12 ᠰᠠᠷ᠎ᠠ᠎ᠶᠢᠨ 6 ᠤ᠋ ᠡᠳᠦᠷ᠂ 3 ᠡᠳᠦᠷ ᠤ᠋ᠨ ᠬᠤᠭᠤᠴᠠᠭ᠎ᠠ ᠲᠠᠢ ᠶᠠᠪᠤᠭᠳᠠᠭᠰᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ᠎ᠶᠢᠨ ᠰᠤᠷᠤᠭᠴᠢᠳ᠎ᠤᠨ ᠦᠢᠯᠡᠰ ᠪᠤᠰᠬᠠᠵᠤ ᠰᠢᠨ᠎ᠡ᠎ᠶᠢ ᠡᠭᠦᠳᠬᠦ᠌ ᠤᠷᠤᠯᠳᠤᠭᠠᠨ᠎ᠤ ᠥᠪᠥᠷ ᠮᠣᠩᠭᠣᠯ᠎ᠳ᠋ᠡᠬᠢ ᠰᠢᠯᠭᠠᠷᠠᠭᠤᠯᠬᠤ ᠤᠷᠤᠯᠳᠤᠭᠠᠨ ᠤᠯᠠᠭᠠᠨᠬᠠᠳᠠ ᠬᠣᠲᠠ᠎ᠳᠤ ᠥᠨᠳᠥᠷᠯᠡᠪᠡ᠃ ᠪᠦᠬᠦ᠌ ᠣᠷᠣᠨ᠎ᠤ 33 ᠲᠥᠷᠥᠯ ᠵᠦᠢᠯ ᠲᠤᠰ ᠤᠳᠠᠭᠠᠨ᠎ᠤ ᠤᠷᠤᠯᠳᠤᠭᠠᠨ᠎ᠳᠤ ᠣᠷᠣᠯᠴᠠᠵᠤ᠂ 3 ᠲᠥᠷᠥᠯ ᠵᠦᠢᠯ ᠨᠢᠭᠡᠳᠦᠭᠡᠷ ᠳᠡᠰ᠎ᠤᠨ ᠱᠠᠩᠨᠠᠯ ᠬᠦᠷᠲᠡᠪᠡ᠃
ᠣᠶ᠋ᠢᠯᠠᠭᠠᠭᠰᠠᠨ᠎ᠢᠶᠠᠷ᠂ ᠨᠢᠭᠡᠳᠦᠭᠡᠷ ᠳᠡᠰ᠎ᠤᠨ ᠱᠠᠩᠨᠠᠯ ᠬᠦᠷᠳᠡᠭᠰᠠᠨ 3 ᠲᠥᠷᠥᠯ ᠵᠦᠢᠯ ᠳᠦ᠂ ᠦᠬᠠᠶ ᠬᠣᠲᠠ ᠶᠢᠨ ᠮᠡᠷᠭᠡᠵᠢᠯ ᠦᠨ ᠠᠵᠢᠯᠴᠢᠨ ᠤ ᠰᠤᠷᠭᠠᠭᠤᠯᠢ᠎ᠶᠢᠨ ᠠᠦ᠋ᠲ᠋ᠤᠴᠢᠯᠠᠬᠰᠠᠨ ᠡᠪᠡᠰᠦ ᠳᠠᠷᠤᠵᠤ ᠡᠯᠡᠰᠦ ᠶᠢ ᠲᠣᠭᠲᠠᠪᠤᠷᠢᠵᠢᠭᠤᠯᠬᠤ ᠳᠥᠷᠪᠡᠯᠵᠢᠨ ᠬᠡᠯᠪᠡᠷᠢᠲᠦ᠍ ᠮᠠᠰᠢᠨ ᠲᠡᠷᠭᠡᠨ᠎ᠦ ᠲᠥᠷᠥᠯ ᠵᠦᠢᠯ᠂ ᠪᠤᠭᠤᠲᠤ᠎ᠶᠢᠨ ᠮᠠᠰᠲ᠋ᠸᠷ᠎ᠤᠨ ᠳᠡᠭᠡᠳᠦ ᠰᠤᠷᠭᠠᠭᠤᠯᠢ᠎ᠶᠢᠨ 《ᠲᠦᠷᠭᠡᠨ ᠬᠠᠶ᠋ᠢᠯᠤᠭᠤᠯᠬᠤ》 — ᠴᠢᠳᠬᠤᠮᠠᠯ ᠪᠣᠯᠣᠳᠢ ᠣᠶᠤᠨᠴᠢ ᠪᠠᠷ ᠬᠡᠷᠴᠢᠬᠦ᠌ ᠰᠢᠰᠲ᠋ᠧᠮ᠎ᠢ ᠰᠤᠳᠤᠯᠤᠨ ᠨᠡᠭᠡᠭᠡᠬᠦ᠌ ᠵᠢᠴᠢ ᠠᠵᠤ ᠦᠶ᠋ᠯᠡᠰᠵᠢᠯᠳᠡ ᠵᠢᠨ ᠲᠥᠷᠥᠯ ᠵᠦᠢᠯ᠂ ᠬᠥᠯᠥᠨ ᠪᠣᠶ᠋ᠢᠷ᠎ᠤᠨ ᠮᠠᠰᠲ᠋ᠸᠷ᠎ᠤᠨ ᠳᠡᠭᠡᠳᠦ ᠰᠤᠷᠭᠠᠭᠤᠯᠢ᠎ᠶᠢᠨ《ᠤᠷᠠᠨ ᠳᠠᠷᠬᠠᠨ ᠤ ᠬᠦᠴᠦ᠎ᠪᠡᠷ ᠮᠡᠷᠬᠡᠵᠢᠯ ᠤ᠋ᠨ ᠰᠢᠨ᠎ᠡ᠎ᠶᠢ ᠡᠭᠦᠳᠬᠦ》— ᠬᠤᠤᠰ ᠦᠢᠯᠡᠲᠤᠯ᠎ᠲᠤ ᠮᠠᠰᠢᠨ ᠤ᠋ ᠲᠣᠰᠣ᠎ᠶᠢ ᠲᠦᠷᠭᠡᠨ ᠭᠠᠳᠠᠭᠰᠢᠯᠠᠭᠤᠯᠬᠤ ᠲᠥᠬᠥᠭᠡᠷᠦᠮᠵᠢ᠎ᠶᠢᠨ ᠲᠥᠷᠥᠯ ᠵᠦᠢᠯ ᠵᠡᠷᠭᠡ ᠪᠣᠯᠤᠨ᠎ᠠ᠃ ᠲᠥᠷᠥᠯ ᠵᠦᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠨᠣᠷᠮ᠎ᠠ᠎ᠶᠢ ᠪᠦᠲᠦᠮᠵᠢᠲᠡᠶ ᠳᠡᠭᠡᠭᠰᠢᠯᠡᠭᠦᠯᠬᠦ᠌᠎ᠶᠢᠨ ᠲᠥᠯᠥᠭᠡ ᠲᠣᠰ ᠤᠳᠠᠭᠠᠨ᠎ᠤ ᠤᠷᠤᠯᠳᠤᠭᠠᠨ᠎ᠳᠤ ᠪᠠᠰᠠ ᠲᠥᠷᠥᠯ ᠵᠦᠢᠯ ᠬᠢᠭᠡᠳ ᠪᠡᠯᠡ ᠬᠥᠷᠥᠩᠭᠡ ᠶᠢ ᠵᠣᠯᠭᠠᠭᠤᠯᠬᠤ ᠬᠥᠭᠥᠷᠭᠡ᠎ᠶᠢ ᠲᠤᠰᠬᠠᠶ᠋ᠢᠯᠠᠨ ᠪᠠᠶ᠋ᠢᠭᠤᠯᠵᠤ᠂ ᠨᠢᠭᠡᠳᠦᠭᠡᠷ ᠳᠡᠰ᠎ᠤᠨ ᠱᠠᠩᠨᠠᠯ ᠬᠦᠷᠳᠡᠭᠰᠠᠨ ᠲᠥᠷᠥᠯ ᠵᠦᠢᠯ᠎ᠳᠦ ᠪᠠᠯᠠ ᠲᠣᠬᠢᠷᠠᠭᠤᠯᠬᠤ ᠲᠠᠪᠴᠠᠩ᠎ᠢ ᠵᠣᠯᠭᠠᠭᠤᠯᠬᠤ ᠦᠢᠯᠡᠴᠢᠯᠡᠬᠡ ᠬᠠᠩᠭᠠᠵᠤ᠂ ᠲᠤᠬᠠᠶ᠎ᠶᠢᠨ ᠲᠠᠯᠠᠪᠠᠶ᠎ᠳᠤ ᠰᠠᠨᠠᠮᠵᠢ᠎ᠶᠢᠨ ᠭᠡᠷ᠎ᠡ ᠲᠣᠭᠲᠠᠵᠠᠢ᠃
ᠲᠠᠨᠢᠯᠴᠠᠭᠤᠯᠤᠭᠰᠠᠨ᠎ᠢᠶᠡᠷ᠂ ᠲᠣᠰ ᠤᠳᠠᠭᠠᠨ᠎ᠤ ᠤᠷᠤᠯᠳᠤᠭᠠᠨ ᠨᠢ 《ᠤᠷ᠎ᠠ ᠮᠡᠷᠬᠡᠵᠢᠯ᠎ᠢᠶᠡᠷ ᠢᠷᠡᠭᠡᠳᠦᠶ᠎ᠪᠠᠨ ᠬᠡᠷᠠᠯᠲᠤᠬᠦᠯᠵᠤ ᠬᠤᠤᠰ ᠡᠭᠦᠳᠦᠯᠲᠡ᠎ᠪᠡᠷ ᠬᠦᠰᠡᠯ ᠵᠡᠭᠦᠳᠦ᠎ᠪᠡᠨ ᠲᠡᠷᠭᠡᠯᠰᠢᠭᠦᠯᠬᠦ᠌ 》 ᠪᠠᠷ ᠭᠤᠤᠯ ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠤᠯᠠᠭᠠᠨᠬᠠᠳᠠ ᠬᠣᠲᠠ᠎ᠶᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ ᠦᠨ ᠪᠠᠲᠤᠯᠠᠭ᠎ᠠ᠎ᠶᠢᠨ ᠲᠣᠪᠴᠢᠶ᠎ᠠ᠎ᠠᠴᠠ ᠡᠷᠭᠢᠯᠡᠪᠡ᠃ ᠤᠷᠤᠯᠳᠤᠭᠠᠨ᠎ᠳᠤ ᠣᠷᠣᠯᠴᠠᠭᠰᠠᠨ 33 ᠲᠥᠷᠥᠯ ᠵᠦᠢᠯ᠎ᠨᠢ ᠣᠶᠤᠨᠴᠢ ᠦᠢᠯᠡᠳᠬᠡᠯ᠂ ᠲᠣᠭᠠᠴᠢᠯᠠᠭᠰᠠᠨ ᠮᠡᠷᠭᠡᠵᠢᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠰᠣᠶᠣᠯ ᠤᠨ ᠪᠦᠲᠦᠭᠡᠯᠴᠢ ᠰᠡᠳᠬᠢᠮᠵᠢ ᠵᠡᠷᠭᠡ ᠣᠯᠠᠨ ᠭᠤᠤᠯᠳᠠᠯᠭ᠎ᠠ᠎ᠲᠠᠶ ᠬᠦᠷᠢᠶ᠎ᠡ᠎ᠶᠢ ᠬᠠᠮᠤᠷᠴᠠᠶ᠃ ᠤᠷᠤᠯᠴᠠᠭᠰᠡᠳ ᠲᠥᠷᠥᠯ ᠵᠦᠢᠯ ᠤ᠋ᠨ ᠲᠣᠭᠯᠠᠯᠲᠠ᠂ ᠲᠤᠬᠠᠶ᠎ᠶᠢᠨ ᠲᠠᠯᠠᠪᠠᠢ᠎ᠶᠢᠨ ᠨᠣᠮ ᠬᠠᠶᠠᠯᠴᠠᠬᠤ ᠵᠡᠷᠭᠡ ᠭᠣᠭᠴᠣᠭ᠎ᠠ᠎ᠪᠠᠷ ᠳᠠᠮᠵᠢᠨ᠂ ᠮᠡᠷᠭᠡᠵᠢᠯ ᠦᠨ ᠰᠤᠳᠤᠯᠤᠨ ᠨᠡᠭᠡᠭᠡᠯᠲᠡ᠂ ᠬᠤᠳᠠᠯᠳᠤᠭᠠᠨ ᠤ ᠵᠠᠭᠪᠤᠷ᠎ᠤᠨ ᠵᠢᠷᠤᠭ ᠲᠥᠯᠥᠪᠯᠡᠭᠡ᠂ ᠵᠠᠬ᠎ᠠ ᠳᠡᠯᠭᠡᠭᠦᠷ᠎ᠦᠨ ᠬᠡᠷᠡᠭᠯᠡᠭᠡ᠎ᠶᠢ ᠨᠠᠶ᠋ᠢᠳᠠᠪᠤᠷᠢᠵᠢᠭᠤᠯᠬᠤ ᠵᠡᠷᠭᠡ ᠲᠠᠯ᠎ᠠ᠎ᠶᠢᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ ᠪᠠ ᠦᠢᠯᠡᠲᠤᠯᠬᠡ᠎ᠶᠢᠨ ᠴᠢᠳᠠᠪᠤᠷᠢ᠎ᠶᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠠᠢ᠃
ᠲᠣᠰ ᠤᠳᠠᠭᠠᠨ᠎ᠤ ᠰᠢᠯᠭᠠᠷᠠᠭᠤᠯᠬᠤ ᠤᠷᠤᠯᠳᠤᠭᠠᠨ᠎ᠨᠢ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ ᠦᠨ ᠠᠵᠢᠯᠴᠢᠨ᠎ᠤ ᠰᠤᠷᠭᠠᠨ ᠬᠥᠮᠦᠵᠢᠯ ᠦᠨ ᠬᠦᠷᠢᠶᠡᠨ᠎ᠳᠡᠬᠢ ᠴᠢᠬᠤᠯᠠ ᠤᠷᠤᠯᠳᠤᠭᠠᠨ ᠪᠣᠯᠤᠭᠰᠠᠨ ᠤ ᠬᠤᠪᠢ᠎ᠳᠤ᠂ ᠪᠥᠬᠥ᠌ ᠣᠷᠣᠨ ᠤ ᠮᠡᠷᠭᠡᠵᠢᠯ ᠦᠨ ᠠᠵᠢᠯᠴᠢᠨ᠎ᠤ ᠳᠡᠭᠡᠳᠦ ᠰᠤᠷᠭᠠᠭᠤᠯᠢ᠎ᠶᠢᠨ ᠰᠤᠷᠤᠭᠴᠢᠳ᠎ᠲᠤ᠌ ᠥᠪᠡᠷ᠎ᠢ᠎ᠪᠡᠨ ᠳᠡᠯᠭᠡᠨ ᠦᠵᠡᠭᠦᠯᠬᠦ᠌᠂ ᠲᠠᠪᠲᠠᠨ ᠪᠤᠯᠪᠠᠰᠤᠷᠠᠵᠤ ᠳᠡᠭᠡᠭᠰᠢᠯᠡᠭᠦᠯᠬᠦ᠌ ᠲᠠᠪᠴᠠᠩ ᠬᠠᠩᠭᠠᠭᠰᠠᠨ᠎ᠢᠶᠠᠷ ᠪᠠᠷᠠᠬᠤ ᠥᠬᠡᠶ᠂ ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ ᠬᠢᠭᠡᠳ ᠦᠢᠯᠡᠰ ᠪᠤᠰᠬᠠᠵᠤ ᠰᠢᠨ᠎ᠡ᠎ᠶᠢ ᠡᠭᠦᠳᠬᠦ᠌ ᠰᠤᠷᠭᠠᠨ ᠬᠥᠮᠦᠵᠢᠯ᠎ᠦᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠥᠪᠥᠷ ᠮᠣᠩᠭᠣᠯ᠎ᠤᠨ ᠠᠵᠤ ᠦᠢᠯᠡᠰ ᠤ᠋ᠨ ᠲᠠᠰ ᠳᠡᠪᠰᠢᠬᠦ᠌᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠵᠠᠯᠠᠭᠤᠴᠤᠳ᠎ᠤᠨ ᠰᠢᠨ᠎ᠡ᠎ᠶᠢ ᠡᠭᠦᠳᠬᠦ᠌ ᠠᠮᠢᠵᠢᠷᠠᠯ᠎ᠤᠨ ᠬᠦᠴᠦᠨ ᠨᠡᠮᠡᠷᠢᠯᠡᠪᠡ᠃