ᠦᠪᠦᠷ ᠮᠤᠩᠭᠤᠯ ᠶᠡᠬᠡ ᠳᠡᠬᠡᠳᠤ ᠰᠤᠷᠭᠠᠭᠤᠯᠢ ᠵᠢᠨ ᠤᠶᠤᠳᠠᠳ᠎ᠤᠨ ᠪᠡᠶ᠎ᠠ ᠮᠠᠬᠠᠪᠤᠳ᠎ᠤᠨ ᠡᠷᠡᠬᠦᠯ ᠮᠡᠨᠳᠤ ᠵᠢᠨ ᠲᠦᠪᠰᠢᠨ᠎ᠢ ᠳᠡᠬᠡᠭᠰᠢᠯᠡᠬᠦᠯᠬᠦ ᠠᠵᠢᠯ ᠢ᠋ ᠠᠬᠢᠭᠤᠯᠵᠦ ᠪᠤᠢ
2025-12-13 12:30:06
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠮᠦᠨᠡᠬᠡᠨ ᠬᠤᠷᠠᠯ ᠬᠤᠷᠠᠯᠳᠤᠭᠤᠯᠵᠤ᠂  ᠦᠪᠦᠷ ᠮᠤᠩᠭᠤᠯ ᠎ᠤᠨ ᠶᠡᠬᠡ ᠳᠡᠬᠡᠳᠤ ᠰᠤᠷᠭᠠᠭᠤᠯᠢ ᠵᠢᠨ ᠤᠶᠤᠳᠠᠳ᠎ᠤᠨ ᠪᠡᠶ᠎ᠡ  ᠮᠠᠬᠠᠪᠤᠳ᠎ᠤᠨ ᠡᠷᠡᠭᠦᠯ  ᠮᠡᠨᠳᠦ ᠵᠢᠨ  ᠲᠦᠪᠰᠢᠨ᠎ᠢ  ᠳᠡᠭᠡᠭᠰᠢᠯᠡᠬᠦᠯᠬᠦ  ᠠᠵᠢᠯ᠎ᠢ  ᠠᠬᠢᠭᠤᠯᠪᠠ ᠃

ᠬᠤᠷᠠᠯ᠎ᠠᠴᠠ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠤᠶᠤᠳᠠᠳ᠎ᠤᠨ 2025 ᠣᠨ ᠎ᠤ 《ᠤᠯᠤᠰ᠎ᠤᠨ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ᠎ᠤᠨ ᠪᠠᠷᠢᠮᠵᠢᠶ᠎ᠠ》 ᠶ᠋ᠢ ᠰᠢᠯᠭᠠᠨ ᠪᠠᠢᠴᠠᠭᠠᠵᠤ ᠰᠣᠩᠭᠣᠨ ᠪᠠᠢᠴᠠᠭᠠᠭᠰᠠᠨ ᠶᠡᠷᠦᠩᠬᠡᠢ ᠪᠠᠢᠳᠠᠯ᠎ᠢ ᠮᠡᠳᠡᠭᠳᠡᠵᠦ᠂ ᠥᠪᠥᠷ ᠮᠣᠩᠭᠣᠯ᠎ᠤᠨ ᠦᠨᠳᠦᠰᠦᠲᠡᠨ ᠎ᠦ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠪᠤᠭᠤᠲᠤ᠎ᠶᠢᠨ ᠡᠮᠨᠡᠯᠭᠡ᠎ᠶᠢᠨ ᠳᠡᠭᠡᠳᠦ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠬᠣᠩ ᠳᠧ ᠨᠡᠢᠬᠡᠮ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠬᠥᠯᠥᠨ ᠪᠤᠢ᠍ᠢᠷ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠰᠠᠨᠠᠯ ᠵᠢᠨᠨ ᠰᠤᠯᠢᠯᠴᠠᠨ ᠶᠠᠷᠢᠶ᠎ᠠ ᠳᠠᠯᠪᠢᠵᠠᠢ᠃ 

ᠬᠤᠷᠠᠯ᠎ᠠᠴᠠ᠂ ᠶᠡᠬᠡ ᠳᠡᠬᠡᠳᠤ ᠰᠤᠷᠭᠠᠭᠤᠯᠢ ᠨᠤᠭᠤᠳ ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ ᠰᠤᠷᠭᠠᠨ ᠬᠥᠮᠦᠵᠢᠯ᠎ᠦᠨ ᠤᠢᠯᠠᠭᠠᠭᠳᠠᠬᠤᠨ ᠎ᠢ ᠪᠠᠲᠤ ᠪᠡᠬᠢ ᠪᠣᠶ ᠪᠣᠯᠭᠠᠵᠤ᠂ ᠰᠤᠷᠤᠭ᠍ᠴᠢᠳ᠎ᠤᠨ ᠪᠡᠶ᠎ᠡ ᠮᠠᠬᠠᠪᠤᠳ᠎ᠢ ᠴᠢᠭᠢᠷᠠᠭᠵᠢᠭᠤᠯᠬᠤ ᠲᠥᠯᠥᠪᠯᠡᠭᠡ᠎ᠶᠢ ᠬᠡᠷᠡᠭᠵᠢᠭᠦᠯᠬᠦ᠎ᠶᠢ ᠰᠤᠷᠭᠠᠨ ᠬᠥᠮᠦᠵᠢᠯ᠎ᠦᠨ ᠬᠦᠴᠦᠷᠬᠡᠭ ᠤᠯᠤᠰ ᠎ᠢ  ᠪᠠᠶ᠋ᠢᠭᠤᠯᠬᠤ᠎ᠶᠢᠨ ᠨᠢᠭᠡᠨ ᠴᠢᠬᠤᠯᠠ ᠡᠭᠦᠷᠭᠡ ᠪᠣᠯᠭᠠᠨ ᠲᠣᠪᠣᠢᠮ᠎ᠠ ᠪᠠᠢᠷᠢᠨ᠎ᠳᠤ ᠲᠠᠯᠪᠢᠵᠤ᠂ ᠲᠡᠭᠦᠨ᠎ᠢ ᠶᠡᠬᠡ ᠳᠡᠭᠡᠳᠦ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠪᠠ ᠬᠥᠮᠥᠨ᠎ᠢ ᠬᠥᠮᠥᠵᠢᠭᠦᠯᠬᠦ ᠦᠷ᠎ᠡ ᠪᠦᠲᠦᠮᠵᠢ᠎ᠶᠢ ᠰᠢᠯᠭᠠᠬᠤ ᠵᠠᠩᠭᠢᠯᠠᠭ᠎ᠠ᠎ᠶᠢᠨ ᠭᠦᠢᠴᠡᠳᠬᠡᠯ ᠲᠣᠭ᠎ᠠ ᠪᠣᠯᠭᠠᠵᠤ᠂ ᠶᠡᠬᠡ ᠳᠡᠭᠡᠳᠦ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠬᠥᠭᠵᠢᠯᠲᠡ᠎ᠶᠢ ᠬᠢᠵᠠᠭᠠᠷᠯᠠᠵᠤ ᠪᠠᠢᠭ᠎ᠠ ᠬᠦᠴᠢᠷ ᠠᠰᠠᠭᠤᠳᠠᠯ ᠬᠠᠷᠰᠢ ᠰᠠᠭᠠᠳ᠎ᠢ ᠬᠦᠴᠦᠯᠡᠨ ᠰᠢᠢᠳᠪᠦᠷᠢᠯᠡᠬᠦ ᠬᠡᠷᠡᠭᠳᠡᠢ᠃ ᠠᠵᠢᠯ᠎ᠤᠨ ᠭᠣᠣᠯᠳᠠᠯᠭ᠎ᠠ᠎ᠶᠢ ᠡᠵᠡᠮᠳᠡᠵᠦ᠂ ᠶᠡᠬᠡ ᠳᠡᠭᠡᠳᠦ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠠᠵᠢᠯ᠎ᠤᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠬᠡᠭᠰᠢᠯᠡᠬᠦᠯᠬᠦ ᠬᠡᠷᠡᠭᠳᠡᠢ᠃ ᠶᠡᠬᠡ ᠳᠡᠭᠡᠳᠦ ᠰᠤᠷᠭᠠᠭᠤᠯᠢ᠎ᠶᠢᠨ ᠭᠣᠣᠯ ᠬᠠᠷᠢᠭᠤᠴᠠᠯᠭᠠᠲᠠᠨ ᠨᠥᠬᠥᠳ᠎ᠢ ᠰᠣᠷᠣᠭ᠍ᠴᠢ᠎ᠶᠢᠨ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠶᠢᠨ ᠠᠵᠢᠯ᠎ᠤᠨ ᠨᠢᠭᠡᠳᠦᠭᠡᠷ ᠬᠠᠷᠢᠭᠤᠴᠠᠯᠭᠠᠲᠠᠨ ᠪᠣᠯᠭᠠᠬᠤ᠎ᠶᠢ ᠲᠣᠳᠣᠷᠬᠠᠢᠯᠠᠵᠤ᠂ ᠰᠠᠯᠠᠭ᠎ᠠ ᠮᠥᠴᠢᠷ᠎ᠦᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠪᠦᠷᠢᠨᠰᠢᠭᠦᠯᠦᠨ᠂ ᠰᠢᠨᠵᠢᠯᠡᠭᠡᠨ᠎ᠦ ᠰᠠᠯᠠᠭ᠎ᠠ ᠵᠢᠨ ᠲᠤᠰᠬᠠᠢ ᠮᠡᠷᠭᠡᠵᠢᠯ᠎ᠦᠨ ᠪᠠᠢᠷᠢᠰᠢᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠭᠤᠷᠢ ᠨᠥᠬᠥᠴᠡᠯ᠎ᠦᠨ ᠪᠠᠲᠤᠯᠠᠭ᠎ᠠ᠎ᠶᠢ ᠴᠢᠩᠭᠠᠳᠬᠠᠨ᠂ ᠦᠷᠭᠦᠯᠵᠢᠯᠡᠨ ᠨᠥᠯᠥᠭᠡᠯᠡᠬᠦ ᠬᠦᠴᠦᠨ ᠪᠦᠬᠦᠢ ᠥᠪᠡᠷᠮᠢᠴᠡ ᠣᠨᠴᠠᠯᠢᠭ᠋᠎ᠲᠠᠢ ᠨᠠᠷᠠᠲᠤ ᠲᠥᠷᠥᠯ ᠲᠡᠮᠳᠡᠭ᠎ᠢ ᠪᠣᠶ ᠪᠣᠯᠭᠠᠵᠤ᠂ ᠬᠢᠴᠢᠶᠡᠯ᠎ᠦᠨ ᠳᠣᠲᠣᠷ᠎ᠠ ᠪᠠ ᠬᠢᠴᠢᠶᠡᠯ᠎ᠦᠨ ᠭᠠᠳᠠᠨ᠎ᠠ᠂ ᠰᠤᠷᠤᠯᠭ᠎ᠠ᠎ᠶᠢᠨ ᠬᠤᠭᠤᠴᠠᠭ᠎ᠠ ᠪᠠ ᠠᠮᠠᠷᠠᠯᠲᠠ᠎ᠶᠢᠨ ᠬᠤᠭᠤᠴᠠᠭ᠎ᠠ᠎ᠶᠢ ᠣᠷᠭᠠᠨᠢᠭ᠋᠎ᠢᠶᠠᠷ ᠵᠣᠯᠭᠠᠭᠤᠯᠤᠭᠰᠠᠨ ᠪᠡᠶ᠎ᠡ᠎ᠶᠢᠨ ᠲᠠᠮᠢᠷ᠎ᠤᠨ ᠬᠥᠮᠥᠨ᠎ᠢ ᠬᠥᠮᠥᠵᠢᠭᠦᠯᠬᠦ ᠪᠢᠲᠡᠭᠦᠦ ᠴᠠᠭᠠᠷᠢᠭ᠋᠎ᠢ ᠲᠦᠷᠭᠡᠳᠬᠡᠨ ᠪᠣᠶ ᠪᠣᠯᠭᠠᠬᠤ ᠬᠡᠷᠡᠭᠳᠡᠢ ᠬᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号