ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠲᠥᠪ ᠎ᠦᠨ ᠠᠵᠤ ᠠᠬᠤᠢ ᠎ᠶ᠋ᠢᠨ ᠠᠵᠢᠯ ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠪᠠ
2025-12-13 11:49:54
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆


ᠸᠠᠩ ᠸᠧᠶ ᠵᠥᠩ ᠬᠤᠷᠠᠯ ᠢ᠋ ᠡᠷᠭᠢᠯᠡᠵᠠᠢ


12 ᠰᠠᠷ᠎ᠠ᠎ᠶ᠋ᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠲᠥᠪ ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ 12 ᠰᠠᠷ᠎ᠠ᠎ᠶ᠋ᠢᠨ 8 ᠎ᠤ᠋ ᠡᠳᠦᠷ᠎ᠤᠨ ᠲᠥᠪ᠎ᠦᠨ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ ᠪᠣᠯᠤᠨ 12 ᠰᠠᠷ᠎ᠠ᠎ᠶ᠋ᠢᠨ 3 ᠎ᠤ᠋ ᠡᠳᠦᠷ᠎ᠦᠨ ᠨᠠᠮ᠎ᠤᠨ ᠭᠠᠳᠠᠨᠠᠬᠢ ᠬᠥᠮᠦᠰ ᠎ᠦᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠠᠢ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠵᠢᠨ ᠵᠤᠬᠰᠤᠴᠡ ᠨᠢ ᠠᠯᠤᠰ ᠭᠡᠳᠤ ᠵᠢᠨ᠂ ᠦᠵᠡᠯ ᠰᠠᠨᠠᠭ᠎ᠠ ᠨᠢ ᠭᠦᠨ ᠭᠦᠨᠵᠡᠭᠡᠶ᠂ ᠠᠭᠤᠯᠤᠭ᠍ᠳᠠᠬᠤᠨ ᠨᠢ ᠡᠯᠪᠡᠭ ᠪᠠᠶᠠᠯᠢᠭ ᠪᠠᠢᠵᠤ᠂ ᠬᠣᠷᠸ᠎ᠠ ᠪᠠᠢᠷᠢᠱᠢᠭᠤᠯᠤᠯᠲᠠ᠎ᠲᠠᠶ ᠪᠦᠭᠡᠳ ᠪᠠᠰᠠ ᠪᠣᠳᠠᠲᠠᠶ ᠪᠠᠢᠷᠢᠯᠠᠭᠤᠯᠤᠯᠲᠠ᠎ᠲᠠᠶ ᠪᠠᠢᠵᠤ᠂ ᠲᠠᠨᠢᠯᠲᠠ᠎ᠶ᠋ᠢᠨ ᠲᠠᠯ᠎ᠠ᠎ᠡᠴᠡ ᠮᠠᠨ᠎ᠤ ᠤᠯᠤᠰ᠎ᠤᠨ ᠠᠵᠤ ᠠᠬᠤᠶ ᠵᠢ 《ᠶᠠᠭᠠᠬᠢᠵᠤ ᠦᠵᠡᠬᠦ᠌》 ᠶ᠋ᠢ ᠲᠤᠳᠤᠷᠬᠠᠢ ᠵᠢᠭᠠᠬᠰᠡᠨ ᠪᠥᠭᠡᠳ ᠪᠠᠰᠠ ᠦᠶ᠋ᠯᠡᠳᠦᠯᠭᠡ᠎ᠶ᠋ᠢᠨ ᠲᠠᠯ᠎ᠠ᠎ᠡᠴᠡ ᠢᠷᠡᠬᠦ᠌ ᠵᠢᠯ᠎ᠦᠨ ᠬᠥᠭ᠌ᠵᠢᠯᠲᠡ᠎ᠵᠢ 《ᠶᠠᠭᠠᠬᠢᠵᠤ ᠬᠢᠬᠦ᠌》 ᠶ᠋ᠢ ᠵᠢᠭᠠᠵᠤ ᠭᠠᠷᠭᠠᠵᠤ ᠂ ᠪᠢᠳᠡᠨ᠎ᠦ ᠠᠵᠢᠯ᠎ᠢᠶᠠᠨ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠪᠠ᠃ ᠪᠢᠳᠡ ᠭᠦᠨᠵᠡᠭᠡᠢ ᠰᠤᠷᠤᠯᠴᠠᠨ ᠣᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ᠂ ᠮᠠᠨ ᠎ᠤ ᠤᠯᠤᠰ ᠎ᠤᠨ ᠠᠵᠤ ᠠᠬᠤᠢ ᠤᠯᠠᠨ ᠳᠠᠪᠬᠤᠷ ᠬᠦᠴᠢᠷ ᠪᠡᠷᠬᠡᠱᠢᠶᠡᠯ ᠥᠷᠢᠰᠥᠯᠳᠦᠭᠡᠨ᠎ᠦ ᠡᠮᠦᠨ᠎ᠡ ᠲᠠᠷᠤᠯᠳᠠ ᠵᠢ ᠲᠠᠭᠠᠭᠠᠨ ᠤᠷᠤᠭ᠍ᠰᠢᠯᠠᠵᠤ᠂ ᠱᠢᠨ᠎ᠡ ᠰᠢᠯᠢᠳᠡᠭ ᠲᠡᠢᠰᠢ ᠬᠥᠭ᠌ᠵᠢᠭᠰᠡᠨ ᠨᠢ ᠲᠤᠢᠯ᠎ᠤᠨ ᠶᠡᠷᠦ᠍ ᠪᠤᠰᠤ᠎ᠶ᠋ᠢᠨ ᠶᠤᠮ᠂ ᠠᠮᠵᠢᠯᠲᠠ ᠪᠦᠲᠦᠮᠵᠢ ᠣᠯᠤᠭ᠍ᠰᠠᠨ᠎ᠤ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ ᠠᠶᠠᠯᠠᠯ ᠎ᠢ ᠤᠳᠤᠷᠢᠳᠤᠨ ᠵᠠᠯᠠᠭᠤᠷ᠎ᠢ ᠡᠵᠡᠮᠳᠡᠭ᠌ᠰᠡᠨ᠎ᠳᠦ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ ᠪᠢᠳᠡ ᠡᠷᠬᠡᠪᠰᠢ 《ᠬᠣᠶᠠᠷ᠎ᠢ ᠲᠣᠭ᠍ᠲᠠᠭᠠᠬᠰᠡᠨ》 ᠢ᠋ ᠢᠮᠠᠭ᠍ᠲᠠ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠨᠡᠩ ᠡᠷᠡᠰ ᠪᠠᠲᠤ ᠤᠬᠠᠮᠰᠠᠷ᠎ᠡᠴᠡ᠎ᠪᠠᠨ ᠶᠡᠷᠦᠩᠬᠡᠢ ᠱᠦᠵᠢ ᠰᠢ ᠵᠢᠨ ᠫᠢᠩ᠎ᠢ᠋ ᠲᠠᠭᠠᠵᠤ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ《ᠲᠠᠪᠤᠨ ᠡᠷᠬᠡᠪᠰᠢ》 ᠵᠢᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠣᠢᠯᠠᠭᠠᠵᠤ᠂ ᠱᠢᠨ᠎ᠡ ᠪᠠᠢᠳᠠᠯ ᠳᠣᠣᠷᠠᠬᠢ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠴᠢᠭ᠌ᠯᠡᠯ ᠵᠠᠮ᠎ᠢ ᠣᠨᠣᠴᠠᠳᠠᠢ ᠡᠵᠡᠮᠳᠡᠬᠦ᠌ ᠬᠡᠷᠡᠭ᠌ᠲᠡᠢ᠃ ᠤᠯᠤᠰ᠎ᠤᠨ ᠳᠣᠲᠣᠭᠠᠳᠤ᠎ᠶ᠋ᠢᠨ ᠲᠣᠮᠣ ᠵᠠᠬ᠎ᠠ ᠳᠡᠯᠭᠡᠭᠦᠷ᠎ᠢᠶᠡᠷ ᠬᠠᠮᠤᠭ᠎ᠤᠨ ᠨᠠᠢᠳᠠᠪᠤᠷᠢᠲᠠᠶ ᠪᠠᠢᠯᠳᠤᠬᠤ ᠪᠣᠳᠣᠯᠭ᠎ᠠ᠎ᠶ᠋ᠢᠨ ᠲᠦᠱᠢᠭ ᠪᠣᠯᠭᠠᠵᠤ᠂ ᠮᠠᠨ᠎ᠤ ᠣᠷᠣᠨ᠎ᠤ ᠠᠵᠤ ᠦᠶ᠋ᠯᠡᠰ᠎ᠦᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠥᠷᠲᠡᠭ᠎ᠦᠨ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠂ ᠪᠠᠷᠠᠭᠠᠨ᠎ᠤ ᠭᠦᠶ᠋ᠯᠭᠡᠭᠡᠨ᠎ᠦ ᠬᠡᠯᠬᠢᠶ᠎ᠡ᠎ᠶ᠋ᠢ ᠤᠯᠤᠰ᠎ᠤᠨ ᠳᠣᠲᠣᠭᠠᠳᠤ᠎ᠶ᠋ᠢᠨ ᠲᠣᠮᠣ ᠵᠠᠬ᠎ᠠ ᠳᠡᠯᠭᠡᠭᠦᠷ᠎ᠯᠦᠭᠡ ᠪᠥᠬᠥ᠌ ᠲᠠᠯ᠎ᠠ᠎ᠪᠠᠷ ᠵᠣᠯᠭᠠᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠡᠯ᠎ᠡ ᠬᠦᠷᠢᠶᠡᠨ᠎ᠳ᠋ᠡᠬᠢ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠬᠡᠷᠡᠭ᠌ᠲᠡᠢ᠃ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠬᠦᠴᠦᠯᠡᠨ ᠪᠤᠢ ᠪᠣᠯᠭᠠᠵᠤ᠂ ᠡᠬᠢ ᠪᠠᠶᠠᠯᠢᠭ᠎ᠤᠨ ᠲᠤᠬᠢᠷᠠᠭᠤᠯᠤᠯᠳᠠ᠎ᠳᠠᠬᠢ ᠵᠠᠬ᠎ᠠ ᠳᠡᠯᠭᠡᠭᠦᠷ᠎ᠦᠨ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ ᠬᠡᠷᠡᠭ᠌ᠲᠡᠢ᠃ ᠬᠥᠮᠦᠨ ᠎ᠦ ᠬᠦᠴᠦᠨ᠎ᠦ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠠ ᠬᠥᠮᠦᠨ᠎ᠳᠦ ᠪᠦᠬᠦ᠌ ᠲᠠᠯ᠎ᠠ᠎ᠶ᠋ᠢᠨ ᠪᠡᠯᠡ ᠣᠷᠣᠭᠤᠯᠬᠤ ᠵᠢ ᠨᠡᠩ ᠴᠢᠬᠤᠯᠠᠴᠢᠯᠠᠵᠤ᠂ ᠡᠳ᠋ ᠪᠣᠳᠠᠰ ᠲᠦ᠍ ᠪᠡᠯᠡ ᠤᠷᠤᠭᠤᠯᠬᠤ ᠪᠠ ᠬᠦᠮᠦᠨ᠎ᠳᠦ ᠪᠡᠯᠡ ᠤᠷᠤᠭᠤᠯᠬᠤ  ᠬᠣᠣᠰ ᠴᠢᠭ᠌ᠯᠡᠯ᠎ᠢᠶᠡᠷ ᠬᠦᠴᠦᠨ ᠣᠯᠭᠣᠵᠤ᠂ ᠬᠠᠷᠢᠯᠴᠠᠨ ᠠᠬᠢᠭᠤᠯᠬᠤ ᠵᠢ ᠰᠠᠢᠳᠤᠷ ᠬᠢᠬᠦ ᠬᠡᠷᠡᠭᠳᠡᠢ᠃ ᠴᠢᠨᠠᠷ ᠰᠠᠢᠲᠠᠢ ᠬᠥᠭ᠌ᠵᠢᠯᠲᠡ᠎ᠯᠦᠭᠡ ᠵᠣᠬᠢᠴᠠᠭ᠍ᠰᠠᠨ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲᠸᠮ᠎ᠢ ᠬᠦᠴᠦᠯᠡᠨ ᠪᠠᠢᠭᠤᠯᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠂ ᠠᠭᠤᠯᠤᠭ᠍ᠳᠠᠬᠤᠨ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠬᠥᠭ᠌ᠵᠢᠯᠲᠡ᠎ᠶ᠋ᠢᠨ ᠪᠠᠢᠳᠠᠯ᠎ᠤᠨ ᠲᠤᠬᠠᠶ ᠱᠢᠨᠵᠢᠯᠡᠬᠦ᠌ ᠤᠬᠠᠭᠠᠨᠴᠢ ᠮᠠᠭᠠᠳᠯᠠᠯᠲᠠ ᠪᠣᠯᠤᠨ ᠢᠷᠡᠬᠦ᠌ ᠵᠢᠯ᠎ᠦᠨ ᠠᠵᠤ ᠠᠬᠤᠶ᠎ᠶ᠋ᠢᠨ ᠠᠵᠢᠯ᠎ᠤᠨ ᠪᠠᠢᠷᠢᠯᠠᠭᠤᠯᠤᠯᠲᠠ ᠲᠣᠬᠢᠷᠠᠭᠤᠯᠤᠯᠲᠠ᠎ᠶ᠋ᠢ ᠭᠦᠨᠵᠡᠭᠡᠶ ᠣᠢᠯᠠᠭᠠᠵᠤ᠂ ᠢᠲᠡᠭᠡᠯ ᠵᠣᠷᠢᠭ᠎ᠢᠶᠠᠨ ᠪᠠᠲᠤᠳᠭᠠᠨ᠂ ᠲᠣᠭ᠍ᠲᠠᠯ ᠬᠦᠴᠦᠨ᠎ᠢᠶᠡᠨ ᠪᠠᠲᠤᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠥᠪᠥᠷ ᠮᠣᠩᠭᠣᠯ᠎ᠳᠤ ᠣᠯᠭᠣᠭ᠍ᠰᠠᠨ《ᠬᠣᠶᠠᠷ ᠬᠠᠯᠬᠠᠪᠴᠢ》᠂ 《ᠬᠣᠶᠠᠷ ᠰᠠᠭᠤᠷᠢᠨ》᠂《ᠨᠢᠭᠡ ᠪᠡᠬᠢᠯᠡᠯᠲᠡ》ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠲᠠᠶ ᠤᠶᠠᠯᠳᠤᠭᠤᠯᠤᠨ ᠲᠡᠷᠡ ᠶᠣᠰᠣᠭᠠᠷ᠎ᠨᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠶ᠃ ᠬᠡᠷᠡᠭ᠌ᠯᠡᠭᠡ ᠪᠠ ᠪᠡᠯᠡ ᠣᠷᠣᠭᠤᠯᠤᠯᠲᠠ᠎ᠶ᠋ᠢᠨ ᠬᠠᠮᠵᠢᠯᠴᠠᠨ ᠬᠦᠴᠦᠯᠡᠬᠦ᠌᠎ᠶ᠋ᠢ ᠠᠬᠢᠭᠤᠯᠵᠤ᠂ ᠳᠡᠭᠡᠳᠦ ᠲᠡᠰ᠎ᠤᠨ ᠦᠵᠦᠭᠦᠷᠯᠢᠭ᠎ᠦᠨ ᠬᠡᠷᠡᠭ᠌ᠯᠡᠭᠡᠨ᠎ᠦ ᠦᠢᠯᠡᠳᠬᠦᠨ ᠪᠠ ᠦᠢᠯᠡᠴᠢᠯᠡᠭᠡ᠎ᠶ᠋ᠢ ᠨᠡᠭᠡᠭᠡᠨ ᠬᠥᠭ᠌ᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠲᠦᠷᠦᠯ ᠵᠦᠢᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠱᠠᠯᠠᠪᠳᠠᠨ ᠠᠬᠢᠭᠤᠯᠵᠤ᠂ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ ᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢ ᠲᠦᠷᠭᠡᠳᠭᠡᠵᠦ᠍᠂ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠯᠡ ᠣᠷᠣᠭᠤᠯᠤᠯᠲᠠ᠎ᠶ᠋ᠢ ᠨᠡᠮᠡᠭ᠌ᠳᠡᠭᠦᠯᠬᠦ᠌᠂ ᠰᠠᠭᠤᠷᠢ ᠰᠤᠳᠤᠯᠭᠠᠨ᠎ᠤ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠬᠦ᠌᠂ ᠠᠵᠤ ᠠᠬᠤᠢᠯᠠᠯ᠎ᠢ ᠬᠦᠲᠦᠯᠦᠨ ᠵᠢᠯᠣᠭᠣᠳᠴᠤ᠌ ᠪᠠᠢᠭᠠᠳ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠡᠯᠡ ᠣᠷᠣᠭᠤᠯᠤᠯᠲᠠ᠎ᠶ᠋ᠢ ᠨᠡᠮᠡᠭ᠌ᠳᠡᠭᠦᠯᠬᠦ᠌᠎ᠪᠡᠷ ᠬᠠᠲᠠᠭᠤ ᠡᠭᠦᠷᠭᠡ ᠪᠣᠯᠭᠠᠵᠤ᠂ ᠲᠢᠶᠠᠨ ᠱᠢ ᠪᠡᠯᠡ ᠣᠷᠣᠭᠤᠯᠤᠯᠲᠠ᠂ ᠠᠶᠤᠯ ᠲᠦᠭ᠌ᠰᠢᠭᠦᠷᠢ᠎ᠶ᠋ᠢᠨ ᠪᠡᠯᠡ ᠣᠷᠣᠭᠤᠯᠤᠯᠲᠠ᠂ ᠬᠤᠪᠢ᠎ᠵᠢᠨ ᠰᠲ᠋ᠣᠺ᠎ᠤᠨ ᠡᠷᠬᠡ᠎ᠶ᠋ᠢᠨ ᠪᠡᠯᠡ ᠣᠷᠣᠭᠤᠯᠤᠯᠲᠠ᠎ᠶ᠋ᠢ ᠬᠥᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠲᠡᠶ ᠵᠣᠬᠢᠴᠠᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢ ᠪᠠᠢᠭᠤᠯᠬᠤ ᠬᠡᠷᠡᠭ᠌ᠲᠡᠢ᠃ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠦ ᠠᠭᠤᠰᠤᠯᠴᠠᠬᠤ ᠬᠣᠷᠢᠭ᠎ᠠ ᠲᠦᠭ᠌ᠵᠢᠷᠡᠯ᠎ᠢ ᠲᠦᠷᠭᠡᠨ ᠨᠡᠪᠲᠡᠷᠡᠭᠦᠯᠵᠦ᠍᠂ 《ᠬᠣᠶᠠᠷ ᠤᠭᠳᠤ ᠭᠤᠢᠪᠢᠰᠢ ᠦᠭᠡᠢ 》 ᠵᠢ ᠪᠠᠷᠢᠮᠲᠠᠯᠠᠨ ᠨᠠᠢᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠳᠡᠮᠵᠢᠵᠦ᠍᠂ ᠨᠡᠩ ᠤᠯᠠᠨ ᠱᠢᠯᠢᠳᠡᠭ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠦ ᠭᠠᠷᠴᠤ᠌ ᠪᠡᠯᠡ ᠬᠤᠷᠠᠮᠳᠤᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠳᠣᠲᠣᠭᠠᠳᠤ ᠭᠠᠳᠠᠭᠠᠳᠤ ᠨᠡᠬᠡᠭᠡᠯᠳᠡ᠎ᠶ᠋ᠢ ᠥᠷᠭᠡᠳᠭᠡᠵᠦ᠍᠂ ᠠᠵᠤ ᠠᠬᠤᠢ᠎ᠶ᠋ᠢᠨ ᠭᠠᠳᠠᠭᠠᠳᠤ ᠬᠠᠨᠳᠤᠯᠭᠠᠲᠤ ᠴᠢᠨᠠᠷ᠎ᠢ ᠳᠡᠭᠡᠭ᠌ᠰᠢᠯᠡᠭᠦᠯᠵᠦ᠍᠂ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢᠭᠤᠯᠬᠤ᠎ᠪᠠᠷ ᠠᠵᠠ ᠲᠣᠬᠢᠶᠠᠯ ᠪᠣᠯᠭᠠᠨ ᠨᠡᠭᠡᠭᠡᠯᠲᠡᠲᠦ ᠱᠢᠨ᠎ᠡ ᠨᠡᠪᠳᠡᠷᠡᠬᠦ ᠵᠠᠮ᠎ᠢ ᠲᠦᠷᠭᠡᠨ ᠪᠠᠢᠭᠤᠯᠵᠤ᠂ ᠲᠦᠷᠢᠮ᠎ᠦᠨ ᠬᠡᠯᠪᠡᠷᠢ᠎ᠶ᠋ᠢᠨ ᠨᠡᠬᠡᠭᠡᠯᠳᠡ᠎ᠶ᠋ᠢ ᠥᠷᠭᠡᠳᠭᠡᠵᠦ᠍᠂ 《ᠭᠠᠷ ᠲᠠᠮᠵᠢᠪᠠᠴᠤ ᠠᠰᠢᠭ ᠬᠦᠷᠳᠡᠬᠦ ᠦᠭᠡᠢ》 ᠠᠰᠠᠭᠤᠳᠠᠯ ᠎ᠢ ᠬᠦᠴᠦᠯᠡᠨ ᠱᠢᠢᠳᠪᠦᠷᠢᠯᠡᠵᠦ᠍᠂ ᠲᠡᠷᠢᠭᠦᠨ᠎ᠦ ᠪᠣᠬᠢᠷᠲᠤᠯ ᠦᠭᠡᠢ ᠡᠨᠧᠷᠭᠢ᠎ᠶ᠋ᠢᠨ ᠠᠵᠤ ᠦᠢᠯᠡᠰ᠎ᠢ ᠢᠳᠡᠪᠬᠢᠲᠡᠢ᠎ᠪᠡᠷ ᠣᠷᠣᠭᠤᠯᠤᠨ ᠠᠪᠴᠢᠷᠠᠬᠤ ᠬᠡᠷᠡᠭ᠌ᠲᠡᠢ᠃ ᠬᠤᠲᠠ ᠬᠥᠳᠡᠭᠡ᠎ᠶ᠋ᠢᠨ ᠠᠭᠤᠰᠤᠯᠴᠠᠯ ᠪᠣᠯᠤᠨ ᠣᠷᠣᠨ ᠪᠦᠰᠡ᠎ᠶ᠋ᠢᠨ ᠬᠣᠯᠪᠣᠭᠠᠯᠠᠨ ᠬᠥᠳᠡᠯᠦᠯᠴᠡᠬᠦ᠌᠎ᠵᠢ ᠨᠡᠩ ᠶᠡᠬᠡ ᠠᠬᠢᠭᠤᠯᠵᠤ᠂ ᠲᠤᠮᠤ ᠳᠤᠮᠳᠠ ᠪᠠᠭ᠎ᠠ ᠬᠤᠲᠠ ᠪᠣᠯᠤᠨ ᠪᠠᠭ᠎ᠠ ᠬᠣᠲᠠ ᠪᠠᠯᠭᠠᠰᠤ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠱᠢᠶᠠᠨ᠎ᠤ ᠬᠤᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠤᠲᠠ ᠪᠠᠯᠭᠠᠰᠤᠵᠢᠯᠲᠠ᠎ᠶ᠋ᠢ ᠲᠦᠷᠦᠯ ᠬᠤᠪᠢᠶᠠᠨ ᠠᠬᠢᠭᠤᠯᠵᠤ᠂  ᠬᠤᠰᠢᠭᠤ ᠱᠢᠶᠠᠨ᠎ᠤ ᠠᠵᠤ ᠠᠬᠤᠶ᠎ᠶ᠋ᠢ ᠪᠤᠵᠠᠭᠠᠢᠷᠠᠭᠤᠯᠬᠤ᠎ᠪᠠᠷ ᠭᠠᠷᠳᠠᠴᠠ ᠪᠣᠯᠭᠠᠨ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠪᠠ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠳᠠᠢᠴᠢᠯᠠᠬᠤ ᠬᠡᠷᠡᠭᠲᠡᠢ᠃ ᠪᠦᠬᠦ᠌ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠴᠢᠷᠮᠠᠢᠨ ᠠᠬᠢᠭᠤᠯᠵᠤ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠡᠷᠬᠢᠯᠳᠡᠳᠤ ᠬᠥᠭ᠌ᠵᠢᠯᠲᠡ᠎ᠶ᠋ᠢ ᠲᠦᠷᠭᠡᠳᠭᠡᠨ᠂ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠪᠠ ᠤᠯᠠᠮᠵᠢᠯᠠᠯᠲᠤ ᠡᠨᠧᠷᠭᠢ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠱᠢᠭ᠍ᠯᠠᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠬᠦᠩᠬᠡᠨ ᠳᠤᠮᠳᠠ ᠬᠦᠨᠳᠦ ᠬᠣᠪᠣᠷ ᠱᠢᠷᠣᠢ᠎ᠶ᠋ᠢ ᠨᠡᠭᠡᠭᠡᠨ ᠠᠱᠢᠭ᠍ᠯᠠᠬᠤ᠎ᠶ᠋ᠢ ᠬᠠᠮᠵᠢᠯᠴᠠᠨ ᠰᠠᠢᠲᠤᠷ ᠠᠳᠭᠤᠬᠤ ᠬᠡᠷᠡᠭ᠌ᠲᠡᠢ᠃ ᠠᠷᠠᠳ᠎ᠤᠨ ᠠᠮᠢᠳᠤᠷᠠᠯ ᠎ᠢ ᠪᠠᠲᠤᠯᠠᠨ ᠰᠠᠢᠵᠢᠷᠠᠭᠤᠯᠬᠤ ᠡᠷᠴᠢᠮ ᠎ᠢᠶᠡᠨ ᠴᠢᠩᠭᠠᠷᠠᠭᠤᠯᠵᠤ᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠨᠢᠭᠡ ᠪᠦᠯᠦᠭ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠎ᠢ ᠤᠬᠠᠭᠠᠯᠠᠨ ᠲᠥᠰᠦᠪᠯᠡᠵᠦ ᠬᠡᠷᠡᠭ᠌ᠵᠢᠭᠦᠯᠬᠦ᠌ ᠬᠡᠷᠡᠭ᠌ᠲᠡᠢ᠃ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠬᠦᠴᠦᠯᠡᠨ ᠰᠡᠷᠭᠡᠢᠯᠡᠨ ᠠᠷᠢᠯᠭᠠᠵᠤ᠂ ᠵᠥᠷᠢᠴᠡᠯ ᠵᠠᠭᠤᠷᠠᠯᠳᠤᠭᠠᠨ᠎ᠢ ᠭᠦᠨᠵᠡᠭᠡᠢ ᠵᠢᠭ᠍ᠰᠠᠭᠠᠨ ᠪᠠᠢᠴᠠᠭᠠᠵᠤ ᠱᠢᠢᠳᠪᠦᠷᠢᠯᠡᠨ᠂ ᠨᠡᠢᠭᠡᠮ᠎ᠦᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠡᠶ᠎ᠡ ᠵᠣᠬᠢᠴᠠᠩᠭᠤᠢ ᠲᠣᠭ᠍ᠲᠠᠭᠤᠨ᠎ᠢ ᠦᠨᠡᠨ᠎ᠬᠦ ᠪᠠᠲᠤᠯᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠠᠵᠤ ᠠᠬᠤᠢ᠎ᠶ᠋ᠢᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ ᠲᠤᠬᠠᠢ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠤᠯᠤᠰ ᠲᠦᠷᠦ᠍᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠬᠤ ᠬᠡᠷᠡᠭ᠌ᠲᠡᠢ᠃ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠣᠯᠭᠠᠵᠤ᠂ ᠤᠬᠠᠮᠰᠠᠷ᠎ᠡᠴᠡ᠎ᠪᠠᠨ ᠵᠢᠮ᠎ᠡ ᠶᠣᠰᠣ᠎ᠶ᠋ᠢ ᠵᠢᠷᠤᠮᠯᠠᠨ ᠠᠵᠢᠯᠯᠠᠵᠤ᠂ ᠰᠠᠭᠤᠷᠢ ᠲᠠᠯᠪᠢᠬᠤ ᠪᠠ ᠠᠯᠤᠰ ᠭᠡᠳᠤ᠎ᠳᠦ ᠠᠱᠢᠭ᠍ᠲᠠᠢ ᠶᠠᠪᠤᠳᠠᠯ᠎ᠢ ᠢᠯᠡᠭᠦᠬᠡᠨ ᠬᠢᠵᠦ᠍᠂ ᠪᠣᠳᠠᠲᠤ ᠪᠠᠢᠳᠠᠯ᠎ᠡᠴᠡ ᠰᠠᠯᠤᠩᠭᠢᠷᠠᠭ᠍ᠰᠠᠨ ᠰᠣᠬᠣᠷ ᠪᠠᠯᠠᠢ᠎ ᠪᠠᠷ ᠠᠳᠠᠯᠢᠳᠭᠠᠬᠤ ᠪᠠ 《ᠲᠦᠷᠢ ᠲᠥᠷᠬᠦ᠌᠎ᠶ᠋ᠢᠨ ᠢᠨᠵᠧᠨᠧᠷᠢᠩ》᠂ 《ᠠᠵᠢᠯ ᠎ᠤᠨ ᠪᠦᠲᠦᠮᠵᠢ᠎ᠶ᠋ᠢᠨ ᠢᠨᠵᠧᠨᠧᠷᠢᠩ》 ᠢ᠋ ᠬᠢᠬᠦ᠌ ᠦᠭᠡᠢ ᠪᠠᠢᠬᠤ ᠬᠡᠷᠡᠭ᠌ᠲᠡᠢ᠃ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠬᠡᠷᠡᠭ ᠵᠥᠪᠯᠡᠵᠦ᠍ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠲᠦᠷᠢᠮ᠂ ᠬᠠᠷᠠᠯᠲᠠ᠎ᠪᠠᠨ ᠳᠤᠷᠠᠳᠭᠤ᠂ ᠠᠷᠭ᠎ᠠ ᠬᠡᠮᠵᠢᠶ᠎ᠡ ᠲᠣᠭ᠍ᠲᠠᠭᠠᠬᠤ᠎ᠳᠤ ᠡᠷᠬᠡᠪᠰᠢ ᠦᠨᠡᠨ᠎ᠡᠴᠡ ᠵᠥᠪ᠎ᠢ ᠡᠷᠢᠬᠦ᠌ ᠬᠡᠷᠡᠭ᠌ᠲᠡᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠯ ᠦᠭᠡᠢ ᠠᠬᠢᠭᠤᠯᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠡᠯ ᠎ᠢ ᠡᠰᠡᠷᠭᠦᠴᠡᠬᠦ᠌ ᠠᠵᠢᠯ ᠎ᠢ ᠴᠥᠬᠥᠷᠡᠰᠢ ᠦᠭᠡᠢ ᠰᠠᠢᠲᠤᠷ ᠠᠳᠭᠤᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ ᠎ᠪᠠᠷ ᠬᠦᠲᠦᠯᠦᠨ ᠳᠠᠭᠠᠭᠤᠯᠬᠤ᠎ᠪᠠᠷ ᠳᠠᠮᠵᠢᠨ ᠰᠠᠢ᠌ᠨ ᠰᠠᠢᠬᠠᠨ ᠴᠢᠳᠠᠪᠤᠷᠢᠲᠠᠨ ᠎ᠤ ᠣᠷᠴᠢᠨ ᠨᠦᠭᠦᠴᠡᠯ᠂ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠂ ᠵᠠᠰᠠᠭ᠎ᠤᠨ ᠶᠠᠪᠤᠳᠠᠯ ᠎ᠤᠨ ᠣᠷᠴᠢᠨ ᠨᠦᠭᠦᠴᠡᠯ᠂ ᠱᠢᠨ᠎ᠡ᠎ᠶ᠋ᠢ ᠡᠭᠦᠳᠬᠦ᠌ ᠣᠷᠴᠢᠨ ᠨᠦᠭᠦᠴᠡᠯ᠂ ᠶᠠᠷᠢᠶ᠎ᠠ ᠬᠡᠯᠡᠯᠴᠡᠭᠡᠨ ᠎ᠦ ᠣᠷᠴᠢᠨ ᠨᠦᠬᠦᠴᠡᠯ᠎ᠢ ᠪᠦᠷᠢᠯᠳᠦᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠤᠨ ᠤ᠋ ᠰᠡᠭᠦᠯᠴᠢ ᠵᠢᠯ᠎ᠦᠨ ᠡᠬᠢᠨ᠎ᠦ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ ᠎ᠶ᠋ᠢ ᠲᠣᠭ᠍ᠲᠠᠪᠤᠷᠢᠵᠢᠭᠤᠯᠬᠤ ᠪᠠ ᠨᠡᠭᠦᠷᠡᠰᠦ ᠴᠠᠬᠢᠯᠭᠠᠨ ᠲᠤᠰᠤ ᠬᠡᠢ ᠲᠡᠭᠡᠭᠡᠪᠦᠷᠢ᠎ᠶ᠋ᠢᠨ ᠪᠠᠲᠤᠯᠠᠭ᠎ᠠ ᠬᠠᠩᠭᠠᠯᠭ᠎ᠠ᠎ᠶ᠋ᠢ ᠰᠠᠢᠲᠤᠷ ᠬᠢᠵᠦ᠍᠂ ᠬᠦᠴᠢᠷᠳᠡᠯᠲᠡᠢ ᠤᠯᠠᠨ ᠲᠦᠮᠡᠨ ᠢᠯᠠᠩᠭᠤᠶ᠎ᠠ ᠭᠠᠮᠱᠢᠭ᠎ᠡᠴᠡ ᠪᠤᠯᠵᠤ ᠬᠦᠴᠢᠷᠳᠡᠯ᠎ᠳᠤ ᠲᠤᠯᠭᠠᠷᠠᠭᠰᠠᠨ ᠤᠯᠠᠨ ᠲᠦᠮᠡᠨ᠎ᠦ ᠦᠨᠳᠦᠰᠦᠨ ᠠᠮᠢᠳᠤᠷᠠᠯ᠎ᠢ ᠰᠠᠢᠲᠤᠷ ᠪᠠᠲᠤᠯᠠᠵᠤ᠂ ᠬᠦᠯᠦᠰᠦᠨ ᠮᠠᠯᠴᠢᠨ ᠲᠠᠷᠢᠶᠠᠴᠢᠨ  ᠤ᠋ ᠴᠠᠯᠢᠩ ᠎ᠢ ᠴᠠᠭ ᠲᠤᠬᠠᠢ᠎ᠳᠤᠨᠢ ᠥᠭ᠌ᠬᠦ᠎ᠶ᠋ᠢ ᠦᠨᠡᠨ ᠬᠦ᠌ ᠪᠠᠲᠤᠯᠠᠵᠤ᠂ ᠡᠯ᠎ᠡ ᠵᠦᠢᠯ᠎ᠦᠨ ᠭᠠᠢ ᠭᠠᠮᠱᠢᠭ᠎ᠤᠨ ᠡᠨᠳᠡᠯ ᠎ᠢ ᠰᠡᠷᠭᠡᠢᠯᠡᠬᠦ᠌ ᠪᠠ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢ ᠴᠢᠩᠭᠠᠳᠭᠠᠵᠤ᠂ ᠤᠯᠠᠨ ᠲᠦᠮᠡᠨ᠎ᠢ ᠳᠤᠯᠠᠭᠠᠨ ᠪᠦᠯᠢᠶᠡᠨ ᠠᠮᠤᠷ ᠲᠦᠪᠱᠢᠨ᠎ᠢᠶᠡᠷ ᠡᠪᠦᠯᠵᠢᠭᠦᠯᠵᠦ᠍᠂ ᠪᠠᠶᠠᠷ ᠬᠦᠷ᠎ᠲᠡᠶ ᠡᠶ᠎ᠡ ᠨᠠᠢᠷᠰᠠᠭ᠎ᠢᠶᠠᠷ ᠱᠢᠨᠡᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号