ᠦᠪᠦᠷ ᠮᠤᠩᠭᠤᠯ ᠎ᠤᠨ ᠵᠡᠮᠳᠡᠭᠴᠤᠳ᠎ᠤᠨ ᠬᠤᠯᠪᠤᠭ᠎ᠠ ᠰᠠᠢᠨ ᠳᠤᠷᠠᠴᠤᠳ᠎ᠤᠨ ᠡᠳᠦᠷ᠎ᠦᠨ ᠠᠵᠢᠯᠯᠠᠭ᠎ᠠ ᠦᠷᠨᠢᠬᠦᠯᠪᠡ
2025-12-13 12:32:26
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

 ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠤᠯᠪᠤᠭ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ 《ᠦᠨᠡᠨᠴᠢ ᠪᠤᠶᠠᠨᠰᠠᠭ ᠰᠠᠢᠬᠠᠨ᠎ᠢ ᠳᠠᠮᠵᠢᠭᠤᠯᠵᠤ᠂ ᠬᠡᠦᠬᠡᠳ᠎ᠦᠨ ᠰᠡᠳᠭᠢᠯ᠎ᠢ ᠳᠤᠯᠠᠭᠠᠴᠠᠭᠤᠯᠬᠤ》 ᠣᠯᠠᠨ ᠤᠯᠤᠰ᠎ᠤᠨ ᠰᠠᠢᠨ ᠳᠤᠷᠠᠴᠤᠳ᠎ᠤᠨ ᠡᠳᠦᠷ᠎ᠦᠨ ᠭᠤᠤᠯ ᠰᠡᠳᠦᠪᠲᠦ ᠠᠵᠢᠯᠯᠠᠭ᠎ᠠ ᠦᠷᠨᠢᠭᠦᠯᠪᠡ᠃ 

ᠠᠵᠢᠯᠯᠠᠭ᠎ᠠ ᠳᠡᠭᠡᠷ᠎ᠡ᠂ ᠦᠪᠡᠷᠲᠡᠭᠡᠨ ᠵᠠᠰᠠᠬᠤ ᠤᠷᠤᠨ ᠵᠢᠴᠢ ᠬᠦᠬᠡᠬᠤᠲᠠ᠎ᠶᠢᠨ ᠤᠯᠠᠨ ᠨᠢᠭᠡᠴᠢ᠎ᠶᠢᠨ ᠰᠠᠢᠨ ᠳᠤᠷᠠᠴᠤᠳ᠎ᠤᠨ ᠪᠦᠯᠬᠦᠮ ᠎ᠤᠨ ᠬᠢᠨ  ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ᠎ᠵᠢᠨ ᠰᠣᠷᠣᠭ᠍ᠴᠢᠳ ᠲᠠᠢ ᠨᠢᠭᠡ ᠲᠠᠩᠬᠢᠮ᠎ᠳᠤ ᠴᠤᠭ᠍ᠯᠠᠷᠠᠵᠤ᠂ ᠬᠠᠢᠷ᠎ᠠ ᠰᠡᠳᠭᠢᠯᠭᠡ᠎ᠶ᠋ᠢᠨ ᠦᠶ᠋ᠯᠡᠳᠦᠯᠴᠡᠯ᠂ ᠬᠠᠢᠷ᠎ᠠ ᠬᠠᠯᠠᠮᠵᠢ ᠬᠦᠷᠭᠡᠬᠦ᠌᠂ ᠭᠦᠨᠵᠡᠭᠡᠶ ᠪᠡᠶᠡᠴᠢᠯᠡᠨ ᠣᠢᠯᠠᠭᠠᠬᠤ ᠵᠡᠷᠭᠡ ᠭᠣᠭ᠍ᠴᠣᠭ᠎ᠠ᠎ᠪᠠᠷ ᠳᠠᠮᠵᠢᠨ᠂ ᠰᠠᠢᠨ ᠳᠤᠷᠠᠴᠤᠳ᠎ᠤᠨ ᠵᠣᠷᠢᠭ ᠰᠠᠨᠠᠭ᠎ᠠ᠎ᠶ᠋ᠢ ᠵᠡᠮᠳᠡᠭ ᠬᠡᠦᠬᠡᠳ᠎ᠲᠦ ᠦᠶ᠋ᠯᠡᠴᠢᠯᠡᠬᠦ᠌ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠪᠠ᠃ ᠡᠬᠦᠨ᠎ᠳᠤ 《ᠳᠠᠭᠤ ᠦᠭᠡᠢ ᠶᠢᠷᠲᠢᠨᠴᠦ᠍·ᠳᠠᠭᠤᠲᠤ ᠮᠠᠭ᠍ᠲᠠᠭᠠᠯ》 ᠭᠡᠬᠦ ᠭᠣᠭ᠍ᠴᠣᠭ᠎ᠠ᠎ᠳᠤ᠂ ᠳᠣᠬᠢᠶᠠᠨ᠎ᠤ ᠬᠡᠯᠡᠨ᠎ᠦ ᠪᠠᠭ᠍ᠰᠢ ᠪᠦᠬᠦ᠌ ᠲᠠᠯᠠᠪᠠᠢ᠎ᠶᠢᠨ ᠬᠦᠮᠦᠰ᠎ᠲᠤ 《ᠲᠠ ᠦᠨᠡᠬᠡᠷ ᠭᠤᠶᠤ》᠂ 《ᠪᠠᠶᠠᠷᠯᠠᠯ᠎ᠠ》 ᠵᠡᠷᠭᠡ ᠳᠣᠬᠢᠶᠠᠨ᠎ᠤ ᠬᠡᠯᠡ᠎ᠶ᠋ᠢ ᠵᠢᠭᠠᠵᠦ᠂ ᠬᠠᠢᠷ᠎ᠠ ᠬᠠᠯᠠᠮᠵᠢ᠎ᠶ᠋ᠢ ᠳᠠᠮᠵᠢᠭᠤᠯᠪᠠ; 《ᠰᠡᠳᠭᠢᠯ᠎ᠨᠢᠭᠡᠲᠡᠡ᠎ᠤ ᠦᠢᠯᠡᠳᠭᠡᠯ᠎ᠦᠨ ᠭᠠᠵᠠᠷ》 ᠤ᠋ᠨ ᠪᠡᠶᠡᠴᠢᠯᠡᠨ ᠣᠢᠯᠠᠭᠠᠬᠤ ᠲᠤᠭᠤᠷᠢᠭ ᠨᠢ ᠬᠠᠷᠢᠯᠴᠠᠨ ᠦᠢᠯᠡᠳᠦᠯᠴᠡᠬᠦ ᠲᠥᠪᠯᠡᠷᠡᠯ᠎ᠦᠨ ᠴᠡᠭ ᠪᠤᠯᠵᠦ᠂ ᠰᠠᠢᠨ ᠳᠤᠷᠠᠴᠤᠳ ᠰᠤᠷᠤᠭ᠍ᠴᠢᠳ᠎ᠲᠠᠶ ᠬᠠᠮᠲᠤ ᠣᠷᠳᠣ ᠡᠪᠬᠡᠮᠡᠯ ᠵᠢᠷᠤᠵᠤ᠂ ᠭᠠᠷ ᠤᠷᠠᠯᠠᠯ᠎ᠤᠨ ᠪᠦᠲᠦᠭᠡᠭ᠌ᠳᠡᠬᠦᠨ ᠦᠶ᠋ᠯᠡᠳᠦᠨ᠂ 10 ᠮᠧᠲ᠋ᠷ᠎ᠦᠨ ᠣᠷᠳᠣ ᠡᠪᠬᠡᠮᠡᠯ ᠳᠡᠭᠡᠷ᠎ᠡ ᠬᠡᠦᠬᠡᠳ᠎ᠦᠳ ᠲᠠᠪᠤᠨ ᠥᠩᠭᠡ᠎ᠶ᠋ᠢᠨ ᠪᠢᠷ᠎ᠢᠶᠡᠷ ᠵᠢᠷᠤᠭ ᠵᠢᠷᠤᠵᠦ᠂ ᠰᠠᠢᠨ ᠲᠤᠷᠠᠴᠤᠳ ᠬᠠᠵᠠᠭᠤ᠎ᠳᠤᠨᠢ ᠬᠠᠪᠰᠤᠷᠤᠨ ᠥᠩᠭᠡ ᠤᠷᠤᠭᠤᠯᠵᠦ᠂ ᠬᠠᠮᠲᠤ᠎ᠪᠠᠷ ᠪᠡᠶᠡᠯᠡᠭᠦᠯᠦᠭ᠌ᠰᠡᠨ ᠵᠢᠷᠤᠭ᠎ᠨᠢ ᠬᠠᠢᠷ᠎ᠠ ᠪᠠ ᠬᠦᠰᠡᠯ᠎ᠢ ᠬᠦᠢᠴᠡᠳ ᠬᠠᠷᠠᠭᠤᠯᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号