ᠮᠠᠯ ᠤᠨᠤᠭ᠎ᠠ ᠶ᠋ᠢᠨ 《ᠠᠮᠤ ᠬᠦᠨᠡᠰᠦ》 ᠶ᠋ᠢ ᠭᠦᠢᠴᠡᠳ ᠪᠡᠯᠡᠳᠭᠡᠯ᠎ᠠ
2025-12-12 10:56:30
ᠵᠣᠬᠢᠶᠠᠭ᠍ᠴᠢ᠄
ᠯᠢ ᠹᠦ ᠯᠢᠤ ᠬᠠᠢ ᠲᠤᠤ
ᠣᠩᠱᠢᠭ᠍ᠰᠠᠨ ᠣᠳᠠᠭ᠎ᠠ᠄
★★★☆☆

ᠬᠦᠢᠳᠡᠨ ᠤ᠋ ᠡᠷᠴᠢ ᠴᠢᠩᠭᠠᠷᠠᠬᠤ ᠶ᠋ᠢ ᠳᠠᠭᠠᠯᠳᠤᠨ ᠮᠠᠯᠴᠢᠨ ᠲᠠᠷᠢᠶᠠᠴᠢᠳ ᠮᠠᠯ ᠤᠨᠤᠭ᠎ᠠ ᠪᠡᠨ ᠮᠡᠨᠳᠦ ᠤᠨᠳᠤᠷᠤᠭᠤᠯᠬᠤ ᠪᠡᠷ ᠡᠪᠡᠰᠦ ᠪᠤᠷᠳᠤᠭ᠎ᠠ ᠶ᠋ᠢ ᠴᠢᠳᠠᠬᠤ ᠶ᠋ᠢᠨ ᠲᠤᠳᠤᠷ᠎ᠠ ᠢᠯᠡᠭᠦᠦ ᠨᠦᠭᠡᠴᠡᠯᠡᠨ᠎ᠠ᠃ ᠤᠯᠠᠭᠠᠨᠬᠠᠳᠠ ᠬᠤᠳᠠ ᠶ᠋ᠢᠨ ᠯᠢᠨᠰᠢ ᠰᠢᠶᠠᠨ ᠤ᠋ ᠯᠢᠨᠰᠢ ᠪᠠᠯᠭᠠᠰᠦ ᠶ᠋ᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠰᠠᠯᠠᠭ᠎ᠠ ᠮᠦᠴᠢᠷ ᠤ᠋ᠨ ᠬᠢᠨ ᠯᠢᠨᠰᠢ ᠪᠠᠯᠭᠠᠰᠤ ᠶ᠋ᠢᠨ 5.6 ᠲᠦᠮᠡᠨ ᠮᠠᠯ ᠤᠨᠤᠭ᠎ᠠ ᠶ᠋ᠢ ᠮᠡᠨᠳᠦ ᠤᠨᠳᠤᠷᠤᠭᠤᠯᠬᠤ ᠶ᠋ᠢᠨ ᠲᠦᠯᠦᠭᠡ ᠡᠪᠡᠰᠦ ᠪᠤᠷᠳᠤᠭ᠎ᠠ ᠨᠦᠭᠡᠴᠡᠯᠡᠬᠦ ᠠᠵᠢᠯ ᠢ᠋ ᠡᠷᠳᠡ ᠡᠴᠡ ᠠᠳᠬᠤᠵᠤ ᠡᠷᠳᠡ ᠡᠴᠡ ᠪᠠᠢᠷᠢᠯᠠᠭᠤᠯᠵᠠᠢ᠃


QQ截图20251117161443.png


ᠰᠠᠷᠠᠪᠴᠢᠨ ᠳ᠋ᠡᠬᠢ ᠰᠠᠭᠠᠯᠢ ᠶ᠋ᠢᠨ ᠦᠨᠢᠶ᠎ᠠ


ᠯᠢᠨᠰᠢ ᠪᠠᠯᠭᠠᠰᠤ ᠶ᠋ᠢᠨ ᠴᠠᠩ ᠱᠧᠩ ᠲᠤᠰᠬᠤᠨ ᠤ᠋ ᠶᠠᠨ ᠴᠢᠩ ᠰᠠᠭᠠᠯᠢ ᠶ᠋ᠢᠨ ᠦᠨᠢᠶ᠎ᠠ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶ᠋ᠢᠨ ᠬᠦᠷᠢᠶ᠎ᠠ ᠳ᠋ᠤ ᠤᠷᠤᠪᠠᠯ᠂ ᠳᠤᠯᠠᠭᠠᠨ ᠰᠠᠷᠠᠪᠴᠢ ᠪᠤᠯᠤᠨ ᠫᠧᠩ ᠬᠤᠷᠤᠭ᠎ᠠ ᠶ᠋ᠢ ᠪᠠᠢᠴᠠᠭᠠᠨ ᠰᠡᠯᠪᠢᠬᠦ ᠠᠵᠢᠯ ᠠᠯᠢ ᠬᠡᠳᠦᠢᠨ ᠳᠠᠭᠤᠰᠴᠤ᠂ ᠡᠪᠡᠰᠦ ᠪᠤᠷᠳᠤᠭ᠎ᠠ ᠬᠦᠷᠢᠶ᠎ᠡ ᠳᠦᠭᠦᠷᠡᠩ ᠤᠪᠤᠭᠠᠯᠠᠰᠤᠳᠠᠢ ᠪᠠᠢᠯ᠎ᠠ᠃ 《ᠡᠨᠡ ᠵᠢᠯ ᠡᠪᠡᠰᠦ ᠪᠤᠷᠳᠤᠭ᠎ᠠ ᠶ᠋ᠢ ᠴᠤᠬᠤᠮ ᠭᠦᠢᠴᠡᠳ ᠨᠦᠭᠡᠴᠡᠯᠡᠵᠠᠢ᠃ ᠬᠦᠬᠡ ᠳᠠᠷᠤᠰᠢ 3600 ᠭᠠᠷᠤᠢ ᠳᠤᠨ᠂ ᠬᠦᠭᠡ ᠡᠪᠡᠰᠦ 160 ᠳᠤᠨ ᠨᠦᠭᠡᠴᠡᠯᠡᠵᠦ᠂ ᠡᠷᠳᠡᠨᠢ ᠰᠢᠰᠢ ᠶ᠋ᠢ ᠬᠡᠳᠦᠢ ᠬᠡᠷᠡᠭᠰᠡᠪᠡᠯ ᠬᠡᠳᠦᠢ ᠠᠪᠴᠤ ᠪᠠᠢᠨ᠎ᠠ》 ᠭᠡᠵᠦ ᠲᠤᠰᠬᠠᠢ ᠬᠤᠷᠰᠢᠶ᠎ᠠ ᠶ᠋ᠢᠨ ᠬᠠᠷᠢᠭᠤᠴᠠᠯᠭᠠᠳᠠᠨ ᠵᠠᠩ ᠶᠠᠨ ᠴᠢᠩ ᠬᠡᠯᠡᠨ᠎ᠠ᠃


QQ截图20250825102238.png


ᠨᠦᠭᠡᠴᠡ ᠡᠪᠡᠰᠦ


ᠤᠢᠯᠠᠭᠠᠭᠰᠠᠨ ᠶ᠋ᠢᠡᠷ᠂ ᠯᠢᠨᠰᠢ ᠪᠠᠯᠭᠠᠰᠤ ᠳ᠋ᠤ ᠤᠳᠤ 3 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ᠂ ᠰᠤᠯᠠ ᠪᠡᠷ ᠮᠠᠯ ᠮᠠᠯᠵᠢᠵᠤ ᠪᠠᠢᠭ᠎ᠠ 230 ᠭᠠᠷᠤᠢ ᠲᠠᠷᠢᠶᠠᠯᠠᠬᠤ ᠡᠷᠦᠬᠡ ᠲᠠᠢ ᠪᠠᠢᠵᠤ᠂ ᠡᠷᠬᠢᠨ ᠲᠤᠭᠤᠷᠢᠨ ᠤ᠋ ᠲᠠᠷᠢᠮᠠᠯ ᠤ᠋ᠨ ᠡᠬᠢ ᠪᠠᠶᠠᠯᠢᠭ ᠢ᠋ ᠭᠦᠢᠴᠡᠳ ᠠᠰᠢᠭᠯᠠᠨ ᠮᠠᠯ ᠤ᠋ᠨ ᠡᠪᠡᠰᠦ ᠪᠤᠷᠳᠤᠭ᠎ᠠ ᠳᠤᠳᠠᠭᠳᠠᠬᠤ ᠠᠰᠠᠭᠤᠳᠠᠯ ᠢ᠋ ᠰᠢᠢᠳᠪᠤᠷᠢᠯᠡᠵᠦ ᠪᠠᠢᠨ᠎ᠠ᠃ ᠤᠳᠤᠬᠠᠨ ᠳ᠋ᠤ ᠲᠤᠰ ᠪᠠᠯᠭᠠᠰᠦ ᠶ᠋ᠢᠨ ᠲᠠᠷᠢᠶᠠᠯᠠᠬᠤ ᠡᠷᠦᠬᠡ ᠨᠢᠭᠡᠨᠳᠡ 10 ᠲᠦᠮᠡᠨ ᠳᠤᠨ ᠤ᠋ ᠡᠪᠡᠰᠦ ᠪᠤᠷᠳᠤᠭ᠎ᠠ ᠨᠦᠭᠡᠴᠡᠯᠡᠵᠦ᠂ ᠮᠠᠯ ᠤᠨᠤᠭ᠎ᠠ ᠪᠡᠨ ᠮᠡᠨᠳᠦ ᠤᠨᠳᠤᠷᠤᠭᠤᠯᠬᠤ ᠪᠡᠯᠡᠳᠭᠡᠯ ᠢ᠋ ᠰᠠᠢᠳᠦᠷ ᠬᠢᠪᠡ᠃


QQ截图20251212105835.png


ᠡᠪᠡᠰᠦ ᠵᠥᠭᠡᠭᠡᠪᠦᠷᠢᠯᠡᠨ᠎ᠡ

ᠯᠢ ᠹᠦ   ᠯᠢᠤ ᠬᠠᠢ ᠲᠤᠤ   ᠰᠡᠭᠦᠳᠡᠷᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号