ᠰᠢ ᠵᠢᠨ ᠫᠢᠩ ᠲᠦᠷᠺᠮᠸᠨ᠋ᠰᠲ᠋ᠠᠨ᠎ᠤ 《ᠤᠯᠠᠨ ᠤᠯᠤᠰ ᠎ᠤᠨ ᠡᠩᠬᠡ ᠲᠠᠢᠪᠤᠩ ᠪᠠ ᠢᠲᠡᠭᠡᠯᠴᠡᠭᠡ᠎ᠶ᠋ᠢᠨ ᠣᠨ᠎ᠤ ᠶᠠᠷᠢᠶᠠᠨ᠎ᠤ ᠲᠠᠪᠴᠠᠩ》 ᠳ᠋ᠤ ᠪᠠᠶᠠᠷ᠎ᠤᠨ ᠵᠠᠬᠢᠳᠠᠯ ᠢᠯᠡᠭᠡᠪᠡ
2025-12-13 11:54:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 12 ᠎ᠤ᠋ᠨ ᠡᠳᠦᠷ᠂ 《 ᠣᠯᠠᠨ ᠤᠯᠤᠰ᠎ᠤᠨ ᠡᠩᠬᠡ ᠲᠠᠢᠪᠤᠩ ᠪᠠ ᠢᠲᠡᠭᠡᠯᠴᠡᠭᠡ᠎ᠶ᠋ᠢᠨ ᠣᠨ ᠎ᠤ ᠶᠠᠷᠢᠶᠠᠨ ᠎ᠤ ᠲᠠᠪᠴᠠᠩ 》 ᠲᠦᠷᠺᠮᠧᠨ᠋ᠰᠲ᠋ᠠᠠ ᠎ᠤ ᠠᠱᠾᠠᠪᠠᠳ᠋ ᠬᠣᠲᠠ᠎ᠳᠤ ᠶᠠᠪᠤᠭ᠍ᠳᠠᠵᠤ᠂ ᠤᠯᠤᠰ ᠎ᠤᠨ ᠲᠡᠷᠢᠭᠦᠯᠡᠭ᠌ᠴᠢ ᠰᠢ ᠵᠢᠨ ᠫᠢᠩ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ᠃

ᠰᠢ ᠵᠢᠨ ᠫᠢᠩ᠂ ᠡᠨᠡ ᠵᠢᠯ ᠪᠣᠯ ᠲᠦᠷᠺᠮᠸᠨ᠋ᠰᠲ᠋ᠠᠨ ᠡᠴᠡ ᠲᠤᠷᠠᠳᠴᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠶᠡᠬᠡ ᠬᠤᠷᠠᠯ᠎ᠡᠴᠡ ᠲᠣᠭ᠍ᠲᠠᠭᠠᠭ᠍ᠰᠠᠨ ᠤᠯᠠᠨ ᠤᠯᠤᠰ᠎ᠤᠨ ᠡᠩᠬᠡ ᠲᠠᠢᠪᠤᠩ ᠪᠠ ᠢᠲᠡᠭᠡᠯᠴᠡᠭᠡ᠎ᠶ᠋ᠢᠨ ᠣᠨ ᠪᠣᠯᠤᠨ᠎ᠠ᠂ ᠥᠨᠥᠳᠦᠷ ᠪᠠᠰᠠ ᠲᠦᠷᠺᠮᠸᠨ᠋ᠰᠲ᠋ᠠᠨ᠎ᠤ ᠡᠭᠦᠷᠢᠳᠡ ᠬᠡᠪ᠎ᠢᠶᠡᠨ ᠰᠠᠬᠢᠬᠤ ᠪᠠᠢᠷᠢ ᠰᠠᠭᠤᠷᠢ᠎ᠲᠠᠶ ᠪᠣᠯᠤᠭ᠍ᠰᠠᠨ 30 ᠵᠢᠯ᠎ᠦᠨ ᠤᠢ ᠪᠣᠯᠤᠨ᠎ᠠ᠃ ᠳᠤᠮᠳᠠᠳᠤ ᠲᠦᠷᠺᠮᠧᠨ᠋ᠰᠲ᠋ᠠᠠ ᠬᠣᠶᠠᠷ ᠤᠯᠤᠰ ᠪᠣᠯ ᠵᠣᠷᠢᠯᠲᠠ ᠨᠢᠭᠡᠲᠡᠶ ᠰᠠᠢᠨ ᠨᠠᠢᠵᠠ ᠂ ᠬᠠᠮᠲᠤᠷᠠᠯᠴᠠᠵᠤ ᠬᠠᠮᠲᠤ᠎ᠪᠠᠷ ᠠᠱᠢᠭ ᠭᠥᠷᠳᠡᠬᠦ᠌ ᠰᠠᠢᠨ ᠬᠠᠨᠢᠲᠠᠨ ᠮᠥᠨ᠃ 

ᠳᠤᠮᠳᠠᠳᠤ ᠤᠯᠤᠰ ᠲᠦᠷᠺᠮᠧᠨ᠋ᠰᠲ᠋ᠠᠠ ᠎ᠤ ᠬᠢᠨ ᠎ᠦ ᠡᠭᠦᠷᠢᠳᠡ ᠬᠡᠪ᠎ᠢᠶᠡᠨ ᠰᠠᠬᠢᠬᠤ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠡᠷᠡᠰ ᠲᠡᠮᠵᠢᠵᠤ᠂ ᠲᠦᠷᠺᠮᠧᠨ᠋ᠰᠲ᠋ᠠᠠ᠎ᠤ ᠬᠢᠨ᠎ᠦ ᠳᠡᠯᠡᠬᠡᠢ᠎ᠶ᠋ᠢᠨ ᠪᠠ ᠭᠠᠵᠠᠷ ᠣᠷᠣᠨ᠎ᠤ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠬᠤ᠂ ᠡᠯ᠎ᠡ ᠤᠯᠤᠰ᠎ᠤᠨ ᠬᠠᠮᠲᠤ ᠎ᠶ᠋ᠢᠨ ᠬᠥᠭ᠌ᠵᠢᠯᠲᠡ ᠎ᠶ᠋ᠢ ᠠᠬᠢᠭᠤᠯᠬᠤ ᠎ᠶ᠋ᠢᠨ ᠲᠥᠯᠥᠭᠡ ᠭᠠᠷᠭᠠᠭ᠍ᠰᠠᠨ ᠢᠳᠡᠪᠬᠢᠲᠡᠢ ᠴᠢᠷᠮᠠᠢᠯᠭ᠎ᠠ᠎ᠶ᠋ᠢ ᠮᠠᠭ᠍ᠲᠠᠨ ᠰᠠᠢᠱᠢᠶᠠᠵᠤ ᠪᠠᠢᠨ᠎ᠠ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠣᠳᠣᠬᠠᠨ᠎ᠳᠤ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ ᠲᠠᠰᠤᠷᠠᠯᠳᠠ ᠦᠭᠡᠢ ᠭᠠᠷᠴᠤ᠌᠂ ᠮᠥᠷᠭᠥᠯᠳᠦᠭᠡᠨ ᠡᠰᠡᠷᠭᠦᠴᠡᠯᠳᠦᠯ ᠲᠠᠰᠤᠷᠠᠯᠳᠠ ᠦᠭᠡᠢ ᠡᠭᠦᠰᠴᠦ᠍᠂ ᠳᠡᠯᠡᠬᠡᠢ ᠳ᠋ᠠᠬᠢᠨ ᠥᠩᠭᠡᠷᠡᠭ᠌ᠰᠡᠨ᠎ᠦ ᠠᠯᠢ ᠴᠤ᠌ ᠦᠶ᠎ᠡ᠎ᠡᠴᠡ ᠢᠯᠡᠭᠦᠦ ᠡᠩᠬᠡ ᠲᠠᠢᠪᠤᠩ ᠪᠠ ᠢᠲᠡᠭᠡᠯᠴᠡᠭᠡ ᠵᠢ ᠤᠷᠢᠶᠠᠯᠠᠵᠤ ᠪᠠᠢᠨ᠎ᠠ᠃ ᠳᠡᠯᠡᠬᠡᠢ᠎ᠶ᠋ᠢᠨ ᠪᠠᠢᠳᠠᠯ ᠬᠡᠳᠦᠢ ᠤᠷᠪᠠᠭᠠᠨ ᠬᠦᠷᠪᠡᠭᠡᠨ ᠲᠠᠢ ᠪᠤᠯᠬᠤ ᠳᠤᠳᠤᠮ ᠳᠡᠯᠡᠬᠡᠢ ᠨᠡᠢᠭᠡᠮ᠎ᠢᠶᠡᠷ᠎ᠢᠶᠡᠨ ᠲᠡᠳᠦᠢ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠡᠷᠡᠭ᠌ᠲᠡᠢ ᠬᠡᠳᠡᠭ᠎ᠢ ᠲᠡᠦᠬᠡ ᠪᠢᠳᠡᠨ᠎ᠳᠦ ᠲᠣᠳᠣᠷᠬᠠᠢ ᠬᠠᠷᠠᠭᠤᠯᠪᠠ᠃ ᠪᠢᠳᠡ ᠬᠠᠷᠢᠯᠴᠠᠨ ᠬᠦᠨᠳᠦᠳᠭᠡᠵᠦ᠍ ᠬᠠᠷᠢᠯᠴᠠᠨ ᠢᠲᠡᠭᠡᠯᠴᠡᠵᠦ᠍ ᠬᠠᠷᠢᠯᠴᠠᠨ ᠣᠢᠯᠠᠭᠠᠯᠴᠠᠵᠤ᠂ ᠡᠩᠬᠡ ᠲᠠᠢᠪᠤᠩ᠎ᠤᠨ ᠤᠯᠠᠭᠠᠨ ᠲᠣᠭ᠎ᠠ᠎ᠶ᠋ᠢ ᠰᠢᠢᠳᠪᠦᠷᠢᠯᠡᠵᠦ᠂ ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶ᠋ᠢᠨ ᠡᠷᠬᠡ ᠰᠦᠷ ᠪᠣᠯᠤᠨ ᠪᠠᠢᠷᠢ ᠰᠠᠭᠤᠷᠢ᠎ᠶ᠋ᠢ ᠡᠷᠡᠰ ᠬᠠᠮᠠᠭᠠᠯᠠᠵᠤ᠂ ᠨᠠᠢᠷᠠᠮᠳᠠᠯ᠎ᠤᠨ ᠠᠷᠭ᠎ᠠ ᠬᠡᠯᠪᠡᠷᠢ᠎ᠪᠡᠷ ᠮᠠᠷᠭᠤᠭᠠᠨ ᠎ᠢ ᠱᠢᠢᠳᠪᠦᠷᠢᠯᠡᠬᠦ᠌᠎ᠶ᠋ᠢ ᠪᠠᠷᠢᠮᠲᠠᠯᠠᠵᠤ᠂ ᠡᠵᠡᠷᠬᠡᠭ᠌ᠯᠡᠨ ᠬᠠᠷᠬᠢᠰᠯᠠᠵᠤ ᠡᠵᠡᠷᠬᠡᠭ᠌ᠯᠡᠨ ᠳᠠᠷᠤᠯᠠᠬᠤ᠂ ᠪᠡᠶ᠎ᠡ᠎ᠪᠡᠨ ᠪᠤᠳᠤᠵᠤ ᠪᠤᠰᠤᠳ ᠎ᠢ ᠬᠣᠬᠢᠷᠠᠭᠤᠯᠬᠤ᠎ᠶ᠋ᠢ ᠡᠰᠡᠷᠭᠦᠴᠡᠬᠦ᠌ ᠬᠡᠷᠡᠭ᠌ᠲᠡᠢ᠃ ᠬᠠᠮᠲᠤ᠎ᠪᠠᠷ ᠵᠥᠪᠳᠡᠯᠴᠡᠵᠦ ᠬᠠᠮᠲᠤ᠎ᠪᠠᠷ ᠪᠠᠢᠭᠤᠯᠤᠨ ᠬᠠᠮᠲᠤ᠎ᠪᠠᠷ ᠡᠳ᠋ᠯᠡᠵᠦ᠂ ᠢᠲᠡᠭᠡᠯᠴᠡᠭᠡ ᠵᠢᠨ ᠤᠯᠠᠭᠠᠨ ᠲᠣᠭ᠎ᠠ᠎ᠶ᠋ᠢ ᠱᠢᠢᠳᠪᠦᠷᠢᠯᠡᠵᠦ᠍᠂ ᠤᠯᠠᠨ ᠤᠯᠤᠰ᠎ᠤᠨ ᠬᠠᠤᠯᠢ ᠪᠡᠷ ᠵᠠᠰᠠᠬᠤ ᠪᠡᠷ ᠲᠥᠪ ᠭᠣᠣᠯᠴᠢ ᠱᠢᠳᠤᠷᠭᠤ ᠶᠣᠰᠣ᠎ᠶ᠋ᠢ ᠪᠠᠲᠤᠯᠠᠵᠤ᠂ ᠤᠯᠠᠨ ᠲᠠᠯᠠᠲᠤ ᠦᠵᠡᠯ᠎ᠢᠶᠡᠷ ᠪᠦᠯᠬᠦᠮᠳᠡᠯ ᠬᠠᠮᠲᠤᠷᠠᠯᠴᠠᠭ᠎ᠠ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠬᠡᠷᠡᠭ ᠶᠠᠪᠤᠳᠠᠯ᠎ᠢ ᠤᠯᠠᠨ᠎ᠢᠶᠠᠷ᠎ᠢᠶᠠᠨ ᠵᠥᠪᠳᠡᠯᠴᠡᠬᠦ᠌ ᠵᠢ ᠪᠠᠷᠢᠮᠳᠠᠯᠠᠵᠤ᠂ ᠤᠯᠠᠨ ᠤᠯᠤᠰ᠎ᠤᠨ ᠡᠮᠬᠢ ᠳᠢᠭ᠌ᠯᠢᠮ᠎ᠢ ᠬᠠᠮᠲᠤ᠎ᠪᠠᠷ ᠬᠠᠮᠠᠭᠠᠯᠠᠵᠤ᠂ ᠵᠠᠰᠠᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌᠎ᠬᠡᠷᠡᠭᠳᠡᠢ ᠭᠡᠵᠦ ᠴᠢᠬᠤᠯᠠᠴᠢᠯᠠᠪᠠ᠃

ᠰᠢ ᠵᠢᠨ ᠫᠢᠩ᠂ ᠲᠦᠷᠦᠭᠦᠬᠡᠨ ᠪᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠥᠭᠡᠷᠡᠴᠢᠯᠡᠨ ᠲᠡᠭᠦᠯᠳᠡᠷᠵᠢᠭᠦᠯᠬᠦ᠌᠎ᠳᠦ ᠳᠤᠮᠳᠠᠳᠤ ᠤᠯᠤᠰ᠎ᠤᠨ ᠲᠥᠰᠦᠯ ᠎ᠢ ᠬᠠᠩᠭᠠᠪᠠ᠃ ᠳᠤᠮᠳᠠᠳᠤ ᠤᠯᠤᠰ ᠳᠡᠯᠡᠬᠡᠢ ᠎ᠶ᠋ᠢᠨ ᠡᠯ᠎ᠡ ᠤᠯᠤᠰ᠎ᠯᠤᠭ᠎ᠠ ᠭᠠᠷ ᠬᠣᠯᠪᠣᠯᠴᠠᠨ ᠴᠢᠷᠮᠠᠢᠵᠤ᠂ ᠳᠡᠯᠡᠬᠡᠢ᠎ᠶ᠋ᠢᠨ ᠡᠩᠬᠡ ᠲᠠᠢᠪᠤᠩ ᠎ᠢ ᠬᠠᠮᠠᠭᠠᠯᠠᠵᠤ᠂ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠬᠥᠮᠦᠨ ᠲᠥᠷᠥᠯᠬᠢᠲᠡᠨ ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠬᠦᠰᠡᠵᠦ᠍ ᠪᠠᠢᠨ᠎ᠠ ᠭᠡᠵᠦ ᠴᠢᠬᠤᠯᠠᠴᠢᠯᠠᠪᠠ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 12 ᠎ᠤ᠋ᠨ ᠴᠠᠬᠢᠯᠭᠠᠨ ᠮᠡᠳᠡᠭᠡ)  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号