ᠬᠦᠢᠳᠠᠨ᠎ᠢ ᠲᠡᠰᠪᠦᠷᠢᠯᠡᠨ ᠠᠵᠢᠯᠯᠠᠵᠤ ᠨᠡᠭᠦᠷᠡᠰᠦ᠎ᠪᠡᠷ ᠠᠯᠺᠧᠨ ᠦᠶ᠋ᠯᠡᠳᠬᠦ᠌ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠵᠢ ᠲᠦᠷᠭᠡᠳᠬᠡᠨ᠎ᠡ
2025-12-14 11:03:43
ᠵᠣᠬᠢᠶᠠᠭ᠍ᠴᠢ᠄
ᠼᠠᠢ ᠳ᠋ᠦᠩ ᠮᠧᠢ
ᠣᠩᠱᠢᠭ᠍ᠰᠠᠨ ᠣᠳᠠᠭ᠎ᠠ᠄
★★★☆☆

ᠬᠠᠬᠢᠷ ᠡᠪᠦᠯ᠎ᠦᠨ ᠤᠯᠠᠷᠢᠯ᠎ᠳᠤ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠪᠤᠭᠤᠲᠤ᠎ᠶ᠋ᠢᠨ ᠨᠡᠭᠦᠷᠡᠰᠦ᠎ᠪᠡᠷ ᠠᠯᠺᠸᠨ ᠦᠢᠯᠡᠳᠬᠦ᠌ ᠲᠡᠰ ᠳᠡᠪᠱᠢᠭ᠌ᠰᠡᠨ ᠵᠢᠱ᠌ᠢᠶ᠎ᠡ ᠦᠵᠡᠭᠦᠯᠬᠦ᠌ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠵᠢᠨ ᠲᠤᠬᠠᠢ᠎ᠶ᠋ᠢᠨ ᠲᠠᠯᠠᠪᠠᠢ᠎ᠳᠤ ᠬᠦᠷ ᠬᠥᠭ᠌ᠵᠢᠶᠡᠨ ᠵᠢᠡᠷ ᠪᠢᠯᠬᠠᠨ᠎ᠠ᠃ ᠬᠡᠳᠦᠨ ᠮᠢᠩᠭᠠᠨ ᠪᠥᠲᠥᠭᠡᠨ ᠪᠠᠢᠭᠤᠯᠤᠭ᠍ᠴᠢ ᠲᠤᠨᠤᠭ ᠲᠥᠬᠥᠭᠡᠷᠦᠮᠵᠢ᠎ᠶ᠋ᠢ ᠤᠭ᠍ᠰᠠᠷᠠᠬᠤ ᠵᠠᠩᠭᠢᠯᠠᠭ᠎ᠠ᠎ᠶ᠋ᠢᠨ ᠭᠤᠭᠴᠤᠭ᠎ᠠ ᠳ᠋ᠤ ᠠᠩᠬᠠᠷᠤᠯ ᠵᠢᠡᠨ ᠲᠦᠪᠯᠡᠷᠡᠭᠦᠯᠵᠦ ᠪᠥᠬᠥ᠌ ᠬᠦᠴᠦᠨ᠎ᠢᠶᠡᠷ᠎ᠢᠶᠡᠨ ᠱᠢᠪᠲᠤᠯᠤᠯᠲᠠ ᠬᠢᠵᠦ᠍᠂ ᠪᠥᠬᠥ᠌ ᠶᠠᠪᠤᠴᠠ᠎ᠳᠤ ᠤᠯᠤᠰ᠎ᠲᠠᠭᠠᠨ ᠦᠶ᠋ᠯᠡᠳᠪᠦᠷᠢᠯᠡᠬᠦ᠌ ᠵᠢᠱ᠌ᠢᠶ᠎ᠡ ᠦᠵᠡᠭᠦᠯᠬᠦ᠌ ᠡᠨᠡᠬᠦ ᠢᠨᠵᠧᠨᠧᠷᠢᠩ᠎ᠢ ᠲᠦᠷᠭᠡᠳᠭᠡᠨ ᠨᠠᠢᠳᠠᠪᠤᠷᠢᠵᠢᠭᠤᠯᠵᠤ᠂ ᠵᠢᠯ᠎ᠦᠨ ᠳᠣᠲᠣᠷ᠎ᠠ 50 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠪᠡᠷ ᠴᠢᠷᠮᠠᠢᠵᠤ᠂ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠨ᠎ᠠ᠃

12 ᠰᠠᠷ᠎ᠠ᠎ᠶ᠋ᠢᠨ 10 ᠎ᠤ᠋ ᠡᠳᠦᠷ᠂ ᠰᠤᠷᠪᠤᠯᠵᠢᠯᠠᠭ᠍ᠴᠢ ᠲᠤᠬᠠᠶ᠎ᠶ᠋ᠢᠨ ᠲᠠᠯᠠᠪᠠᠶ᠎ᠡᠴᠡ ᠲᠥᠷᠥᠯ ᠵᠦᠶ᠋ᠯ᠎ᠦᠨ ᠭᠤᠤᠯ ᠠᠵᠢᠯ ᠪᠤᠯᠬᠤ ᠬᠡᠢᠵᠢᠭᠦᠯᠬᠦ᠌ ᠲᠤᠨᠤᠭᠯᠠᠯ᠎ᠢ ᠤᠭᠰᠠᠷᠠᠬᠤ ᠠᠵᠢᠯ ᠶᠠᠭ ᠪᠠᠷᠢᠯᠭ᠎ᠠ᠎ᠶ᠋ᠢᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠪᠠᠢᠵᠦ᠂ ᠠᠵᠢᠯᠴᠢᠳ ᠠᠱᠢᠭ᠍ᠲᠠᠶ ᠠᠭᠤᠷ ᠠᠮᠢᠰᠭᠤᠯ ᠢ᠋ ᠵᠠᠪᠳᠤᠨ ᠲᠤᠨᠤᠭ ᠲᠥᠬᠥᠭᠡᠷᠦᠮᠵᠢ ᠤᠭ᠍ᠰᠠᠷᠠᠬᠤ᠎ᠶ᠋ᠢ ᠠᠬᠢᠭᠤᠯᠵᠤ ᠪᠠᠢᠬᠤ ᠵᠢ ᠤᠯᠵᠤ ᠬᠠᠷᠠᠪᠠ᠃ ᠲᠣᠰ ᠲᠤᠨᠤᠬᠯᠠᠯ᠎ᠢ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ ᠵᠢᠯ ᠪᠦᠷᠢ 350 ᠲᠦᠮᠡᠨ ᠲᠣᠨ ᠲᠦᠭᠦᠬᠡᠶ ᠮᠠᠲ᠋ᠧᠷᠢᠶᠠᠯ᠎ᠤᠨ ᠨᠡᠭᠦᠷᠡᠰᠦ ᠵᠠᠷᠤᠴᠠᠭᠤᠯᠵᠤ᠂ ᠴᠠᠭ ᠪᠦᠷᠢ 55 ᠲᠦᠮᠡᠨ ᠪᠣᠰᠣᠭ᠎ᠠ ᠳᠥᠷᠪᠡᠯᠵᠢᠨ ᠮᠧᠲ᠋ᠷ ᠪᠦᠬᠦᠢ ᠪᠦᠲᠦᠮᠵᠢᠲᠡᠶ ᠬᠡᠶ ᠵᠢ ᠦᠢᠯᠡᠳᠪᠦᠷᠢᠯᠨᠨ ᠭᠠᠷᠭᠠᠵᠤ᠂ ᠵᠢᠯ᠎ᠳᠦ 200 ᠲᠦᠮᠡᠨ ᠲᠣᠨ ᠮᠧᠲ᠋ᠢᠯ ᠠᠯᠺᠣᠣᠯ ᠦᠶ᠋ᠯᠡᠳᠪᠦᠷᠢᠯᠡᠨ᠎ᠡ᠂ ᠲᠡᠭᠦᠨ᠎ᠦ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠨᠢ ᠪᠦᠬᠦᠯᠢ ᠴᠣᠭ᠍ᠴᠠ᠎ᠶ᠋ᠢᠨ ᠲᠥᠷᠥᠯ ᠵᠦᠶ᠋ᠯ᠎ᠦᠨ ᠠᠬᠢᠴᠨ᠎ᠲᠠᠢ ᠱᠢᠭᠤᠳ ᠬᠣᠯᠪᠣᠭ᠍ᠳᠠᠵᠤ ᠪᠠᠢᠳᠠᠭ᠃ 《ᠣᠳᠣᠬᠠᠨ᠎ᠳᠤ ᠨᠢᠭᠡᠨᠲᠡ ᠤᠭ᠍ᠰᠠᠷᠠᠬᠤ ᠱᠠᠲᠤᠨ᠎ᠳᠤ ᠣᠷᠣᠵᠤ᠂ ᠲᠠᠷᠠᠭᠠᠴᠢ᠎ᠶ᠋ᠢᠨ 60 ᠭᠠᠷᠤᠢ ᠡᠳᠦᠷ᠎ᠲᠦ ᠪᠠᠷᠠᠭ᠎ᠠ ᠬᠦᠷᠭᠡᠬᠦ᠌ ᠪᠤᠢ ᠪᠦᠬᠦᠢ ᠲᠤᠮᠤ ᠬᠡᠯᠪᠡᠷᠢ᠎ᠶ᠋ᠢᠨ ᠭᠣᠣᠯ ᠴᠣᠭ᠍ᠴᠠ᠎ᠶ᠋ᠢᠨ ᠲᠤᠨᠤᠭ ᠲᠥᠬᠥᠭᠡᠷᠦᠮᠵᠢ᠎ᠶ᠋ᠢ ᠤᠭ᠍ᠰᠠᠷᠠᠵᠤ᠂ ᠵᠢᠱ᠌ᠢᠭ᠌ᠰᠡᠨ ᠠᠬᠢᠴᠠ᠎ᠳᠤ ᠬᠦᠷᠭᠡᠬᠦ᠌᠎ᠶ᠋ᠢ ᠪᠠᠲᠤᠯᠠᠨ᠎ᠠ》 ᠭᠡᠵᠦ᠍ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠪᠤᠭᠤᠲᠤ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠲᠠᠰ ᠳᠡᠪᠱᠢᠭ᠌ᠰᠡᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠬᠡᠯᠲᠡᠰ᠎ᠦᠨ ᠳᠡᠳ᠋ ᠡᠷᠬᠢᠯᠡᠭ᠌ᠴᠢ ᠯᠢᠦ ᠽᠸ ᠲᠠᠨᠢᠯᠴᠠᠭᠤᠯᠪᠠ᠃ ᠬᠡᠢᠵᠢᠭᠦᠯᠬᠦ᠌ ᠲᠤᠨᠤᠭᠯᠠᠯ᠎ᠲᠡᠶ ᠵᠡᠷᠭᠡ ᠪᠡᠷ ᠤᠭᠰᠠᠷᠠᠵᠤ ᠪᠠᠢᠬᠤ ᠨᠢ ᠪᠠᠰᠠ ᠠᠭᠠᠷ᠎ᠢᠶᠠᠷ ᠬᠤᠪᠢᠶᠠᠷᠢᠯᠠᠬᠤ ᠲᠤᠨᠤᠬᠯᠠᠯ᠂ ᠬᠤᠪᠢᠷᠠᠭᠠᠬᠤ ᠵᠢᠴᠢ ᠢᠯᠴᠢ᠎ᠪᠡᠷ ᠪᠤᠴᠠᠭᠠᠨ ᠬᠤᠷᠢᠶᠠᠬᠤ ᠲᠤᠨᠤᠬᠯᠠᠯ ᠵᠡᠷᠭᠡ 21 ᠬᠤᠪᠢᠶᠠᠷᠢ ᠲᠥᠷᠥᠯ ᠵᠦᠶ᠋ᠯ ᠪᠣᠶ᠃ ᠲᠤᠬᠠᠶ᠎ᠶ᠋ᠢᠨ ᠲᠠᠯᠠᠪᠠᠶ᠎ᠶ᠋ᠢᠨ 4000 ᠪᠠᠷᠢᠯᠭ᠎ᠠ᠎ᠶ᠋ᠢᠨ ᠠᠵᠢᠯᠴᠢᠨ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠭᠠᠩᠨᠠᠨ ᠵᠠᠯᠭᠠᠬᠤ᠂ ᠳᠡᠭᠦᠵᠢᠯᠡᠨ ᠲᠣᠨᠣᠭ᠍ᠯᠠᠬᠤ ᠵᠡᠷᠭᠡ ᠠᠵᠢᠯ᠎ᠢ ᠡᠮᠬᠢ ᠵᠢᠷᠤᠮ᠎ᠲᠠᠶ ᠥᠷᠨᠢᠭᠦᠯᠵᠦ᠍᠂ ᠣᠲᠣ ᠪᠣᠯᠲᠠᠯ᠎ᠠ ᠲᠥᠷᠥᠯ ᠵᠦᠶ᠋ᠯ᠎ᠦᠨ ᠪᠦᠬᠦᠯᠢ ᠴᠣᠭ᠍ᠴᠠ᠎ᠶ᠋ᠢᠨ ᠠᠬᠢᠴᠠ᠎ᠵᠢᠨ 40%᠎ᠵᠢ ᠪᠡᠶᠡᠯᠡᠬᠦᠯᠵᠡᠢ᠃ ᠲᠥᠯᠥᠪᠵᠢᠭᠦᠯᠭᠡ ᠶᠣᠰᠣᠭᠠᠷ  ᠡᠨᠡ ᠵᠢᠯ 55%᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠪᠡᠶᠡᠯᠡᠭᠦᠯᠵᠦ᠍᠂ ᠢᠷᠡᠬᠦ᠌ ᠵᠢᠯ᠎ᠦᠨ 6 ᠰᠠᠷ᠎ᠠ᠎ᠵᠢᠨ ᠲᠤᠮᠳᠠᠴᠢ ᠪᠡᠷ ᠲᠤᠱᠢᠶᠠᠵᠤ᠂ 2026 ᠣᠨ᠎ᠤ ᠡᠴᠦᠰ᠎ᠲᠦ ᠠᠱᠢᠭ᠍ᠯᠠᠯᠲᠠ᠎ᠳᠤ ᠣᠷᠣᠭᠤᠯᠬᠤ᠎ᠳᠤ ᠪᠠᠲᠤ ᠰᠠᠭᠤᠷᠢ ᠲᠠᠯᠪᠢᠵᠤ ᠪᠤᠢ᠃

ᠣᠢᠯᠠᠭᠠᠭ᠍ᠰᠠᠨ᠎ᠢᠶᠠᠷ᠂ ᠲᠣᠰ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ ᠨᠢ 170 ᠳ᠋ᠦᠩᠱᠢᠭᠤᠷ ᠲᠥᠭᠥᠷᠢᠭ᠎ᠢ ᠳᠠᠪᠠᠵᠤ᠂ 2024 ᠣᠨ᠎ᠤ ᠡᠴᠦᠰ᠎ᠲᠦ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠠᠲᠤᠨ᠎ᠳᠤ ᠣᠷᠣᠵᠤ᠂ ᠳᠡᠯᠡᠬᠡᠶ᠎ᠶ᠋ᠢᠨ ᠠᠩᠬᠠᠳᠠᠭ᠍ᠴᠢ ᠨᠡᠭᠦᠷᠡᠰᠦ᠎ᠪᠡᠷ ᠠᠯᠺᠧᠨ ᠦᠶ᠋ᠯᠡᠳᠬᠦ᠌ ᠵᠢᠱ᠌ᠢᠶ᠎ᠡ ᠦᠵᠡᠭᠦᠯᠬᠦ᠌ ᠲᠤᠨᠤᠬᠯᠠᠯ᠎ᠤᠨ ᠰᠠᠭᠤᠷᠢᠨ ᠳᠡᠭᠡᠷ᠎ᠡ ᠬᠡᠷᠡᠭ᠌ᠵᠢᠭᠦᠯᠦᠭ᠌ᠰᠡᠨ ᠲᠠᠰ ᠳᠡᠪᠱᠢᠭᠦᠯᠬᠦ᠌ ᠢᠨᠵᠧᠨᠧᠷᠢᠩ ᠪᠣᠯᠤᠨ᠎ᠠ᠂ ᠭᠤᠤᠯᠳᠠᠭᠤ ᠵᠢᠯ᠎ᠳᠦ 200 ᠲᠦᠮᠡᠨ ᠲᠣᠨ᠎ᠤ ᠨᠡᠭᠦᠷᠡᠰᠦ᠎ᠪᠡᠷ ᠮᠧᠲ᠋ᠢᠯ ᠠᠯᠺᠣᠣᠯ ᠦᠶ᠋ᠯᠡᠳᠬᠦ᠌ ᠪᠠ 75 ᠲᠦᠮᠡᠨ ᠲᠣᠨ᠎ᠤ ᠮᠧᠲ᠋ᠢᠯ ᠠᠯᠺᠣᠣᠯ᠎ᠢᠶᠠᠷ ᠠᠯᠺᠧᠨ ᠦᠶ᠋ᠯᠡᠳᠬᠦ᠌ ᠢᠨᠵᠧᠨᠧᠷᠢᠩ᠎ᠢ ᠪᠥᠲᠥᠭᠡᠨ ᠪᠠᠢᠭᠤᠯᠤᠨ᠎ᠠ᠃ ᠲᠤᠰ ᠲᠥᠷᠥᠯ ᠵᠦᠶ᠋ᠯ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠦᠨ ᠱᠢᠨ᠎ᠡ᠎ᠶ᠋ᠢ ᠡᠭᠦᠳᠦᠨ ᠲᠠᠰ ᠳᠡᠪᠱᠢᠭᠦᠯᠬᠦ᠌᠎ᠳᠦ ᠲᠦᠱᠢᠭ᠌ᠯᠡᠨ᠂ ᠨᠡᠭᠦᠷᠡᠰᠦ᠎ᠪᠡᠷ ᠠᠯᠺᠧᠨ ᠦᠶ᠋ᠯᠡᠳᠬᠦ᠌ ᠠᠵᠢᠯ ᠲᠥᠷᠥᠯ᠎ᠦᠨ ᠪᠥᠬᠥ᠌ ᠶᠠᠪᠤᠴᠠ᠎ᠶ᠋ᠢᠨ ᠮᠡᠷᠭᠡᠵᠢᠯ᠎ᠢ ᠤᠯᠤᠰ᠎ᠲᠠᠭᠠᠨ ᠦᠶ᠋ᠯᠡᠳᠪᠦᠷᠢᠯᠡᠬᠦ᠌᠎ᠶ᠋ᠢ ᠠᠩᠬ᠎ᠠ ᠤᠳᠠᠭ᠎ᠠ ᠪᠡᠶᠡᠯᠡᠭᠦᠯᠵᠦ᠍᠂ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ ᠮᠧᠲ᠋ᠢᠯ ᠠᠯᠺᠣᠣᠯ᠎ᠤᠨ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠵᠢᠯ ᠪᠦᠷᠢ 180 ᠲᠦᠮᠡᠨ ᠲᠣᠨ ᠪᠠᠢᠭ᠍ᠰᠠᠨ᠎ᠡᠴᠡ 380 ᠲᠦᠮᠡᠨ ᠲᠣᠨ ᠪᠣᠯᠭᠠᠨ ᠳᠡᠭᠡᠭ᠌ᠰᠢᠯᠡᠭᠦᠯᠵᠦ᠍᠂ ᠪᠥᠭᠡᠭᠡᠨᠡᠷᠡᠯ ᠠᠯᠺᠧᠨ᠎ᠤ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢ ᠵᠢᠯ ᠪᠦᠷᠢ 60 ᠲᠦᠮᠡᠨ ᠲᠣᠨ ᠪᠠᠢᠭ᠍ᠰᠠᠨ᠎ᠡᠴᠡ 135 ᠲᠦᠮᠡᠨ ᠲᠣᠨ ᠪᠣᠯᠭᠠᠨ ᠳᠡᠭᠡᠭ᠌ᠰᠢᠯᠡᠭᠦᠯᠵᠦ᠍᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠢ ᠬᠥᠲᠥᠯᠥᠨ ᠵᠢᠯᠣᠭᠣᠳᠴᠤ᠌ ᠳᠡᠭᠡᠳᠦ ᠲᠡᠰᠵᠢᠭᠦᠯᠬᠦ᠌᠂ ᠣᠯᠠᠨ ᠡᠱᠢᠵᠢᠭᠦᠯᠬᠦ᠌᠂ ᠪᠠᠭ᠎ᠠ ᠨᠡᠭᠦᠷᠡᠰᠦᠲᠥ᠋ᠷᠥᠭ᠌ᠴᠢᠳᠤ ᠲᠡᠢᠰᠢ ᠬᠥᠭ᠌ᠵᠢᠭᠦᠯᠵᠦ᠍᠂ ᠠᠵᠢᠯ ᠲᠥᠷᠥᠯ᠎ᠦᠨ ᠦᠯᠢᠬᠡᠷ ᠬᠡᠪ᠎ᠢ ᠪᠣᠶ ᠪᠣᠯᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号