ᠥᠪᠥᠷ ᠮᠣᠩᠭᠣᠯ ᠡᠯᠡᠰᠦᠷᠭᠡᠭᠵᠢᠯ ᠢ᠋ ᠰᠡᠷᠭᠡᠢᠯᠡᠨ ᠡᠯᠡᠰᠦ᠎ᠶ᠋ᠢ ᠵᠠᠰᠠᠬᠤ ᠳ᠋ᠤ ᠬᠠᠤᠯᠢ ᠲᠦᠷᠢᠮ ᠤ᠋ᠨ ᠲᠤᠯᠭᠠᠭᠤᠷᠢᠯᠠᠯ ᠲᠠᠢ ᠪᠤᠯᠪᠠ
2025-12-14 12:24:41
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠵᠢᠴᠢ ᠥᠪᠥᠷ ᠮᠣᠩᠭᠣᠯ᠎ᠤᠨ ᠰᠠᠢᠨ ᠠᠷᠭ᠎ᠠ ᠬᠢᠳᠡᠯ ᠢ᠋ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠤᠨ ᠬᠡᠯᠪᠡᠷᠢ᠎ᠪᠡᠷ ᠲᠣᠭ᠍ᠲᠠᠪᠤᠷᠢᠵᠢᠭᠤᠯᠬᠤ᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠭᠤᠷᠪᠠᠳᠤᠭᠠᠷ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠳᠦᠷᠢᠮ》 (ᠳᠣᠷᠣᠭ᠍ᠰᠢ 《ᠳᠦᠷᠢᠮ》 ᠭᠡᠵᠦ᠍ ᠲᠣᠪᠴᠢᠯᠠᠨ᠎ᠠ) ᠢ᠋ ᠪᠠᠲᠤᠯᠠᠵᠤ᠂ 2026 ᠣᠨ᠎ᠤ 1 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ ᠵᠢᠩᠬᠢᠨᠢ᠎ᠪᠡᠷ ᠬᠡᠷᠡᠭ᠌ᠵᠢᠭᠦᠯᠦᠨ᠎ᠠ᠃

《ᠳᠦᠷᠢᠮ》᠎ᠳ᠋ᠤ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠪᠠᠢᠭ᠎ᠠ ᠭᠠᠵᠠᠷ ᠣᠷᠣᠨ᠎ᠤ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ᠎ᠢ ᠤᠯᠤᠰ ᠠᠷᠠᠳ᠎ᠤᠨ ᠠᠵᠤ ᠠᠬᠤᠶ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠳᠡᠭᠡᠨ ᠣᠷᠣᠭᠤᠯᠵᠤ᠂ ᠵᠠᠰᠠᠭ᠎ᠤᠨ ᠣᠷᠳᠣᠨ᠎ᠤ ᠵᠠᠰᠠᠭ ᠵᠠᠬᠢᠷᠭᠠᠨ᠎ᠤ ᠤᠳᠤᠷᠢᠳᠤᠯᠭ᠎ᠠ᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠲᠤᠱᠢᠶᠠᠯ᠎ᠤᠨ ᠬᠤᠭᠤᠴᠠᠭᠠᠨ᠎ᠤ ᠬᠠᠷᠠᠯᠲᠠᠲᠤ ᠬᠠᠷᠢᠭᠤᠴᠠᠯᠭ᠎ᠠ᠎ᠶ᠋ᠢ ᠬᠢᠨᠠᠨ ᠱᠢᠯᠭᠠᠵᠤ ᠱᠠᠩᠨᠠᠨ ᠲᠣᠷᠭᠠᠬᠤ ᠳᠦᠷᠢᠮ᠎ᠢ ᠬᠡᠷᠡᠭ᠌ᠵᠢᠭᠦᠯᠵᠦ᠍᠂ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠪᠠᠢᠩᠭᠤ᠎ᠶ᠋ᠢᠨ ᠬᠣᠷᠢᠶ᠎ᠠ᠎ᠳᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ᠎ᠵᠠᠰᠠᠭ᠍ᠰᠠᠨ ᠠᠵᠢᠯ᠎ᠤᠨ ᠪᠠᠢᠳᠠᠯ᠎ᠢᠶᠠᠨ ᠮᠡᠳᠡᠭᠦᠯᠬᠦ᠌ ᠬᠡᠷᠡᠭ᠌ᠲᠡᠶ ᠭᠡᠵᠦ ᠲᠤᠳᠤᠷᠬᠠᠢᠯᠠᠪᠠ᠃

ᠡᠯᠡᠰᠦᠷᠭᠡᠭᠵᠢᠯ ᠢ᠋ ᠰᠡᠷᠭᠡᠢᠯᠡᠨ ᠡᠯᠡᠰᠦ᠎ᠶ᠋ᠢ ᠵᠠᠰᠠᠬᠤ ᠲᠥᠯᠥᠪᠵᠢᠭᠦᠯᠭᠡ᠎ᠪᠠ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ ᠠᠱᠢᠭ᠍ᠯᠠᠬᠤ᠎ᠶ᠋ᠢ ᠪᠠᠷᠢᠮᠲᠠᠯᠠᠬᠤ ᠲᠠᠯ᠎ᠠ᠎ᠪᠠᠷ᠂ 《ᠲᠦᠷᠢᠮ》 ᠳ᠋ᠸ᠋᠂ ᠡᠯᠡᠰᠦᠷᠭᠡᠭᠵᠢᠯ ᠢ᠋ ᠰᠡᠷᠭᠡᠢᠯᠡᠨ ᠡᠯᠡᠰᠦ᠎ᠶ᠋ᠢ ᠵᠠᠰᠠᠬᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠳᠠᠭᠠᠨ ᠡᠯᠡᠰᠦᠷᠭᠡᠭᠵᠢᠭᠰᠡᠨ ᠭᠠᠵᠠᠷ ᠱᠢᠷᠣᠢ᠎ᠶ᠋ᠢᠨ ᠣᠷᠣᠱᠢᠵᠤ ᠪᠠᠢᠭ᠎ᠠ ᠭᠠᠵᠠᠷ ᠵᠦᠢ᠎ᠶ᠋ᠢᠨ ᠣᠷᠣᠨ ᠪᠠᠢᠷᠢ᠂ ᠭᠠᠵᠠᠷ ᠱᠢᠷᠣᠢ᠎ᠶ᠋ᠢᠨ ᠲᠦᠷᠦᠯ ᠬᠡᠯᠪᠡᠷᠢ᠂ ᠤᠷᠭᠤᠮᠠᠯ᠎ᠤᠨ ᠬᠤᠴᠢᠯᠭ᠎ᠠ᠎ᠶ᠋ᠢᠨ ᠪᠠᠢᠳᠠᠯ᠂ ᠠᠭᠤᠷ ᠠᠮᠢᠰᠭᠤᠯ ᠪᠣᠯᠤᠨ ᠤᠰᠦᠠ᠎ᠤ ᠡᠬᠢ ᠪᠠᠶᠠᠯᠢᠭ᠎ᠤᠨ ᠪᠠᠢᠳᠠᠯ᠂ ᠭᠠᠵᠠᠷ ᠱᠢᠷᠣᠢ᠎ᠶ᠋ᠢᠨ ᠡᠯᠡᠰᠦᠷᠭᠡᠭᠵᠢᠭ᠌ᠰᠡᠨ ᠬᠡᠮᠵᠢᠢ᠎ᠡ ᠵᠡᠷᠭᠡ ᠪᠠᠢᠭᠠᠯᠢ᠎ᠶ᠋ᠢᠨ ᠨᠥᠬᠥᠴᠡᠯ ᠵᠢᠴᠢ ᠲᠡᠭᠦᠨ᠎ᠦ ᠪᠠᠳᠠᠷᠠᠭᠤᠯᠵᠤ ᠪᠠᠢᠭ᠎ᠠ ᠠᠮᠢ ᠠᠬᠤᠢ᠂ ᠠᠵᠤ ᠠᠬᠤᠢ᠎ᠶ᠋ᠢᠨ ᠴᠢᠳᠠᠮᠵᠢ᠎ᠶ᠋ᠢ ᠦᠨᠳᠦᠰᠦᠯᠡᠵᠦ᠍ ᠪᠠᠢᠭᠠᠳ ᠡᠯᠡᠰᠦᠷᠭᠡᠭᠵᠢᠭ᠌ᠰᠡᠨ ᠭᠠᠵᠠᠷ ᠱᠢᠷᠣᠢ᠎ᠶ᠋ᠢ ᠲᠦᠷᠦᠯ ᠬᠤᠪᠢᠶᠠᠨ ᠬᠠᠮᠠᠭᠠᠯᠠᠬᠤ᠂ ᠶᠡᠷᠦᠩᠬᠡᠢᠯᠡᠨ ᠵᠠᠰᠠᠬᠤ᠂ ᠵᠦᠢ ᠵᠣᠬᠢᠰᠲᠠᠢ᠎ᠪᠠᠷ ᠠᠱᠢᠭ᠍ᠯᠠᠬᠤ ᠬᠡᠷᠡᠭ᠌ᠲᠡᠢ; ᠪᠠᠢᠭᠠᠯᠢ᠎ᠶ᠋ᠢᠨ ᠵᠢᠮ᠎ᠡ ᠶᠣᠰᠣ ᠪᠣᠯᠤᠨ ᠠᠵᠤ ᠠᠬᠤᠢ᠎ᠶ᠋ᠢᠨ ᠵᠢᠮ᠎ᠡ ᠶᠣᠰᠣ᠎ᠶ᠋ᠢ ᠵᠢᠷᠤᠮᠯᠠᠵᠤ᠂ ᠡᠯᠡᠰᠦᠨ᠎ᠦ ᠤᠨᠴᠠᠯᠢᠬ᠍ᠳᠤ ᠠᠵᠤ ᠦᠢᠯᠡᠰ᠎ᠢ ᠵᠣᠬᠢᠰᠲᠠᠢ ᠡᠮᠬᠢ ᠵᠢᠷᠤᠮ᠎ᠲᠠᠶ᠎ᠪᠠᠷ ᠬᠥᠭ᠌ᠵᠢᠭᠦᠯᠬᠦ᠌ ᠬᠡᠷᠡᠭ᠌ᠲᠡᠢ; ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠯᠤᠭ᠎ᠠ ᠤᠶᠠᠯᠳᠤᠭᠤᠯᠵᠤ᠂ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠳᠠᠢᠴᠢᠯᠠᠬᠤ ᠬᠡᠷᠡᠭ᠌ᠲᠡᠶ ᠭᠡᠵᠦ ᠲᠤᠷᠠᠳᠪᠠ᠃

ᠡᠭᠦᠨ᠎ᠡᠴᠡ ᠭᠠᠳᠠᠨ᠎ᠠ᠂ 《ᠲᠦᠷᠢᠮ》᠎ᠳ᠋ᠤ ᠪᠠᠰᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠵᠠᠰᠠᠬᠤ᠎ᠳᠤ ᠭᠤᠤᠯᠳᠠᠯᠭ᠎ᠠ᠎ᠶ᠋ᠢ ᠳᠣᠪᠣᠢᠯᠭᠠᠵᠤ᠂《ᠤᠮᠠᠷᠠᠲᠤ ᠵᠢᠨ ᠭᠤᠷᠪᠠᠨ ᠤᠷᠤᠨ》 ᠵᠡᠷᠭᠡ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠠᠲᠤᠨ ᠭᠤᠤᠯ᠎ᠤᠨ 《ᠶᠡᠬᠡ ᠲᠤᠬᠤᠢ》 ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠂ ᠬᠣᠷᠴᠢᠨ ᠪᠣᠯᠤᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠰᠥᠨᠥᠭᠡᠬᠦ᠌ ᠳᠠᠢᠯᠠᠯᠳᠤᠭᠠᠨ᠂ ᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡ ᠲᠠᠭᠠᠤ᠎ᠶ᠋ᠢᠨ ᠬᠣᠷᠢᠭ᠍ᠯᠠᠯᠳᠠ ᠵᠢᠨ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠬᠦ᠌ ᠬᠡᠷᠡᠭ᠌ᠲᠡᠶ ᠭᠡᠵᠦ᠍ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号