《ᠨᠢᠬᠡ ᠤᠯᠠᠷᠢᠯ ᠤ᠋ᠨ ᠬᠠᠯᠠᠮᠰᠢᠯ》 ᠡᠴᠡ 《ᠳᠥᠷᠪᠡᠨ ᠤᠯᠠᠷᠢᠯ ᠤ᠋ᠨ ᠬᠦᠭᠵᠢᠶᠡᠨᠳᠦ ᠵᠢᠭᠤᠯᠴᠢᠯᠠᠯ》 ᠳ᠋ᠤ ᠤᠷᠤᠯ᠎ᠠ
2025-12-14 11:28:23
ᠵᠣᠬᠢᠶᠠᠭ᠍ᠴᠢ᠄
ᠯᠢᠦ ᠬᠤᠩ ᠵᠠᠩ᠂ ᠯᠢᠦ ᠱᠢᠤᠸᠠᠢ ᠡᠯ
ᠣᠩᠱᠢᠭ᠍ᠰᠠᠨ ᠣᠳᠠᠭ᠎ᠠ᠄
★★★☆☆

— ᠬᠤᠶᠠᠷᠬᠤᠳᠳᠤᠭ ᠤ᠋ᠨ ᠠᠮᠢ ᠠᠬᠤᠶ ᠶ᠋ᠢᠨ ᠨᠡᠭᠦᠳᠡᠯ ᠠᠷᠠᠳ ᠤ᠋ᠨ ᠵᠢᠱ᠌ᠢᠶ᠎ᠡ ᠦᠵᠡᠭᠦᠯᠬᠦ᠌ ᠤᠷᠤᠨ ᠪᠥᠬᠥ᠌ ᠤᠯᠠᠷᠢᠯ ᠤ᠋ᠨ ᠵᠢᠭᠤᠯᠴᠢᠯᠠᠯ ᠤ᠋ᠨ ᠬᠥᠭ᠌ᠵᠢᠯᠲᠡ ᠶ᠋ᠢᠨ ᠠᠷᠭ᠎ᠠ ᠵᠠᠮ ᠢ᠋ ᠬᠠᠢᠨ ᠰᠦᠪᠡᠭ᠌ᠴᠢᠯᠡᠨ᠎ᠡ


ᠡᠪᠦᠯ ᠤ᠋ᠨ ᠠᠭᠤᠷ ᠤᠷᠤᠵᠤ ᠠᠯᠠᠱᠠ ᠶ᠋ᠢᠨ ᠡᠯᠡᠰᠦᠨ ᠴᠥᠯ ᠤ᠋ᠨ ᠠᠭᠤᠷ ᠠᠮᠢᠰᠭᠤᠯ ᠤᠯᠠᠮ ᠢ᠋ᠶ᠋ᠠᠷ ᠬᠦᠶ᠋ᠲᠡᠷᠡᠵᠦ᠍ ᠪᠠᠢᠭ᠎ᠠ ᠪᠤᠯᠪᠠᠴᠤ᠂ ᠠᠯᠠᠱᠠ ᠠᠢᠮᠠᠭ ᠤ᠋ᠨ ᠬᠤᠶᠠᠷᠬᠤᠳᠳᠤᠭ ᠤ᠋ᠨ ᠠᠮᠢ ᠠᠬᠤᠶ ᠶ᠋ᠢᠨ ᠨᠡᠭᠦᠳᠡᠯ ᠠᠷᠠᠳ ᠤ᠋ᠨ ᠵᠢᠱ᠌ᠢᠶ᠎ᠡ ᠦᠵᠡᠭᠦᠯᠬᠦ᠌ ᠤᠷᠤᠨ ᠤ᠋ ᠪᠥᠬᠥ᠌ ᠤᠯᠠᠷᠢᠯ ᠤ᠋ᠨ ᠵᠢᠭᠤᠯᠴᠢᠯᠠᠯ ᠤ᠋ᠨ ᠬᠠᠯᠠᠮᠰᠢᠯ ᠬᠠᠷᠢᠨ ᠢᠳᠡ ᠦᠷᠨᠢᠵᠦ᠂ ᠤᠯᠠᠨ ᠤᠯᠠᠨ ᠣᠨᠴᠠᠯᠢᠭ᠍ᠲᠤ ᠡᠯᠡᠰᠦᠨ ᠴᠥᠯ ᠤ᠋ᠨ ᠵᠢᠭᠤᠯᠴᠢᠯᠠᠯ ᠤ᠋ᠨ ᠬᠤᠸᠠᠷᠠᠨ ᠨᠢ ᠥᠪᠡᠷᠮᠢᠴᠡ ᠷᠢᠳᠢ ᠱᠢᠳᠢ ᠪᠡᠷ ᠢ᠋ᠶ᠋ᠡᠨ ᠮᠠᠰᠢ ᠣᠯᠠᠨ ᠵᠢᠭᠤᠯᠴᠢᠯᠠᠭᠰᠠᠳ ᠢ᠋ ᠲᠠᠲᠠᠨ᠎ᠠ᠃ ᠬᠤᠯᠠ ᠤᠢᠷ᠎ᠠ ᠡᠴᠡ ᠬᠦᠷᠦᠯᠴᠡᠨ ᠢᠷᠡᠭᠰᠡᠨ ᠵᠢᠭᠤᠯᠴᠢᠯᠠᠭᠰᠠᠳ ᠡᠯᠡᠰᠦᠨ ᠳᠡᠭᠡᠷ᠎ᠡ ᠶᠠᠪᠠᠭᠠᠨ ᠠᠶᠠᠯᠠᠵᠦ᠂ ᠡᠯᠡᠰᠦᠨ ᠴᠦᠯ ᠤ᠋ᠨ ᠭᠤᠶᠤ ᠦᠵᠡᠮᠵᠢ ᠵᠢ ᠨᠠᠮ ᠵᠢᠮ ᠰᠣᠨᠢᠷᠬᠠᠬᠤ ᠪᠤᠶᠤ ᠠᠮᠲᠠᠲᠤ ᠢᠳᠡᠭᠡᠨ ᠢ᠋ ᠠᠮᠲᠠᠯᠠᠨ ᠵᠢᠷᠭᠠᠨ᠎ᠠ᠃

11 ᠰᠠᠷ᠎ᠠ ᠶ᠋ᠢᠨ 26 ᠤ᠋ ᠡᠳᠦᠷ᠂ ᠵᠢᠱ᠌ᠢᠢ᠎ᠡ ᠦᠵᠡᠭᠦᠯᠬᠦ᠌ ᠤᠷᠤᠨ ᠤ᠋ ᠱᠢᠨ ᠯᠦᠩ ᠮᠸᠨ ᠵᠣᠴᠢᠳ ᠤ᠋ᠨ ᠪᠠᠭᠤᠳᠠᠯ ᠤ᠋ᠨ ᠡᠯᠡᠰᠦᠨ ᠴᠦᠯ ᠤ᠋ᠨ ᠬᠤᠸᠠᠷᠠᠨ ᠳ᠋ᠦ ᠠᠩᠬᠢᠯᠤᠮ᠎ᠠ ᠦᠨᠦᠷ ᠬᠠᠩᠬᠤᠯᠵᠤ ᠪᠠᠢᠯ᠎ᠠ᠃ ᠲᠣᠭᠣᠭᠠᠨ ᠭᠡᠷ ᠲᠦ᠍ ᠲᠣᠭᠣᠭᠠᠴᠢᠳ ᠬᠦᠮᠡᠯᠢ ᠲᠠᠢ ᠥᠨᠳᠡᠭᠡ ᠬᠠᠭᠠᠷᠢᠵᠦ᠂ ᠬᠣᠨᠢᠨ ᠮᠢᠬ᠎ᠠ ᠵᠢᠨ ᠬᠠᠯᠠᠭᠤᠨ ᠲᠣᠭᠣᠭ᠎ᠠ᠂ ᠬᠣᠨᠢᠨ ᠮᠢᠬ᠎ᠠ ᠬᠦᠮᠡᠯᠢ ᠲᠠᠢ ᠪᠠᠩᠰᠢ ᠵᠡᠷᠭᠡ ᠣᠷᠣᠨ ᠨᠤᠲᠤᠭ ᠤ᠋ᠨ ᠣᠨᠴᠠᠯᠢᠭ ᠲᠠᠶ ᠠᠮᠲᠠᠲᠤ ᠢᠳᠡᠭᠡᠨ ᠬᠢᠵᠦ᠍ ᠶᠠᠭᠠᠷᠠᠯᠳᠤᠨ᠎ᠠ᠃ ᠬᠣᠭᠣᠯᠠᠨ ᠭᠡᠷ ᠲᠦ᠍ᠨᠢ ᠵᠢᠭᠤᠯᠴᠢᠯᠠᠭᠰᠠᠳ ᠱᠢᠷᠡᠭᠡ ᠲᠣᠭᠣᠷᠢᠨ ᠠᠮᠳᠠᠷᠬᠠᠨ ᠵᠤᠭᠤᠭᠯᠠᠵᠤ᠂ ᠡᠯᠡᠰᠦᠨ ᠴᠦᠯ ᠤ᠋ᠨ ᠥᠪᠡᠷᠮᠢᠴᠡ ᠬᠡᠪ ᠨᠠᠮᠪᠠ ᠲᠠᠢ ᠠᠮᠳᠠᠳᠦ ᠢᠳᠡᠭᠡᠨ ᠪᠤᠯᠤᠨ ᠵᠠᠩ ᠦᠢᠯᠡ ᠵᠢ ᠤᠢᠯᠠᠭᠠᠨ᠎ᠠ᠃

《ᠡᠪᠦᠯ ᠤ᠋ᠨ ᠤᠯᠠᠷᠢᠯ ᠤ᠋ᠨ ᠵᠢᠭᠤᠯᠴᠢᠯᠠᠯ ᠢ᠋ ᠬᠥᠭ᠌ᠵᠢᠭᠡᠬᠦ᠌ ᠶ᠋ᠢᠨ ᠲᠥᠯᠥᠭᠡ ᠪᠢᠳᠡ ᠵᠢᠭᠤᠯᠴᠢᠯᠠᠭ᠍ᠰᠠᠳ ᠲᠦ᠍ ᠡᠯᠪᠡᠭ ᠪᠠᠶᠠᠯᠢᠭ 〈ᠪᠦᠬᠦᠯᠢ ᠡᠳᠦᠷ ᠤ᠋ᠨ ᠳᠦᠷᠢᠮᠲᠦ〉 ᠠᠵᠢᠯᠯᠠᠭ᠎ᠠ ᠪᠡᠯᠡᠳᠬᠡᠵᠠᠢ᠃ ᠵᠢᠱ᠌ᠢᠶᠡᠯᠡᠪᠡᠯ ᠬᠤᠸᠠᠷ ᠫᠤᠤᠵᠢᠩ ᠲᠦᠳᠡᠭ ᠭᠠᠯ᠂ ᠣᠳᠣᠳᠦ ᠣᠭ᠍ᠲᠠᠷᠭᠤᠶ ᠶ᠋ᠢᠨ ᠬᠢᠴᠢᠶᠡᠯ ᠤ᠋ᠨ ᠲᠠᠩᠬᠢᠮ᠂ ᠰᠤᠳᠤᠯᠤᠨ ᠰᠤᠷᠤᠯᠴᠠᠬᠤ᠂ ᠤᠢᠷ᠎ᠠ ᠵᠠᠭᠤᠷ᠎ᠠ ᠶ᠋ᠢᠨ ᠶᠠᠪᠠᠭᠠᠨ ᠠᠶᠠᠯᠠᠯ ᠵᠡᠷᠭᠡ ᠠᠵᠢᠯᠯᠠᠭ᠎ᠠ ᠪᠡᠯᠡᠳᠭᠡᠵᠦ᠍᠂ ᠵᠢᠭᠤᠯᠴᠢᠯᠠᠭ᠍ᠰᠠᠳ ᠤ᠋ᠨ ᠡᠯᠡᠰᠦᠨ ᠴᠥᠯ ᠳ᠋ᠡᠬᠢ ᠰᠠᠢᠨ ᠰᠠᠢᠬᠠᠨ ᠲᠥᠷᠥᠭ᠌ᠳᠡᠯ ᠢ᠋ ᠨᠡᠮᠡᠭ᠌ᠳᠡᠭᠦᠯᠪᠡ᠃ ᠡᠭᠦᠨ ᠤ᠋ ᠬᠠᠮᠲᠤ ᠢᠳᠡᠭᠡᠨ ᠤᠮᠳᠠᠭᠠᠨ ᠤ᠋ ᠲᠠᠯ᠎ᠠ ᠪᠠᠷ ᠬᠦᠴᠦ᠍ ᠣᠷᠣᠭᠤᠯᠵᠤ᠂ ᠤᠷᠤᠨ ᠨᠤᠳᠤᠭ ᠤ᠋ᠨ ᠣᠨᠴᠠᠯᠢᠭ ᠲᠠᠢ ᠠᠮᠲᠠᠲᠤ ᠢᠳᠡᠭᠡᠨ ᠤ᠋ ᠪᠠᠨ ᠨᠤᠭᠤᠭ᠎ᠠ ᠴᠠᠭ᠎ᠠ ᠮᠢᠬ᠎ᠠ ᠲᠤᠰᠤ ᠵᠢ ᠪᠦᠷ ᠡᠷᠬᠢᠨ ᠲᠣᠭᠣᠷᠢᠨ ᠤ᠋ ᠭᠠᠴᠠᠭ᠎ᠠ ᠡᠴᠡ ᠤᠷᠤᠭᠤᠯᠵᠤ᠂ ᠠᠮᠲᠠ ᠰᠢᠮᠳᠡ ᠵᠢ ᠪᠠᠲᠤᠯᠠᠭ᠍ᠰᠠᠨ ᠢ᠋ᠶ᠋ᠠᠷ ᠪᠠᠷᠠᠬᠤ ᠥᠬᠡᠶ ᠪᠠᠰᠠ ᠲᠤᠬᠠᠶ ᠶ᠋ᠢᠨ ᠭᠠᠵᠠᠷ ᠤ᠋ᠨ ᠮᠠᠯᠴᠢᠳ ᠢ᠋ ᠳᠠᠢᠴᠢᠯᠠᠨ ᠣᠷᠣᠯᠭ᠎ᠠ ᠵᠢ ᠨᠢ ᠨᠡᠮᠡᠭ᠌ᠳᠡᠭᠦᠯᠪᠡ᠃ ᠲᠠᠷᠠᠭᠠᠴᠢ ᠪᠡᠷ ᠪᠢᠳᠡ ᠪᠠᠰᠠ ᠨᠠᠩ ᠣᠯᠠᠨ ᠨᠤᠲᠤᠭ ᠤ᠋ᠨ ᠢᠳᠡᠭᠡᠨ ᠪᠠᠵᠠᠭᠠᠵᠤ᠂ ᠨᠣᠭᠣᠭ᠎ᠠ ᠵᠠᠭᠤᠰᠢ ᠶ᠋ᠢᠨ ᠲᠦᠷᠦᠯ ᠵᠦᠢᠯ ᠪᠤᠯᠤᠨ ᠠᠮᠲᠠ ᠰᠢᠮᠳᠡ ᠵᠢ ᠨᠡᠩ ᠡᠯᠪᠡᠭ ᠨᠡᠩ ᠰᠠᠢᠨ ᠪᠤᠯᠭᠠᠵᠦ᠂ ᠡᠯᠡᠰᠦᠨ ᠴᠦᠯ ᠤ᠋ᠨ ᠣᠨᠴᠠᠯᠢᠭ᠍ᠲᠤ ᠠᠮᠲᠠᠲᠤ ᠢᠳᠡᠭᠡᠨ ᠢ᠋ᠶ᠋ᠡᠷ ᠨᠠᠩ ᠣᠯᠠᠨ ᠵᠢᠭᠤᠯᠴᠢᠯᠠᠭᠴᠢ ᠵᠢ ᠲᠠᠲᠠᠨ᠎ᠠ》 ᠭᠡᠵᠦ᠍ ᠱᠢᠨ ᠯᠦᠩ ᠮᠸᠨ ᠪᠠᠭᠤᠳᠠᠯ ᠤ᠋ᠨ ᠶᠡᠷᠦᠩᠬᠡᠢ ᠳᠠᠭᠠᠭᠠᠮᠠᠯ ᠵᠠᠩ ᠸᠧᠢ ᠬᠡᠯᠡᠨ᠎ᠡ᠃

ᠣᠢᠯᠠᠭᠠᠭ᠍ᠰᠠᠨ ᠢ᠋ᠶ᠋ᠠᠷ᠂ ᠣᠷᠴᠢᠮ ᠤ᠋ᠨ ᠵᠢᠯ ᠳ᠋ᠤ ᠬᠤᠶᠠᠷᠬᠤᠳᠳᠤᠭ ᠤ᠋ᠨ ᠠᠮᠢ ᠠᠬᠤᠶ ᠶ᠋ᠢᠨ ᠨᠡᠭᠦᠳᠡᠯ ᠠᠷᠠᠳ ᠤ᠋ᠨ ᠵᠢᠱ᠌ᠢᠶ᠎ᠡ ᠦᠵᠡᠭᠦᠯᠬᠦ᠌ ᠤᠷᠤᠨ 《ᠪᠦᠬᠦ᠌ ᠣᠷᠣᠨ ᠪᠦᠰᠡ᠂ ᠪᠦᠬᠦ᠌ ᠤᠯᠠᠷᠢᠯ᠂ ᠪᠦᠬᠦ᠌ ᠬᠡᠯᠬᠢᠶ᠎ᠡ ᠶ᠋ᠢᠨ ᠵᠢᠭᠤᠯᠴᠢᠯᠠᠯ ᠢ᠋ ᠬᠦᠭᠵᠢᠬᠦᠯᠬᠦ》 ᠰᠡᠳᠭᠢᠴᠡ ᠪᠡᠷ ᠡᠯᠡᠰᠦᠨ ᠴᠦᠯ ᠤ᠋ᠨ ᠠᠮᠢ ᠠᠬᠤᠶ᠂ ᠠᠷᠠᠳ ᠤ᠋ᠨ ᠰᠣᠶᠣᠯ ᠪᠠ ᠠᠵᠤ ᠦᠶ᠋ᠯᠡᠰ ᠤ᠋ᠨ ᠡᠬᠢ ᠪᠠᠶᠠᠯᠢᠭ ᠢ᠋ ᠬᠦᠨᠵᠡᠬᠡᠢ ᠠᠭᠤᠰᠤᠯᠴᠠᠭᠤᠯᠵᠦ᠂ ᠰᠠᠭᠤᠷᠢ ᠲᠥᠬᠥᠭᠡᠷᠦᠮᠵᠢ ᠵᠢ ᠲᠡᠭᠦᠯᠳᠡᠷᠵᠢᠭᠦᠯᠬᠦ᠌ ᠂ ᠵᠤᠭ᠎ᠠ ᠰᠡᠯᠡᠭᠦᠴᠡᠯ ᠤ᠋ᠨ ᠡᠵᠡᠩᠨᠡᠯᠲᠡ ᠶ᠋ᠢᠨ ᠬᠡᠯᠪᠡᠷᠢ ᠵᠢ ᠪᠠᠶᠠᠯᠢᠭ᠍ᠵᠢᠭᠤᠯᠬᠤ᠂ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠭᠠᠷᠭᠠᠬᠤ᠂ ᠬᠡᠭᠡᠷᠡᠯᠡᠨ ᠪᠠᠷᠲᠠᠭ᠎ᠠ ᠱᠢᠨᠵᠢᠯᠡᠬᠦ᠂ ᠠᠮᠢ ᠠᠬᠤᠶ ᠶ᠋ᠢᠨ ᠵᠢᠭᠤᠯᠴᠢᠯᠠᠯ᠂ ᠵᠠᠩ ᠦᠢᠯᠡ ᠶ᠋ᠢᠨ ᠪᠡᠶᠡᠴᠢ ᠣᠢᠯᠠᠭᠠᠯᠲᠠ ᠵᠡᠷᠭᠡ ᠣᠯᠠᠨ ᠡᠱᠢᠴᠢᠯᠡᠭ᠌ᠰᠡᠨ ᠵᠢᠭᠤᠯᠴᠢᠯᠠᠯ ᠤ᠋ᠨ ᠪᠦᠲᠦᠭᠡᠭ᠌ᠳᠡᠬᠦᠨ ᠭᠠᠷᠭᠠᠵᠦ᠂ 《ᠦᠵᠡᠵᠦ ᠰᠤᠨᠢᠷᠬᠠᠬᠤ᠂ ᠨᠠᠭᠠᠳᠴᠤ᠌ ᠲᠤᠭᠯᠠᠬᠤ᠂ ᠣᠢᠯᠠᠭᠠᠵᠦ ᠮᠡᠳᠡᠬᠦ》 ᠪᠦᠬᠦ ᠲᠠᠯ᠎ᠠ ᠵᠢᠨ ᠬᠦᠨᠵᠡᠬᠡᠢ ᠪᠡᠶᠡᠴᠢ ᠤᠢᠯᠠᠭᠠᠯᠳᠠ ᠶ᠋ᠢᠨ ᠵᠢᠭᠤᠯᠴᠢᠯᠠᠯ ᠢ᠋ ᠬᠦᠭᠵᠢᠬᠦᠯᠦᠨ᠂ ᠵᠢᠭᠤᠯᠴᠢᠯᠠᠭᠰᠠᠳ ᠤ᠋ᠨ ᠣᠯᠠᠨ ᠡᠱᠢᠲᠦ ᠬᠡᠷᠡᠭ᠌ᠴᠡᠭᠡ ᠵᠢ ᠣᠨᠣᠪᠴᠢᠲᠠᠶ ᠵᠣᠯᠭᠠᠭᠤᠯᠤᠭᠰᠠᠨ ᠮᠥᠷᠲᠡᠭᠡᠨ ᠡᠯᠡᠰᠦᠨ ᠴᠦᠯ ᠤ᠋ᠨ ᠲᠦᠷᠪᠡᠨ ᠤᠯᠠᠷᠢᠯ ᠤ᠋ᠨ ᠥᠩᠭᠡ ᠦᠵᠡᠮᠵᠢ ᠵᠢ ᠨᠠᠩ ᠰᠠᠢᠨ ᠤᠬᠠᠭᠤᠯᠤᠨ ᠲᠡᠯᠭᠡᠷᠡᠬᠦᠯᠵᠦ᠂ ᠪᠦᠬᠦ᠌ ᠣᠷᠣᠨ ᠪᠦᠰᠡ ᠪᠦᠬᠦ᠌ ᠤᠯᠠᠷᠢᠯ ᠤ᠋ᠨ ᠵᠢᠭᠤᠯᠴᠢᠯᠠᠯ ᠢ᠋ ᠵᠢᠱ᠌ᠢᠶ᠎ᠡ ᠦᠵᠡᠭᠦᠯᠬᠦ᠌ ᠤᠷᠤᠨ ᠤ᠋ ᠪᠠᠨ ᠴᠢᠨᠠᠷ ᠰᠠᠢᠲᠠᠶ ᠬᠥᠭ᠌ᠵᠢᠯᠲᠡ ᠶ᠋ᠢᠨ ᠬᠦᠴᠦᠷᠬᠡᠭ ᠶᠡᠬᠡ ᠬᠥᠳᠡᠯᠭᠡᠭᠦᠷ ᠪᠣᠯᠭᠠᠵᠠᠢ᠃ ᠡᠨᠡ ᠵᠢᠯ ᠡᠪᠦᠯ ᠤ᠋ᠨ ᠠᠭᠤᠷ ᠣᠷᠣᠭ᠍ᠰᠠᠨ ᠡᠴᠡ ᠨᠠᠭᠠᠰᠢ᠂ ᠵᠢᠱ᠌ᠢᠶ᠎ᠡ ᠦᠵᠡᠭᠦᠯᠬᠦ᠌ ᠤᠷᠤᠨ ᠤ᠋ ᠡᠯ᠎ᠡ ᠣᠨᠴᠠᠯᠢᠭ᠍ᠲᠤ ᠬᠤᠸᠠᠷᠠᠨ ᠨᠢ ᠪᠠᠢᠩᠭᠤ ᠶ᠋ᠢᠨ ᠴᠢᠨᠠᠷᠲᠠᠶ ᠡᠯ᠎ᠡ ᠵᠦᠶ᠋ᠯ ᠤ᠋ᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ᠌ ᠪᠡᠷ ᠳᠠᠮᠵᠢᠨ ᠡᠪᠦᠯ ᠤ᠋ᠨ ᠤᠯᠠᠷᠢᠯ ᠤ᠋ᠨ ᠲᠩᠷᠢ ᠡᠯᠡᠰᠦ ᠵᠢᠨ ᠵᠢᠭᠤᠯᠴᠢᠯᠠᠯ ᠢ᠋ ᠦᠷᠭᠦᠯᠵᠢᠯᠡᠨ ᠬᠥᠭ᠌ᠵᠢᠶᠡᠨᠲᠡᠶ ᠪᠣᠯᠭᠠᠪᠠ᠃

ᠰᠢᠩ ᠶᠧ ᠱᠠ ᠱᠧ ᠬᠡᠭᠡᠷ᠎ᠡ ᠪᠠᠭᠤᠳᠠᠯᠯᠠᠬᠤ ᠭᠠᠵᠠᠷ ᠲᠦ᠍᠂ ᠰᠥᠨᠢ ᠶ᠋ᠢᠨ ᠬᠥᠱᠢᠭᠡ ᠪᠠᠭᠤᠮᠠᠭᠴᠠ ᠳᠥᠷᠪᠡᠨ ᠵᠦᠭ ᠨᠠᠶ᠋ᠮᠠᠨ ᠵᠣᠪᠬᠢᠰ ᠡᠴᠡ ᠢᠷᠡᠭ᠌ᠰᠡᠨ ᠵᠢᠭᠤᠯᠴᠢᠯᠠᠭᠰᠠᠳ ᠨᠢᠭᠡ ᠲᠠᠩᠬᠢᠮ ᠳ᠋ᠦ ᠴᠤᠭ᠍ᠯᠠᠷᠠᠵᠤ᠂ ᠳᠦᠷᠡᠯᠵᠡᠨ ᠨᠣᠴᠣᠭ᠍ᠰᠠᠨ ᠲᠦᠳᠡᠭ ᠭᠠᠯ ᠢ᠋ ᠲᠣᠭᠣᠷᠢᠨ ᠳᠠᠭᠤᠯᠠᠨ ᠪᠥᠵᠢᠭ᠌ᠯᠡᠵᠦ᠍᠂ ᠰᠣᠯᠣᠩᠭᠠᠨ ᠬᠤᠸᠠᠷ ᠫᠤᠤᠵᠢᠩ ᠰᠥᠨᠢ ᠶ᠋ᠢᠨ ᠣᠭ᠍ᠲᠠᠷᠭᠤᠶ ᠵᠢ ᠵᠦᠰᠦᠨ᠂ ᠪᠠᠶᠠᠷ ᠬᠥᠷ ᠤ᠋ᠨ ᠲᠠᠭᠤᠨ ᠦᠳᠡᠰᠢ ᠶ᠋ᠢᠨ ᠰᠠᠯᠬᠢ ᠵᠢ᠎ᠲᠠᠭᠠᠨ ᠡᠯᠡᠰᠦᠨ ᠳᠠᠯᠠᠢ ᠵᠢ ᠳᠤᠭᠤᠯᠵᠤ᠂ ᠡᠪᠦᠯ ᠤ᠋ᠨ ᠤᠯᠠᠷᠢᠯ ᠤ᠋ᠨ ᠡᠯᠡᠰᠦᠨ ᠴᠥᠯ ᠤ᠋ᠨ ᠬᠠᠮᠤᠭ ᠤ᠋ᠨ ᠪᠠᠶᠠᠷ ᠵᠢᠷᠭᠠᠯ ᠳᠠᠢ ᠵᠢᠷᠤᠭ ᠳᠦᠷᠰᠦ ᠵᠢ ᠪᠦᠳᠦᠭᠡᠪᠡ᠃

《ᠥᠩᠭᠡᠷᠡᠭ᠌ᠰᠡᠨ ᠳ᠋ᠤ ᠡᠯᠡᠰᠦᠨ ᠴᠥᠯ ᠵᠥᠪᠬᠡᠨ ᠵᠣᠨ ᠳ᠋ᠠᠭᠠᠨ ᠰᠠᠶᠢ ᠰᠠᠢᠬᠠᠨ ᠭᠡᠵᠦ᠍ ᠪᠤᠳᠤᠳᠠᠭ ᠪᠠᠢᠭ᠍ᠰᠠᠨ᠂ ᠡᠨᠡ ᠤᠳᠠᠭ᠎ᠠ ᠡᠪᠦᠯ ᠤ᠋ᠨ ᠡᠬᠢ ᠪᠡᠷ ᠢᠷᠡᠵᠦ᠍ ᠵᠢᠭᠤᠯᠴᠢᠯᠠᠵᠦ ᠨᠠᠭᠠᠳᠤᠭᠰᠠᠨ ᠨᠢ ᠰᠠᠨᠠᠭᠠᠨ ᠡᠴᠡ ᠭᠠᠳᠠᠭᠤᠷ ᠶᠡᠬᠡ ᠰᠠᠢᠬᠠᠨ ᠪᠣᠯᠵᠠᠶ᠃ ᠡᠳᠦᠷ ᠵᠢᠡᠷ ᠪᠢᠳᠡ ᠡᠯᠡᠰᠦᠨ ᠴᠥᠯ ᠢ᠋ ᠳᠤᠭᠤᠯᠤᠨ ᠡᠯᠡᠰᠦᠨ ᠴᠦᠯ ᠤ᠋ᠨ ᠰᠦᠷᠯᠢᠭ ᠰᠠᠢᠬᠠᠨ ᠥᠷᠭᠡᠨ ᠠᠭᠤᠳᠠᠮ ᠢ᠋ ᠮᠡᠳᠡᠷᠡᠵᠦ᠍᠂ ᠣᠷᠣᠶ ᠳ᠋ᠠᠭᠠᠨ ᠬᠤᠸᠠᠷ ᠫᠤᠤᠵᠢᠩ᠂ ᠲᠦᠳᠡᠭ ᠭᠠᠯ ᠤ᠋ᠨ ᠦᠳᠡᠱᠢᠯᠡᠭᠡ ᠵᠢ ᠰᠣᠨᠢᠷᠬᠠᠯ᠎ᠠ᠂ ᠮᠠᠰᠢ ᠰᠠᠢᠨ ᠲᠥᠷᠥᠭ᠌ᠳᠡᠯ ᠲᠠᠢ ᠪᠤᠯᠵᠤ ᠲᠠᠷᠠᠭᠠᠴᠢ ᠪᠡᠷ ᠪᠠᠰᠠ ᠢᠷᠡᠨ᠎ᠡ》 ᠭᠡᠵᠦ᠍ ᠰᠸᠴᠤᠸᠠᠨ ᠮᠤᠵᠢ ᠶ᠋ᠢᠨ ᠴᠧᠩᠳᠦ᠋ ᠬᠣᠲᠠ ᠡᠴᠡ ᠢᠷᠡᠭᠰᠡᠨ ᠵᠢᠭᠤᠯᠴᠢᠯᠠᠭᠴᠢ ᠵᠢᠶᠠᠩ ᠵᠢᠨ ᠬᠡᠯᠡᠨ᠎ᠠ᠃

ᠡᠬᠢ ᠪᠠᠶᠠᠯᠢᠭ ᠢ᠋ ᠨᠡᠢᠳᠭᠡᠭᠦ ᠡᠴᠡ ᠲᠦᠷᠦᠯ ᠲᠡᠮᠳᠡᠭ ᠢ᠋ ᠡᠭᠦᠳᠬᠦ᠌ ᠬᠦᠷᠲᠡᠯ᠎ᠡ᠂ ᠱᠢᠨ᠎ᠡ ᠵᠢ ᠡᠭᠦᠳᠬᠦ᠌ ᠡᠴᠡ ᠦᠢᠯᠡᠴᠢᠯᠡᠭᠡ ᠵᠢ ᠲᠡᠰ ᠳᠡᠪᠱᠢᠭᠦᠯᠬᠦ᠌ ᠬᠦᠷᠲᠡᠯ᠎ᠡ ᠁ ᠡᠳᠦᠭᠡ ᠬᠤᠶᠠᠷᠬᠤᠳᠳᠤᠭ᠎ᠤᠨ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠤᠷᠤᠨ ᠨᠢᠭᠡᠨᠲᠡ ᠦᠩᠬᠡᠷᠡᠭᠰᠡᠨ ᠤ᠋ ᠲᠡᠷᠡ ᠬᠦ᠌ ᠵᠢᠭᠤᠯᠴᠢᠯᠠᠯ ᠤ᠋ᠨ ᠬᠠᠯᠠᠮᠱᠢᠯ ᠵᠥᠪᠬᠡᠨ ᠬᠠᠪᠤᠷ ᠵᠤᠨ ᠨᠠᠮᠤᠷ ᠭᠤᠷᠪᠠᠨ ᠤᠯᠠᠷᠢᠯ ᠳ᠋ᠦ ᠲᠥᠪᠯᠡᠷᠡᠵᠦ᠍ ᠪᠠᠢᠭ᠍ᠰᠠᠨ ᠪᠠᠢᠳᠠᠯ ᠡᠴᠡ ᠠᠩᠭᠢᠵᠢᠷᠠᠵᠤ᠂ ᠥᠪᠡᠷᠮᠢᠴᠡ ᠠᠮᠢ ᠠᠬᠤᠢ ᠶ᠋ᠢᠨ ᠡᠬᠢ ᠪᠠᠶᠠᠯᠢᠭ ᠪᠣᠯᠤᠨ ᠣᠷᠣᠨ ᠪᠦᠰᠡ ᠶ᠋ᠢᠨ ᠰᠣᠶᠣᠯ ᠳ᠋ᠦ ᠲᠦᠱᠢᠭ᠌ᠯᠡᠨ ᠤᠯᠠᠷᠢᠯ ᠤ᠋ᠨ ᠬᠢᠵᠠᠭᠠᠷᠯᠠᠯ ᠢ᠋ ᠠᠯᠬᠤᠮ ᠠᠯᠬᠤᠮ ᠢ᠋ᠶ᠋ᠠᠷ ᠡᠪᠳᠡᠵᠦ᠍᠂ 《ᠨᠢᠬᠡ ᠤᠯᠠᠷᠢᠯ ᠤ᠋ᠨ ᠬᠠᠯᠠᠮᠰᠢᠯ》 ᠡᠴᠡ 《ᠳᠥᠷᠪᠡᠨ ᠤᠯᠠᠷᠢᠯ ᠤ᠋ᠨ ᠬᠦᠭᠵᠢᠶᠡᠨᠳᠦ ᠵᠢᠭᠤᠯᠴᠢᠯᠠᠯ》 ᠳ᠋ᠤ ᠤᠷᠤᠯ᠎ᠠ᠃ ᠣᠢᠯᠠᠭᠠᠭ᠍ᠰᠠᠨ ᠢ᠋ᠶ᠋ᠠᠷ᠂ ᠡᠨᠡ ᠵᠢᠯ ᠡᠴᠡ ᠨᠠᠭᠠᠰᠢ ᠲᠣᠰ ᠵᠢᠱ᠌ᠢᠶ᠎ᠡ ᠦᠵᠡᠭᠦᠯᠬᠦ᠌ ᠤᠷᠤᠨ ᠨᠢ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠵᠢᠭᠤᠯᠴᠢᠯᠠᠭ᠍ᠴᠢ ᠵᠢ 76 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠵᠢᠭᠤᠯᠴᠢᠯᠠᠯ ᠤ᠋ᠨ ᠶᠡᠷᠦᠩᠬᠡᠢ ᠣᠷᠣᠯᠭ᠎ᠠ ᠨᠢ 3.8 ᠳ᠋ᠦᠩᠱᠢᠭᠤᠷ ᠲᠥᠭᠥᠷᠢᠭ ᠲᠦ᠍ ᠬᠦᠷᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号