2018 ᠣᠨ᠎ᠳᠤ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠥᠭ᠌ᠵᠢᠯᠲᠡ᠎ᠶ᠋ᠢᠨ ᠲᠤᠰᠭᠠᠢ ᠪᠡᠯᠡ ᠮᠥᠩᠭᠥ᠌ ᠭᠠᠷᠭᠠᠭ᠍ᠰᠠᠨ᠎ᠠᠴᠠ ᠨᠠᠭᠠᠰᠢ᠂ ᠦᠪᠦᠷ ᠮᠤᠡᠭᠭᠤᠯ ᠨᠡᠢᠳᠡ 72.9 ᠳ᠋ᠦᠩᠱᠢᠭᠤᠷ ᠲᠥᠭᠥᠷᠢᠭ᠎ᠤᠨ ᠪᠡᠯᠡ ᠣᠷᠣᠭᠤᠯᠵᠤ᠂ ᠪᠦᠬᠦ᠌ ᠣᠷᠣᠨ᠎ᠤ 84 ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ (ᠱᠢᠯᠢᠳᠡᠭ᠌ᠵᠢᠭᠦᠯᠦᠨ ᠲᠤᠬᠢᠷᠠᠭᠤᠯᠬᠤ᠎ᠠᠴᠠ ᠡᠮᠦᠨᠡᠬᠢ ᠬᠦᠷᠢᠶᠡᠯᠡᠩ ᠲᠣᠭᠣᠷᠢᠭ ᠪᠠᠭ᠍ᠲᠠᠨ᠎ᠠ) ᠤ᠋ᠨ 508 ᠰᠠᠭᠤᠷᠢ ᠲᠥᠬᠥᠭᠡᠷᠦᠮᠵᠢ᠎ᠶ᠋ᠢᠨ ᠲᠦᠷᠦᠯ ᠵᠦᠢᠯ᠎ᠳᠦ ᠬᠦᠴᠦᠲᠡᠢ ᠳᠡᠮᠵᠢᠯᠭᠡ ᠬᠠᠩᠭᠠᠵᠠᠢ᠃ ᠡᠨᠡ ᠬᠦ᠌ ᠪᠡᠯᠡ ᠮᠥᠩᠭᠥ᠌ ᠨᠢ ᠪᠦᠬᠦ᠌ ᠣᠷᠣᠨ᠎ᠤ 12 ᠠᠢᠮᠠᠭ ᠬᠤᠳᠠ ᠪᠣᠯᠤᠨ 2 ᠲᠤᠰᠠᠭᠠᠷ ᠲᠥᠯᠥᠪᠯᠡᠭᠡᠲᠦ ᠬᠤᠳᠠ᠎ᠳᠤ ᠠᠱᠢᠭ ᠬᠦᠷᠲᠡᠭᠡᠵᠦ᠍᠂ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠥᠳᠡᠯᠭᠡᠬᠦ᠌ ᠬᠦᠴᠦᠨ᠎ᠢ ᠨᠡᠮᠡᠭ᠌ᠳᠡᠭᠦᠯᠵᠦ᠍᠂ ᠳᠠᠪᠠᠯᠳᠠᠳᠤ ᠮᠠᠶᠢᠭ᠎ᠤᠨ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠪᠦᠲᠦᠮᠵᠢᠲᠡᠢ ᠬᠦᠴᠦᠨ ᠨᠡᠮᠡᠷᠢᠯᠡᠵᠠᠢ᠃
ᠲᠤᠰᠭᠠᠶ ᠪᠠᠯᠠ ᠮᠥᠩᠭᠥ᠎ᠶ᠋ᠢ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠱᠢᠭᠠᠷᠤ᠎ᠶ᠋ᠢᠨ ᠲᠠᠯᠠᠪᠠᠶ᠂ ᠲᠥᠪᠯᠡᠷᠡᠭᠦᠯᠦᠨ ᠢᠯᠴᠢ ᠬᠠᠩᠭᠠᠬᠤ᠂ ᠵᠠᠮ ᠱᠤᠭᠤᠮ ᠵᠢᠴᠢ ᠬᠣᠭᠣᠯᠠᠶ᠎ᠶ᠋ᠢᠨ ᠲᠤᠤᠷ᠂ ᠪᠠᠷᠢᠮᠵᠢᠶᠠᠲᠤ ᠦᠶ᠋ᠯᠡᠳᠪᠦᠷᠢ᠎ᠶ᠋ᠢᠨ ᠬᠡᠷ᠂ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠵᠡᠷᠭᠡ ᠰᠠᠭᠤᠷᠢ ᠲᠥᠬᠥᠭᠡᠷᠦᠮᠵᠢ᠎ᠶ᠋ᠢ ᠥᠭᠡᠷᠡᠴᠢᠯᠡᠨ ᠲᠠᠰ ᠳᠡᠪᠱᠢᠭᠦᠯᠬᠦ᠌᠎ᠳᠦ ᠭᠤᠤᠯᠳᠠᠯᠭ᠎ᠠ᠎ᠲᠠᠶ ᠬᠡᠷᠡᠭ᠌ᠯᠡᠵᠦ᠍᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠣᠷᠴᠢᠨ ᠲᠣᠭᠣᠷᠢᠨ᠎ᠤ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠤᠳᠠᠭᠠᠨ ᠪᠠᠢᠬᠤ ᠵᠡᠷᠭᠡ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌ ᠯᠠᠪᠳᠠᠭᠤᠨ ᠪᠠᠲᠤᠲᠠᠶ ᠠᠯᠬᠤᠮ᠎ᠢ ᠠᠯᠬᠤᠵᠠᠢ᠃ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠦᠶ᠋ᠯᠡᠳᠬᠦᠨ᠎ᠦ ᠶᠡᠷᠦᠩᠬᠡᠶ ᠥᠷᠲᠡᠭ ᠪᠠ ᠭᠠᠢᠯᠢ᠎ᠶᠢᠨ ᠤᠷᠤᠯᠭ᠎ᠠ ᠴᠥᠮ ᠳᠠᠬᠢᠨ᠎ᠢᠶᠠᠷ ᠨᠡᠮᠡᠭ᠌ᠳᠡᠵᠦ᠍᠂ 2018 ᠣᠨ᠎ᠳᠤ ᠲᠣᠰ ᠲᠣᠰ 1.06 ᠲᠦᠮᠡᠨ ᠳ᠋ᠦᠩᠱᠢᠭᠤᠷ ᠲᠥᠭᠥᠷᠢᠭ ᠪᠠ 716 ᠳ᠋ᠦᠩᠱᠢᠭᠤᠷ ᠲᠥᠭᠥᠷᠢᠭ ᠪᠠᠢᠭ᠍ᠰᠠᠨ᠎ᠠᠴᠠ᠎ᠪᠠᠨ ᠣᠲᠣ 2.2 ᠲᠦᠮᠡᠨ ᠳ᠋ᠦᠩᠱᠢᠭᠤᠷ ᠲᠥᠭᠥᠷᠢᠭ ᠪᠠ 1500 ᠭᠠᠷᠤᠶ ᠳ᠋ᠦᠩᠱᠢᠭᠤᠷ ᠲᠥᠭᠥᠷᠢᠭ ᠪᠣᠯᠵᠣ ᠨᠡᠮᠡᠭ᠌ᠳᠡᠵᠠᠢ᠃
ᠲᠤᠰᠭᠠᠶ ᠪᠠᠯᠠ ᠮᠥᠩᠭᠥ᠎ᠶ᠋ᠢᠨ ᠳᠡᠮᠵᠢᠯᠭᠡ ᠨᠢ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠰᠠᠭᠤᠷᠢ ᠲᠦᠬᠦᠭᠡᠷᠦᠮᠵᠢ᠎ᠶ᠋ᠢᠨ ᠳᠤᠲᠠᠭᠤᠳᠠᠯ᠎ᠢ ᠨᠥᠬᠥᠪᠥᠷᠢᠯᠡᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠬᠦᠷᠢᠶᠡᠯᠡᠩ ᠲᠣᠭᠣᠷᠢᠭ᠎ᠤᠨ ᠠᠷᠠᠯᠵᠢᠶᠠᠴᠢᠨ ᠤᠷᠢᠬᠤ ᠲᠠᠲᠠᠬᠤ ᠬᠦᠴᠦᠨ ᠪᠠ ᠠᠵᠤ ᠦᠶ᠋ᠯᠡᠰ᠎ᠦᠨ ᠨᠢᠭ᠍ᠲᠠᠷᠠᠭᠤᠯᠬᠤ ᠬᠦᠴᠦᠨ᠎ᠢ ᠨᠡᠮᠡᠭ᠌ᠳᠡᠭᠦᠯᠵᠠᠢ᠃ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠡᠴᠡ ᠬᠠᠮᠢᠶ᠎ᠠ ᠪᠥᠬᠥᠶ ᠰᠠᠯᠠᠭ᠎ᠠ ᠮᠥᠴᠢᠷ ᠲᠡᠶ ᠬᠠᠮᠲᠤᠷᠠᠨ ᠲᠤᠰᠭᠠᠶ ᠪᠠᠯᠠ ᠮᠥᠩᠭᠥ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠪᠠᠯᠠ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠬᠠᠮᠤᠭ᠎ᠤᠨ ᠶᠡᠬᠡ ᠪᠣᠯᠭᠠᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠬᠠᠮᠲᠤ᠂ ᠡᠯ᠎ᠡ ᠬᠦᠷᠢᠶᠡᠯᠡᠩ ᠲᠣᠭᠣᠷᠢᠭ᠎ᠢ ᠱᠢᠮᠳᠠᠭᠤᠯᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠲᠥᠷᠥᠯ ᠵᠦᠶ᠋ᠯ᠎ᠢ ᠡᠷᠲᠡ ᠡᠬᠢᠯᠡᠭᠦᠯᠵᠦ᠍᠂ ᠡᠷᠲᠡ ᠪᠥᠲᠥᠭᠡᠨ ᠪᠠᠢᠭᠤᠯᠵᠤ᠂ ᠡᠷᠲᠡ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠵᠤ᠂ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠨᠠᠩ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠵᠦ ᠪᠤᠢ᠃