᠭᠤᠯᠤᠯᠳᠠ ᠲᠠᠢ ᠭᠦᠨᠵᠡᠭᠡᠢ ᠠᠭᠤᠰᠤᠯᠴᠠᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ ᠬᠢᠭᠡᠳ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠵᠣᠬᠢᠴᠠᠯᠳᠤᠨ ᠠᠬᠢᠬᠤ ᠵᠢ ᠪᠡᠶᠡᠯᠡᠭᠦᠯᠬᠦ ᠬᠡᠷᠡᠭᠲᠡᠢ᠃ ᠨᠢᠭᠡ᠎ᠳᠦ᠂ ᠲᠥᠯᠦᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠣᠷᠣᠨ ᠵᠠᠢ᠎ᠶᠢᠨ ᠬᠣᠷᠢᠭ᠎ᠠ ᠱᠤᠭᠤᠮ᠎ᠢ ᠪᠠᠲᠤ ᠴᠣᠭᠴᠠᠯᠠᠬᠤ ᠬᠡᠷᠡᠭᠲᠡᠢ᠃ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠂ ᠦᠨᠢᠳᠡ᠎ᠶᠢᠨ ᠦᠨᠳᠦᠰᠦᠨ ᠲᠠᠷᠢᠶᠠᠨ ᠭᠠᠵᠠᠷ ᠂ ᠬᠣᠲᠠ ᠪᠠᠯᠭᠠᠰᠤᠨ᠎ᠤ ᠨᠡᠭᠡᠭᠡᠨ ᠬᠥᠭᠵᠢᠭᠦᠯᠦᠯᠲᠡ᠎ᠶᠢᠨ ᠵᠠᠭᠠᠭ ᠬᠢᠵᠠᠭᠠᠷ ᠵᠡᠷᠭᠡ 《ᠭᠤᠷᠪᠠᠨ ᠵᠠᠭᠠᠭ ᠱᠤᠭᠤᠮ》 ᠢ ᠴᠢᠩᠭ᠎ᠠ ᠨᠠᠢᠳᠠᠪᠤᠷᠢᠵᠢᠭᠤᠯᠵᠤ᠂ ᠠᠮᠢ ᠠᠬᠤᠢ᠎ᠶᠢᠨ ᠴᠢᠳᠠᠪᠬᠢᠳᠣ ᠲᠣᠭᠣᠷᠢᠭ᠋᠎ᠢ ᠲᠣᠳᠣᠷᠬᠠᠢᠯᠠᠵᠤ᠂ ᠠᠮᠢ ᠠᠬᠤᠢ᠎ᠶᠢᠨ ᠣᠷᠣᠨ ᠵᠠᠢ᠎ᠶᠢ ᠵᠠᠭᠠᠭᠯᠠᠨ ᠲᠣᠭᠲᠠᠭᠠᠬᠤ᠎ᠶᠢᠨ ᠬᠠᠮᠲᠤ ᠴᠢᠩᠭ᠎ᠠ ᠰᠠᠬᠢᠵᠤ᠂ ᠴᠢᠬᠤᠯᠠ ᠠᠮᠢ ᠠᠬᠤᠢ᠎ᠶᠢᠨ ᠣᠷᠣᠨ ᠪᠦᠰᠡ᠎ᠶᠢᠨ ᠲᠠᠯᠠᠪᠠᠢ᠎ᠶᠢ ᠪᠠᠭᠠᠰᠬᠠᠬᠤ ᠦᠭᠡᠢ᠂ ᠴᠢᠳᠠᠪᠬᠢ᠎ᠶᠢ ᠪᠠᠭᠤᠷᠠᠭᠤᠯᠬᠤ ᠦᠭᠡᠢ ᠂ ᠰᠢᠨᠵᠢ ᠴᠢᠨᠠᠷ᠎ᠢ ᠬᠤᠪᠢᠷᠠᠭᠤᠯᠬᠤ ᠦᠭᠡᠢ ᠪᠠᠢᠬᠤ᠎ᠶᠢ ᠪᠠᠲᠤᠯᠠᠬᠤ ᠬᠡᠷᠡᠭᠳᠡᠢ᠃ ᠬᠣᠶᠠᠷ᠎ᠲᠤ᠂ ᠬᠠᠤᠯᠢ ᠪᠡᠷ ᠵᠠᠰᠠᠬᠤᠪᠠᠲᠤᠯᠠᠭᠠᠶᠢ ᠴᠢᠩᠭᠠᠳᠬᠠᠵᠤ᠂ ᠪᠠᠷᠢᠮᠵᠢᠶ᠎ᠠ᠎ᠶᠢᠨ ᠰᠢᠰᠲᠧᠮ᠎ᠢ ᠲᠡᠭᠦᠯᠳᠡᠷᠵᠢᠭᠦᠯᠬᠦ ᠬᠡᠷᠡᠭᠲᠡᠢ᠃ ᠨᠤᠲᠤᠭ ᠪᠡᠯᠴᠢᠭᠡᠷ᠂ ᠣᠶ ᠰᠢᠭᠤᠢ᠂ ᠭᠣᠣᠯ ᠮᠥᠷᠡᠨ ᠂ ᠨᠠᠭᠤᠷ ᠴᠥᠭᠥᠷᠥᠮ ᠂ ᠨᠤᠭᠤ ᠭᠠᠵᠠᠷ ᠵᠡᠷᠭᠡ ᠠᠳᠠᠯᠢ ᠪᠤᠰᠤ ᠠᠮᠢ ᠠᠬᠤᠢ᠎ᠶᠢᠨ ᠰᠢᠰᠲᠧᠮ᠎ᠦᠨ ᠣᠨᠴᠠᠯᠢᠭ᠋᠎ᠲᠤ ᠴᠢᠭᠯᠡᠭᠦᠯᠦᠨ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠬᠠᠮᠠᠭᠠᠯᠠᠬᠤ ᠪᠠᠷᠢᠮᠵᠢᠶ᠎ᠠ ᠪᠠ ᠬᠢᠨᠠᠨ ᠬᠠᠮᠢᠶᠠᠷᠬᠤ ᠨᠢᠬᠳᠠ ᠴᠢᠩᠭ᠎ᠠ ᠠᠷᠭ᠎ᠠ ᠬᠡᠮᠵᠢᠶ᠎ᠡ ᠲᠣᠭᠲᠠᠭᠠᠵᠤ ᠂ ᠠᠮᠢ ᠠᠬᠤᠢ᠎ᠶᠢᠨ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠳᠤ ᠪᠠᠲᠤ ᠪᠡᠬᠢ ᠬᠠᠤᠯᠢ᠎ᠶᠢᠨ ᠪᠠᠲᠤᠯᠠᠭ᠎ᠠ ᠬᠠᠩᠭᠠᠬᠤ ᠬᠡᠷᠡᠭᠳᠡᠢ᠃ ᠭᠤᠷᠪᠠ᠎ᠳᠤ ᠂ ᠬᠠᠮᠵᠢᠯᠴᠠᠬᠤ ᠲᠣᠭᠲᠠᠴᠠ᠎ᠶᠢᠨ ᠰᠢᠨ᠎ᠡ᠎ᠶᠢ ᠡᠭᠦᠳᠴᠦ ᠂ ᠵᠠᠰᠠᠯᠲᠠ᠎ᠶᠢᠨ ᠬᠠᠮᠲᠤ᠎ᠶᠢᠨ ᠬᠦᠴᠦᠨ᠎ᠢ ᠨᠢᠭ᠍ᠲᠠᠷᠠᠭᠤᠯᠬᠤ ᠬᠡᠷᠡᠭᠲᠡᠢ᠃ ᠲᠥᠪ᠎ᠡᠴᠡ ᠨᠢᠭᠡᠳᠦᠯᠲᠡᠢ ᠲᠥᠯᠥᠪᠵᠢᠭᠦᠯᠬᠦ ᠂ ᠮᠤᠵᠢ ᠣᠷᠣᠨ ᠶᠡᠷᠦᠩᠬᠡᠢᠯᠡᠨ ᠬᠠᠷᠢᠭᠤᠴᠠᠬᠤ᠂ ᠬᠣᠲᠠ ᠰᠢᠶᠠᠨ ᠨᠠᠢᠳᠠᠪᠤᠷᠢᠵᠢᠭᠤᠯᠬᠤ᠎ᠶᠢ ᠠᠳᠬᠤᠬᠤ ᠠᠵᠢᠯ᠎ᠤᠨ ᠲᠣᠭᠲᠠᠴᠠ᠎ᠶᠢ ᠪᠠᠢᠭᠤᠯᠵᠤ᠂ ᠥᠪᠥᠷ ᠮᠣᠩᠭᠣᠯ ᠬᠢᠭᠡᠳ ᠬᠥᠷᠰᠢ ᠵᠡᠷᠭᠡᠯᠡᠳᠡᠭᠡ ᠮᠤᠵᠢ ᠣᠷᠣᠨ᠎ᠤ ᠰᠠᠪᠠ ᠭᠠᠵᠠᠷ᠎ᠢ ᠵᠠᠰᠠᠬᠤ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠂ ᠠᠭᠠᠷ ᠮᠠᠨᠳᠠᠯ᠎ᠢ ᠬᠣᠯᠪᠤᠭᠠᠯᠠᠨ ᠰᠡᠷᠭᠡᠢᠯᠡᠨ ᠡᠵᠡᠮᠳᠡᠬᠦ ᠵᠡᠷᠭᠡ ᠲᠠᠯ᠎ᠠ᠎ᠪᠠᠷ ᠬᠢ ᠬᠠᠮᠵᠢᠯᠴᠠᠭ᠎ᠠ᠎ᠪᠠᠨ ᠴᠢᠩᠭᠠᠳᠬᠠᠵᠤ᠂ ᠵᠠᠰᠠᠭ ᠵᠠᠬᠢᠷᠭᠠᠨ᠎ᠤ ᠪᠡᠬᠢᠯᠡᠯᠲᠡ᠎ᠶᠢ ᠡᠪᠳᠡᠵᠦ᠂ ᠪᠥᠬᠥ ᠲᠠᠯ᠎ᠠ᠎ᠶᠢᠨ ᠵᠠᠰᠠᠯᠲᠠ᠎ᠶᠢᠨ ᠨᠢᠭᠡᠳᠦᠮᠡᠯ ᠬᠦᠴᠦᠨ᠎ᠢ ᠪᠠᠢᠭᠤᠯᠬᠤ ᠬᠡᠷᠡᠭᠳᠡᠢ᠃
ᠠᠮᠢ ᠠᠬᠤᠢ᠎ᠶᠢᠨ ᠵᠠᠰᠠᠯᠲᠠ᠎ᠶᠢᠨ ᠰᠢᠰᠲᠧᠮ᠎ᠢ ᠪᠦᠷᠢᠨᠰᠢᠭᠦᠯᠵᠦ᠂ ᠣᠷᠳᠣ᠌ ᠬᠤᠭᠤᠴᠠᠭᠠᠨ᠎ᠤ ᠪᠦᠲᠦᠮᠵᠢᠲᠡᠶ ᠪᠠᠲᠤᠯᠠᠭ᠎ᠠ᠎ᠶᠢᠨ ᠲᠣᠭᠲᠠᠴᠠ᠎ᠶᠢ ᠪᠡᠬᠢᠵᠢᠭᠦᠯᠬᠦ ᠬᠡᠷᠡᠭᠳᠡᠢ᠃ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ᠎ᠶᠢᠨ ᠲᠠᠪᠴᠠᠩ ᠪᠠᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠡᠩᠨᠡᠭᠡ ᠪᠠᠢᠭᠤᠯᠵᠤ᠂ ᠮᠤᠵᠢ ᠣᠷᠣᠨ ᠳᠠᠮᠵᠢᠭ᠍ᠰᠠᠨ ᠠᠮᠢ ᠠᠬᠤᠢ᠎ᠶᠢᠨ ᠨᠥᠬᠥᠪᠦᠷᠢ᠎ᠶᠢᠨ ᠲᠣᠭᠲᠠᠴᠠ᠎ᠶᠢ ᠪᠠᠶ᠋ᠢᠭᠤᠯᠬᠤ᠎ᠶᠢ ᠠᠬᠢᠭᠤᠯᠬᠤ ᠬᠡᠷᠡᠭᠲᠡᠢ᠃ ᠠᠮᠢ ᠠᠬᠤᠢ᠎ᠶᠢ ᠰᠡᠷᠭᠦᠭᠡᠬᠦ ᠲᠠᠯ᠎ᠠ᠎ᠪᠠᠷ᠂ ᠨᠤᠲᠤᠭ ᠪᠡᠯᠴᠢᠭᠡᠷ᠎ᠦᠨ ᠣᠷᠣᠨ᠎ᠳᠤ ᠬᠦᠷᠢᠶᠡᠯᠡᠨ ᠬᠠᠰᠢᠶᠠᠯᠠᠨ ᠲᠡᠵᠢᠭᠡᠬᠦ᠂ ᠬᠥᠮᠥᠨ᠎ᠦ ᠬᠦᠴᠦ᠎ᠪᠡᠷ ᠡᠪᠡᠰᠦ ᠲᠠᠷᠢᠬᠤ ᠪᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ᠎ᠶᠢ ᠬᠢᠨᠠᠨ ᠬᠡᠮᠵᠢᠵᠤ ᠬᠡᠷᠡᠭᠵᠢᠭᠦᠯᠬᠦ ᠬᠡᠷᠡᠭᠲᠡᠢ᠃ ᠣᠶ ᠰᠢᠭᠤᠢᠳᠣ ᠣᠷᠣᠨ᠎ᠳᠤ ᠠᠷᠠᠴᠢᠯᠠᠨ ᠪᠣᠢᠵᠢᠭᠤᠯᠵᠤ ᠠᠯᠠᠭᠯᠠᠨ ᠲᠠᠷᠢᠬᠤ ᠪᠠ ᠨᠤᠲᠤᠭ᠎ᠤᠨ ᠮᠣᠳᠣ᠌ ᠲᠠᠷᠢᠬᠤ ᠨᠥᠬᠥᠵᠦ ᠲᠠᠷᠢᠬᠤ᠎ᠶᠢ ᠠᠬᠢᠭᠤᠯᠬᠤ ᠬᠡᠷᠡᠭᠲᠡᠢ᠃ ᠡᠯᠡᠰᠦᠷᠬᠡᠭ ᠣᠷᠣᠨ᠎ᠳᠤ ᠡᠪᠡᠰᠦᠨ ᠳᠦᠷᠪᠡᠯᠵᠢᠯᠡᠭᠡᠰᠦᠪᠠᠷ ᠡᠯᠡᠰᠦ᠎ᠶᠢ ᠲᠣᠭᠲᠠᠪᠤᠷᠢᠵᠢᠭᠤᠯᠬᠤ ᠪᠠ ᠪᠣᠳᠠ ᠮᠣᠳᠣ᠌᠎ᠶᠢᠨ ᠣᠢᠵᠢᠭᠤᠯᠤᠯᠲᠠ᠎ᠶᠢ ᠬᠠᠷᠢᠯᠴᠠᠨ ᠤᠶᠠᠯᠳᠤᠭᠤᠯᠤᠭᠰᠠᠨ ᠨᠡᠢᠯᠡᠮᠡᠯ ᠵᠠᠰᠠᠯᠲᠠ᠎ᠶᠢᠨ ᠵᠠᠭᠪᠤᠷ᠎ᠢ ᠳᠡᠯᠭᠡᠷᠡᠭᠦᠯᠬᠦ ᠬᠡᠷᠡᠭᠳᠡᠢ᠃ ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ᠎ᠶᠢᠨ ᠲᠠᠯ᠎ᠠ᠎ᠪᠠᠷ᠂ ᠤᠰᠤ ᠲᠠᠲᠠᠬᠤ ᠬᠢᠨᠠᠨ ᠵᠥᠪᠰᠢᠶᠡᠷᠡᠯ᠎ᠢ ᠴᠢᠩᠳᠠᠯᠠᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠤᠨᠤᠭ ᠲᠥᠬᠦᠭᠡᠷᠦᠮᠵᠢ᠎ᠶᠢ ᠳᠡᠯᠭᠡᠷᠡᠭᠦᠯᠦᠨ᠂ ᠭᠣᠣᠯ ᠮᠥᠷᠡᠨ ᠨᠠᠭᠤᠷᠴᠦᠬᠦᠷᠦᠮ ᠤᠨ ᠠᠮᠢ ᠠᠬᠤᠢ᠎ᠶᠢᠨ ᠬᠠᠮᠢᠶᠠᠷᠤᠯᠲᠠ ᠡᠵᠡᠮᠳᠡᠯ᠎ᠢ ᠴᠢᠡᠭᠭᠠᠷᠠᠭᠤᠯᠬᠤ ᠬᠡᠷᠡᠭᠲᠡᠢ᠃ ᠠᠵᠤ ᠦᠢᠯᠡᠰ᠎ᠦᠨ ᠬᠥᠭᠵᠢᠯᠲᠡ᠎ᠶᠢᠨ ᠲᠠᠯ᠎ᠠ᠎ᠪᠠᠷ᠂ ᠰᠢᠨ᠎ᠡ ᠡᠨᠧᠷᠭᠢ᠎ᠶᠢᠨ ᠲᠥᠷᠥᠯ ᠵᠦᠢᠯ ᠢ ᠵᠣᠬᠢᠰᠲᠠᠢ ᠪᠠᠢᠷᠢᠰᠢᠭᠤᠯᠵᠤ᠂ ᠣᠷᠭᠠᠨᠢᠭ᠋ ᠮᠠᠯ ᠠᠵᠤ ᠠᠬᠤᠢ ᠪᠣᠯᠣᠨ ᠠᠮᠢ ᠠᠬᠤᠢ᠎ᠶᠢᠨ ᠵᠢᠭᠤᠯᠴᠢᠯᠠᠯ᠎ᠢ ᠲᠡᠳᠬᠦᠨ᠂ ᠣᠶ ᠰᠢᠭᠤᠢ ᠡᠪᠡᠰᠦᠪᠡᠯᠴᠢᠬᠡᠷᠤᠨ ᠨᠡᠭᠦᠷᠡᠰᠦᠲᠥ᠋ᠷᠥᠭᠴᠢ᠎ᠶᠢ ᠰᠢᠩᠭᠡᠬᠡᠨ ᠠᠪᠴᠤ ᠨᠡᠭᠡᠭᠡᠨ ᠬᠥᠭᠵᠢᠭᠦᠯᠬᠦ᠎ᠶᠢ ᠬᠠᠢᠨ ᠰᠦᠪᠡᠭᠴᠢᠯᠡᠬᠦ ᠬᠡᠷᠡᠭᠲᠡᠢ᠃ ᠡᠭᠦᠨ᠎ᠦ ᠬᠠᠮᠲᠤ ᠠᠮᠢ ᠠᠬᠤᠢ᠎ᠶᠢᠨ ᠬᠢᠨᠠᠨ ᠬᠡᠮᠵᠢᠯᠲᠡ᠎ᠶᠢᠨ ᠲᠣᠣᠷ ᠪᠠᠢᠭᠤᠯᠵᠤ ᠂ ᠠᠮᠢ ᠠᠬᠤᠢ᠎ᠶᠢᠨ ᠲᠣᠮᠣ᠌ ᠳ᠋ᠠᠢᠲ᠋ᠠ᠎ᠶᠢᠨ ᠲᠠᠪᠴᠠᠩ ᠪᠠᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ ᠪᠠ ᠬᠠᠮᠲᠤᠷᠠᠯᠴᠠᠭ᠎ᠠ᠎ᠶᠢ ᠴᠢᠩᠭᠠᠳᠬᠠᠬᠤ ᠬᠡᠷᠡᠭᠳᠡᠢ᠃ ᠪᠠᠲᠤᠯᠠᠭ᠎ᠠ᠎ᠶᠢᠨ ᠲᠣᠭᠲᠠᠴᠠ᠎ᠶᠢᠨ ᠲᠠᠯ᠎ᠠ᠎ᠪᠠᠷ ᠂ ᠠᠮᠢ ᠠᠬᠤᠢ᠎ᠶᠢᠨ ᠬᠠᠮᠠᠭᠠᠯᠠᠯᠲᠠ᠎ᠶᠢ ᠺᠠᠳ᠋ᠷ᠎ᠤᠨ ᠬᠢᠨᠠᠨ ᠰᠢᠯᠭᠠᠯᠳᠠ᠎ᠳᠤ ᠣᠷᠣᠭᠤᠯᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠰᠠᠭᠤᠷᠢ ᠮᠥᠩᠭᠥ᠎ᠶᠢ ᠪᠠᠢᠭᠤᠯᠤᠨ᠂ ᠣᠯᠠᠨ ᠨᠡᠶ᠋ᠢᠲᠡ᠎ᠪᠠᠷ᠎ᠢᠶᠠᠨ ᠣᠷᠣᠯᠴᠠᠵᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠰᠠᠢᠨ ᠰᠠᠢᠬᠠᠨ ᠪᠠᠢᠳᠠᠯ᠎ᠢ ᠪᠣᠶ ᠪᠣᠯᠭᠠᠬᠣ ᠬᠡᠷᠡᠭᠳᠡᠢ᠃
( ᠵᠣᠬᠢᠶᠠᠭᠴᠢ ᠵᠢᠨ ᠬᠠᠶᠢᠭ ᠄ ᠦᠪᠦᠷ ᠮᠤᠩᠭᠤᠯ ᠤᠨ ᠶᠡᠬᠡ ᠰᠤᠷᠭᠠᠭᠤᠯᠢ ᠶ᠋ᠢᠨ ᠬᠠᠣᠯᠢ ᠵᠦᠢ ᠵᠢᠨ ᠳᠡᠭᠡᠳᠦ ᠰᠣᠷᠭᠠᠭᠣᠯᠢ )