ᠲᠦᠷᠦᠭᠦᠬᠡᠨ ᠥᠪᠡᠷᠲᠡᠭᠡᠨ ᠵᠠᠰᠠᠬᠤ ᠣᠷᠣᠨᠤ ᠠᠷᠠᠳ ᠤ᠋ᠨ ᠪᠠᠢᠴᠠᠭᠠᠬᠤ ᠬᠣᠷᠢᠶ᠎ᠠ ᠬᠣᠶᠠᠳᠤᠭᠠᠷ ᠬᠤᠭᠤᠴᠠᠭᠠᠨ ᠤ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭᠠᠶᠢᠨ ᠰᠣᠶᠣᠯᠤᠨ ᠲᠦᠷᠦᠯ ᠲᠡᠮᠳᠡᠭ ᠢ ᠰᠣᠩᠭᠣᠨ ᠱᠤᠭᠤᠵᠤ ᠳᠡᠯᠭᠡᠨ ᠦᠵᠡᠭᠦᠯᠬᠦ ᠠᠵᠢᠯᠯᠠᠭ᠎ᠠᠶᠢ ᠵᠣᠬᠢᠶᠠᠨ ᠪᠠᠢᠭᠤᠯᠤᠨ ᠶᠠᠪᠤᠬᠳᠠᠭᠤᠯᠪᠠ᠃
ᠠᠵᠢᠯᠯᠠᠭ᠎ᠠ ᠶᠢ ᠡᠬᠢᠯᠡᠭᠦᠯᠦᠭᠰᠡᠨᠡᠴᠡ ᠨᠠᠭᠠᠰᠢ᠂ ᠡᠯ᠎ᠡ ᠱᠠᠲᠤᠨᠤ ᠪᠠᠢᠴᠠᠭᠠᠬᠤ ᠪᠠᠢᠭᠤᠯᠭ᠎ᠠ ᠳᠡᠭᠡᠳᠦ ᠬᠡᠮᠵᠢᠶ᠎ᠡᠪᠡᠷ ᠴᠢᠬᠤᠯᠠᠴᠢᠯᠠᠵᠤ᠂ ᠢᠳᠡᠪᠬᠢᠲᠡᠢ ᠴᠤᠤᠷᠢᠶᠠᠲᠤᠨ ᠳᠠᠭᠠᠵᠤ᠂ ᠬᠡᠷᠡᠭ ᠰᠢᠢᠳᠪᠦᠷᠢᠯᠡᠬᠦ ᠰᠢᠯᠢᠳᠡᠭ ᠪᠦᠯᠬᠦᠮᠢ ᠪᠣᠢ ᠪᠣᠯᠭᠠᠬᠤ᠂ ᠲᠡᠷᠢᠭᠦᠨᠦ ᠠᠵᠢᠯᠤᠨ ᠲᠣᠭᠲᠠᠴᠠᠶᠢ ᠳ᠋ᠦᠩᠨᠡᠬᠦ᠂ ᠰᠣᠳᠣᠨ ᠬᠡᠷᠡᠭᠦᠨ ᠵᠢᠱ᠌ᠢᠶᠡᠶᠢ ᠰᠤᠩᠭᠤᠨ ᠰᠢᠯᠭᠠᠷᠠᠭᠤᠯᠬᠤ᠂ ᠬᠤᠪᠢᠰᠬᠠᠯᠤᠨ ᠤᠳᠤᠮᠰᠢᠯᠢ ᠵᠠᠯᠭᠠᠮᠵᠢᠯᠠᠬᠤ ᠵᠡᠷᠭᠡ ᠲᠠᠯ᠎ᠠᠶᠢᠨ ᠪᠠᠢᠭᠤᠯᠤᠯᠲᠠᠶᠢᠨ ᠦᠷ᠎ᠡ ᠪᠦᠲᠦᠭᠡᠯᠦᠨ ᠲᠣᠭᠣᠷᠢᠨᠳᠤ ᠨᠢᠭᠡ ᠪᠦᠯᠦᠭ ᠦᠵᠡᠯ ᠰᠠᠨᠠᠭᠠᠴᠢ ᠴᠢᠨᠠᠷ ᠲᠠᠢ᠂ ᠢᠯᠭᠠᠨ ᠲᠠᠨᠢᠬᠤ ᠬᠡᠮᠵᠢᠶ᠎ᠡ ᠲᠠᠢ᠂ ᠴᠠᠭ᠍ᠴᠢ ᠴᠢᠨᠠᠷᠢ ᠪᠠᠷᠢᠮᠳᠠᠯᠠᠬᠰᠠᠨ ᠪᠠᠢᠴᠠᠭᠠᠬᠤ ᠰᠣᠶᠣᠯ ᠤᠨ ᠲᠦᠷᠦᠯ ᠲᠡᠮᠳᠡᠭᠢ ᠠᠭᠤᠳᠠᠯᠤᠨ ᠪᠣᠯᠪᠠᠰᠤᠷᠠᠭᠤᠯᠵᠤ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭᠠᠶᠢᠨ ᠰᠣᠶᠣᠯ ᠤᠨ ᠲᠦᠷᠦᠯ ᠳᠡᠮᠳᠡᠭᠤᠨ ᠪᠠᠢᠭᠤᠯᠤᠯᠲᠠᠶᠢᠨ ᠦᠷ᠎ᠡ ᠪᠦᠲᠦᠭᠡᠢ ᠪᠦᠬᠦ ᠲᠠᠯᠠᠪᠠᠷ ᠳᠡᠯᠭᠡᠨ ᠦᠵᠡᠭᠦᠯᠵᠡᠢ᠃ ᠡᠯ᠎ᠡ ᠪᠠᠢᠭᠤᠯᠭ᠎ᠠ ᠨᠢᠭᠡᠴᠢ ᠭᠤᠶᠤᠴᠢᠯᠠᠨ ᠮᠡᠳᠡᠭᠦᠯᠬᠦ᠂ ᠥᠪᠡᠷᠲᠡᠭᠡᠨ ᠵᠠᠰᠠᠬᠤ ᠣᠷᠣᠨᠤ ᠠᠷᠠᠳ ᠤ᠋ᠨ ᠪᠠᠢᠴᠠᠭᠠᠬᠤ ᠬᠣᠷᠢᠶ᠎ᠠ ᠠᠩᠬ᠎ᠠ ᠬᠢᠨᠠᠬᠤ ᠂ ᠳᠠᠬᠢᠨ ᠬᠢᠨᠠᠬᠤ᠂ ᠰᠦᠯᠵᠢᠶᠡᠪᠡᠷ ᠪᠢᠯᠧᠲ ᠥᠭᠬᠦ ᠵᠡᠷᠭᠡ ᠭᠣᠭᠴᠣᠭᠠᠪᠠᠷ ᠳᠡᠮᠵᠢᠨ᠂ ᠡᠴᠦᠰ ᠲᠡᠭᠡᠨ 3 ᠲᠦᠷᠦᠯ ᠲᠡᠮᠳᠡᠭ ᠢ 《ᠬᠠᠮᠤᠬ ᠤ᠋ᠨ ᠰᠢᠯᠢᠳᠡᠭ ᠰᠤᠶᠤᠯ ᠤ᠋ᠨ ᠲᠦᠷᠦᠯ ᠲᠡᠮᠳᠡᠭ》 ᠵᠢᠡᠷ ᠰᠢᠯᠭᠠᠷᠠᠭᠤᠯᠤᠨ ᠭᠠᠷᠭᠠᠵᠤ᠂ 3 ᠲᠦᠷᠦᠯ ᠲᠡᠮᠳᠡᠭ ᠢ 《ᠰᠢᠯᠢᠳᠡᠭ ᠰᠤᠶᠤᠯ ᠤ᠋ᠨ ᠲᠦᠷᠦᠯ ᠲᠡᠮᠳᠡᠭ 》 ᠵᠢᠡᠷ ᠦᠨᠡᠯᠡᠵᠡᠢ᠃
ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢᠨ ᠨᠠᠢ᠍ᠮᠠᠳᠤᠭᠠᠷ ᠪᠠᠢᠴᠠᠭᠠᠬᠤ ᠬᠡᠯᠳᠡᠰ ᠪᠠ ᠤᠷᠴᠤᠨ ᠤ᠋ ᠦᠪᠡᠷᠳᠡᠬᠡᠨ ᠵᠠᠰᠠᠬᠤ ᠬᠤᠰᠢᠭᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢᠨ《ᠬᠤᠨ ᠭᠠᠯᠠᠭᠤ ᠤᠷᠴᠢᠨ ᠲᠤᠭᠤᠷᠢᠨ ᠢ ᠬᠠᠮᠠᠭᠠᠯᠠᠬᠤ ᠠᠩᠬᠢ》᠂ ᠲᠤᠬᠳᠠᠬᠤ ᠰᠢᠶᠠᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢᠨ《ᠶᠡᠬᠡ ᠮᠦᠷᠡᠨ ᠤ᠋ ᠬᠦᠰᠡᠯ ᠨᠠᠢᠳᠠᠯᠭ᠎ᠠ》᠂ ᠤᠷᠳᠤᠰ ᠬᠤᠳᠠ ᠵᠢᠨ ᠬᠢᠶ᠎ᠠ ᠪᠠᠬᠰᠢ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠵᠢᠨ 《ᠬᠢᠶ᠎ᠠ ᠪᠠᠬᠰᠢ ᠵᠢᠨ ᠪᠠᠢᠴᠠᠭᠠᠬᠤ ᠠᠵᠢᠯ ᠤ᠋ᠨ ᠴᠢᠬᠢ ᠪᠤᠢᠵᠢᠭᠤᠯᠬᠤ ᠠᠵᠢᠯᠯᠠᠭ᠎ᠠ》 ᠬᠡᠬᠦ 3 ᠲᠦᠷᠦᠯ ᠲᠡᠮᠳᠡᠭ ᠨᠢ ᠬᠠᠮᠤᠬ ᠤ᠋ᠨ ᠰᠢᠯᠢᠳᠡᠭ ᠰᠤᠶᠤᠯ ᠤ᠋ᠨ ᠲᠦᠷᠦᠯ ᠲᠡᠮᠳᠡᠭ ᠵᠢᠡᠷ ᠰᠢᠯᠭᠠᠷᠠᠭᠤᠯᠤᠬᠳᠠᠵᠦ᠂ ᠤᠯᠠᠭᠠᠠᠬᠠᠳᠠ ᠬᠤᠳᠠ ᠵᠢᠨ ᠠᠷᠠᠳ ᠤ᠋ᠨ ᠪᠠᠢᠴᠠᠭᠠᠬᠤ ᠬᠤᠷᠢᠶ᠎ᠠ ᠵᠢᠨ 《ᠤᠯᠠᠭᠠᠠᠬᠠᠳᠠ ᠵᠢᠨ ᠪᠠᠢᠴᠠᠭᠠᠬᠤ ᠨᠡᠢᠳᠡ ᠵᠢᠨ ᠠᠰᠠᠷᠠᠮᠵᠢ ᠵᠢᠨ ᠠᠵᠢᠯ》 ᠂ ᠤᠯᠠᠭᠠᠠᠴᠠᠪ ᠬᠤᠳᠠ ᠵᠢᠨ ᠵᠢᠨᠢᠩ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠵᠢᠨ 《ᠵᠢᠨᠢᠩ ᠤ᠋ᠨ ᠪᠠᠢᠴᠠᠭᠠᠬᠤ ᠠᠵᠢᠯ》᠂ ᠤᠷᠠᠳ ᠤ᠋ᠨ ᠡᠮᠦᠨᠡᠳᠦ ᠬᠤᠰᠢᠭᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢᠨ 《ᠤᠷᠤᠬᠰᠢᠯᠠᠯᠳᠠ ᠲᠠᠪᠰᠢᠯᠳᠠ》 ᠬᠡᠬᠦ 3 ᠲᠦᠷᠦᠯ ᠲᠡᠮᠳᠡᠭ ᠨᠢ ᠰᠢᠯᠢᠳᠡᠭ ᠰᠤᠶᠤᠯ ᠤ᠋ᠨ ᠲᠦᠷᠦᠯ ᠲᠡᠮᠳᠡᠭ ᠵᠢᠡᠷ ᠰᠢᠯᠭᠠᠷᠠᠭᠤᠯᠤᠬᠳᠠᠵᠠᠢ᠃