ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠢᠰᠦᠳᠦᠭᠡᠷ ᠡᠭᠡᠯᠵᠢ᠎ᠶ᠋ᠢᠨ ᠲᠣᠭᠣᠷᠢᠨ ᠪᠠᠢᠴᠠᠭᠠᠯᠲᠠ᠎ᠵᠢᠨ ᠬᠠᠷᠢᠭᠤ ᠲᠤᠰᠬᠠᠬᠤ ᠠᠵᠢᠯ ᠲᠠᠭᠤᠰᠪᠠ
2025-12-14 10:49:51
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠷᠢᠯᠠᠭᠤᠯᠤᠯᠲᠠ᠎ᠶᠤᠰᠤᠭᠠᠷ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠢᠰᠦᠳᠦᠭᠡᠷ ᠡᠭᠡᠯᠵᠢ᠎ᠶ᠋ᠢᠨ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠭᠠᠬᠤ ᠠᠵᠢᠯ ᠤᠢ᠍ᠢᠷ᠎ᠠ ᠳ᠋ᠤ ᠪᠦᠬᠦᠨ ᠵᠢᠡᠷ ᠵᠢᠡᠨ ᠲᠠᠭᠤᠰᠪᠠ᠃ ᠲᠤᠰ ᠡᠭᠡᠯᠵᠢ᠎ᠶ᠋ᠢᠨ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠭᠠᠬᠤ ᠠᠵᠢᠯ᠎ᠢ ᠲᠥᠪᠯᠡᠷᠡᠭᠦᠯᠦᠨ ᠬᠠᠷᠢᠭᠤ ᠲᠤᠰᠭᠠᠬᠤ ᠪᠠ ᠲᠣᠭᠣᠷᠢᠨ ᠪᠠᠢᠴᠠᠭᠠᠬᠤ ᠳᠤᠭᠤᠢᠯᠠᠩ᠎ᠤᠨ 《ᠨᠢᠭᠡ ᠵᠢ ᠨᠢᠭᠡ ᠳ᠋ᠤ ᠬᠠᠷᠠᠭᠠᠯᠵᠠᠭᠤᠯᠤᠨ》 ᠬᠠᠷᠢᠭᠤ ᠲᠤᠰᠭᠠᠬᠤ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠶᠠᠪᠤᠭ᠍ᠳᠠᠭᠤᠯᠪᠠ᠃

ᠲᠥᠪᠯᠡᠷᠡᠭᠦᠯᠦᠨ ᠬᠠᠷᠢᠭᠤ ᠲᠤᠰᠭᠠᠬᠤ ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠸᠠᠩ ᠸᠧᠶ ᠵᠥᠩ᠎ᠦᠨ ᠶᠢᠰᠦᠳᠦᠭᠡᠷ ᠡᠭᠡᠯᠵᠢ᠎ᠶ᠋ᠢᠨ ᠲᠣᠭᠣᠷᠢᠨ ᠪᠠᠢᠴᠠᠭᠠᠯᠲᠠ᠎ᠶ᠋ᠢᠨ ᠶᠡᠷᠦᠩᠬᠡᠢᠯᠡᠭ᠌ᠰᠡᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ ᠦᠶ᠎ᠡ᠎ᠶ᠋ᠢᠨ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠲᠣᠭᠣᠷᠢᠨ ᠪᠠᠢᠴᠠᠭᠠᠯᠲᠠ᠎ᠳᠤ ᠢᠯᠡᠷᠡᠭᠦᠯᠦᠭ᠌ᠰᠡᠨ ᠨᠡᠢᠲᠡᠴᠢ ᠴᠢᠨᠠᠷᠲᠠᠶ ᠠᠰᠠᠭᠤᠳᠠᠯ᠎ᠢ ᠵᠠᠷᠯᠠᠨ ᠮᠡᠳᠡᠭ᠌ᠳᠡᠵᠦ᠍᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠠᠳᠭᠤᠬᠤ ᠲᠤᠬᠠᠶ ᠪᠠᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠣᠭᠣᠷᠢᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠳᠠᠷᠤᠭ᠎ᠠ ᠯᠢᠦ ᠱᠤᠸᠠᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠣᠭᠣᠷᠢᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠳᠡᠳ᠋ ᠳᠠᠷᠤᠭ᠎ᠠ ᠯᠢ ᠢᠦᠶ ᠭᠠᠩ ᠬᠤᠷᠠᠯ᠎ᠳᠤ ᠣᠷᠣᠯᠴᠠᠵᠠᠢ᠃

13 ᠲᠣᠭᠣᠷᠢᠨ ᠪᠠᠢᠴᠠᠭᠠᠬᠤ ᠳᠤᠭᠤᠢᠯᠠᠩ ᠲᠤᠰ ᠲᠤᠰ 28 ᠪᠠᠢᠭᠤᠯᠭ᠎ᠠ ᠨᠢᠭᠡᠴᠢ ᠪᠣᠯᠤᠨ 9 ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠳᠤ ᠲᠣᠭᠣᠷᠢᠨ ᠪᠠᠢᠴᠠᠭᠠᠭ᠍ᠰᠠᠨ ᠪᠠᠢᠳᠠᠯ᠎ᠢᠶᠠᠨ 《ᠨᠢᠭᠡ ᠵᠢ ᠨᠢᠭᠡ ᠳ᠋ᠤ ᠬᠠᠷᠠᠭᠠᠯᠵᠠᠭᠤᠯᠤᠨ》 ᠬᠠᠷᠢᠭᠤ ᠲᠤᠰᠭᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠱ᠌ᠢ ᠭᠤᠸᠠᠩ ᠬᠣᠶ ᠵᠢᠴᠢ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠤᠳᠤᠷᠢᠳᠭᠤ ᠨᠥᠬᠥᠳ ᠲᠣᠰ ᠲᠣᠰ ᠬᠡᠰᠡᠭ ᠬᠠᠷᠢᠭᠤ ᠲᠤᠰᠭᠠᠬᠤ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠣᠷᠢᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠬᠣᠯᠪᠣᠭ᠍ᠳᠠᠯ ᠪᠥᠬᠥᠶ ᠬᠤᠷᠠᠯ᠎ᠳᠤ ᠣᠷᠣᠯᠴᠠᠵᠠᠶ᠃

ᠬᠠᠷᠢᠭᠤ ᠲᠤᠰᠭᠠᠯ᠎ᠳᠤ᠂ ᠤᠢ᠍ᠢᠷ᠎ᠠ᠎ᠶ᠋ᠢᠨ ᠵᠢᠯ᠎ᠳᠦ ᠲᠣᠭᠣᠷᠢᠨ ᠪᠠᠢᠴᠠᠭᠠᠯᠲᠠ᠎ᠶ᠋ᠢ ᠬᠦᠯᠢᠶᠡᠭ᠌ᠰᠡᠨ ᠨᠠᠮ᠎ᠤᠨ ᠵᠣᠬᠢᠶᠠᠨ ᠪᠠᠢᠭᠤᠯᠤᠯᠲᠠ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠬᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠬᠤ ᠵᠡᠷᠭᠡ ᠠᠵᠢᠯ᠎ᠳᠤ ᠱᠢᠨ᠎ᠡ ᠦᠷ᠎ᠡ ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ᠃

ᠬᠠᠷᠢᠭᠤ ᠲᠤᠰᠭᠠᠯ ᠳ᠋ᠦ᠂ ᠲᠣᠭᠣᠷᠢᠨ ᠪᠠᠢᠴᠠᠭᠠᠯᠳᠠ ᠵᠢ ᠬᠦᠯᠢᠶᠡᠭᠰᠡᠨ ᠨᠠᠮ᠎ᠤᠨ ᠵᠣᠬᠢᠶᠠᠨ ᠪᠠᠢᠭᠤᠯᠤᠯᠲᠠ᠎ᠳᠤ ᠣᠷᠣᠱᠢᠵᠤ ᠪᠠᠢᠭ᠎ᠠ ᠠᠰᠠᠭᠤᠳᠠᠯ᠎ᠢ ᠲᠥᠪ ᠴᠢᠩᠭ᠎ᠠ᠎ᠪᠠᠷ ᠵᠢᠭᠠᠵᠤ ᠭᠠᠷᠭᠠᠪᠠ᠃ ᠵᠠᠷᠢᠮ ᠪᠠᠢᠭᠤᠯᠭ᠎ᠠ ᠨᠢᠭᠡᠴᠢ᠎ᠶ᠋ᠢᠨ ᠬᠢᠨ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠢᠯ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ ᠪᠠᠰᠠ ᠵᠥᠷᠢᠶ᠎ᠡ᠎ᠲᠡᠶ ᠪᠠᠢᠵᠤ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠠᠯ᠎ᠠ᠎ᠪᠠᠷ ᠬᠦᠷᠦᠯᠴᠡᠬᠦ᠌ ᠦᠭᠡᠢ᠂ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌ ᠲᠠᠯ᠎ᠠ᠎ᠪᠠᠷ ᠪᠠᠰᠠ ᠬᠦᠷᠦᠯᠴᠡᠬᠦ᠌ ᠦᠭᠡᠢ ᠪᠠᠢᠨ᠎ᠠ; ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ ᠪᠠᠰᠠ ᠵᠥᠷᠢᠶ᠎ᠡ᠎ᠲᠡᠶ ᠪᠠᠢᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ ᠲᠠᠯ᠎ᠠ᠎ᠪᠠᠷ ᠴᠢᠩᠭ᠎ᠠ ᠪᠢᠰᠢ ᠪᠣᠳᠠᠲᠠᠢ ᠪᠢᠰᠢ᠂ ᠠᠵᠢᠯ᠎ᠤᠨ ᠰᠤᠷᠲᠠᠯ ᠯᠠᠪᠳᠠᠭᠤᠨ ᠪᠠᠲᠤᠲᠠᠢ ᠪᠢᠰᠢ ᠪᠠᠢᠨ᠎ᠠ; ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠨᠠᠢᠳᠠᠪᠤᠷᠢᠵᠢᠭᠤᠯᠬᠤ᠎ᠳᠤ ᠪᠠᠰᠠ ᠬᠦᠷᠦᠯᠴᠡᠬᠦ᠌ ᠦᠭᠡᠢ ᠲᠠᠯ᠎ᠠ ᠣᠷᠣᠱᠢᠵᠤ᠂ ᠺᠠᠳ᠋ᠷ᠎ᠤᠨ ᠬᠢᠨᠠᠯᠲᠠ ᠬᠠᠮᠢᠶᠠᠷᠤᠯᠲᠠ ᠪᠠᠰᠠ ᠳᠤᠲᠠᠭ᠍ᠳᠠᠯ ᠲᠠᠢ ᠪᠠᠢᠵᠤ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢ ᠴᠢᠩᠭ᠎ᠠ ᠠᠳᠭᠤᠵᠤ ᠪᠠᠢᠬᠤ ᠦᠭᠡᠢ᠃ ᠵᠠᠷᠢᠮ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠨᠠᠮ᠎ᠤᠨ ᠤᠳᠤᠷᠢᠳᠤᠯᠭ᠎ᠠ᠎ᠶ᠋ᠢ ᠺᠣᠮᠫᠠᠨᠢ᠎ᠶ᠋ᠢᠨ ᠵᠠᠰᠠᠯᠲᠠ᠎ᠳᠤ ᠠᠭᠤᠰᠤᠯᠴᠠᠭᠤᠯᠤᠭ᠍ᠰᠠᠨ᠎ᠢᠶᠠᠷ ᠬᠦᠷᠦᠯᠴᠡᠬᠦ᠌ ᠦᠬᠡᠢ᠂ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠬᠦ᠂ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠢᠯᠡᠴᠢᠯᠡᠬᠦ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠦ ᠬᠦᠴᠦ᠍ ᠣᠷᠣᠭᠤᠯᠤᠭ᠍ᠰᠠᠨ᠎ᠢᠶᠠᠷ ᠬᠦᠷᠦᠯᠴᠡᠬᠦ᠌ ᠦᠬᠡᠢ᠂ ᠠᠶᠤᠯ ᠲᠦᠭ᠌ᠰᠢᠭᠦᠷᠢ ᠬᠡᠮ ᠰᠣᠭᠣᠭ᠎ᠢ ᠰᠡᠷᠭᠡᠢᠯᠡᠨ ᠠᠷᠢᠯᠭᠠᠬᠤ᠎ᠳᠤ ᠬᠦᠴᠦᠨ ᠲᠡᠭᠦᠯᠳᠡᠷ ᠪᠢᠰᠢ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ᠎ᠢᠶᠡᠷ ᠬᠦᠷᠦᠯᠴᠡᠬᠦ᠌ ᠦᠬᠡᠢ᠂ ᠺᠠᠳ᠋ᠷ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ ᠪᠣᠯᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ ᠪᠠᠰᠠ ᠵᠥᠷᠢᠶ᠎ᠡ᠎ᠲᠡᠶ ᠪᠠᠢᠨ᠎ᠠ᠃

ᠬᠠᠷᠢᠭᠤ ᠲᠤᠰᠭᠠᠯ᠎ᠳᠤ᠂ ᠲᠣᠭᠣᠷᠢᠨ ᠪᠠᠢᠴᠠᠭᠠᠬᠤ ᠪᠣᠯ ᠤᠯᠤᠰ ᠲᠦᠷᠦ᠍᠎ᠶ᠋ᠢᠨ ᠪᠡᠶ᠎ᠡ ᠵᠢᠨ ᠪᠠᠢᠴᠠᠭᠠᠯᠲᠠ᠂ ᠴᠡᠭ᠌ᠴᠡᠯᠡᠨ ᠰᠠᠢᠵᠢᠷᠠᠭᠤᠯᠬᠤ ᠪᠣᠯ ᠤᠯᠤᠰ ᠲᠦᠷᠦ᠍᠎ᠶ᠋ᠢᠨ ᠱᠢᠯᠭᠠᠯᠲᠠ ᠮᠥᠨ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠸᠠᠩ ᠸᠧᠢ ᠵᠦᠩ ᠱᠦᠵᠢ᠎ᠶ᠋ᠢᠨ ᠳᠤᠷᠠᠳᠤᠭ᠍ᠰᠠᠨ ᠱᠠᠭᠠᠷᠳᠠᠯᠭ᠎ᠠ ᠶᠣᠰᠣᠭᠠᠷ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠳᠤ ᠤᠯᠤᠰ ᠲᠦᠷᠦ᠍ ᠪᠠ ᠪᠦᠬᠦ᠌ ᠲᠠᠯ᠎ᠠ᠎ᠡᠴᠡ ᠬᠠᠨᠳᠤᠵᠤ᠂ ᠠᠰᠠᠭᠤᠳᠠᠯ᠎ᠢ ᠱᠢᠢᠳᠪᠦᠷᠢᠯᠡᠬᠦ᠌ ᠦᠭᠡᠢ ᠪᠣᠯ ᠰᠤᠯᠠᠷᠠᠬᠤ ᠦᠭᠡᠢ᠂ ᠲᠤᠢᠯᠪᠤᠷᠢᠲᠠᠢ ᠱᠢᠢᠳᠪᠦᠷᠢᠯᠡᠬᠦ᠌ ᠦᠭᠡᠢ ᠪᠣᠯ ᠲᠠᠯᠪᠢᠬᠤ ᠦᠭᠡᠢ ᠪᠠᠢᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠲᠣᠭᠣᠷᠢᠨ ᠪᠠᠢᠴᠠᠭᠠᠯᠳᠠ ᠵᠢ ᠬᠦᠯᠢᠶᠡᠭᠰᠡᠨ ᠨᠠᠮ᠎ᠤᠨ ᠵᠣᠬᠢᠶᠠᠨ ᠪᠠᠢᠭᠤᠯᠤᠯᠲᠠ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠍᠂ ᠴᠡᠭ᠌ᠴᠡᠯᠡᠨ ᠰᠠᠢᠵᠢᠷᠠᠭᠤᠯᠬᠤ ᠲᠥᠰᠦᠯ᠎ᠢ ᠨᠠᠷᠢᠨ ᠬᠢᠨᠠᠮᠠᠭᠠᠢ ᠰᠤᠳᠤᠯᠤᠨ ᠲᠣᠭ᠍ᠲᠠᠭᠠᠵᠤ᠂ ᠠᠰᠠᠭᠤᠳᠠᠯ᠎ᠤᠨ ᠨᠠᠷᠢᠨ ᠲᠠᠩᠰᠠ᠂ ᠡᠭᠦᠷᠭᠡ᠎ᠶ᠋ᠢᠨ ᠨᠠᠷᠢᠨ ᠲᠠᠩᠰᠠ᠂ ᠬᠠᠷᠢᠭᠤᠴᠠᠯᠭ᠎ᠠ᠎ᠶ᠋ᠢᠨ ᠨᠠᠷᠢᠨ ᠲᠠᠩᠰᠠ᠎ᠶ᠋ᠢ ᠪᠦᠷᠢᠯᠳᠦᠭᠦᠯᠵᠦ᠍᠂ ᠵᠤᠷᠪᠤᠰ ᠳᠠᠷᠠᠭᠠᠯᠠᠨ ᠲᠦᠷᠦᠯ ᠵᠦᠢᠯ ᠲᠠᠷᠠᠭᠠᠯᠠᠨ ᠲᠤᠭᠤᠱᠢᠲᠠᠢ ᠬᠢᠬᠦ ᠬᠡᠷᠡᠭ᠌ᠲᠡᠢ; 《ᠨᠢᠭᠡᠳᠦᠭᠡᠷ ᠭᠠᠷ》 ᠨᠢ 《ᠨᠢᠭᠡᠳᠦᠭᠡᠷ ᠬᠠᠷᠢᠭᠤᠴᠠᠯᠭᠠᠲᠠᠨ》 ᠤ᠋ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠪᠡᠶ᠎ᠡ᠎ᠪᠡᠷ᠎ᠢᠶᠡᠨ ᠠᠳᠭᠤᠵᠤ᠂ ᠲᠦᠷᠦᠭᠦᠯᠡᠨ ᠴᠡᠭ᠌ᠴᠡᠯᠡᠨ ᠰᠠᠢᠵᠢᠷᠠᠭᠤᠯᠵᠤ᠂ ᠪᠠᠭ᠎ᠤᠨ ᠪᠦᠷᠢᠯᠳᠦᠬᠦᠨ 《ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠌》 ᠵᠢ ᠨᠠᠷᠢᠨ ᠬᠢᠨᠠᠮᠠᠭᠠᠢ ᠭᠦᠢᠴᠡᠳᠭᠡᠵᠦ᠍᠂ ᠬᠤᠪᠢᠳᠠᠨ ᠬᠠᠮᠢᠶᠠᠷᠴᠤ᠌ ᠪᠠᠢᠭ᠎ᠠ ᠬᠦᠷᠢᠶᠡᠨ᠎ᠳᠡᠬᠢ ᠴᠡᠭ᠌ᠴᠡᠯᠡᠨ ᠰᠠᠢᠵᠢᠷᠠᠭᠤᠯᠬᠤ ᠡᠭᠦᠷᠭᠡ᠎ᠶ᠋ᠢ ᠰᠠᠢᠲᠤᠷ ᠠᠳᠭᠤᠬᠤ ᠬᠡᠷᠡᠭ᠌ᠲᠡᠢ᠃ ᠦᠨᠡᠨ ᠬᠦ᠌ ᠬᠠᠲᠠᠭᠤ᠎ᠲᠠᠶ᠎ᠨᠢ ᠬᠠᠯᠳᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠨᠥᠯᠥᠭᠡᠯᠡᠨ ᠬᠦᠯᠢᠶᠡᠰᠦᠯᠡᠵᠤ ᠪᠠᠢᠭ᠎ᠠ ᠲᠣᠪᠣᠢᠮ᠎ᠠ ᠠᠰᠠᠭᠤᠳᠠᠯ᠎ᠢ ᠴᠢᠩᠭ᠎ᠠ ᠠᠳᠭᠤᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠲᠦᠭ᠌ᠵᠢᠷᠡᠯ ᠬᠣᠷᠢᠭ᠎ᠠ ᠴᠡᠭ ᠪᠣᠯᠤᠨ ᠨᠠᠮ᠎ᠢ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ ᠪᠠᠭᠤᠷᠠᠶ ᠭᠣᠭ᠍ᠴᠣᠭ᠎ᠠ᠎ᠶ᠋ᠢ ᠴᠢᠩᠭ᠎ᠠ ᠠᠳᠭᠤᠵᠤ᠂ ᠲᠥᠪᠯᠡᠷᠡᠭᠦᠯᠦᠨ ᠪᠣᠭᠣᠮᠲᠠ ᠱᠢᠪᠲᠤᠯᠵᠤ ᠦᠷᠭᠦᠯᠵᠢᠯᠡᠨ ᠬᠦᠴᠦᠯᠡᠬᠦ᠌ ᠬᠡᠷᠡᠭ᠌ᠲᠡᠶ᠃ ᠬᠣᠯᠪᠣᠭ᠍ᠳᠠᠯ ᠪᠦᠬᠦᠢ ᠡᠭᠦᠷᠭᠡ ᠴᠢᠳᠠᠪᠬᠢᠳᠤ ᠰᠠᠯᠠᠭ᠎ᠠ ᠮᠥᠴᠢᠷ᠎ᠦᠨ ᠬᠢᠨ ᠲᠣᠭᠣᠷᠢᠨ ᠪᠠᠢᠴᠠᠭᠠᠭ᠍ᠰᠠᠨ ᠦᠷ᠎ᠡ ᠪᠦᠲᠦᠭᠡᠯ᠎ᠢ ᠰᠠᠢᠲᠤᠷ ᠬᠡᠷᠡᠭ᠌ᠯᠡᠵᠦ᠍᠂ ᠨᠢᠭᠡ᠎ᠡᠴᠡ ᠨᠦᠬᠦᠬᠡ᠎ᠶ᠋ᠢ ᠵᠦᠢᠴᠢᠯᠡᠨ ᠮᠡᠳᠡᠵᠤ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠰᠠᠢᠲᠤᠷ ᠠᠳᠭᠤᠵᠤ᠂ ᠬᠠᠮᠵᠢᠯᠴᠠᠨ ᠠᠵᠢᠯᠯᠠᠬᠤ᠎ᠶ᠋ᠢ ᠴᠢᠩᠭᠠᠳᠭᠠᠵᠤ᠂ ᠴᠡᠭ᠌ᠴᠡᠯᠡᠨ ᠰᠠᠢᠵᠢᠷᠠᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠪᠣᠯᠤᠨ ᠵᠣᠬᠢᠶᠠᠨ ᠪᠠᠢᠭᠤᠯᠬᠤ ᠰᠠᠯᠠᠭ᠎ᠠ ᠮᠥᠴᠢᠷ ᠴᠡᠭ᠌ᠴᠡᠯᠡᠨ ᠰᠠᠢᠵᠢᠷᠠᠭᠤᠯᠬᠤ ᠡᠳᠦᠷ ᠲᠤᠳᠤᠮ᠎ᠤᠨ ᠬᠢᠨᠠᠯᠲᠠ᠎ᠪᠠᠨ ᠴᠢᠩᠭᠠᠳᠭᠠᠵᠤ᠂ ᠬᠠᠰᠢ ᠶᠠᠰᠢ᠎ᠪᠠᠷ ᠴᠡᠭ᠌ᠴᠡᠯᠡᠨ ᠰᠠᠢᠵᠢᠷᠠᠭᠤᠯᠤᠭ᠍ᠰᠠᠨ᠂ ᠬᠤᠳᠠᠯ ᠬᠠᠭᠤᠷᠮᠠᠭ᠎ᠢᠶᠠᠷ ᠴᠡᠭ᠌ᠴᠡᠯᠡᠨ ᠰᠠᠢᠵᠢᠷᠠᠭᠤᠯᠤᠭ᠍ᠰᠠᠨ᠎ᠡᠴᠡ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠍ ᠬᠠᠷᠢᠭᠤᠴᠠᠯᠭ᠎ᠠ ᠲᠤᠯᠭᠠᠬᠤ ᠬᠡᠷᠡᠭ᠌ᠲᠡᠢ᠃

ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠣᠷᠢᠨ ᠪᠠᠢᠴᠠᠭᠠᠬᠤ ᠳᠤᠭᠤᠢᠯᠠᠩ ᠪᠠᠰᠠ ᠵᠠᠷᠢᠮ ᠤᠳᠤᠷᠢᠳᠭᠤ ᠺᠠᠳ᠋ᠷ᠎ᠤᠨ ᠠᠰᠠᠭᠤᠳᠠᠯ᠎ᠤᠨ ᠰᠦᠪᠡᠭ᠌ᠴᠢ᠎ᠶ᠋ᠢ ᠣᠯᠵᠤ᠂ ᠲᠣᠭ᠍ᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠵᠡᠷᠭᠡ ᠬᠣᠯᠪᠣᠭ᠍ᠳᠠᠯ ᠪᠥᠬᠥᠶ ᠲᠠᠯ᠎ᠠ᠎ᠳᠤ ᠱᠢᠶ᠋ᠳᠪᠦᠷᠢᠯᠡᠭᠦᠯᠬᠦ ᠪᠡᠷ ᠲᠤᠰᠢᠶᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号