ᠰᠢᠷᠠᠤ᠋ᠰᠤᠨ ᠭᠣᠣᠯ ᠤ᠋ᠨ ᠲᠠᠨᠵᠢᠨ ᠳ᠋ᠡᠬᠢ ᠰᠢᠨ᠎ᠡ ᠵᠢ ᠡᠬᠦᠳᠦᠭᠰᠡᠨ ᠦᠬᠡᠷᠡᠴᠢᠯᠡᠯᠳᠡ
2025-12-14 10:33:56
ᠵᠣᠬᠢᠶᠠᠭ᠍ᠴᠢ᠄
ᠵᠤᠨ᠎ᠠ ᠪᠤᠶᠠᠠᠡᠨᠡᠷᠢᠯ ᠴᠤᠪᠤᠭᠤ ᠬᠦᠪᠴᠢᠨ ᠦᠢᠯᠡᠰ
ᠣᠩᠱᠢᠭ᠍ᠰᠠᠨ ᠣᠳᠠᠭ᠎ᠠ᠄
★★★☆☆

• 《ᠬᠡᠨ ᠲᠠᠷᠢᠶ᠎ᠠ ᠲᠠᠷᠢᠬᠤ ᠪᠤᠢ?》 ᠬᠡᠰᠡᠨ ᠬᠦᠴᠢᠷ ᠠᠰᠠᠭᠤᠳᠠᠯ ᠢ᠋ ᠰᠢᠢᠳᠪᠤᠷᠢᠯᠡᠪᠡ

• 《ᠬᠡᠷᠬᠢᠨ ᠲᠠᠷᠢᠶᠠᠯᠠᠬᠤ ᠪᠤᠢ?》 ᠬᠡᠰᠡᠨ ᠪᠡᠷᠬᠡ ᠰᠢᠯᠭᠠᠯᠳᠠ ᠵᠢ ᠬᠠᠷᠢᠭᠤᠯᠪᠠ


ᠨᠠᠮᠤᠷ ᠤ᠋ᠨ ᠰᠡᠬᠦᠯᠴᠢ ᠵᠢᠨ ᠦᠷᠯᠦᠭᠡ᠂ ᠰᠢᠷᠠᠤ᠋ᠰᠤᠨ ᠭᠣᠣᠯ ᠠᠯᠭᠤᠷᠬᠠᠨ ᠤᠷᠤᠰᠴᠤ᠂ ᠵᠤᠭᠰᠤᠯ ᠦᠬᠡᠢ ᠱᠠᠬᠢᠭᠰᠠᠨ ᠪᠤᠷᠤᠭᠠᠨ ᠳ᠋ᠤ ᠰᠦᠨᠢᠵᠢᠨ ᠤᠬᠢᠶᠠᠯᠭᠠᠭᠰᠠᠨ ᠭᠤᠤᠯ ᠤ᠋ᠨ ᠬᠣᠶᠠᠷ ᠬᠥᠪᠡᠭᠡᠨ ᠳ᠋ᠡᠬᠢ ᠡᠷᠳᠡᠨᠢ ᠰᠢᠰᠢ ᠶ᠋ᠢᠨ ᠳᠠᠷᠢᠶ᠎ᠠ ᠨᠠᠪᠴᠢ ᠨᠠᠮᠠᠭᠠᠨ ᠳᠡᠭᠡᠷᠡᠬᠢ ᠪᠤᠷᠤᠭᠠᠨ ᠤ᠋ ᠤᠰᠤ ᠪᠡᠨ ᠰᠢᠯᠡᠭᠡᠬᠦ ᠰᠢᠤᠬᠠᠨ ᠦᠷᠯᠦᠬᠡ ᠡᠷᠳᠡ ᠵᠢᠨ ᠰᠡᠷᠢᠬᠦᠨ ᠵᠢᠪᠡᠷ ᠲᠤ᠌ ᠠᠶᠠᠳᠠᠢᠬᠠᠨ ᠨᠠᠬᠢᠯᠵᠠᠨ᠎ᠠ᠃

ᠣᠷᠳᠣᠰ ᠬᠤᠳᠠ ᠵᠢᠨ ᠦᠦᠰᠢᠨ ᠬᠣᠰᠢᠭᠤᠨ ᠤ᠋ ᠰᠢᠷᠠᠤ᠋ᠰᠤᠨ ᠭᠤᠤᠯ ᠪᠠᠯᠭᠠᠰᠤ ᠵᠢᠨ ᠪᠠᠭ᠎ᠠ ᠰᠢᠪᠡᠷ ᠲᠣᠰᠬᠣᠨ ᠤ᠋ ᠳᠠᠷᠢᠶᠠᠴᠢᠨ ᠱᠢ ᠭᠦᠢ ᠵᠢᠶᠧ ᠡᠷᠳᠡᠯᠡᠨ ᠪᠤᠰᠴᠦ᠂ 《ᠦᠩᠬᠡᠷᠡᠭᠰᠡᠨ ᠰᠦᠨᠢ ᠵᠢᠨ ᠪᠤᠷᠤᠭᠠᠨ ᠳ᠋ᠤ ᠲᠠᠷᠢᠶ᠎ᠠ ᠲᠦᠮᠦᠰᠤ ᠤᠰᠤᠳᠤᠭᠰᠠᠨ ᠦᠬᠡᠢ ᠪᠢᠵᠠ?》 ᠬᠡᠵᠤ 600 ᠭᠠᠷᠤᠢ ᠮᠦ᠍ ᠡᠷᠳᠡᠨᠢ ᠰᠢᠰᠢ ᠵᠢᠨ ᠳᠠᠷᠢᠶ᠎ᠠ ᠪᠠᠨ ᠲᠤᠭᠤᠷᠢᠵᠤ ᠦᠵᠡᠬᠡᠳ 《ᠬᠠᠮᠢᠶ᠎ᠠ ᠦᠬᠡᠢ》 ᠪᠤᠯᠬᠤᠷ ᠰᠡᠳᠬᠢᠯ ᠠᠮᠤᠷ ᠬᠡᠷ ᠲᠠᠬᠡᠨ ᠬᠠᠷᠢᠯ᠎ᠠ᠃ 《ᠡᠨᠡ ᠵᠢᠯ ᠲᠠᠷᠢᠶ᠎ᠠ ᠲᠦᠮᠦᠰᠤ ᠵᠢᠨ ᠤᠨᠠᠯᠳᠠ ᠠᠰᠠᠭᠤᠳᠠᠯ ᠦᠬᠡᠢ᠂ ᠦᠦᠰᠢᠨ ᠬᠤᠰᠢᠭᠤᠨ ᠤ᠋ ᠤᠳᠤ ᠦᠶ᠎ᠠ ᠵᠢᠨ ᠳᠠᠷᠢᠶᠠᠯᠠᠩ ᠤ᠋ᠨ ᠠᠵᠤ ᠦᠢᠯᠡᠰᠵᠢᠯᠳᠠ ᠶ᠋ᠢᠨ ᠬᠣᠯᠪᠣᠭᠠᠲᠤ ᠴᠣᠭᠴᠠ ᠳ᠋ᠤ ᠤᠷᠤᠵᠤ᠂ ᠲᠤᠰᠬᠠᠢ ᠬᠤᠷᠰᠢᠶ᠎ᠠ ᠳ᠋ᠤ ᠭᠠᠵᠠᠷ ᠳᠠᠷᠢᠶ᠎ᠠ ᠪᠡᠨ ᠨᠡᠢᠳᠡᠨ ᠬᠠᠮᠢᠶᠠᠷᠤᠭᠤᠯᠤᠭᠰᠠᠨ ᠤ᠋ ᠲᠠᠷᠠᠭ᠎ᠠ ᠮᠦ᠍ ᠪᠦᠷᠢ ᠵᠢᠨ ᠤᠨᠠᠯᠲᠠ ᠨᠢ ᠥᠩᠭᠡᠷᠡᠭᠰᠡᠨ ᠤ᠋ ᠬᠢ ᠡᠴᠡ 200 ᠭᠠᠷᠤᠢ ᠵᠢᠩ ᠨᠡᠮᠡᠭᠳᠡᠭᠰᠡᠨ ᠰᠢᠤ!》 ᠭᠡᠵᠦ ᠱᠢ ᠬᠦᠢ ᠵᠢᠶᠧ ᠢᠨᠢᠶᠡᠮᠰᠦᠭᠯᠡᠨ ᠶᠠᠷᠢᠨ᠎ᠠ᠃

ᠤᠳᠤ ᠡᠴᠡ 35000 ᠵᠢᠯ ᠤ᠋ᠨ ᠡᠮᠦᠨ᠎ᠡ 《ᠪᠤᠷᠤᠳᠤᠬᠤᠢ ᠬᠦᠮᠦᠨ》᠂ ᠠᠪᠤᠷᠭᠤ ᠳᠤᠮᠤ ᠬᠢᠷᠢᠰ ᠰᠠᠭᠤᠷᠢᠰᠢᠨ ᠠᠮᠢᠳᠤᠷᠠᠵᠤ ᠪᠠᠢᠭᠰᠠᠨ ᠡᠨᠡ ᠬᠦ᠌ ᠦᠯᠢᠬᠡᠷ ᠲᠤᠮᠤᠭ ᠲᠠᠢ ᠳᠡᠦᠬᠡᠳᠤ ᠨᠤᠳᠤᠭ ᠡᠳᠦᠬᠡ ᠶᠠᠭ ᠨᠢᠭᠡ ᠤᠳᠠᠭ᠎ᠠ ᠵᠢᠨ ᠭᠠᠵᠠᠷ ᠳᠠᠷᠢᠶᠠᠨ ᠤ᠋ ᠬᠤᠪᠢᠰᠤᠯᠳᠠ ᠵᠢ ᠳᠤᠭᠤᠯᠵᠤ᠂ ᠬᠦᠭᠵᠢᠯᠳᠡ ᠶ᠋ᠢᠨ ᠰᠢᠨ᠎ᠡ ᠬᠠᠭᠤᠳᠠᠰᠤ ᠵᠢ ᠪᠢᠴᠢᠭᠯᠡᠵᠤ ᠪᠠᠢᠨ᠎ᠠ᠃

ᠱᠢ ᠬᠦᠢ ᠵᠢᠶᠧ ᠵᠢᠨ ᠠᠮᠢᠳᠤᠷᠠᠯ ᠤ᠋ᠨ ᠵᠠᠮ ᠮᠥᠷ ᠨᠢ ᠭᠠᠵᠠᠷ ᠰᠢᠷᠣᠢ ᠵᠢᠨ ᠲᠥᠷᠥ ᠵᠢᠨ ᠪᠣᠳᠣᠯᠭ᠎ᠠ ᠵᠢᠨ ᠬᠤᠪᠢᠷᠠᠯᠲᠠ ᠵᠢ ᠳᠠᠮᠠᠭᠠᠯᠠᠭᠰᠠᠨ ᠠᠵᠢ᠃ 《ᠬᠤᠷᠢᠶᠠᠯᠳᠠ ᠵᠢ ᠡᠷᠦᠬᠡ ᠳ᠋ᠤ ᠳᠠᠭᠠᠭᠠᠴᠢᠯᠠᠭᠤᠯᠬᠤ》 ᠳᠦᠷᠦ ᠶ᠋ᠢᠨ ᠪᠤᠳᠤᠯᠭ᠎ᠠ ᠵᠢ ᠬᠡᠷᠡᠭᠵᠢᠬᠦᠯᠬᠦ ᠦᠶᠡᠰ ᠳᠡᠳᠡᠨ ᠤ᠋ ᠬᠢᠨ 660 ᠮᠦ᠍ ᠬᠠᠭᠤᠷᠠᠢ ᠲᠠᠷᠢᠶᠠᠨ ᠭᠠᠵᠠᠷ ᠪᠠ 9.6 ᠮᠦ᠍ ᠤᠰᠤᠯᠠᠯᠳᠠ ᠵᠢᠨ ᠲᠠᠷᠢᠶᠠᠨ ᠭᠠᠵᠠᠷ ᠬᠤᠪᠢᠶᠠᠨ ᠣᠯᠵᠠᠢ᠃ 1995 ᠣᠨ ᠳ᠋ᠤ ᠱᠢ ᠬᠦᠢ ᠵᠢᠶᠧ ᠵᠢᠨ ᠠᠪᠤ ᠨᠢ ᠬᠤᠳᠳᠤᠭ ᠮᠠᠯᠲᠠᠵᠤ ᠠᠲᠠᠷ ᠬᠠᠭᠠᠯᠪᠤᠷᠢᠯᠠᠬᠤ ᠣᠷᠣᠨ ᠲᠣᠭ᠎ᠠ ᠵᠢ ᠭᠤᠶᠤᠴᠢᠯᠠᠨ ᠤᠯᠵᠤ᠂ 300 ᠮᠦ᠍ ᠠᠲᠠᠷ ᠬᠠᠭᠠᠯᠪᠤᠷᠢᠯᠠᠨ᠂ ᠪᠠᠰᠠ ᠲᠥᠷᠥ ᠵᠢᠨ ᠪᠣᠳᠣᠯᠭ᠎ᠠ ᠵᠢᠨ ᠱᠠᠭᠠᠷᠳᠠᠯᠭ᠎ᠠ ᠶᠣᠰᠣᠭᠠᠷ 300 ᠮᠦ᠍ ᠮᠣᠳᠣ᠌ ᠲᠠᠷᠢᠵᠡᠢ᠃

《ᠲᠡᠷᠡ ᠦᠶ᠎ᠡ ᠳ᠋ᠤ ᠪᠦᠬᠦ ᠭᠡᠷ ᠵᠢᠡᠷ ᠶ᠋ᠢᠡᠨ ᠲᠠᠷᠢᠶᠠᠨ ᠭᠠᠵᠠᠷ ᠲᠤ᠌ ᠠᠵᠢᠯᠯᠠᠵᠤ᠂ ᠤᠰᠤᠯᠠᠬᠤ᠂ ᠪᠣᠷᠳᠣᠭᠤᠷ ᠣᠷᠣᠭᠤᠯᠬᠤ᠂ ᠬᠠᠳᠤᠵᠤ ᠬᠤᠷᠢᠶᠠᠬᠤ ᠳ᠋ᠤ ᠴᠥᠮ ᠬᠥᠮᠥᠨ ᠤ᠋ ᠬᠦᠴᠦᠨ ᠳ᠋ᠤ ᠲᠦᠰᠢᠭᠯᠡᠨ᠂ ᠤᠨᠠᠭᠰᠠᠨ ᠮᠠᠯᠠᠭᠠᠢ ᠪᠡᠨ ᠠᠪᠬᠤ ᠵᠠᠪ ᠦᠭᠡᠢ ᠶᠠᠭᠠᠷᠠᠳᠠᠭ ᠪᠠᠢᠭᠰᠠᠨ》 ᠭᠡᠵᠦ ᠱᠢ ᠬᠦᠢ ᠵᠢᠶᠧ ᠬᠡᠯᠡᠬᠦ ᠶ᠋ᠢᠨ ᠬᠠᠮᠳᠤ ᠪᠠᠰᠠ 《ᠤᠨ ᠵᠢᠯ ᠦᠩᠬᠡᠷᠡᠵᠤ᠂ ᠮᠠᠨ ᠤ᠋ ᠲᠠᠷᠢᠶ᠎ᠠ ᠲᠦᠮᠦᠰᠤ ᠵᠢᠨ ᠬᠤᠷᠢᠶᠠᠯᠲᠠ ᠪᠠᠭᠤᠷᠠᠭᠰᠠᠨ ᠦᠬᠡᠢ ᠪᠤᠯᠪᠠᠴᠦ ᠨᠡᠮᠡᠭᠳᠡᠭᠰᠡᠨ ᠴᠦ᠍ ᠦᠬᠡᠢ᠂ ᠤᠷᠤᠯᠭ᠎ᠠ ᠶᠡᠷᠤ ᠨᠢ ᠠᠨᠠᠢᠬᠠᠨ ᠪᠠᠢᠵᠤ᠂ ᠭᠠᠵᠠᠷ ᠳᠠᠷᠢᠶ᠎ᠠ ᠪᠡᠨ ᠴᠤᠬᠤᠮ ᠶᠠᠭᠠᠬᠢᠵᠤ ᠳᠠᠷᠢᠵᠤ ᠡᠵᠡᠩᠨᠡᠨ᠂ ᠶᠠᠭᠠᠬᠢᠵᠤ ᠤᠷᠤᠯᠭ᠎ᠠ ᠪᠡᠨ ᠨᠡᠮᠡᠭᠳᠡᠬᠦᠯᠬᠦ ᠠᠷᠭ᠎ᠠ ᠵᠠᠮ ᠢ᠋ ᠤᠯᠬᠤ ᠦᠬᠡᠢ ᠪᠡᠷᠬᠡᠳᠡᠵᠤ ᠪᠠᠢᠭᠰᠠᠨ ᠰᠢᠤ!》 ᠬᠡᠵᠤ ᠦᠩᠭᠡᠷᠡᠭᠰᠡᠨ ᠤ᠋ ᠭᠠᠴᠢᠭᠳᠠᠯ ᠵᠢᠡᠨ ᠡᠷᠭᠢᠴᠡᠭᠦᠯᠤᠨ᠎ᠠ᠃

ᠲᠤᠬᠠᠢ ᠵᠢᠨ ᠦᠶ᠎ᠠ ᠳ᠋ᠤ ᠰᠢᠷᠠᠤ᠋ᠰᠤᠨ ᠭᠤᠤᠯ ᠪᠠᠯᠭᠠᠰᠤ ᠵᠢᠨ ᠮᠠᠰᠢ ᠤᠯᠠᠨ ᠲᠠᠷᠢᠶᠠᠴᠢᠨ ᠪᠦᠷ ᠱᠢ ᠬᠦᠢ ᠵᠢᠶᠧ ᠲᠠᠢ ᠠᠳᠠᠯᠢᠬᠠᠨ ᠭᠠᠴᠢᠭᠳᠠᠯ ᠳ᠋ᠤ ᠲᠤᠯᠭᠠᠷᠠᠭᠰᠠᠨ ᠶᠤᠮ᠃ ᠡᠨᠳᠡᠬᠢ ᠵᠢᠨ ᠲᠠᠷᠢᠶᠠᠨ ᠭᠠᠵᠠᠷ ᠲᠠᠷᠠᠬᠠᠢ ᠪᠤᠲᠠᠷᠬᠠᠢ ᠮᠦᠷᠳᠡᠬᠡᠨ ᠵᠠᠯᠠᠭᠤᠴᠤᠳ ᠬᠣᠢᠨ᠎ᠠ ᠬᠣᠢᠨ᠎ᠠ ᠡᠴᠡ ᠪᠡᠨ ᠬᠤᠳᠠ ᠣᠷᠣᠵᠤ᠂ ᠬᠥᠳᠡᠭᠡ ᠲᠣᠰᠬᠣᠨ ᠳ᠋ᠤ ᠬᠥᠳᠡᠯᠮᠦᠷᠢ ᠬᠦᠴᠦ ᠬᠦᠨᠳᠦ ᠨᠣᠴᠢᠲᠠᠢ ᠳᠤᠲᠠᠭᠳᠠᠵᠤ ᠡᠬᠢᠯᠡᠪᠡ᠃ ᠬᠡᠨ ᠲᠠᠷᠢᠶ᠎ᠠ ᠳᠠᠷᠢᠬᠤ ᠪᠤᠢ? ᠬᠡᠷᠬᠢᠨ ᠲᠠᠷᠢᠶᠠᠯᠠᠬᠤ ᠪᠤᠢ? ᠡᠨᠡ ᠨᠢ ᠲᠤᠬᠠᠢ ᠵᠢᠨ ᠭᠠᠵᠠᠷ ᠤ᠋ᠨ ᠺᠠᠳ᠋ᠷ ᠣᠯᠠᠨ ᠲᠦᠮᠡᠨ ᠤ᠋ ᠰᠡᠳᠬᠢᠯ ᠢ᠋ ᠴᠢᠯᠡᠬᠡᠭᠰᠡᠨ ᠬᠦᠴᠢᠷ ᠠᠰᠠᠭᠤᠳᠠᠯ ᠪᠣᠯᠵᠠᠢ᠃

ᠬᠥᠭᠵᠢᠯᠲᠡ ᠵᠢᠨ ᠪᠡᠷᠬᠡ ᠰᠡᠳᠦᠪ ᠢ᠋ ᠰᠢᠢᠳᠪᠦᠷᠢᠯᠡᠬᠦ ᠵᠢᠨ ᠵᠠᠩᠭᠢᠯᠠᠭ᠎ᠠ ᠨᠢ ᠡᠴᠦᠰ ᠤ᠋ᠨ ᠡᠴᠦᠰ ᠲᠡᠬᠡᠨ 《ᠭᠠᠵᠠᠷ ᠳᠠᠷᠢᠶ᠎ᠠ》 ᠳᠡᠭᠡᠷ᠎ᠡ ᠪᠠᠭᠤᠵᠤ᠂ ᠲᠠᠷᠢᠶᠠᠴᠢᠨ ᠪᠤᠯᠤᠨ ᠭᠠᠵᠠᠷ ᠰᠢᠷᠣᠢ ᠵᠢᠨ ᠬᠠᠷᠢᠴᠠᠭ᠎ᠠ ᠵᠢ ᠰᠢᠢᠳᠪᠦᠷᠢᠯᠡᠬᠦ ᠪᠡᠷ ᠭᠣᠣᠯ ᠪᠤᠯᠭᠠᠭᠰᠠᠨ᠂ ᠭᠠᠵᠠᠷ ᠲᠠᠷᠢᠶ᠎ᠠ ᠵᠢ ᠨᠠᠢᠳᠠᠨ ᠬᠠᠮᠢᠶᠠᠷᠤᠭᠤᠯᠬᠤ ᠪᠡᠷ ᠠᠷᠭ᠎ᠠ ᠵᠠᠮ ᠪᠤᠯᠭᠠᠭᠰᠠᠨ᠂ ᠬᠠᠮᠳᠤ ᠪᠡᠷ ᠬᠦᠭᠵᠢᠬᠦᠯᠵᠤ ᠬᠠᠮᠳᠤ ᠪᠡᠷ ᠠᠰᠢᠭ ᠬᠦᠷᠳᠡᠬᠦ ᠪᠡᠷ ᠵᠤᠷᠢᠯᠳᠠ ᠪᠣᠯᠭᠠᠭᠰᠠᠨ ᠨᠢᠬᠡᠨ ᠤᠳᠠᠭ᠎ᠠ ᠵᠢᠨ ᠰᠢᠨ᠎ᠠ ᠵᠢ ᠡᠬᠦᠳᠦᠭᠰᠡᠨ ᠥᠭᠡᠷᠡᠴᠢᠯᠡᠯᠲᠡ ᠰᠢᠷᠠᠤ᠋ᠰᠤᠨ ᠭᠣᠣᠯ ᠤ᠋ᠨ ᠲᠠᠨᠵᠢᠨ ᠳ᠋ᠤ ᠬᠦᠰᠢᠭᠡ ᠪᠡᠨ ᠰᠡᠬᠦᠯ᠎ᠠ᠃

2019 ᠣᠨ ᠤ᠋ 7 ᠰᠠᠷ᠎ᠠ ᠳ᠋ᠤ᠂ ᠦᠦᠰᠢᠨ ᠬᠣᠰᠢᠭᠤᠨ ᠤ᠋ ᠨᠠᠮ ᠤ᠋ᠨ ᠬᠣᠷᠢᠶ᠎ᠠ ᠪᠠ ᠵᠠᠰᠠᠭ ᠤ᠋ᠨ ᠣᠷᠳᠣᠨ 《ᠵᠠᠬ᠎ᠠ ᠳᠡᠯᠭᠡᠭᠦᠷ ᠶ᠋ᠢᠡᠷ ᠭᠣᠣᠯᠯᠠᠭᠤᠯᠬᠤ᠂ ᠰᠠᠢᠨ ᠳᠤᠷ᠎ᠠ ᠡᠴᠡ ᠪᠡᠨ ᠤᠷᠤᠯᠴᠠᠬᠤ᠂ ᠠᠷᠠᠳᠴᠢᠯᠠᠯ ᠶ᠋ᠢᠡᠷ ᠬᠠᠮᠲᠤᠷᠠᠯᠴᠠᠬᠤ᠂ ᠲᠠᠷᠢᠶᠠᠯᠠᠩ ᠢ᠋ ᠬᠥᠭᠵᠢᠭᠦᠯᠵᠦ ᠲᠠᠷᠢᠶᠠᠴᠢᠨ ᠢ᠋ ᠪᠠᠶᠠᠵᠢᠭᠤᠯᠬᠤ》 ᠵᠠᠷᠴᠢᠮ ᠢ᠋ ᠪᠠᠷᠢᠮᠳᠠᠯᠠᠨ᠂ ᠦᠦᠰᠢᠨ ᠬᠣᠰᠢᠭᠤᠨ ᠤ᠋ ᠤᠳᠤ ᠦᠶ᠎ᠠ ᠵᠢᠨ ᠲᠠᠷᠢᠶᠠᠯᠠᠩ ᠤ᠋ᠨ ᠠᠵᠤ ᠦᠢᠯᠡᠰᠵᠢᠯᠲᠡ ᠵᠢᠨ ᠬᠣᠯᠪᠣᠭᠠᠲᠤ ᠴᠣᠭᠴᠠ ᠵᠢ ᠪᠠᠢᠭᠤᠯᠪᠠ᠃ 《ᠬᠤᠯᠪᠤᠭᠠᠳᠤ ᠴᠤᠭᠴᠠ ᠵᠢ ᠪᠠᠢᠭᠤᠯᠬᠤ ᠦᠶ᠎ᠡ ᠳ᠋ᠤ ᠠᠷᠠᠳ ᠤᠯᠠᠨ ᠡᠴᠡ ᠵᠣᠭᠣᠰ ᠬᠤᠨᠵᠢᠵᠤ ᠪᠣᠯᠬᠤ ᠦᠭᠡᠢ᠂ ᠭᠠᠵᠠᠷ ᠰᠢᠷᠣᠢ ᠶ᠋ᠢᠨ ᠡᠵᠡᠩᠨᠡᠯᠳᠡ ᠶ᠋ᠢᠨ ᠡᠷᠬᠡ ᠵᠢ ᠬᠦᠢᠯᠬᠡᠬᠡᠵᠤ ᠪᠤᠯᠬᠤ ᠦᠭᠡᠢ ᠬᠡᠰᠡᠨ ᠬᠤᠶᠠᠷ ᠱᠠᠭᠠᠷᠳᠠᠯᠭ᠎ᠠ ᠵᠢ ᠲᠤᠳᠤᠷᠬᠠᠢ ᠳᠤᠷᠠᠳᠤᠭᠰᠠᠨ ᠶᠤᠮ》 ᠭᠡᠵᠦ ᠦᠦᠰᠢᠨ ᠬᠣᠰᠢᠭᠤᠨ ᠤ᠋ ᠳᠠᠳ᠋ ᠬᠤᠰᠢᠭᠤᠨ ᠳᠠᠷᠤᠭ᠎ᠠ ᠮᠠᠰᠢᠪᠢᠯᠢᠭ᠌ ᠲᠤᠬᠠᠢ ᠵᠢᠨ ᠦᠶ᠎ᠡ ᠵᠢᠨ ᠪᠠᠢᠳᠠᠯ ᠢ᠋ ᠲᠠᠨᠢᠯᠴᠠᠭᠤᠯᠤᠨ᠎ᠠ᠃ ᠲᠠᠷᠢᠮᠠᠯ ᠤ᠋ᠨ ᠦᠢᠯᠡᠰ ᠤ᠋ᠨ ᠬᠡᠪᠴᠢᠶᠡᠵᠢᠭᠰᠡᠨ᠂ ᠲᠦᠷᠦᠯ ᠲᠡᠮᠳᠡᠭᠵᠢᠭᠰᠠᠨ ᠬᠦᠭᠵᠢᠯᠳᠡ ᠵᠢ ᠬᠠᠷᠰᠢᠯᠠᠵᠤ ᠪᠠᠢᠭ᠎ᠠ ᠲᠠᠷᠢᠶᠠᠨ ᠭᠠᠵᠠᠷ ᠤ᠋ᠨ ᠲᠠᠷᠠᠬᠠᠢ ᠪᠤᠳᠠᠷᠬᠠᠢ ᠪᠠᠢᠬᠤ ᠠᠰᠠᠭᠤᠳᠠᠯ ᠢ᠋ ᠰᠢᠢᠳᠪᠦᠷᠢᠯᠡᠬᠦ ᠪᠦᠭᠡᠳ ᠲᠠᠷᠢᠶᠠᠴᠢᠳ ᠤ᠋ᠨ ᠭᠠᠵᠠᠷ ᠰᠢᠷᠣᠢ ᠵᠢᠨ ᠡᠷᠬᠡ ᠠᠰᠢᠭ᠋ ᠢ᠋ ᠪᠠᠲᠤᠯᠠᠬᠤ ᠪᠤᠯ ᠲᠤᠬᠠᠢ ᠵᠢᠨ ᠭᠠᠵᠠᠷ ᠤ᠋ᠨ ᠪᠣᠳᠠᠲᠤ ᠪᠠᠢᠳᠠᠯ ᠳ᠋ᠤ ᠨᠡᠢᠴᠡᠬᠰᠡᠨ ᠵᠦᠪ ᠰᠤᠩᠭᠤᠯᠳᠠ ᠪᠠᠢᠵᠠᠢ᠃

ᠦᠦᠰᠢᠨ ᠬᠣᠰᠢᠭᠤᠨ ᠤ᠋ ᠣᠲᠤ ᠦᠶ᠎ᠠ ᠵᠢᠨ ᠲᠠᠷᠢᠶᠠᠯᠠᠩ ᠤ᠋ᠨ ᠠᠵᠤ ᠦᠶ᠋ᠯᠡᠰᠵᠢᠯᠲᠡ ᠵᠢᠨ ᠬᠣᠯᠪᠣᠭᠠᠲᠤ ᠴᠣᠭᠴᠠ ᠪᠣᠯ ᠨᠢᠭᠡᠨ ᠦᠢᠯᠡᠴᠢᠯᠡᠭᠡᠨ ᠤ᠋ ᠴᠢᠨᠠᠷᠲᠠᠢ ᠨᠡᠢᠭᠡᠮ ᠤ᠋ᠨ ᠵᠣᠬᠢᠶᠠᠨ ᠪᠠᠢᠭᠤᠯᠤᠯᠲᠠ ᠪᠤᠯᠬᠤ ᠶᠤᠮ᠂ ᠠᠵᠤ ᠠᠬᠤᠢᠯᠠᠯ ᠪᠣᠯᠣᠨ ᠲᠠᠷᠢᠶᠠᠯᠠᠬᠤ ᠡᠷᠦᠬᠡ ᠴᠥᠮ ᠭᠡᠰᠢᠭᠦᠨ ᠪᠣᠯᠵᠤ ᠪᠤᠯᠳᠠᠭ᠃ ᠲᠣᠰ ᠬᠣᠯᠪᠣᠭᠠᠲᠤ ᠴᠣᠭᠴᠠ ᠨᠢ ᠠᠰᠢᠭ᠋ ᠲᠤᠰᠠ ᠵᠢᠨ ᠬᠣᠯᠪᠣᠭ᠎ᠠ ᠪᠡᠷ ᠬᠡᠯᠬᠢᠶᠡᠰᠤ ᠪᠣᠯᠭᠠᠵᠤ᠂ ᠠᠵᠢᠯ ᠤ᠋ᠨ ᠬᠤᠪᠢᠶᠠᠷᠢᠯᠠᠯ ᠢ᠋ ᠳᠤᠳᠤᠷᠬᠠᠢ ᠪᠤᠯᠭᠠᠬᠤ ᠪᠠ ᠬᠡᠪᠴᠢᠶᠡᠵᠢᠭᠦᠯᠦᠨ ᠡᠵᠡᠩᠨᠡᠬᠦ ᠪᠡᠷ ᠤᠷᠢᠲᠠᠯ ᠪᠣᠯᠭᠠᠨ᠂ 《ᠲᠠᠭᠠᠭᠤᠯᠤᠭᠴᠢ ᠠᠵᠤ ᠠᠬᠤᠢᠯᠠᠯ + ᠲᠤᠰᠬᠠᠢ ᠬᠤᠷᠰᠢᠶ᠎ᠠ + ᠲᠠᠷᠢᠶᠠᠯᠠᠬᠤ ᠡᠷᠦᠬᠡ》 ᠵᠢᠨ ᠵᠠᠭᠪᠤᠷ ᠢ᠋ ᠬᠡᠷᠡᠭᠵᠢᠬᠦᠯᠵᠤ᠂ ᠭᠡᠰᠢᠭᠦᠳ ᠳᠡᠭᠡᠨ ᠲᠠᠷᠢᠶᠠᠯᠠᠩ ᠤ᠋ᠨ ᠬᠡᠷᠡᠭᠰᠡᠯ ᠢ᠋ ᠨᠢᠭᠡᠳᠦᠯᠲᠡᠢ ᠬᠤᠳᠠᠯᠳᠤᠨ ᠠᠪᠬᠤ ᠪᠣᠷᠣᠯᠠᠭᠤᠯᠬᠤ᠂ ᠮᠥᠩᠭᠥᠨ ᠭᠦᠢᠯᠭᠡᠭᠡᠨ ᠵᠢᠡᠷ ᠲᠠᠷᠢᠶᠠᠴᠢᠳ ᠲᠤ᠌ ᠠᠰᠢᠭ᠋ ᠬᠦᠷᠲᠡᠭᠡᠬᠦ᠂ ᠲᠠᠷᠢᠶᠠᠯᠠᠩ ᠤ᠋ᠨ ᠮᠠᠰᠢᠨ ᠤ᠋ ᠨᠡᠢᠭᠡᠮᠴᠢᠯᠡᠭᠰᠡᠨ ᠦᠢᠯᠡᠴᠢᠯᠡᠭᠡ ᠬᠠᠩᠭᠠᠬᠤ᠂ ᠡᠷᠳᠡᠨᠢ ᠰᠢᠰᠢ ᠵᠢ ᠨᠢᠭᠡᠳᠦᠯᠲᠡᠢ ᠪᠣᠷᠣᠯᠠᠭᠤᠯᠬᠤ᠂ ᠮᠡᠳᠡᠭᠡ ᠵᠠᠩᠭᠢ ᠵᠢᠨ ᠦᠢᠯᠡᠴᠢᠯᠡᠭᠡ ᠬᠠᠩᠭᠠᠬᠤ᠂ ᠴᠢᠳᠠᠪᠤᠷᠢᠲᠠᠨ ᠤ᠋ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠳᠡᠮᠵᠢᠯᠭᠡ ᠦᠭᠬᠦ ᠵᠡᠷᠭᠡ 6 ᠶᠡᠬᠡ ᠦᠢᠯᠡᠴᠢᠯᠡᠭᠡᠨ ᠤ᠋ ᠲᠠᠪᠴᠠᠩ ᠢ᠋ ᠪᠠᠢᠭᠤᠯᠵᠤ ᠦᠭᠪᠡ᠃

ᠠᠩᠬ᠎ᠠ ᠪᠠᠢᠭᠤᠯᠤᠭᠳᠠᠬᠤ ᠦᠶᠡᠰ ᠬᠣᠯᠪᠣᠭᠠᠲᠤ ᠴᠣᠭᠴᠠ ᠨᠢ 《ᠭᠤᠤᠯ ᠭᠠᠳᠤᠯᠬᠤ ᠶ᠋ᠢᠨ ᠳᠠᠭᠠᠤ ᠵᠠᠮ ᠬᠠᠢᠵᠤ》 ᠪᠠᠢᠵᠠᠢ᠃ ᠬᠤᠯᠪᠤᠭᠠᠳᠤ ᠴᠤᠭᠴᠠ ᠨᠢ ᠡᠩ ᠲᠡᠷᠢᠭᠦᠨ ᠳ᠋ᠤ ᠲᠠᠷᠢᠶᠠᠯᠠᠩ ᠤ᠋ᠨ ᠬᠡᠷᠡᠭᠰᠡᠯ ᠡᠴᠡ ᠭᠠᠷᠳᠠᠨ᠂ ᠲᠤᠬᠠᠢ ᠵᠢᠨ ᠭᠠᠵᠠᠷ ᠤ᠋ᠨ ᠵᠢᠯ ᠤ᠋ᠨ ᠦᠢᠯᠡᠳᠬᠦᠨ ᠤ᠋ ᠦᠷᠳᠡᠭ ᠨᠢ 16 ᠳ᠋ᠦᠩᠰᠢᠭᠤᠷ ᠲᠥᠭᠥᠷᠢᠭ ᠲᠤ᠌ ᠬᠦᠷᠦᠭᠰᠡᠨ ᠥᠪᠥᠷ ᠮᠣᠩᠭᠣᠯ ᠤ᠋ᠨ ᠪᠥᠧᠧ ᠳᠡ ᠱᠢ ᠳ᠋ᠢ ᠬᠢᠮᠢ ᠵᠢᠨ ᠬᠢᠵᠠᠭᠠᠷᠲᠤ ᠺᠣᠮᠫᠠᠨᠢ ᠲᠠᠢ ᠭᠦᠨᠵᠡᠭᠡᠢ ᠬᠠᠮᠲᠤᠷᠠᠯᠴᠠᠵᠤ᠂ ᠰᠢᠷᠠᠤ᠋ᠰᠤᠨ ᠭᠤᠤᠯ ᠪᠠᠯᠭᠠᠰᠤ ᠵᠢᠨ ᠬᠥᠷᠥᠰᠥ ᠰᠢᠷᠣᠢ ᠵᠢᠨ ᠪᠠᠢᠳᠠᠯ ᠢ᠋ ᠦᠨᠳᠦᠰᠦᠯᠡᠨ ᠲᠤᠰᠬᠠᠢ ᠨᠠᠢᠷᠠᠯᠭ᠎ᠠ ᠲᠠᠢ ᠪᠣᠷᠳᠣᠭᠤᠷ ᠢ᠋ ᠰᠤᠳᠤᠯᠤᠨ ᠦᠢᠯᠡᠳᠴᠡᠢ᠃ ᠡᠨᠡ ᠬᠦ᠌ ᠲᠤᠰᠬᠠᠢ ᠨᠠᠢᠷᠠᠯᠭ᠎ᠠ ᠲᠠᠢ ᠪᠣᠷᠳᠣᠭᠤᠷ ᠢ᠋ ᠲᠤᠷᠰᠢᠨ ᠬᠡᠷᠡᠭᠯᠡᠭᠰᠡᠨ ᠠᠩᠬᠠᠨ ᠤ᠋ ᠵᠢᠯ ᠳ᠋ᠤ ᠡᠷᠳᠡᠨᠢ ᠰᠢᠰᠢ ᠵᠢᠨ ᠮᠦ᠍ ᠪᠦᠷᠢ ᠵᠢᠨ ᠤᠨᠠᠯᠳᠠ ᠲᠠᠷᠤᠢ 200 ᠵᠢᠩ ᠨᠡᠮᠡᠭᠳᠡᠪᠡ᠃ ᠨᠢᠳᠤᠨ ᠳ᠋ᠤ ᠦᠵᠡᠭᠳᠡᠵᠤ ᠭᠠᠷ ᠲᠦ᠍ ᠪᠠᠷᠢᠭᠳᠠᠭᠰᠠᠨ ᠬᠤᠷᠢᠶᠠᠯᠳᠠ ᠵᠢ ᠬᠠᠷᠠᠭᠠᠳ ᠲᠠᠷᠢᠶᠠᠴᠢᠳ ᠰᠠᠢᠨ ᠳᠤᠷ᠎ᠠ ᠡᠴᠡ ᠪᠡᠨ ᠬᠣᠯᠪᠣᠭᠠᠲᠤ ᠴᠣᠭᠴᠠ ᠳ᠋ᠤ ᠪᠤᠯᠢᠶᠠᠯᠳᠤᠨ ᠤᠷᠤᠵᠠᠭᠠᠵᠤ᠂ ᠪᠦᠬᠦᠳᠡᠭᠡᠷ ᠶ᠋ᠢᠡᠨ 《ᠦᠦᠰᠢᠨ ᠬᠣᠰᠢᠭᠤᠨ ᠤ᠋ ᠣᠲᠤ ᠦᠶ᠎ᠠ ᠵᠢᠨ ᠲᠠᠷᠢᠶᠠᠯᠠᠩ ᠤ᠋ᠨ ᠠᠵᠤ ᠦᠶ᠋ᠯᠡᠰᠵᠢᠯᠲᠡ ᠵᠢᠨ ᠬᠣᠯᠪᠣᠭᠠᠲᠤ ᠴᠣᠭᠴᠠ ᠵᠢᠨ ᠬᠡᠰᠢᠬᠦᠨ ᠤ᠋ ᠦᠨᠡᠮᠯᠡᠯ》 ᠬᠡᠬᠦ ᠨᠤᠭᠤᠭᠠᠨ ᠦᠩᠬᠡ ᠵᠢᠨ ᠦᠨᠡᠮᠯᠡᠯ ᠲᠠᠢ ᠪᠤᠯᠵᠠᠢ᠃

ᠡᠨᠡ ᠬᠦ᠌ ᠨᠢᠮᠬᠡᠬᠡᠨ 《ᠨᠣᠭᠣᠭᠠᠨ ᠦᠨᠡᠮᠯᠡᠯ》 ᠨᠢ ᠯᠤᠳᠤ ᠶᠡᠬᠡ ᠦᠢᠯᠡᠳᠤᠯ ᠲᠠᠢ ᠪᠠᠢᠵᠤ᠂ ᠡᠯ᠎ᠠ ᠲᠠᠯ᠎ᠠ ᠵᠢᠨ ᠠᠰᠢᠭ ᠲᠤᠰᠠ ᠵᠢ ᠪᠦᠳᠦᠮᠵᠢᠳᠠᠢ ᠬᠤᠯᠪᠤᠭᠰᠠᠨ ᠪᠠᠢᠨ᠎ᠠ᠃ ᠬᠤᠯᠪᠤᠭᠠᠳᠤ ᠴᠤᠭᠴᠠ ᠡᠴᠡ 《ᠨᠤᠭᠤᠭᠠᠨ ᠦᠨᠡᠮᠯᠡᠯ》 ᠲᠠᠢ ᠬᠡᠰᠢᠬᠦᠳ ᠲᠦ᠍ ᠲᠤᠰᠬᠠᠢ ᠨᠠᠢᠷᠠᠯᠭ᠎ᠠ ᠲᠠᠢ ᠪᠤᠷᠳᠤᠭᠤᠷ ᠢ᠋ ᠲᠤᠤᠷ᠎ᠠ ᠦᠨ᠎ᠡ ᠪᠡᠷ ᠦᠭᠴᠦ᠂ ᠨᠢᠭᠡᠳᠦᠯᠲᠡᠢ ᠪᠤᠢᠵᠢᠭᠤᠯᠤᠭᠰᠠᠨ ᠰᠠᠢᠨ ᠡᠬᠦᠯᠳᠡᠷ ᠤ᠋ᠨ ᠳᠠᠷᠢᠶᠠᠨ ᠦᠷ᠎ᠡ ᠵᠢ ᠳᠠᠭᠠᠯᠳᠤᠭᠤᠯᠤᠨ ᠬᠤᠳᠠᠯᠳᠤᠬᠤ ᠵᠢᠨ ᠬᠠᠮᠳᠤ ᠲᠠᠷᠢᠶ᠎ᠠ ᠲᠦᠮᠦᠰᠤ ᠵᠢᠨ ᠡᠪᠡᠳᠴᠢᠨ ᠪᠠ ᠬᠤᠷᠤᠬᠠᠢ ᠰᠢᠪᠡᠵᠢ ᠵᠢᠨ ᠬᠦᠨᠦᠬᠡᠯ ᠢ᠋ ᠴᠦ᠍ ᠨᠢᠭᠡᠳᠦᠯᠲᠡᠢ ᠪᠡᠷ ᠰᠡᠷᠭᠡᠢᠯᠡᠨ ᠵᠠᠰᠠᠬᠤ ᠦᠢᠯᠡᠴᠢᠯᠡᠭᠡ ᠬᠠᠩᠭᠠᠵᠤ᠂ ᠳᠠᠷᠢᠶᠠᠴᠢᠳ ᠤ᠋ᠨ ᠮᠦ᠍ ᠪᠦᠷᠢ ᠵᠢᠨ ᠵᠠᠷᠤᠯᠭ᠎ᠠ ᠵᠢ ᠲᠤᠮᠳᠠᠴᠢ ᠪᠡᠷ 240 — 260 ᠲᠥᠭᠥᠷᠢᠭ ᠠᠷᠪᠢᠯᠠᠪᠡ᠃ ᠳᠠᠷᠢᠶᠠᠴᠢᠳ ᠲᠤᠰ ᠦᠨᠡᠮᠯᠡᠯ ᠵᠢᠡᠷ ᠳᠣᠣᠷ᠎ᠠ ᠬᠦᠦ ᠲᠠᠢ ᠵᠢᠭᠡᠯᠡᠯᠭᠡ ᠠᠪᠴᠤ ᠪᠤᠯᠬᠤ ᠪᠦᠬᠡᠳ ᠮᠠᠰᠢᠨ ᠳ᠋ᠠᠭᠠᠨ ᠴᠠᠢᠶᠢᠦ᠂ ᠴᠢᠶᠢᠦ ᠨᠡᠮᠡᠪᠡᠯ ᠯᠢᠲᠷ ᠪᠦᠷᠢ ᠳ᠋ᠤ ᠪᠠᠰᠠ ᠲᠣᠰ ᠲᠣᠰ 0.5 ᠲᠥᠭᠥᠷᠢᠭ ᠪᠠ 0.2 ᠲᠥᠭᠥᠷᠢᠭ ᠤ᠋ᠨ ᠬᠠᠷᠠᠭᠠᠯᠵᠠᠯ ᠲᠠᠢ ᠶᠤᠮ᠃ ᠤᠳᠤ ᠰᠢᠷᠠᠤ᠋ᠰᠤᠨ ᠭᠤᠤᠯ ᠪᠠᠯᠭᠠᠰᠤᠨ ᠳ᠋ᠤ 3377 ᠡᠷᠦᠬᠡ ᠵᠢᠨ 9850 ᠬᠥᠮᠥᠨ 《ᠨᠣᠭᠣᠭᠠᠨ ᠦᠨᠡᠮᠯᠡᠯ》 ᠤ᠋ᠨ ᠬᠠᠷᠠᠭᠠᠯᠵᠠᠯ ᠢ᠋ ᠬᠦᠷᠲᠡᠵᠦ᠂ ᠬᠠᠮᠳᠤ ᠪᠡᠷ ᠬᠦᠭᠵᠢᠬᠦᠯᠵᠤ ᠬᠠᠮᠳᠤ ᠪᠡᠷ ᠠᠰᠢᠭ ᠬᠦᠷᠳᠡᠬᠦ ᠵᠠᠮ ᠵᠢᠡᠷ ᠵᠤᠤᠵᠠᠢ ᠬᠤᠯᠪᠤᠨ ᠤᠷᠤᠭᠰᠢᠯᠠᠨ᠎ᠠ᠃

ᠭᠠᠵᠠᠷ ᠲᠠᠷᠢᠶ᠎ᠠ ᠵᠢ ᠨᠠᠢᠳᠠᠨ ᠬᠠᠮᠢᠶᠠᠷᠤᠭᠤᠯᠬᠤ ᠠᠵᠢᠯ ᠲᠤᠭᠤᠰᠢᠳᠠᠢ ᠶᠠᠪᠤᠭᠳᠠᠵᠤ ᠡᠬᠢᠯᠡᠭᠰᠡᠨ ᠨᠢ ᠨᠢᠭᠡᠨ ᠨᠤᠳᠤᠭ ᠲᠠᠭᠠᠨ ᠪᠤᠴᠠᠵᠤ ᠦᠢᠯᠡᠰ ᠪᠤᠰᠬᠠᠭᠰᠠᠨ ᠤᠶᠤᠳᠠᠨ ᠵᠠᠯᠠᠭᠤ ᠶ᠋ᠢᠨ ᠵᠤᠷᠢᠭᠳᠠᠢ ᠳᠤᠷᠰᠢᠴᠠ ᠡᠴᠡ ᠰᠠᠯᠵᠤ ᠴᠢᠳᠠᠬᠤ ᠦᠬᠡᠢ ᠶᠤᠮ᠃ 2021 ᠣᠨ ᠳ᠋ᠤ᠂ ᠶᠡᠬᠡ ᠰᠤᠷᠭᠠᠭᠤᠯᠢ ᠪᠡᠨ ᠳᠡᠬᠦᠰᠴᠤ ᠨᠤᠲᠤᠭ ᠲᠠᠭᠠᠨ ᠪᠤᠴᠠᠭᠰᠠᠨ ᠭᠤᠤ ᠬᠠᠢ ᠲᠤᠤ ᠦᠦᠰᠢᠨ ᠬᠣᠰᠢᠭᠤᠨ ᠤ᠋ ᠮᠦᠸᠧ ᠨᠠᠨ ᠲᠠᠷᠢᠶᠠᠯᠠᠩ ᠤ᠋ᠨ ᠮᠠᠰᠢᠨ ᠤ᠋ ᠲᠤᠰᠬᠠᠢ ᠬᠤᠷᠰᠢᠶ᠎ᠠ ᠵᠢ ᠪᠠᠢᠭᠤᠯᠤᠭᠰᠠᠨ ᠪᠥᠭᠡᠳ ᠦᠦᠰᠢᠨ ᠬᠣᠰᠢᠭᠤᠨ ᠤ᠋ ᠣᠲᠤ ᠦᠶ᠎ᠠ ᠵᠢᠨ ᠲᠠᠷᠢᠶᠠᠯᠠᠩ ᠤ᠋ᠨ ᠠᠵᠤ ᠦᠶ᠋ᠯᠡᠰᠵᠢᠯᠲᠡ ᠵᠢᠨ ᠬᠣᠯᠪᠣᠭᠠᠲᠤ ᠴᠣᠭᠴᠠ ᠳ᠋ᠤ ᠣᠷᠣᠪᠠ᠃ 《ᠲᠠᠷᠢᠶᠠᠨ ᠭᠠᠵᠠᠷ ᠲᠠᠷᠠᠬᠠᠢ ᠪᠤᠲᠠᠷᠬᠠᠢ᠂ ᠬᠥᠮᠥᠨ ᠤ᠋ ᠬᠦᠴᠦ ᠳᠤᠲᠠᠭᠳᠠᠵᠤ ᠪᠠᠢᠭ᠎ᠠ ᠤᠴᠢᠷ ᠡᠴᠡ ᠬᠡᠪᠴᠢᠶᠡᠵᠢᠭᠦᠯᠦᠨ ᠨᠠᠢᠳᠠᠨ ᠬᠠᠮᠢᠶᠠᠷᠤᠭᠤᠯᠵᠤ ᠪᠤᠯᠤᠨ᠎ᠠ》 ᠭᠡᠵᠦ ᠭᠣᠣ ᠬᠠᠢ ᠲᠤᠤ ᠭᠠᠵᠠᠷ ᠲᠠᠷᠢᠶ᠎ᠠ ᠵᠢ ᠨᠠᠢᠳᠠᠨ ᠬᠠᠮᠢᠶᠠᠷᠤᠭᠤᠯᠬᠤ ᠵᠠᠭᠪᠤᠷ ᠢ᠋ ᠳᠤᠷᠠᠳᠤᠭᠰᠠᠨ ᠪᠤᠯᠪᠠᠴᠤ ᠳᠤᠰᠬᠤᠨ ᠤ᠋ ᠠᠷᠠᠳ ᠤ᠋ᠨ ᠡᠰᠡᠷᠬᠦᠴᠡᠯ ᠢ᠋ ᠤᠯᠵᠤ᠂ 《ᠭᠠᠵᠠᠷ ᠲᠠᠷᠢᠶ᠎ᠠ ᠪᠡᠨ ᠴᠢᠮ᠎ᠠ ᠳ᠋ᠤ ᠲᠤᠰᠢᠶᠠᠴᠢᠬᠠᠭᠠᠳ ᠠᠯᠳᠠᠪᠠᠯ ᠶᠠᠭᠠᠬᠢᠬᠤ ᠪᠤᠢ?》᠂ 《ᠪᠢᠳᠠ ᠲᠠᠷᠢᠶ᠎ᠠ ᠳᠠᠷᠢᠬᠤ ᠦᠭᠡᠢ ᠪᠤᠯ ᠶᠠᠭᠤ ᠢᠳᠡᠬᠦ ᠪᠤᠢ?》 ᠬᠡᠬᠦ ᠮᠡᠳᠤ ᠵᠢᠨ ᠡᠰᠡᠷᠬᠦᠴᠡᠭᠰᠡᠨ ᠦᠭᠡ ᠭᠠᠵᠠᠷ ᠠᠪᠴᠦ᠂ ᠨᠡᠩ ᠴᠢᠨᠠᠭᠰᠢᠯᠠᠪᠠᠯ ᠵᠠᠷᠢᠮ ᠨᠢ ᠭᠤᠤ ᠬᠠᠢ ᠲᠤᠤ ᠵᠢ ᠮᠡᠬᠡᠯᠡᠭᠴᠢ ᠭᠡᠮᠡᠨ ᠡᠨᠳᠡᠭᠦᠷᠡᠭᠰᠡᠨ ᠪᠠᠢᠨ᠎ᠠ᠃

ᠨᠤᠲᠤᠭ ᠤᠰᠤᠨ ᠤ᠋ ᠪᠡᠨ ᠠᠬ᠎ᠠ ᠳᠡᠭᠦᠦ ᠨᠠᠷ ᠤ᠋ᠨ ᠡᠷᠡᠭᠡᠯᠵᠡᠯ ᠢ᠋ ᠠᠷᠢᠯᠭᠠᠵᠤ ᠢᠳᠡᠬᠡᠯ ᠢ᠋ ᠤᠯᠬᠤ ᠵᠢᠨ ᠲᠥᠯᠥᠭᠡ᠂ ᠭᠤᠤ ᠬᠠᠢ ᠲᠤᠤ ᠬᠣᠶᠠᠳᠤᠭᠠᠷ ᠠᠪᠠᠭ᠎ᠠ ᠪᠣᠯᠣᠨ ᠬᠣᠯᠪᠣᠭᠠᠲᠤ ᠴᠣᠭᠴᠠ ᠵᠢᠨ ᠬᠡᠷᠡᠭ ᠡᠷᠬᠢᠯᠡᠭᠴᠢᠳ ᠤ᠋ᠨ ᠪᠦᠷᠢᠯᠳᠦᠭᠦᠨ ᠢ᠋ ᠬᠡᠯᠡ ᠪᠠᠨ ᠬᠦᠰᠢᠳᠡᠯ᠎ᠠ ᠬᠡᠯᠡᠵᠤ ᠢᠳᠬᠠᠭᠰᠠᠨ ᠤ᠋ ᠳ᠋ᠦᠩ ᠳ᠋ᠤ ᠥᠪᠡᠷ ᠤ᠋ᠨ ᠭᠠᠵᠠᠷ ᠲᠠᠷᠢᠶ᠎ᠠ ᠪᠡᠨ ᠪᠠᠭᠳᠠᠭᠠᠭᠠᠳ ᠨᠡᠢᠳᠡ 2700 ᠮᠦ᠍ ᠲᠠᠷᠢᠶᠠᠨ ᠭᠠᠵᠠᠷ ᠴᠤᠭᠯᠠᠭᠤᠯᠵᠤ᠂ ᠭᠠᠵᠠᠷ ᠲᠠᠷᠢᠶ᠎ᠠ ᠵᠢ ᠨᠠᠢᠳᠠᠨ ᠬᠠᠮᠢᠶᠠᠷᠤᠭᠤᠯᠬᠤ ᠵᠠᠭᠪᠤᠷ ᠢ᠋ ᠲᠤᠷᠰᠢᠨ ᠬᠡᠷᠡᠭᠵᠢᠬᠦᠯᠬᠦ ᠪᠡᠷ ᠳᠤᠭᠳᠠᠵᠠᠢ᠃ ᠲᠡᠷᠡ ᠮᠦ᠍ ᠪᠦᠷᠢ ᠡᠴᠡ 600 ᠲᠥᠭᠥᠷᠢᠭ ᠤ᠋ᠨ ᠨᠠᠶ᠋ᠢᠳᠠᠨ ᠬᠠᠮᠢᠶᠠᠷᠬᠤ ᠰᠦᠢᠳᠬᠡᠯ ᠬᠤᠷᠢᠶᠠᠬᠤ ᠪᠤᠯᠪᠠᠴᠦ ᠮᠤ᠌ ᠪᠦᠷᠢ ᠶ᠋ᠢᠨ ᠤᠨᠠᠯᠳᠠ ᠵᠢ 1750 ᠵᠢᠩ ᠳ᠋ᠤ ᠬᠦᠷᠬᠡᠬᠦ ᠳᠤᠤᠷᠠᠳᠤ ᠬᠢᠵᠠᠭᠠᠷ ᠢ᠋ ᠪᠠᠲᠤᠯᠠᠵᠤ᠂ ᠲᠠᠷᠢᠶᠠᠯᠠᠩ ᠤ᠋ᠨ ᠬᠡᠷᠡᠭᠰᠡᠯ ᠢ᠋ ᠬᠤᠳᠠᠯᠳᠤᠨ ᠠᠪᠬᠤ᠂ ᠲᠠᠷᠢᠬᠤ᠂ ᠰᠠᠢᠨ ᠡᠭᠦᠯᠳᠡᠷ ᠤ᠋ᠨ ᠲᠠᠷᠢᠶᠠᠨ ᠦᠷ᠎ᠡ ᠬᠡᠷᠡᠭᠯᠡᠬᠦ᠂ ᠠᠷᠠᠴᠢᠯᠠᠬᠤ᠂ ᠬᠠᠳᠤᠵᠤ ᠬᠤᠷᠢᠶᠠᠬᠤ ᠪᠠ ᠪᠣᠷᠣᠯᠠᠭᠤᠯᠬᠤ ᠵᠡᠷᠭᠡ 《ᠵᠢᠷᠭᠤᠭ᠎ᠠ ᠵᠢ ᠨᠢᠭᠡᠳᠤᠯᠳᠠᠢ》 ᠪᠤᠯᠭᠠᠪᠠ᠃ ᠲᠤᠬᠠᠢ ᠵᠢᠨ ᠵᠢᠯ ᠳ᠋ᠤ ᠳᠤᠷᠰᠢᠯᠳᠠ ᠶ᠋ᠢᠨ ᠳᠠᠷᠢᠶ᠎ᠠ ᠨᠢ ᠡᠯᠪᠡᠭ ᠬᠤᠷᠢᠶᠠᠯᠲᠠ ᠣᠯᠵᠤ᠂ ᠭᠠᠵᠠᠷ ᠲᠠᠷᠢᠶ᠎ᠠ ᠪᠠᠨ ᠨᠠᠶ᠋ᠢᠳᠠᠨ ᠬᠠᠮᠢᠶᠠᠷᠤᠭᠤᠯᠤᠭᠰᠠᠨ ᠲᠠᠷᠢᠶᠠᠯᠠᠬᠤ ᠡᠷᠦᠬᠡ ᠵᠢᠨ ᠣᠷᠣᠯᠭ᠎ᠠ ᠨᠢ ᠥᠪᠡᠷ ᠶ᠋ᠢᠡᠨ ᠳᠠᠷᠢᠭᠰᠠᠨ ᠡᠴᠡ ᠮᠡᠳᠡᠭᠳᠡᠮ᠎ᠠ ᠳᠠᠪᠠᠵᠤ᠂ ᠭᠤᠤ ᠬᠠᠢ ᠲᠤᠤ 《ᠮᠡᠬᠡᠯᠡᠭᠴᠢ》 ᠡᠴᠡ ᠮᠤᠯᠳᠤᠷᠤᠨ ᠳᠠᠶᠠᠭᠠᠷ ᠤᠯᠠᠨ ᠤ᠋ ᠰᠠᠢᠰᠢᠶᠠᠯ ᠢ᠋ ᠤᠯᠵᠠᠢ᠃ ᠲᠡᠬᠦᠨ ᠡᠴᠡ ᠡᠬᠢᠯᠡᠬᠡᠳ ᠭᠠᠵᠠᠷ ᠲᠠᠷᠢᠶ᠎ᠠ ᠵᠢ ᠨᠠᠢᠳᠠᠨ ᠬᠠᠮᠢᠶᠠᠷᠤᠭᠤᠯᠬᠤ ᠠᠵᠢᠯ ᠰᠢᠷᠠᠤ᠋ᠰᠤᠨ ᠭᠣᠣᠯ ᠤ᠋ᠨ ᠲᠠᠨᠵᠢᠨ ᠳ᠋ᠤ ᠦᠳᠳᠡᠷ ᠲᠦᠷᠬᠡᠨ ᠵᠢᠡᠷ ᠲᠦᠬᠡᠮᠡᠯᠵᠢᠭᠰᠡᠨ ᠶᠤᠮ᠃

2023 ᠣᠨ ᠳ᠋ᠤ᠂ ᠱᠢ ᠬᠦᠢ ᠵᠢᠶᠧ ᠬᠣᠯᠪᠣᠭᠠᠲᠤ ᠴᠣᠭᠴᠠ ᠪᠡᠷ ᠳᠠᠮᠵᠢᠨ ᠦᠦᠰᠢᠨ ᠬᠣᠰᠢᠭᠤᠨ ᠤ᠋ ᠰᠢᠷ᠎ᠠ ᠳᠠᠯ᠎ᠠ ᠳᠠᠷᠢᠵᠤ ᠲᠡᠵᠢᠭᠡᠬᠦ ᠲᠤᠰᠬᠠᠢ ᠬᠣᠷᠰᠢᠶ᠎ᠠ ᠯᠤᠭ᠎ᠠ ᠭᠠᠵᠠᠷ ᠲᠠᠷᠢᠶ᠎ᠠ ᠪᠠᠨ ᠨᠠᠢᠳᠠᠨ ᠬᠠᠮᠢᠶᠠᠷᠤᠭᠤᠯᠬᠤ ᠵᠦᠪᠯᠡᠯᠴᠡᠭᠡᠷ ᠲᠣᠭᠲᠠᠵᠤ᠂ ᠲᠣᠰ ᠤᠳᠠᠭ᠎ᠠ ᠵᠢᠨ ᠥᠭᠡᠷᠡᠴᠢᠯᠡᠯᠲᠡ ᠵᠢᠨ ᠠᠰᠢᠭ᠋ ᠬᠦᠷᠲᠡᠭᠴᠢ ᠪᠤᠯᠵᠠᠢ᠃ 《ᠬᠡᠰᠡᠭ ᠪᠤᠰᠠᠭ ᠲᠠᠷᠢᠶ᠎ᠠ ᠵᠢ ᠶᠡᠬᠡ ᠲᠠᠷᠢᠶ᠎ᠠ ᠪᠣᠯᠭᠠᠵᠤ᠂ ᠮᠠᠭᠤ ᠲᠠᠷᠢᠶᠠᠨ ᠭᠠᠵᠠᠷ ᠢ᠋ ᠰᠠᠢᠨ ᠲᠠᠷᠢᠶᠠᠨ ᠭᠠᠵᠠᠷ ᠪᠣᠯᠭᠠᠨ᠂ ᠲᠣᠮᠣ᠌ ᠬᠡᠯᠪᠡᠷᠢ ᠵᠢᠨ ᠲᠠᠷᠢᠶᠠᠯᠠᠩ ᠤ᠋ᠨ ᠮᠠᠰᠢᠨ ᠨᠠᠭᠠᠰᠢ ᠴᠠᠭᠠᠰᠢ ᠰᠦᠯᠵᠢᠯᠳᠦᠨ ᠠᠵᠢᠯᠯᠠᠬᠤ ᠪᠤᠯᠤᠭᠰᠠᠨ ᠨᠢ ᠥᠪᠡᠷ ᠶ᠋ᠢᠡᠨ ᠳᠠᠷᠢᠭ᠍ᠰᠠᠨ ᠡᠴᠡ ᠬᠤᠯᠠ ᠠᠮᠠᠷ ᠪᠤᠯᠪᠠ》 ᠭᠡᠵᠦ ᠱᠢ ᠬᠦᠢ ᠵᠢᠶᠧ ᠶᠠᠷᠢᠭᠰᠠᠨ ᠵᠢᠡᠨ 《ᠬᠤᠯᠪᠤᠭᠠᠳᠤ ᠴᠤᠭᠴᠠ ᠳ᠋ᠤ ᠣᠷᠣᠭᠰᠠᠨ ᠡᠴᠡ ᠨᠠᠭᠠᠰᠢ᠂ ᠵᠢᠯ ᠳ᠋ᠤ ᠮᠦ᠍ ᠪᠦᠷᠢ ᠡᠴᠡ 619 ᠲᠥᠭᠥᠷᠢᠭ ᠤ᠋ᠨ ᠲᠠᠷᠢᠶᠠᠯᠠᠩ ᠤ᠋ᠨ ᠬᠡᠷᠡᠭᠰᠡᠯ ᠤ᠋ᠨ ᠵᠠᠷᠤᠳᠠᠯ ᠠᠷᠪᠢᠯᠠᠨ᠂ ᠤᠨᠠᠯᠳᠠ ᠨᠢ ᠪᠠᠰᠠ ᠶᠡᠬᠡ ᠪᠡᠷ ᠳᠡᠭᠡᠭᠰᠢᠯᠡᠵᠤ᠂ ᠦᠪᠡᠷ ᠵᠢᠡᠨ ᠲᠠᠷᠢᠭᠰᠠᠨ ᠡᠴᠡ ᠬᠡᠳᠦᠨ ᠲᠦᠮᠡᠨ ᠲᠥᠭᠥᠷᠢᠭ ᠢᠯᠡᠭᠦᠦ ᠤᠯᠵᠤ ᠪᠠᠢᠨ᠎ᠠ》 ᠬᠡᠵᠤ ᠭᠠᠵᠠᠷ ᠲᠠᠷᠢᠶ᠎ᠠ ᠪᠠᠨ ᠨᠠᠢᠳᠠᠨ ᠬᠠᠮᠢᠶᠠᠷᠤᠭᠤᠯᠤᠭᠰᠠᠨ ᠳᠠᠩᠰᠠ ᠪᠡᠨ ᠲᠤᠭᠠᠴᠠᠵᠤ ᠭᠠᠷᠤᠯ᠎ᠠ᠃

ᠤᠳᠤ ᠰᠢᠷᠠᠤ᠋ᠰᠤᠨ ᠭᠤᠤᠯ ᠪᠠᠯᠭᠠᠰᠤᠨ ᠳ᠋ᠤ ᠭᠠᠵᠠᠷ ᠲᠠᠷᠢᠶ᠎ᠠ ᠪᠡᠨ ᠨᠠᠢᠳᠠᠨ ᠬᠠᠮᠢᠶᠠᠷᠤᠭᠤᠯᠬᠤ ᠬᠦᠮᠦᠰ ᠤᠯᠠᠮ ᠡᠴᠡ ᠤᠯᠠᠮ ᠤᠯᠠᠰᠢᠷᠠᠵᠤ ᠪᠠᠢᠨ᠎ᠠ᠃ 74 ᠨᠠᠰᠤᠲᠠᠢ ᠪᠢᠶᠠᠨ ᠢᠦᠢ ᠹᠧᠢ 150 ᠮᠦ᠍ ᠭᠠᠵᠠᠷ ᠲᠠᠷᠢᠶ᠎ᠠ ᠪᠠᠨ ᠲᠤᠰᠬᠠᠢ ᠬᠤᠷᠰᠢᠶ᠎ᠠ ᠳ᠋ᠤ ᠨᠠᠢᠳᠠᠨ ᠬᠠᠮᠢᠶᠠᠷᠤᠭᠤᠯᠵᠤ᠂ ᠨᠢᠷᠤᠭᠤ ᠡᠬᠦᠷᠤᠨ ᠰᠡᠯᠡᠬᠦᠴᠡᠵᠤ᠂ ᠦᠳᠡᠯᠦᠬᠡ ᠨᠠᠰᠤᠨ ᠤ᠋ ᠪᠠᠶᠠᠷ ᠵᠢᠷᠭᠠᠯ ᠵᠢᠡᠨ ᠡᠳ᠋ᠯᠡᠵᠤ ᠶᠠᠪᠤᠳᠠᠭ ᠤ᠋ᠨ ᠨᠢᠭᠡ ᠨᠢ ᠪᠤᠯᠵᠠᠢ᠃ 《ᠮᠦ᠍ ᠪᠦᠷᠢ ᠵᠢᠨ ᠨᠠᠭᠠᠳᠤ ᠵᠠᠬ᠎ᠠ ᠵᠢᠨ ᠤᠷᠤᠯᠭ᠎ᠠ 900 ᠲᠥᠭᠥᠷᠢᠭ ᠢ᠋ ᠳᠠᠪᠠᠵᠤ᠂ ᠴᠠᠭ ᠲᠠᠭᠠᠨ ᠬᠦᠷᠴᠦ ᠵᠣᠭᠣᠰ ᠵᠢᠨᠨ ᠲᠤᠭᠠᠯᠠᠭᠠᠳ ᠠᠪᠤᠭᠰᠠᠭᠠᠷ ᠪᠤᠯᠴᠢᠬᠠᠨ᠎ᠠ》 ᠭᠡᠵᠦ ᠪᠢᠶᠠᠨ ᠢᠦᠢ ᠹᠧᠢ ᠨᠠᠰᠤᠳᠠᠨ ᠪᠠᠶᠠᠷᠳᠠᠢ ᠶᠠᠷᠢᠨ᠎ᠠ᠃ ᠲᠣᠰᠬᠣᠨ ᠤ᠋ ᠠᠷᠠᠳ ᠯᠢᠦ ᠧᠨ ᠱᠧᠩ ᠭᠠᠵᠠᠷ ᠲᠠᠷᠢᠶ᠎ᠠ ᠪᠡᠨ ᠨᠠᠢᠳᠠᠨ ᠬᠠᠮᠢᠶᠠᠷᠤᠭᠤᠯᠤᠭᠰᠠᠨ ᠤ᠋ ᠳᠠᠷᠠᠭ᠎ᠠ ᠳᠠᠬᠢᠨ ᠲᠤᠰᠬᠠᠢ ᠬᠤᠷᠰᠢᠶ᠎ᠠ ᠳ᠋ᠤ ᠬᠦᠯᠦᠰᠤᠨ ᠠᠵᠢᠯ ᠬᠢᠵᠦ ᠪᠤᠢ᠃ 《ᠠᠵᠢᠯ ᠤ᠋ᠨ ᠴᠠᠭ ᠲᠦ᠍ ᠰᠠᠷ᠎ᠠ ᠵᠢᠨ 6000 ᠲᠥᠭᠥᠷᠢᠭ ᠤ᠋ᠨ ᠴᠠᠯᠢᠩ ᠲᠠᠢ᠂ ᠲᠠᠷᠢᠶ᠎ᠠ ᠲᠦᠮᠦᠰᠤ ᠵᠢᠨ ᠲᠠᠯ᠎ᠠ ᠪᠡᠷ ᠦᠪᠡᠷ ᠵᠢᠡᠨ ᠲᠠᠷᠢᠭᠰᠠᠨ ᠡᠴᠡ ᠪᠠᠰᠠ 3 — 4 ᠲᠦᠮᠡᠨ ᠲᠥᠭᠥᠷᠢᠭ ᠢᠯᠡᠭᠦᠦ ᠣᠯᠴᠢᠬᠠᠨ᠎ᠠ》 ᠭᠡᠵᠦ ᠯᠢᠦ ᠡᠧᠨ ᠱᠧᠩ ᠬᠡᠯᠡᠨ᠎ᠠ᠃

ᠢᠲᠡᠭᠡᠯ ᠢ᠋ ᠵᠢᠳᠬᠦᠯ ᠶ᠋ᠢᠡᠷ ᠬᠡᠳᠡᠭ᠂ ᠡᠨᠡ ᠵᠢᠯ ᠦᠤᠰᠢᠨ ᠬᠣᠰᠢᠭᠤᠨ ᠤ᠋ 37 ᠲᠤᠰᠬᠠᠢ ᠬᠤᠷᠰᠢᠶ᠎ᠠ ᠨᠡᠶ᠋ᠢᠲᠡ 10.19 ᠲᠦᠮᠡᠨ ᠮᠦ᠍ ᠭᠠᠵᠠᠷ ᠲᠠᠷᠢᠶ᠎ᠠ ᠵᠢ ᠨᠠᠢᠳᠠᠨ ᠬᠠᠮᠢᠶᠠᠷᠴᠠᠢ᠃ ᠡᠬᠦᠨ ᠳ᠋ᠤ ᠦᠦᠰᠢᠨ ᠬᠣᠰᠢᠭᠤᠨ ᠤ᠋ ᠮᠦᠸᠧ ᠨᠠᠨ ᠲᠠᠷᠢᠶᠠᠯᠠᠩ ᠤ᠋ᠨ ᠮᠠᠰᠢᠨ ᠤ᠋ ᠲᠤᠰᠬᠠᠢ ᠬᠤᠷᠰᠢᠶ᠎ᠠ 3 ᠭᠠᠴᠠᠭ᠎ᠠ ᠲᠣᠰᠬᠣᠨ ᠤ᠋ 13973 ᠮᠦ᠍ ᠭᠠᠵᠠᠷ ᠲᠠᠷᠢᠶ᠎ᠠ ᠵᠢ ᠨᠠᠢᠳᠠᠨ ᠬᠠᠮᠢᠶᠠᠷᠴᠤ᠂ ᠮᠦ᠍ ᠪᠦᠷᠢ ᠵᠢᠨ ᠤᠨᠠᠯᠲᠠ ᠶ᠋ᠢᠨ ᠳᠤᠤᠷᠠᠳᠤ ᠬᠢᠵᠠᠭᠠᠷ ᠢ᠋ 1800 ᠵᠢᠩ ᠪᠣᠯᠭᠠᠨ ᠳᠡᠭᠡᠭᠰᠢᠯᠡᠭᠦᠯᠵᠤ᠂ ᠬᠡᠲᠦᠷᠡᠭᠰᠡᠨ ᠬᠡᠰᠡᠭ ᠢ᠋ ᠨᠢ ᠲᠠᠷᠢᠶᠠᠯᠠᠬᠤ ᠡᠷᠦᠬᠡ ᠪᠠ ᠲᠤᠰᠬᠠᠢ ᠬᠤᠷᠰᠢᠶ᠎ᠠ ᠠᠳᠠᠯᠢ ᠲᠡᠭᠰᠢ ᠪᠡᠷ ᠬᠤᠪᠢᠶᠠᠯᠴᠠᠯ᠎ᠠ᠃ ᠲᠠᠷᠢᠶᠠᠴᠢᠳ ᠲᠦ᠍ ᠪᠤᠳᠠᠳᠤ ᠠᠰᠢᠭ ᠬᠦᠷᠳᠡᠬᠡᠬᠦ ᠵᠢᠨ ᠬᠠᠮᠳᠤ ᠲᠤᠰᠬᠠᠢ ᠬᠤᠷᠰᠢᠶ᠎ᠠ ᠴᠦ᠍ ᠠᠰᠤᠷᠤ ᠰᠠᠢᠨ ᠬᠥᠭᠵᠢᠯᠲᠡ ᠪᠡᠨ ᠤᠯᠵᠤ᠂ ᠪᠠᠰᠠ ᠭᠠᠴᠠᠭ᠎ᠠ ᠲᠤᠰᠬᠤᠨ ᠤ᠋ ᠬᠠᠮᠳᠤ ᠵᠢᠨ ᠠᠵᠤ ᠠᠬᠤᠢ ᠳ᠋ᠤ ᠨᠡᠮᠡᠷᠢ ᠦᠵᠡᠬᠦᠯᠪᠠ᠃ ᠮᠦᠸᠧ ᠨᠠᠨ ᠲᠤᠰᠬᠠᠢ ᠬᠤᠷᠰᠢᠶ᠎ᠠ ᠭᠠᠵᠠᠷ ᠲᠠᠷᠢᠶ᠎ᠠ ᠵᠢ ᠨᠠᠢᠳᠠᠨ ᠬᠠᠮᠢᠶᠠᠷᠤᠭᠤᠯᠤᠭᠰᠠᠨ ᠭᠠᠴᠠᠭ᠎ᠠ ᠲᠣᠰᠬᠣᠨ ᠤ᠋ ᠬᠠᠮᠲᠤ ᠵᠢᠨ ᠠᠵᠤ ᠠᠬᠤᠢ ᠳ᠋ᠤ ᠮᠦ᠍ ᠪᠦᠷᠢ ᠳ᠋ᠤ 5 ᠲᠥᠭᠥᠷᠢᠭ ᠤ᠋ᠨ ᠵᠠᠷᠤᠳᠠᠯ ᠲᠤᠰᠢᠶᠠᠵᠤ᠂ ᠨᠠᠢᠳᠠᠨ ᠬᠠᠮᠢᠶᠠᠷᠤᠭᠰᠠᠨ ᠥᠪᠡᠷ ᠤ᠋ᠨ ᠦᠷᠳᠡᠭ ᠶ᠋ᠢᠡᠨ ᠬᠠᠰᠤᠭᠰᠠᠨ ᠤ᠋ ᠲᠠᠷᠠᠭ᠎ᠠ ᠮᠦ᠍ ᠪᠦᠷᠢ ᠡᠴᠡ 80 ᠲᠥᠭᠥᠷᠢᠭ ᠤ᠋ᠨ ᠠᠰᠢᠭ᠋ ᠣᠯᠵᠠᠪᠤᠷᠢ ᠤᠯᠵᠤ᠂ ᠤᠳᠤ ᠲᠤᠰᠬᠠᠢ ᠬᠤᠷᠰᠢᠶ᠎ᠠ ᠵᠢᠨ ᠵᠢᠯ ᠤ᠋ᠨ ᠠᠰᠢᠭ᠋ ᠣᠷᠣᠯᠭ᠎ᠠ 100 ᠲᠦᠮᠡᠨ ᠲᠥᠭᠥᠷᠢᠭ ᠢ᠋ ᠲᠠᠪᠠᠨ᠂ 6 ᠬᠠᠳᠤᠵᠤ ᠬᠤᠷᠢᠶᠠᠬᠤ ᠮᠠᠰᠢᠨ᠂ 6 ᠲᠷᠠᠺᠲ᠋ᠣᠷ᠂ 6 ᠵᠢᠯᠣᠭᠣᠴᠢ ᠦᠭᠡᠢ ᠨᠢᠰᠬᠡᠯ ᠵᠡᠷᠭᠡ ᠣᠳᠣᠬᠢᠴᠢᠯᠠᠭᠰᠠᠨ ᠲᠠᠷᠢᠶᠠᠯᠠᠩ ᠤ᠋ᠨ ᠮᠠᠰᠢᠨ ᠲᠥᠬᠦᠭᠡᠷᠦᠮᠵᠢ ᠵᠢ ᠢᠵᠢ ᠪᠦᠷᠢᠳᠦᠬᠦᠯᠪᠡ᠃

ᠥᠭᠡᠷᠡᠴᠢᠯᠡᠯᠲᠡ ᠦᠷᠬᠦᠯᠵᠢᠯᠡᠭᠰᠡᠭᠡᠷ ᠁ ᠰᠢᠷᠠᠤ᠋ᠰᠤᠨ ᠭᠤᠤᠯ ᠤ᠋ᠨ ᠰᠠᠪᠠ ᠭᠠᠵᠠᠷ ᠤ᠋ᠨ ᠤᠳᠤ ᠦᠶ᠎ᠠ ᠵᠢᠨ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠢᠲᠠᠢ ᠬᠥᠭᠵᠢᠯᠲᠡ ᠵᠢᠨ ᠦᠵᠡᠰᠬᠦᠯᠡᠩ ᠤ᠋ᠨ ᠣᠷᠳᠣᠨ ᠳ᠋ᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠣᠨᠴᠠ ᠲᠣᠮᠢᠯᠠᠭᠴᠢ ᠯᠢᠦ ᠪᠥᠸᠧ ᠭᠤᠸᠠᠢ ᠬᠠᠨᠠᠨ ᠳ᠋ᠤ ᠨᠠᠭᠠᠭᠰᠠᠨ ᠲᠦᠷᠦᠯ ᠲᠡᠮᠳᠡᠭ ᠤ᠋ᠨ ᠪᠠᠢᠭᠤᠯᠤᠯᠲᠠ ᠵᠢᠨ ᠬᠦᠰᠦᠨᠦᠭᠲᠦ ᠵᠢ ᠵᠢᠭᠠᠭᠠᠳ᠄ 《ᠪᠣᠬᠢᠷᠲᠤᠯ ᠦᠭᠡᠢ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠢ᠋ ᠭᠠᠳᠠᠭ᠍ᠰᠢ ᠭᠠᠷᠭᠠᠬᠤ ᠳ᠋ᠤ ᠤᠯᠤᠰ ᠤ᠋ᠨ ᠭᠡᠷᠡᠴᠢᠯᠡᠯ ᠪᠠᠢᠬᠤ ᠴᠢᠬᠤᠯᠠ ᠳᠡᠢ ᠮᠦᠷᠳᠡᠬᠡᠨ ᠨᠡᠩ ᠴᠤ᠌ ᠨᠠᠷᠢᠯᠢᠭ᠋ ᠪᠤᠯᠪᠠᠰᠤᠷᠠᠭᠤᠯᠬᠤ ᠴᠢᠬᠤᠯᠠᠳᠠᠢ》 ᠬᠡᠵᠤ ᠶᠠᠷᠢᠨ᠎ᠠ᠃ ᠦᠦᠰᠢᠨ ᠬᠣᠰᠢᠭᠤᠨ ᠤ᠋ ᠣᠲᠤ ᠦᠶ᠎ᠠ ᠵᠢᠨ ᠲᠠᠷᠢᠶᠠᠯᠠᠩ ᠤ᠋ᠨ ᠠᠵᠤ ᠦᠶ᠋ᠯᠡᠰᠵᠢᠯᠲᠡ ᠵᠢᠨ ᠬᠣᠯᠪᠣᠭᠠᠲᠤ ᠴᠣᠭᠴᠠ ᠵᠢᠨ ᠲᠠᠢᠴᠢᠯᠠᠯ ᠵᠢᠡᠷ ᠰᠢᠷᠠᠤ᠋ᠰᠤᠨ ᠭᠤᠤᠯ ᠪᠠᠯᠭᠠᠰᠤ ᠨᠢᠭᠡᠨᠲᠡ ᠡᠷᠳᠡᠨᠢ ᠰᠢᠰᠢ ᠵᠢᠨ ᠰᠢᠬᠠᠮᠠᠯ ᠤ᠋ᠨ ᠦᠢᠯᠡᠳᠪᠦᠷᠢ᠂ ᠮᠥᠬᠥᠯᠢᠭ ᠪᠤᠷᠳᠤᠭ᠎ᠠ ᠶ᠋ᠢᠨ ᠦᠢᠯᠡᠳᠪᠦᠷᠢ ᠪᠤᠯᠤᠨ ᠡᠯᠳᠡᠪ ᠠᠮᠤ ᠵᠢ ᠡᠳ᠋ᠰᠢᠬᠦᠯᠦᠨ ᠪᠣᠯᠪᠠᠰᠤᠷᠠᠭᠤᠯᠬᠤ ᠦᠢᠯᠡᠳᠪᠦᠷᠢ ᠵᠡᠷᠭᠡ ᠵᠢ ᠪᠠᠢᠭᠤᠯᠵᠤ᠂ 23 ᠵᠦᠢᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠨᠢ ᠤᠯᠤᠰ ᠤ᠋ᠨ ᠬᠠᠮᠢᠶ᠎ᠠ ᠪᠦᠬᠦᠢ ᠰᠠᠯᠠᠭ᠎ᠠ ᠮᠦᠴᠢᠷ ᠤ᠋ᠨ ᠤᠷᠭᠠᠨᠢᠭ ᠬᠡᠷᠡᠴᠢᠯᠡᠯ ᠢ᠋ ᠤᠯᠵᠤ᠂ 《ᠳᠤᠮᠳᠠᠳᠤ ᠤᠯᠤᠰ ᠤ᠋ᠨ ᠣᠷᠭᠠᠨᠢᠭ᠋ ᠠᠵᠤ ᠦᠢᠯᠡᠰ ᠤ᠋ᠨ ᠬᠥᠭᠵᠢᠯᠲᠡ ᠶ᠋ᠢᠨ ᠵᠢᠱ᠌ᠢᠶ᠎ᠡ ᠦᠵᠡᠭᠦᠯᠬᠦ ᠪᠠᠯᠭᠠᠰᠤ》 ᠪᠡᠷ ᠦᠨᠡᠯᠡᠭᠳᠡᠪᠠ᠃

ᠬᠠᠮᠳᠤ ᠵᠢᠨ ᠦᠮᠴᠢᠯᠡᠯ ᠵᠢᠡᠷ ᠭᠤᠤᠯ ᠪᠤᠯᠭᠠᠵᠤ ᠪᠠᠢᠭᠰᠠᠨ ᠡᠴᠡ 《ᠬᠤᠷᠢᠶᠠᠯᠳᠠ ᠵᠢ ᠡᠷᠦᠬᠡ ᠳ᠋ᠤ ᠳᠠᠭᠠᠭᠠᠴᠢᠯᠠᠭᠤᠯᠬᠤ》 ᠬᠦᠷᠲᠡᠯ᠎ᠡ᠂ ᠲᠠᠬᠢᠭᠠᠳ 《ᠭᠠᠵᠠᠷ ᠲᠠᠷᠢᠶ᠎ᠠ ᠵᠢ ᠨᠠᠢᠳᠠᠨ ᠬᠠᠮᠢᠶᠠᠷᠤᠭᠤᠯᠬᠤ》 ᠬᠦᠷᠲᠡᠯ᠎ᠡ᠂ ᠰᠢᠷᠠᠤ᠋ᠰᠤᠨ ᠭᠣᠣᠯ ᠤ᠋ᠨ ᠲᠠᠨᠵᠢᠨ ᠳ᠋ᠡᠬᠢ ᠲᠠᠷᠢᠶᠠᠨ ᠭᠠᠵᠠᠷ 《ᠨᠡᠢᠳᠬᠡᠬᠦ — ᠬᠤᠪᠢᠶᠠᠬᠤ — ᠨᠡᠢᠳᠬᠡᠬᠦ》 ᠤᠷᠴᠢᠯ ᠢ᠋ ᠲᠤᠭᠤᠯᠤᠯ᠎ᠠ᠃ ᠳᠤᠰ ᠤᠳᠠᠭ᠎ᠠ ᠵᠢᠨ ᠬᠣᠯᠪᠣᠭᠠᠲᠤ ᠴᠣᠭᠴᠠ ᠪᠡᠷ ᠬᠡᠯᠬᠢᠶᠡᠰᠤ ᠪᠣᠯᠭᠠᠭᠰᠠᠨ ᠲᠠᠷᠢᠶᠠᠯᠠᠩ ᠤ᠋ᠨ ᠥᠭᠡᠷᠡᠴᠢᠯᠡᠯᠲᠡ ᠨᠢ ᠲᠠᠷᠠᠬᠠᠢ ᠪᠤᠳᠠᠷᠬᠠᠢ ᠲᠠᠷᠢᠶᠠᠨ ᠭᠠᠵᠠᠷ ᠢ᠋ ᠳᠠᠬᠢᠨ ᠨᠡᠢᠳᠬᠡᠵᠤ ᠬᠡᠪᠴᠢᠶᠡᠵᠢᠭᠰᠡᠨ᠂ ᠲᠦᠷᠦᠯ ᠲᠡᠮᠳᠡᠭᠵᠢᠭᠰᠠᠨ ᠬᠦᠭᠵᠢᠯᠳᠡ ᠵᠢᠨ ᠵᠠᠮ ᠳ᠋ᠤ ᠤᠷᠤᠭᠰᠠᠨ ᠶ᠋ᠢᠡᠷ ᠪᠠᠷᠠᠬᠤ ᠦᠭᠡᠢ ᠨᠡᠩ ᠴᠤ᠌ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠬᠦᠢᠯᠬᠡᠬᠡᠬᠦ ᠦᠭᠡᠢ ᠤᠷᠢᠲᠠᠯ ᠳᠣᠣᠷ᠎ᠠ ᠲᠠᠷᠢᠶᠠᠴᠢᠳ ᠢ᠋ 《ᠭᠠᠵᠠᠷ ᠲᠠᠷᠢᠶ᠎ᠠ ᠡᠴᠡ ᠠᠰᠢᠭ ᠤᠷᠤᠯᠭ᠎ᠠ ᠤᠯᠵᠤ᠂ ᠬᠦᠯᠦᠰᠤᠨ ᠠᠵᠢᠯ ᠡᠴᠡ ᠴᠠᠯᠢᠩ ᠮᠦᠩᠬᠦ ᠤᠯᠬᠤ》 ᠪᠤᠯᠭᠠᠵᠠᠢ᠃ ᠣᠳᠣᠬᠢᠴᠢᠯᠠᠭᠰᠠᠨ ᠲᠠᠷᠢᠶᠠᠯᠠᠩ ᠤ᠋ᠨ ᠮᠠᠰᠢᠨ ᠰᠢᠷᠠᠤ᠋ᠰᠤᠨ ᠭᠤᠤᠯ ᠤ᠋ᠨ ᠰᠠᠪᠠ ᠭᠠᠵᠠᠷ ᠶ᠋ᠢᠡᠷ ᠰᠦᠯᠵᠢᠯᠳᠦᠨ᠂ ᠨᠠᠷᠢᠯᠢᠭ᠋ ᠪᠤᠯᠪᠠᠰᠤᠷᠠᠭᠤᠯᠤᠭᠰᠠᠨ ᠮᠠᠯ ᠤ᠋ᠨ ᠠᠰᠢᠭ ᠰᠢᠮ᠎ᠡ ᠳᠠᠷᠢᠶᠠᠯᠠᠩ ᠤ᠋ᠨ ᠪᠦᠲᠦᠭᠡᠭᠳᠡᠬᠦᠨ ᠲᠤᠮᠤ ᠬᠤᠳᠠ ᠵᠢ ᠵᠤᠷᠢᠨ ᠴᠤᠪᠤᠷᠠᠵᠤ᠂ ᠡᠨᠡ ᠬᠦ᠌ ᠦᠯᠢᠬᠡᠷ ᠲᠤᠮᠤᠭ ᠲᠠᠢ ᠳᠡᠦᠬᠡᠳᠦ ᠨᠤᠲᠤᠭ ᠰᠢᠨ᠎ᠡ ᠳᠦᠷᠢ ᠳᠦᠷᠬᠦ ᠪᠡᠷ ᠶ᠋ᠢᠡᠨ ᠬᠥᠳᠡᠭᠡ ᠲᠣᠰᠬᠣᠨ ᠢ᠋ ᠪᠦᠬᠦ ᠲᠠᠯ᠎ᠠ ᠪᠡᠷ ᠬᠥᠭᠵᠢᠭᠦᠯᠦᠨ ᠮᠠᠨᠳᠤᠭᠤᠯᠬᠤ ᠴᠠᠭ ᠦᠶ᠎ᠡ ᠵᠢᠨ ᠬᠠᠷᠢᠭᠤᠯᠲᠠ ᠵᠢᠨ ᠬᠠᠭᠤᠳᠠᠰᠤ ᠵᠢ ᠪᠢᠴᠢᠭᠯᠡᠭᠰᠡᠬᠡᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号