ᠮᠠᠨ ᠤ᠋ ᠤᠷᠤᠨ ᠤ᠋ ᠠᠮᠤ ᠪᠤᠳᠠᠭᠠᠨ ᠤ᠋ ᠤᠨᠠᠯᠲᠠ 840 ᠳ᠋ᠦᠩᠱᠢᠭᠤᠷ ᠵᠢᠩ ᠢ᠋ ᠲᠠᠪᠠᠵᠤ ᠪᠥᠬᠥ᠌ ᠤᠯᠤᠰ ᠤ᠋ᠨ ᠲᠠᠪᠤᠳᠤᠭᠠᠷ ᠲᠦ᠍ ᠣᠷᠣᠪᠠ
2025-12-13 11:59:42
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠤᠯᠤᠰ ᠤ᠋ᠨ ᠲᠣᠭ᠎ᠠ ᠪᠦᠷᠢᠳᠭᠡᠯ ᠤ᠋ᠨ ᠲᠣᠪᠴᠢᠶ᠎ᠠ ᠶ᠋ᠢᠨ 12 ᠰᠠᠷ᠎ᠠ ᠶ᠋ᠢᠨ 12 ᠤ᠋ᠨ ᠡᠳᠦᠷ ᠨᠡᠢᠲᠡᠯᠡᠭᠰᠡᠨ ᠲᠣᠭ᠎ᠠ ᠪᠠᠷᠢᠮᠲᠠ ᠵᠢ ᠦᠨᠳᠦᠰᠦᠯᠡᠪᠡᠯ ᠂ ᠡᠨᠡ ᠵᠢᠯ ᠤ᠋ᠨ ᠦᠪᠤᠷ ᠮᠤᠩᠭᠤᠯ ᠤ᠋ᠨ ᠠᠮᠤ ᠪᠤᠳᠠᠭᠠᠨ ᠤ᠋ ᠶᠡᠷᠤᠩᠬᠡᠢ ᠤᠨᠠᠯᠲᠠ 840.7 ᠳ᠋ᠦᠩᠱᠢᠭᠤᠷ ᠵᠢᠩ ᠳ᠋ᠤ ᠬᠦᠷᠴᠦ᠍᠂ ᠠᠩᠬ᠎ᠠ ᠤᠳᠠᠭ᠎ᠠ ᠪᠥᠬᠥ᠌ ᠤᠯᠤᠰ ᠤ᠋ᠨ ᠵᠢᠷᠭᠤᠳᠤᠭᠠᠷ ᠡᠴᠡ ᠲᠠᠪᠤᠳᠤᠭᠠᠷ ᠲᠦ᠍ ᠳᠡᠪᠰᠢᠨ ᠤᠷᠤᠵᠤ᠂ ᠨᠢᠳᠤᠨᠤᠨ ᠤ᠋ ᠬᠢ ᠡᠴᠡ 20.6 ᠳ᠋ᠦᠩᠱᠢᠭᠤᠷ ᠵᠢᠩ ᠨᠡᠮᠡᠭ᠌ᠳᠡᠨ᠂ ᠨᠡᠮᠡᠭ᠌ᠳᠡᠯ ᠤ᠋ᠨ ᠬᠡᠮᠵᠢᠶ᠎ᠡ ᠪᠡᠷ ᠪᠥᠬᠥ᠌ ᠤᠯᠤᠰ ᠲᠦ᠍ ᠲᠡᠳ᠋ᠯᠡᠵᠤ᠂ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ》 ᠤᠯᠪᠠ᠃

ᠦᠪᠤᠷ ᠮᠤᠩᠭᠤᠯ ᠤ᠋ᠨ ᠠᠮᠤ ᠪᠤᠳᠠᠭᠠᠨ ᠤ᠋ ᠦᠶ᠋ᠯᠡᠳᠪᠦᠷᠢᠯᠡᠯ ᠳ᠋ᠤ ᠲᠠᠷᠢᠮᠠᠯ ᠤ᠋ᠨ ᠲᠠᠯᠠᠪᠠᠢ᠂ ᠶᠡᠷᠦᠩᠬᠡᠶ ᠤᠨᠠᠯᠲᠠ᠂ ᠮᠦ᠍ ᠨᠢᠭᠡᠴᠢ ᠶ᠋ᠢᠨ ᠤᠨᠠᠯᠲᠠ ᠵᠡᠷᠭᠡ ᠪᠡᠷ ᠳᠡᠭᠡᠭᠰᠢᠯᠡᠭᠰᠡᠨ ᠰᠠᠢᠨ ᠰᠠᠢᠬᠠᠨ ᠪᠠᠢᠳᠠᠯ ᠢᠯᠡᠷᠡᠪᠡ᠃ ᠡᠨᠡ ᠵᠢᠯ ᠪᠥᠬᠥ᠌ ᠣᠷᠣᠨ ᠤ᠋ ᠠᠮᠤ ᠪᠤᠳᠠᠭᠠᠨ ᠤ᠋ ᠲᠠᠷᠢᠮᠠᠯ ᠤ᠋ᠨ ᠲᠠᠯᠠᠪᠠᠶ 10567.1 ᠲᠦᠮᠡᠨ ᠮᠥ᠍ ᠳ᠋ᠤ ᠬᠦᠷᠴᠦ᠍᠂ ᠨᠢᠳᠤᠨᠤᠨ ᠤ᠋ ᠬᠢ ᠡᠴᠡ 49.4 ᠲᠦᠮᠡᠨ ᠮᠥ᠍ ᠨᠡᠮᠡᠭ᠌ᠳᠡᠵᠦ᠍᠂ ᠨᠡᠮᠡᠭ᠌ᠳᠡᠯ ᠤ᠋ᠨ ᠬᠡᠮᠵᠢᠶ᠎ᠡ᠎ᠪᠡᠷ ᠪᠥᠬᠥ᠌ ᠤᠯᠤᠰ ᠲᠦ᠍ ᠲᠦᠷᠦᠭᠦᠯᠡᠪᠡ; ᠠᠮᠤ ᠪᠤᠳᠠᠭᠠᠨ ᠤ᠋ ᠲᠠᠷᠢᠮᠠᠯ ᠤ᠋ᠨ ᠮᠦ᠍ ᠨᠢᠭᠡᠴᠢ ᠶ᠋ᠢᠨ ᠳᠤᠮᠳᠠᠴᠢ ᠤᠨᠠᠯᠲᠠ 795.6 ᠵᠢᠩ ᠳ᠋ᠤ ᠬᠦᠷᠴᠦ᠍᠂ ᠪᠥᠬᠥ᠌ ᠤᠯᠤᠰ ᠤ᠋ᠨ ᠵᠢᠭᠰᠠᠭᠠᠯᠲᠠ ᠳ᠋ᠦ ᠡᠮᠦᠨᠡᠰᠢ ᠪᠠᠨ 2 ᠨᠡᠷᠡᠰ ᠳᠡᠪᠰᠢᠨ 14 ᠳ᠋ᠤᠭᠡᠷ ᠲᠦ᠍ ᠤᠷᠤᠵᠤ᠂ ᠮᠦ᠍ ᠨᠢᠭᠡᠴᠢ ᠶ᠋ᠢᠨ ᠤᠨᠠᠯᠲᠠ ᠨᠢ 15.9 ᠵᠢᠩ ᠨᠡᠮᠡᠭ᠌ᠳᠡᠨ᠂ ᠪᠥᠬᠥ᠌ ᠤᠯᠤᠰ ᠤ᠋ᠨ ᠭᠤᠤᠯ ᠭᠠᠷᠤᠯᠲᠠ ᠶ᠋ᠢᠨ ᠣᠷᠣᠨ ᠤ᠋ ᠲᠦᠷᠪᠡᠳᠤᠬᠡᠷ ᠲᠦ᠍ ᠣᠷᠣᠪᠠ᠃ ᠡᠨᠡ ᠵᠢᠯ ᠦᠪᠤᠷ ᠮᠤᠩᠭᠤᠯ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠤ᠋ ᠪᠦᠲᠦᠭᠡᠨ ᠪᠠᠢᠭᠤᠯᠤᠯᠲᠠ ᠶ᠋ᠢᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠳ᠋ᠦ ᠠᠡᠭᠬᠠᠷᠤᠯ ᠶ᠋ᠢᠡᠨ ᠲᠦᠪᠯᠡᠷᠡᠭᠦᠯᠵᠦ᠂ ᠵᠢᠯ ᠤ᠋ᠨ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ ᠡᠭᠦᠷᠭᠡ ᠳ᠋ᠡᠬᠡᠨ ᠴᠠᠭ ᠲᠤᠬᠠᠢ ᠳ᠋ᠤᠨᠢ ᠲᠤᠬᠢᠷᠠᠭᠤᠯᠤᠯᠲᠠ ᠬᠢᠵᠦ᠂ ᠪᠦᠬᠦ᠌ ᠵᠢᠯ ᠳ᠋ᠤ ᠲᠠᠷᠢᠶᠠᠴᠢᠳ ᠲᠦ᠍ ᠠᠱᠢᠭ ᠬᠦᠷᠲᠡᠭᠡᠬᠦ᠌ ᠨᠥᠬᠥᠪᠥᠷᠢ ᠮᠥᠩᠭᠥ ᠵᠢ 168 ᠳ᠋ᠦᠩᠱᠢᠭᠤᠷ ᠲᠥᠭᠥᠷᠢᠭ ᠪᠠᠭᠤᠯᠭᠠᠵᠠᠢ᠃ ᠡᠭᠦᠨ ᠤ᠋ ᠬᠠᠮᠲᠤ ᠮᠦ᠍ ᠨᠢᠭᠡᠴᠢ ᠶ᠋ᠢᠨ ᠤᠨᠠᠯᠲᠠ ᠵᠢ ᠶᠡᠬᠡ ᠬᠡᠪᠴᠢᠶ᠎ᠡ ᠪᠡᠷ ᠳᠡᠭᠡᠭ᠌ᠰᠢᠯᠡᠭᠦᠯᠬᠦ᠌ ᠪᠡᠷ ᠭᠠᠷᠳᠠᠴᠠ ᠪᠤᠯᠭᠠᠨ ᠰᠠᠢᠨ ᠲᠠᠷᠢᠶ᠎ᠠ᠂ ᠰᠡᠢ᠌ᠠ ᠡᠭᠦᠯᠳᠡᠷ᠂ ᠰᠡᠢ᠌ᠠ ᠮᠠᠰᠢᠨ᠂ ᠰᠠᠢᠨ ᠮᠡᠷᠭᠡᠵᠢᠯ ᠵᠡᠷᠬᠡ 《ᠳᠥᠷᠪᠡᠨ ᠰᠠᠢᠨ》 ᠢ᠋ ᠠᠭᠤᠰᠤᠯᠴᠠᠭᠤᠯᠬᠤ ᠵᠢ ᠠᠭᠢᠭᠤᠯᠵᠤ᠂ ᠠᠮᠤ ᠪᠤᠳᠠᠭ᠎ᠠ ᠪᠤᠯᠤᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠲᠣᠭ᠍ᠲᠠᠭᠤᠨ ᠪᠦᠬᠡᠳ ᠠᠮᠤᠷ ᠲᠦᠪᠱᠢᠨ ᠬᠠᠩᠭᠠᠯᠭ᠎ᠠ ᠶ᠋ᠢᠨ ᠰᠠᠭᠤᠷᠢ ᠵᠢ ᠪᠦᠬᠦ᠌ ᠬᠦᠴᠦᠨ ᠶ᠋ᠢᠡᠷ ᠪᠡᠬᠢᠵᠢᠭᠦᠯᠵᠦ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠳᠤᠯᠠᠬᠤ ᠳ᠋ᠤ ᠢᠳᠡᠪᠬᠢ ᠬᠤᠪᠢ ᠨᠡᠮᠡᠷᠢ ᠦᠵᠡᠬᠦᠯᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号