ᠡᠯᠪᠡᠭ ᠬᠤᠷᠢᠶᠠᠯᠲᠠ ᠶ᠋ᠢ ᠪᠠᠳᠤᠯᠠᠭᠰᠠᠨ ᠲᠦᠷᠪᠡᠨ ᠠᠨᠢᠰᠤ
2025-12-14 10:55:52
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

— ᠦᠪᠦᠷ ᠮᠤᠡᠭᠭᠤᠯ ᠤ᠋ᠨ ᠠᠮᠤ ᠪᠤᠳᠠᠭᠠᠨ ᠤ᠋ ᠤᠨᠠᠯᠲᠠ 840 ᠳ᠋ᠦᠩᠰᠢᠭᠤᠷ ᠵᠢᠩ ᠢ᠋ ᠲᠠᠪᠠᠭᠰᠠᠨ ᠨᠢᠭᠤᠴᠠ ᠵᠢ ᠲᠠᠢᠯᠬᠤᠢ


840.7 ᠳ᠋ᠦᠩᠱᠢᠭᠤᠷ ᠵᠢᠩ! 2025 ᠤᠨ ᠳ᠋ᠦ ᠮᠠᠨ ᠤ᠋ ᠤᠷᠤᠨ ᠤ᠋ ᠠᠮᠤ ᠪᠤᠳᠠᠭᠠᠨ ᠤ᠋ ᠶᠠᠷᠦᠡᠭᠭᠡᠢ ᠤᠨᠠᠯᠲᠠ ᠳᠠᠬᠢᠨᠳᠠ ᠲᠡᠤᠬᠡ ᠶ᠋ᠢᠨ ᠰᠢᠨ᠎ᠡ ᠲᠡᠮᠲᠡᠭᠯᠡᠯ ᠢ᠋ ᠡᠭᠦᠳᠴᠦ᠂ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠦᠢᠯᠡᠳᠪᠤᠷᠢᠯᠡᠯ ᠤ᠋ᠨ ᠰᠠᠭᠤᠷᠢᠨ ᠤ᠋ ᠪᠦᠳᠦᠬᠡᠨ ᠪᠠᠢᠭᠤᠯᠤᠯᠳᠠ ᠵᠢᠨ ᠬᠢᠯᠠᠯᠵᠠᠭᠰᠠᠨ ᠬᠠᠭᠤᠳᠠᠰᠤ ᠵᠢ ᠲᠤᠰᠢᠶᠠᠪᠠ᠃

ᠦᠪᠤᠷ ᠮᠤᠩᠭᠤᠯ ᠤ᠋ᠨ ᠠᠮᠤ ᠪᠤᠳᠠᠭᠠᠨ ᠤ᠋ ᠡᠯᠪᠡᠭ ᠬᠤᠷᠢᠶᠠᠯᠳᠠ ᠨᠢ 《ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠨ᠎ᠠ》 ᠬᠡᠰᠡᠨ ᠤᠯᠤᠰ ᠲᠥᠷᠥ ᠵᠢᠨ ᠬᠠᠷᠢᠭᠤᠴᠠᠯᠭ᠎ᠠ ᠡᠬᠦᠷᠬᠡᠯᠡᠯ ᠤ᠋ᠨ ᠠᠤᠭ᠎ᠠ ᠬᠦᠴᠦᠨ ᠡᠴᠡ ᠰᠠᠯᠵᠤ ᠴᠢᠳᠠᠬᠤ ᠦᠬᠡᠢ᠂ ᠨᠡᠩ ᠴᠦ᠍ 《ᠮᠦ᠍ ᠨᠢᠬᠡᠴᠢ ᠵᠢᠨ ᠤᠨᠠᠯᠳᠠ ᠵᠢ ᠲᠠᠬᠡᠭᠰᠢᠯᠡᠬᠦᠯᠬᠦ᠂ ᠤᠰᠤ ᠪᠤᠷᠳᠤᠭᠤᠷ ᠢ᠋ ᠨᠢᠬᠡ ᠴᠤᠭᠴᠠᠵᠢᠭᠤᠯᠬᠤ᠂ 〈ᠲᠦᠷᠪᠡᠨ ᠰᠠᠢᠨ〉 ᠢ᠋ ᠠᠭᠤᠰᠤᠯᠴᠠᠭᠤᠯᠤᠨ ᠪᠤᠳᠠᠳᠠᠢᠵᠢᠭᠤᠯᠬᠤ᠂ ᠭᠠᠮᠰᠢᠭ ᠢ᠋ ᠰᠡᠷᠬᠡᠢᠯᠡᠨ ᠬᠤᠬᠢᠷᠠᠯ ᠢ᠋ ᠪᠠᠭᠠᠰᠬᠠᠬᠤ》 ᠤᠶᠤᠨ ᠬᠦᠴᠦ ᠪᠠ ᠤᠢᠭ᠎ᠠ ᠦᠬᠡᠢ ᠴᠢᠷᠮᠠᠢᠯᠭ᠎ᠠ ᠡᠴᠡ ᠰᠠᠯᠵᠤ ᠴᠢᠳᠠᠬᠤ ᠦᠬᠡᠢ ᠶᠤᠮ᠃

ᠨᠠᠮᠤᠷ ᠤ᠋ᠨ ᠰᠡᠬᠦᠯᠴᠢ ᠪᠡᠷ ᠠᠮᠤ ᠪᠤᠳᠠᠭᠠᠨ ᠤ᠋ ᠤᠨᠠᠯᠲᠠ ᠵᠢ ᠬᠢᠨᠠᠨ ᠬᠡᠮᠵᠢᠬᠦ ᠦᠶᠡᠰ ᠪᠦᠬᠦ ᠤᠷᠤᠨ ᠤ᠋ ᠡᠯ᠎ᠡ ᠭᠠᠵᠠᠷ ᠡᠴᠨ ᠦᠨᠳᠤᠷ ᠤᠨᠠᠯᠳᠠ ᠵᠢᠨ ᠲᠡᠤᠬᠡᠨ ᠲᠡᠮᠲᠡᠭᠯᠡᠯ ᠢ᠋ ᠰᠢᠨᠡᠳᠭᠡᠭᠰᠡᠨ ᠪᠠᠶᠠᠷ ᠤ᠋ᠨ ᠴᠢᠮᠡᠭᠡ ᠵᠠᠯᠭᠠᠭ᠎ᠠ ᠪᠡᠷ ᠲᠤᠭᠤᠯᠳᠠᠵᠤ᠂ ᠦᠷᠭᠡᠨ ᠠᠭᠤᠳᠠᠮ ᠲᠠᠯ᠎ᠠ ᠨᠤᠲᠤᠭ ᠲᠦ᠍ ᠡᠯᠪᠡᠭ ᠬᠤᠷᠢᠶᠠᠯᠲᠠ ᠶ᠋ᠢᠨ ᠳᠠᠭᠤᠯᠠᠯ ᠬᠠᠡᠭᠭᠢᠨᠠᠵᠤ ᠪᠠᠢᠯ᠎ᠠ᠃ ᠡᠭᠦᠨ ᠳ᠋ᠦ ᠲᠦᠡᠭᠯᠢᠶᠤᠤ ᠬᠤᠲᠠ ᠶ᠋ᠢᠨ ᠶᠡᠬᠡ ᠬᠡᠪᠴᠢᠶ᠎ᠠ ᠪᠡᠷ ᠲᠠᠷᠢᠭᠰᠠᠨ ᠡᠷᠳᠡᠨᠢ ᠰᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠭᠤᠤᠯᠳᠠᠯᠭ᠎ᠠ ᠲᠠᠢ ᠵᠢᠱ᠌ᠢᠶ᠎ᠡ ᠦᠵᠡᠭᠦᠯᠬᠦ ᠤᠷᠤᠨ ᠤ᠋ 208.02 ᠲᠦᠮᠡᠨ ᠮᠦ᠍ ᠲᠠᠷᠢᠶᠠᠨ ᠤ᠋ ᠮᠦ᠍ ᠨᠢᠭᠡᠴᠢ ᠶ᠋ᠢᠨ ᠳᠤᠮᠳᠠᠴᠢ ᠤᠨᠠᠯᠲᠠ ᠨᠢ 1018.25 ᠺᠢᠯᠤᠭ᠌ᠷᠠᠮ ᠳ᠋ᠦ ᠬᠦᠷᠴᠦ᠂ ᠪᠠᠶᠠᠨᠨᠠᠭᠤᠷ ᠤ᠋ᠨ 121.65 ᠲᠦᠮᠡᠨ ᠮᠦ᠍ ᠶ᠋ᠢᠨ ᠡᠷᠳᠡᠨᠢ ᠰᠢᠰᠢ ᠶ᠋ᠢᠨ ᠲᠠᠷᠢᠶᠠᠨ ᠤ᠋ ᠮᠦ᠍ ᠨᠢᠭᠡᠴᠢ ᠶ᠋ᠢᠨ ᠳᠤᠮᠳᠠᠴᠢ ᠤᠨᠠᠯᠲᠠ 1400 ᠺᠢᠯᠦᠭᠷᠠᠮ ᠢ᠋ ᠳᠠᠪᠠᠵᠤ᠂ ᠲᠤᠰ ᠲᠤᠰ ᠤᠯᠤᠰ ᠤ᠋ᠨ ᠠᠮᠤ ᠪᠤᠳᠠᠭᠠᠨ ᠤ᠋ ᠭᠤᠤᠯ ᠭᠠᠷᠤᠯᠲᠠ ᠶ᠋ᠢᠨ ᠤᠷᠤᠨ ᠤ᠋ 200 ᠲᠦᠮᠡᠨ ᠮᠦ᠍ ᠪᠠ 100 ᠲᠦᠮᠡᠨ ᠮᠦ᠍ ᠶ᠋ᠢᠨ 《ᠳᠤᠨ ᠤ᠋ ᠤᠨᠠᠯᠲᠠ ᠲᠠᠢ ᠲᠠᠷᠢᠶ᠎ᠠ》 ᠶ᠋ᠢᠨ ᠦᠨᠳᠤᠷ ᠤᠨᠠᠯᠳᠠ ᠵᠢᠨ ᠲᠡᠮᠲᠡᠭᠯᠡᠯ ᠢ᠋ ᠰᠢᠨᠡᠳᠭᠡᠪᠡ᠃

ᠡᠨᠡ ᠵᠢᠯ ᠮᠠᠨ ᠤ᠋ ᠤᠷᠤᠨ ᠰᠢᠨ᠎ᠡ ᠨᠢᠭᠡ ᠡᠭᠡᠯᠵᠢ ᠶ᠋ᠢᠨ ᠮᠢᠡᠭᠭᠠᠨ ᠳ᠋ᠦᠡᠭᠰᠢᠭᠤᠷ ᠵᠢᠡᠭ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠤᠭᠤᠷᠢᠨ ᠳ᠋ᠤ 《ᠬᠤᠶᠠᠷ ᠮᠢᠡᠭᠭᠠᠨ ᠲᠦᠮᠡ》 ᠶ᠋ᠢᠨ ᠠᠵᠢᠯᠯᠠᠭ᠎ᠠ ᠵᠢ ᠵᠤᠬᠢᠶᠠᠨ ᠪᠠᠢᠭᠤᠯᠤᠨ ᠦᠷᠨᠢᠬᠦᠯᠵᠤ᠂ 《1 + 1 + N》 ᠤ᠋ ᠲᠦᠷᠦ ᠶ᠋ᠢᠨ ᠪᠤᠳᠤᠯᠭ᠎ᠠ ᠶ᠋ᠢᠨ ᠰᠢᠰᠲᠸᠮ ᠢ᠋ ᠪᠠᠢᠭᠤᠯᠤᠨ᠂ 16 ᠵᠤᠷᠪᠤᠰ ᠠᠷᠭ᠎ᠠ ᠬᠡᠮᠵᠢᠶ᠎ᠡ ᠵᠢ ᠰᠢᠨ᠎ᠡ ᠡᠭᠦᠳᠦᠨ ᠨᠡᠢᠲᠡᠯᠡᠬᠦ ᠶ᠋ᠢᠨ ᠬᠠᠮᠲᠤ ᠪᠦᠬᠦ ᠤᠯᠤᠰ ᠲᠦ᠍ ᠡᠩ ᠲᠡᠷᠢᠬᠦᠨ ᠳ᠋ᠤ ᠲᠠᠷᠢᠶᠠᠴᠢᠨ ᠤ᠋ ᠤᠷᠤᠯᠭ᠎ᠠ ᠶ᠋ᠢᠨ ᠨᠡᠮᠡᠭᠳᠡᠯ ᠢ᠋ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠠᠵᠢᠯ ᠳ᠋ᠦ ᠤᠷᠤᠭᠤᠯᠤᠨ ᠵᠡᠷᠬᠡ ᠪᠡᠷ ᠠᠬᠢᠭᠤᠯᠵᠤ᠂ ᠡᠷᠳᠡᠨᠢ ᠰᠢᠰᠢ ᠪᠠ ᠰᠢᠷ᠎ᠡ ᠪᠤᠷᠴᠠᠭ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠢᠨᠵᠸᠨ᠋ᠸᠷᠢᠡᠭ ᠤ᠋ᠨ ᠲᠦᠷᠦᠯ ᠵᠦᠢᠯ ᠢ᠋ 450 ᠲᠦᠮᠡᠨ ᠮᠦ᠍ ᠴᠢᠷᠮᠠᠢᠨ ᠤᠯᠵᠤ᠂ ᠡᠭᠦᠷᠭᠡ ᠶ᠋ᠢᠨ ᠬᠡᠮᠵᠢᠶ᠎ᠡ ᠪᠠ ᠪᠡᠯᠡ ᠮᠦᠡᠭᠬᠦ ᠶ᠋ᠢᠨ ᠬᠡᠮᠵᠢᠶ᠎ᠡ ᠪᠡᠷ ᠭᠤᠷᠪᠠᠨ ᠵᠢᠯ ᠳᠠᠷᠠᠭᠠᠯᠠᠨ ᠪᠦᠬᠦ ᠤᠯᠤᠰ ᠤ᠋ᠨ ᠲᠦᠷᠦᠬᠦᠨ ᠳ᠋ᠦ ᠤᠷᠤᠪᠠ᠃ ᠪᠦᠬᠦ ᠤᠷᠤᠨ ᠤ᠋ 87 ᠬᠤᠰᠢᠭᠤ ᠰᠢᠶᠠᠨ ᠳ᠋ᠦ 1000 ᠲᠦᠮᠡ ᠭᠠᠷᠤᠢ ᠮᠦ᠍ ᠵᠢᠱ᠌ᠢᠶ᠎ᠡ ᠦᠵᠡᠭᠦᠯᠬᠦ᠌ ᠣᠷᠣᠨ ᠢ᠋ ᠪᠦᠳᠦᠬᠡᠨ ᠪᠠᠢᠭᠤᠯᠵᠤ᠂ ᠤᠯᠤᠰ ᠤ᠋ᠨ 7 ᠵᠦᠢᠯ ᠤ᠋ᠨ ᠦᠨᠳᠦᠷ ᠤᠨᠠᠯᠲᠠ ᠶ᠋ᠢᠨ ᠲᠡᠮᠲᠡᠭᠯᠡᠯ ᠪᠤᠯᠤᠨ ᠦᠪᠡᠷᠲᠡᠭᠡᠨ ᠵᠠᠰᠠᠬᠤ ᠤᠷᠤᠨ ᠤ᠋ 22 ᠵᠦᠢᠯ ᠤ᠋ᠨ ᠦᠨᠳᠦᠷ ᠤᠨᠠᠯᠲᠠ ᠶ᠋ᠢᠨ ᠲᠡᠮᠲᠡᠭᠯᠡᠯ ᠢ᠋ ᠰᠢᠨᠡᠳᠭᠡᠵᠤ᠂ ᠪᠦᠬᠦ ᠤᠷᠤᠨ ᠤ᠋ ᠮᠦ᠍ ᠨᠢᠬᠡᠴᠢ ᠵᠢᠨ ᠤᠨᠠᠯᠳᠠ ᠵᠢᠨ ᠨᠡᠮᠡᠭᠳᠡᠯ ᠤ᠋ᠨ ᠠᠮᠤ ᠪᠤᠳᠠᠭᠠᠨ ᠤ᠋ ᠤᠨᠠᠯᠳᠠ ᠵᠢᠨ ᠲᠠᠬᠡᠭᠰᠢᠯᠡᠯᠳᠡ ᠳ᠋ᠤ ᠦᠵᠡᠬᠦᠯᠬᠦ ᠬᠤᠪᠢ ᠨᠠᠮᠠᠷᠢ ᠵᠢᠨ ᠨᠤᠷᠮ᠎ᠠ 80% ᠵᠢ ᠲᠠᠪᠠᠭᠰᠠᠨ ᠪᠢᠯᠡ᠃

ᠰᠢᠨᠵᠢᠯᠡᠬᠦ ᠤᠬᠠᠭᠠᠨ ᠮᠡᠷᠭᠡᠵᠢᠯ ᠰᠢᠮᠡᠳᠦ ᠬᠦᠷᠦᠰᠦᠨ ᠤ᠋ ᠰᠢᠨ᠎ᠡ ᠠᠮᠢᠵᠢᠷᠠᠯ ᠤ᠋ᠨ ᠬᠦᠴᠦᠨ ᠢ᠋ ᠬᠦᠭᠵᠢᠭᠡᠨ᠎ᠡ᠃ ᠡᠨᠡ ᠵᠢᠯ ᠪᠠᠶᠠᠨᠨᠠᠭᠤᠷ ᠬᠤᠲᠠ ᠶ᠋ᠢᠨ ᠬᠠᠩᠭᠢᠨ ᠬᠣᠢᠲᠤ ᠬᠣᠰᠢᠭᠤ ᠭᠦᠢᠬᠡᠨ ᠪᠤᠯᠠᠵᠤ ᠲᠣᠰᠤᠯᠠᠭᠠᠨ ᠤᠰᠤᠯᠠᠬᠤ᠂ ᠪᠣᠰᠤᠭ᠎ᠠ ᠴᠣᠭᠴᠠ ᠪᠠᠷ ᠵᠢᠭᠳᠡ ᠲᠠᠷᠢᠬᠤ᠂ ᠵᠢᠯᠣᠭᠣᠴᠢ ᠥᠬᠡᠢ ᠨᠢᠰᠬᠡᠯ ᠢ᠋ᠶ᠋ᠡᠷ ᠡᠪᠡᠳᠴᠢᠨ ᠬᠤᠷᠤᠬᠠᠢ ᠶ᠋ᠢᠨ ᠬᠦᠨᠦᠭᠡᠯ ᠢ᠋ ᠰᠡᠷᠭᠡᠢᠯᠡᠬᠦ ᠵᠡᠷᠭᠡ ᠮᠡᠷᠭᠡᠵᠢᠯ ᠢ᠋ ᠢᠳᠡᠪᠬᠢᠲᠡᠢ ᠳᠡᠯᠭᠡᠷᠡᠭᠦᠯᠵᠦ᠂ ︽ᠮᠡᠷᠭᠡᠵᠢᠯ ᠵᠢᠡᠷ ᠠᠮᠤ ᠪᠤᠳᠠᠭᠠᠨ ᠤ᠋ ᠤᠨᠠᠯᠳᠠ ᠶ᠋ᠢ ᠨᠡᠮᠡᠭᠳᠡᠬᠦᠯᠬᠦ︾ᠵᠢ ᠬᠦᠨᠵᠡᠭᠡᠢ ᠨᠠᠢᠳᠠᠪᠤᠷᠢᠵᠢᠭᠤᠯᠤᠨ᠂ ᠠᠮᠤ ᠪᠤᠳᠠᠭᠠᠨ ᠤ᠋ ᠡᠯᠪᠡᠭ ᠬᠤᠷᠢᠶᠠᠯᠲᠠ ᠵᠢ ᠣᠯᠬᠤ ᠰᠢᠨᠵᠢᠯᠡᠬᠦ ᠤᠬᠠᠭᠠᠨ ᠮᠡᠷᠭᠡᠵᠢᠯ ᠤ᠋ᠨ ᠰᠠᠭᠤᠷᠢ ᠶ᠋ᠢ ᠪᠠᠲᠤᠳᠬᠠᠪᠠ᠃ ᠪᠦᠬᠦ ᠬᠤᠰᠢᠭᠤ ᠪᠡᠷ ᠶ᠋ᠢᠡᠨ ᠨᠡᠢᠳᠡ 14.92 ᠲᠦᠮᠡᠨ ᠮᠦ᠍ ᠪᠤᠭᠤᠳᠠᠢ ᠲᠠᠷᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠳ᠋ᠤ᠌ ᠲᠦᠰᠢᠭᠯᠡᠨ 2 ᠲᠦᠮᠡᠨ ᠮᠦ᠍ ᠲᠠᠷᠢᠶ᠎ᠠ ᠳ᠋ᠤ ᠤᠰᠤ ᠪᠣᠷᠳᠣᠭᠤᠷ ᠢ᠋ ᠨᠢᠭᠡ ᠴᠣᠭᠴᠠᠵᠢᠭᠤᠯᠬᠤ ᠶ᠋ᠢ ᠨᠠᠢᠳᠠᠪᠤᠷᠢᠵᠢᠭᠤᠯᠵᠠᠢ᠃ ᠪᠦᠷᠢᠳᠬᠡᠯ ᠢ᠋ ᠦᠨᠳᠦᠰᠦᠯᠡᠪᠡᠯ᠂ ᠤᠰᠤ ᠪᠣᠷᠳᠣᠭᠤᠷ ᠢ᠋ ᠨᠢᠭᠡ ᠴᠣᠭᠴᠠᠵᠢᠭᠤᠯᠬᠤ ᠰᠢᠨ᠎ᠡ ᠮᠡᠷᠭᠡᠵᠢᠯ ᠢ᠋ ᠳᠡᠯᠭᠡᠷᠡᠭᠦᠯᠦᠭᠰᠡᠨ ᠦ᠌ ᠳᠠᠷᠠᠭ᠎ᠠ ᠪᠦᠬᠦ ᠬᠤᠰᠢᠭᠤ ᠪᠡᠷ ᠶ᠋ᠢᠡᠨ ᠵᠢᠯ ᠳ᠋ᠤ 240 ᠲᠦᠮᠡᠨ ᠪᠤᠰᠤᠭ᠎ᠠ ᠲᠦᠷᠪᠡᠯᠵᠢᠨ ᠮᠧᠲ᠋ᠷ ᠤᠰᠤ ᠠᠷᠪᠢᠯᠠᠭᠰᠠᠨ ᠪᠦᠬᠡᠳ ᠪᠤᠭᠤᠳᠠᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ 40 ᠭᠠᠷᠤᠢ ᠵᠢᠩ ᠨᠡᠮᠡᠭᠳᠡᠬᠦᠯᠪᠠ᠃

ᠮᠠᠨ ᠤ᠋ ᠤᠷᠤᠨ ᠤᠰᠤ ᠪᠤᠷᠳᠤᠭᠤᠷ ᠢ᠋ ᠨᠢᠭᠡ ᠴᠤᠭᠴᠠᠵᠢᠭᠤᠯᠬᠤ ᠵᠢ ᠶᠡᠬᠡ ᠬᠡᠪᠴᠢᠶ᠎ᠡ ᠪᠡᠷ ᠲᠠᠷᠢᠭᠰᠠᠨ ᠠᠮᠤ ᠲᠤᠰᠤᠨ ᠤ᠋ ᠲᠠᠷᠢᠮᠡᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ 《ᠲᠡᠷᠢᠭᠦᠨ ᠴᠢᠬᠤᠯᠠ ᠢᠨᠵᠧᠨᠧᠷᠢᠩ》 ᠪᠣᠯᠭᠠᠵᠤ᠂ ᠡᠨᠡ ᠵᠢᠯ ᠤᠰᠤ ᠪᠣᠷᠳᠣᠭᠤᠷ ᠢ᠋ ᠨᠢᠭᠡ ᠴᠣᠭ᠍ᠴᠠᠵᠢᠭᠤᠯᠬᠤ ᠡᠭᠦᠷᠭᠡ ᠵᠢ 271 ᠲᠦᠮᠡᠨ ᠮᠦ᠍ ᠱᠢᠨ᠎ᠡ ᠪᠡᠷ ᠨᠡᠮᠡᠭ᠌ᠳᠡᠭᠦᠯᠵᠦ᠍᠂ ᠤᠰᠤ ᠪᠣᠷᠳᠣᠭᠤᠷ ᠢ᠋ ᠨᠢᠭᠡ ᠴᠣᠭ᠍ᠴᠠᠵᠢᠭᠤᠯᠤᠭ᠍ᠰᠠᠨ ᠲᠠᠷᠢᠮᠠᠯ ᠤ᠋ᠨ ᠲᠠᠯᠠᠪᠠᠢ ᠨᠡᠢᠲᠡ 3368 ᠲᠦᠮᠡᠨ ᠮᠦ᠍ ᠳ᠋ᠦ ᠬᠦᠷᠴᠦ᠂ ᠮᠦ᠍ ᠪᠦᠷᠢ ᠳ᠋ᠦ ᠳᠤᠮᠳᠠᠴᠢ ᠪᠡᠷ ᠤᠰᠤᠯᠠᠯᠳᠠ ᠵᠢᠨ ᠤᠰᠤ ᠵᠢ 30% ᠪᠡᠷ᠂ ᠪᠤᠷᠳᠤᠭᠤᠷ ᠢ᠋ 10% ᠪᠡᠷ ᠠᠷᠪᠢᠯᠠᠵᠤ᠂ ᠶᠡᠷᠦᠩᠬᠡᠢ ᠦᠷ᠎ᠡ ᠠᠱᠢᠭ ᠢ᠋ 270 ᠲᠥᠭᠥᠷᠢᠭ ᠳᠡᠭᠡᠭ᠌ᠰᠢᠯᠡᠭᠦᠯᠪᠡ᠃ ᠥᠨᠳᠥᠷ ᠦᠷ᠎ᠡ ᠠᠱᠢᠭ᠍ᠲᠤ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷᠢᠩ ᠢ᠋ 214.9 ᠲᠦᠮᠡᠨ ᠮᠦ᠍ ᠱᠢᠨ᠎ᠡ ᠪᠡᠷ ᠪᠠᠢᠭᠤᠯᠵᠤ᠂ ᠬᠤᠭᠤᠯᠠᠢ ᠭᠤᠤᠷᠰᠤ ᠪᠡᠷ ᠤᠰᠤᠯᠠᠵᠤ ᠪᠠᠢᠭᠰᠠᠨ 154.8 ᠲᠦᠮᠡᠨ ᠮᠦ᠍ ᠲᠠᠷᠢᠶᠠᠨ ᠭᠠᠵᠠᠷ ᠢ᠋ ᠳᠤᠰᠤᠯᠠᠭᠠᠨ ᠤᠰᠤᠯᠠᠬᠤ ᠲᠠᠷᠢᠶ᠎ᠠ ᠪᠤᠯᠭᠠᠨ ᠦᠭᠡᠷᠡᠴᠢᠯᠡᠵᠦ᠂ ᠥᠨᠳᠥᠷ ᠦᠷ᠎ᠡ ᠠᠱᠢᠭ᠍ᠲᠤ ᠤᠰᠤ ᠠᠷᠪᠢᠯᠠᠬᠤ ᠤᠰᠤᠯᠠᠯᠲᠠ ᠵᠢᠨ ᠲᠠᠷᠢᠶᠠᠨ ᠭᠠᠵᠠᠷ 5220 ᠲᠦᠮᠡᠨ ᠮᠦ᠍ ᠳ᠋ᠦ ᠬᠦᠷᠴᠦ᠂ ᠠᠮᠤ ᠪᠤᠳᠠᠭᠠᠨ ᠤ᠋ ᠲᠠᠷᠢᠮᠠᠯ ᠤ᠋ᠨ ᠮᠦ᠍ ᠨᠢᠬᠡᠴᠢ ᠵᠢᠨ ᠤᠨᠠᠯᠳᠠ ᠵᠢ ᠨᠡᠮᠡᠭᠳᠡᠬᠦᠯᠬᠦ ᠳ᠋ᠤ ᠪᠠᠳᠤ ᠴᠢᠩᠭ᠎ᠠ ᠤᠰᠤᠨ ᠤ᠋ ᠲᠤᠯᠭᠠᠭᠤᠷᠢᠯᠠᠯ ᠢ᠋ ᠬᠠᠩᠭᠠᠭᠰᠠᠨ ᠪᠠᠢᠨ᠎ᠠ᠃

ᠰᠠᠢᠨ ᠲᠠᠷᠢᠶ᠎ᠠ᠂ ᠰᠡᠢ᠌ᠠ ᠡᠭᠦᠯᠳᠡᠷ᠂ ᠰᠡᠢ᠌ᠠ ᠮᠠᠰᠢᠨ᠂ ᠰᠠᠢᠨ ᠮᠡᠷᠭᠡᠵᠢᠯ ᠵᠡᠷᠬᠡ 《ᠳᠥᠷᠪᠡᠨ ᠰᠠᠢᠨ》 ᠢ᠋ ᠠᠭᠤᠰᠤᠯᠴᠠᠭᠤᠯᠤᠨ ᠪᠤᠳᠠᠳᠠᠢᠵᠢᠭᠤᠯᠵᠤ᠂ ᠠᠮᠤ ᠪᠤᠳᠠᠭᠠᠨ ᠤ᠋ ᠡᠯᠪᠡᠭ ᠬᠤᠷᠢᠶᠠᠯᠳᠠ ᠵᠢᠨ ᠰᠠᠭᠤᠷᠢ ᠵᠢ ᠪᠠᠳᠤᠳᠬᠠᠪᠠ᠃ ᠡᠨᠡ ᠵᠢᠯ ᠮᠠᠨ ᠤ᠋ ᠤᠷᠤᠨ ᠰᠠᠢᠨ ᠲᠠᠷᠢᠶ᠎ᠠ ᠶ᠋ᠢᠨ ᠪᠥᠲᠥᠭᠡᠨ ᠪᠠᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ 276 ᠲᠦᠮᠡᠨ ᠮᠥ᠍ ᠱᠢᠨ᠎ᠡ ᠪᠡᠷ ᠨᠡᠮᠡᠭ᠌ᠳᠡᠭᠦᠯᠤᠨ ᠨᠡᠢᠲᠡ 6281 ᠲᠦᠮᠡᠨ ᠮᠥ᠍ ᠳ᠋ᠦ ᠬᠦᠷᠴᠦ᠍᠂ 44 ᠲᠦᠮᠡᠨ ᠮᠥ᠍ ᠬᠤᠵᠢᠷᠯᠢᠭ ᠭᠠᠵᠠᠷ ᠢ᠋ ᠦᠭᠡᠷᠡᠴᠢᠯᠡᠨ ᠳᠡᠰ ᠳᠡᠪᠰᠢᠭᠦᠯᠵᠦ᠂ 2160 ᠲᠦᠮᠡᠨ ᠮᠦ᠍ ᠬᠠᠷ᠎ᠠ ᠬᠥᠷᠥᠰᠥᠲᠦ ᠭᠠᠵᠠᠷ ᠲᠦ᠍ ᠬᠠᠮᠠᠭᠠᠯᠠᠯᠲᠠ ᠶ᠋ᠢᠨ ᠴᠢᠨᠠᠷᠲᠠᠢ ᠲᠠᠷᠢᠶᠠᠯᠠᠭ᠎ᠠ ᠵᠢ ᠬᠡᠷᠡᠭᠵᠢᠭᠦᠯᠪᠡ᠃ ᠰᠠᠢᠨ ᠡᠭᠦᠯᠳᠡᠷ ᠤ᠋ᠨ ᠲᠤᠯᠭᠠᠭᠤᠷᠢᠯᠠᠯ ᠢ᠋ ᠲᠠᠰᠤᠷᠠᠯᠲᠠ ᠥᠬᠡᠶ ᠴᠢᠡᠭᠭᠠᠷᠠᠭᠤᠯᠵᠤ᠂ 9 ᠤᠯᠤᠰ ᠤ᠋ᠨ ᠳᠡᠰ ᠤ᠋ᠨ ᠪᠠ 5 ᠦᠪᠡᠷᠲᠡᠭᠡᠨ ᠵᠠᠰᠠᠬᠤ ᠤᠷᠤᠨ ᠤ᠋ ᠳᠡᠰ ᠤ᠋ᠨ ᠡᠭᠦᠯᠳᠡᠷ ᠪᠤᠢᠵᠢᠭᠤᠯᠬᠤ ᠳᠤᠮᠤ ᠰᠢᠶᠠᠨ ᠪᠤᠯᠤᠨ ᠤᠷᠤᠨ ᠪᠦᠰᠡ ᠶ᠋ᠢᠨ ᠰᠠᠢᠨ ᠡᠭᠦᠯᠳᠡᠷ ᠪᠤᠢᠵᠢᠭᠤᠯᠬᠤ ᠰᠠᠭᠤᠷᠢᠨ ᠢ᠋ ᠪᠠᠢᠭᠤᠯᠵᠤ᠂ ᠪᠦᠬᠦ ᠤᠷᠤᠨ ᠤ᠋ ᠲᠠᠷᠢᠮᠠᠯ ᠤ᠋ᠨ ᠰᠠᠢᠨ ᠡᠭᠦᠯᠳᠡᠷ ᠢ᠋ ᠪᠤᠢᠵᠢᠭᠤᠯᠬᠤ ᠲᠠᠯᠠᠪᠠᠢ 150 ᠳ᠋ᠦ ᠬᠦᠷᠴᠦ᠂ ᠰᠠᠢᠨ ᠡᠭᠦᠯᠳᠡᠷ ᠤ᠋ᠨ ᠪᠦᠷᠬᠦᠴᠡ ᠶ᠋ᠢᠨ ᠨᠤᠷᠮ᠎ᠠ 98% ᠵᠢ ᠳᠠᠪᠠᠪᠠ᠃ ᠰᠠᠢᠨ ᠮᠠᠱᠢᠨ ᠢ᠋ ᠲᠦᠭᠡᠮᠡᠯᠵᠢᠭᠦᠯᠬᠦ᠌ ᠬᠤᠷᠳᠤᠴᠠ ᠵᠢ ᠲᠦᠷᠭᠡᠳᠭᠡᠵᠦ᠍᠂ 4547 ᠰᠠᠭᠤᠷᠢ ᠥᠨᠳᠥᠷ ᠴᠢᠳᠠᠪᠬᠢᠲᠤ ᠦᠷ᠎ᠡ ᠬᠠᠶᠠᠬᠤ ᠮᠠᠱᠢᠨ ᠪᠤᠯᠤᠨ 4008 ᠰᠠᠭᠤᠷᠢ ᠬᠠᠳᠤᠵᠤ ᠬᠤᠷᠢᠶᠠᠬᠤ ᠮᠠᠰᠢᠨ ᠳ᠋ᠦ ᠨᠦᠬᠦᠪᠦᠷᠢ ᠤᠯᠭᠤᠨ᠂ 6.04 ᠲᠦᠮᠡ ᠭᠠᠷᠤᠢ ᠰᠠᠭᠤᠷᠢ 《ᠳᠤᠬᠢᠭᠤᠷ ᠳᠤᠯᠤᠭᠠᠨ ᠤᠳᠤ》 ᠵᠠᠮᠴᠢᠯᠠᠭ᠎ᠠ ᠶ᠋ᠢᠨ ᠬᠠᠪᠰᠤᠷᠤᠨ ᠵᠢᠯᠤᠭᠤᠳᠬᠤ ᠰᠢᠰᠲᠸᠮ ᠢ᠋ ᠠᠰᠢᠭᠯᠠᠯᠲᠠ ᠳ᠋ᠦ ᠤᠷᠤᠭᠤᠯᠵᠤ᠂ ᠲᠠᠷᠢᠮᠠᠯ ᠤ᠋ᠨ ᠶᠡᠷᠦᠡᠭᠬᠡᠢᠯᠡᠭᠰᠡᠨ ᠮᠠᠰᠢᠨᠴᠢᠯᠠᠯᠲᠠ ᠶ᠋ᠢᠨ ᠨᠤᠷᠮ᠎ᠠ 91% ᠳ᠋ᠦ ᠬᠦᠷᠴᠠᠢ᠃ ᠰᠠᠢᠨ ᠮᠡᠷᠭᠡᠵᠢᠯ ᠢ᠋ ᠳᠡᠯᠭᠡᠷᠡᠭᠦᠯᠦᠨ ᠦᠷ᠎ᠡ ᠪᠦᠲᠦᠮᠵᠢ ᠵᠢ ᠳᠡᠭᠡᠭᠰᠢᠯᠡᠭᠦᠯᠤᠨ᠂ ᠨᠠᠢᠭᠡᠮᠴᠢᠯᠡᠭᠰᠡᠨ ᠦᠢᠯᠡᠴᠢᠯᠡᠭᠡᠨ ᠤ᠋ ᠲᠠᠯᠠᠪᠠᠢ 3500 ᠲᠦᠮᠡᠨ ᠮᠦ᠍ ᠳ᠋ᠦ ᠬᠦᠷᠴᠦ᠂ 10 ᠵᠦᠢᠯ ᠤ᠋ᠨ ᠭᠤᠤᠯ ᠳᠡᠯᠭᠡᠷᠡᠭᠦᠯᠬᠦ ᠮᠡᠷᠭᠡᠵᠢᠯ ᠤ᠋ᠨ ᠠᠰᠢᠭᠯᠠᠯᠲᠠ ᠶ᠋ᠢᠨ ᠲᠠᠯᠠᠪᠠᠢ 5423 ᠲᠦᠮᠡᠨ ᠮᠦ᠍ (ᠤᠳᠠᠭ᠎ᠠ) ᠵᠢ ᠳᠠᠪᠠᠵᠤ᠂ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠦᠷ᠎ᠡ ᠠᠰᠢᠭ ᠢ᠋ ᠦᠷᠭᠦᠯᠵᠢᠯᠡᠨ ᠪᠠᠳᠠᠷᠠᠭᠤᠯᠪᠠ᠃

ᠮᠠᠨ ᠤ᠋ ᠤᠷᠤᠨ ᠤ᠋ ᠲᠠᠷᠢᠶᠠᠯᠠᠩ ᠦᠢᠯᠡᠳᠪᠤᠷᠢᠯᠡᠯ ᠳ᠋ᠤ ᠠᠪᠴᠤ ᠬᠡᠯᠡᠪᠡᠯ ᠡᠨᠡ ᠵᠢᠯ ᠪᠤᠯ ᠶᠡᠷᠤ ᠪᠤᠰᠤ ᠵᠢᠨ ᠨᠢᠬᠡ ᠵᠢᠯ ᠮᠦᠨ᠂ ᠳᠤᠮᠳᠠ ᠪᠠ ᠪᠠᠷᠠᠭᠤᠨ ᠪᠠᠶ᠎ᠠ ᠵᠢᠨ ᠭᠠᠵᠠᠷ ᠤᠷᠤᠨ 1961 ᠣᠨ ᠳ᠋ᠦ ᠴᠠᠭ ᠠᠭᠤᠷ ᠤ᠋ᠨ ᠲᠣᠭ᠎ᠠ ᠪᠠᠷᠢᠮᠲᠠ ᠲᠠᠢ ᠪᠤᠯᠤᠭᠰᠠᠨ ᠡᠴᠡ ᠨᠠᠭᠠᠰᠢᠬᠢ ᠬᠠᠮᠤᠭ ᠤ᠋ᠨ ᠬᠦᠨᠳᠦ ᠨᠣᠴᠢᠲᠠᠶ ᠦᠶᠡᠷ ᠤᠰᠤᠲᠤᠯ ᠤ᠋ᠨ ᠭᠠᠮᠱᠢᠭ ᠲᠦ᠍ ᠲᠠᠭᠠᠷᠢᠭᠳᠠᠪᠠ᠃ ᠡᠬᠦᠨ ᠳ᠋ᠤ ᠪᠦᠬᠦ᠌ ᠣᠷᠣᠨ ᠤ᠋ ᠳᠡᠭᠡᠳᠦ ᠳᠣᠤᠷᠠᠳᠤ ᠱᠠᠲᠤᠨ ᠤ᠋ ᠺᠠᠳ᠋ᠷ ᠣᠯᠠᠨ ᠲᠦᠮᠡᠨ ᠲᠤᠤᠭᠠᠷᠪᠠᠯ ᠲᠠᠭᠤ ᠨᠢᠬᠡᠳᠠᠢ ᠲᠤᠭᠳᠤᠷᠪᠠᠯ ᠬᠦᠴᠦ ᠨᠢᠬᠡᠳᠠᠢ ᠪᠡᠷ ᠥᠪᠡᠷᠲᠡᠭᠡᠨ ᠵᠠᠰᠠᠬᠤ ᠣᠷᠣᠨ ᠤ᠋ ᠭᠠᠮᠱᠢᠭ ᠢ᠋ ᠰᠡᠷᠭᠡᠢᠯᠡᠨ ᠭᠠᠮᠱᠢᠭ ᠢ᠋ ᠪᠠᠭᠠᠰᠭᠠᠬᠤ 12 ᠵᠦᠶ᠋ᠯ ᠤ᠋ᠨ ᠠᠷᠭ᠎ᠠ ᠬᠡᠮᠵᠢᠶ᠎ᠡ ᠵᠢ ᠪᠦᠬᠦ᠌ ᠲᠠᠯ᠎ᠠ ᠪᠡᠷ ᠨᠠᠢᠳᠠᠪᠤᠷᠢᠵᠢᠭᠤᠯᠵᠤ᠂ ᠮᠠᠯ ᠠᠵᠤ ᠠᠬᠤᠶ ᠲᠠᠷᠢᠶᠠᠯᠠᠡᠭ ᠤ᠋ᠨ ᠦᠶ᠋ᠯᠡᠳᠪᠦᠷᠢᠯᠡᠯ ᠳ᠋ᠦ 《ᠲᠠᠷᠢᠶ᠎ᠠ ᠲᠦᠮᠦᠰᠦ ᠭᠠᠮᠰᠢᠭᠳᠠᠪᠠᠯ ᠮᠠᠯ ᠠᠵᠤ ᠠᠬᠤᠶ ᠪᠡᠷ ᠨᠦᠬᠦᠪᠦᠷᠢᠯᠡᠬᠦ᠂ ᠤᠰᠤᠨ ᠲᠠᠷᠢᠶ᠎ᠠ ᠭᠠᠮᠰᠢᠭᠳᠠᠪᠠᠯ ᠬᠠᠭᠤᠷᠠᠢ ᠲᠠᠷᠢᠶ᠎ᠠ ᠪᠡᠷ ᠨᠦᠬᠦᠪᠦᠷᠢᠯᠡᠬᠦ᠂ ᠪᠠᠷᠠᠭᠤᠨ ᠣᠷᠣᠨ ᠭᠠᠮᠰᠢᠭᠳᠠᠪᠠᠯ ᠵᠡᠭᠦᠨ ᠣᠷᠣᠨ ᠡᠴᠡ ᠨᠦᠬᠦᠪᠦᠷᠢᠯᠡᠬᠦ᠂ ᠶᠡᠬᠡ ᠬᠡᠪᠴᠢᠶ᠎ᠡ ᠪᠡᠷ ᠭᠠᠮᠰᠢᠭᠳᠠᠪᠠᠯ ᠮᠦ᠍ ᠨᠢᠭᠡᠴᠢ ᠶ᠋ᠢᠨ ᠤᠨᠠᠯᠲᠠ ᠪᠡᠷ ᠨᠦᠬᠦᠪᠦᠷᠢᠯᠡᠬᠦ》 ᠪᠠᠬᠠᠳᠤᠮ᠎ᠠ ᠪᠠᠢᠳᠠᠯ ᠭᠠᠷᠴᠠᠢ᠃ 8 ᠰᠠᠷ᠎ᠠ ᠡᠴᠡ ᠨᠠᠭᠠᠰᠢ᠂ ᠪᠦᠬᠦ ᠤᠷᠤᠨ ᠤ᠋ ᠡᠯ᠎ᠡ ᠱᠠᠲᠤᠨ ᠤ᠋ ᠬᠢᠨ 380 ᠵᠢᠯᠣᠭᠣᠳᠭᠤ ᠳᠤᠭᠤᠢᠯᠠᠩ ᠲᠣᠮᠢᠯᠠᠨ ᠲᠠᠷᠢᠶ᠎ᠠ ᠲᠦᠮᠦᠰᠤ ᠵᠢᠨ 《ᠨᠢᠭᠡ ᠰᠦᠷᠴᠢᠯᠲᠡ ᠪᠡᠷ ᠤᠯᠠᠨ ᠲᠠᠯ᠎ᠠ ᠵᠢ ᠠᠬᠢᠭᠤᠯᠬᠤ》 ᠡᠭᠦᠷᠭᠡ ᠵᠢ 1568 ᠲᠦᠮᠡᠨ ᠮᠦ᠍ ᠨᠠᠢᠳᠠᠪᠤᠷᠢᠵᠢᠭᠤᠯᠵᠤ᠂ ᠪᠣᠬᠢᠷᠲᠤᠯ ᠦᠭᠡᠢ ᠪᠡᠷ ᠰᠡᠷᠭᠡᠢᠯᠡᠨ ᠡᠵᠡᠮᠳᠡᠭᠰᠡᠨ ᠪᠠ ᠨᠢᠭᠡᠳᠦᠯᠲᠡᠢ ᠰᠡᠷᠭᠡᠢᠯᠡᠵᠤ ᠨᠢᠭᠡᠲᠦᠯᠲᠡᠢ ᠵᠠᠰᠠᠭᠰᠠᠨ ᠲᠠᠷᠢᠮᠠᠯ ᠤ᠋ᠨ ᠲᠠᠯᠠᠪᠠᠢ ᠴᠦᠮ 6000 ᠲᠦᠮᠡᠨ ᠮᠦ᠍ ᠵᠢ ᠳᠠᠪᠠᠨ᠂ ᠭᠠᠮᠱᠢᠭ ᠡᠴᠡ ᠪᠤᠯᠤᠭᠰᠠᠨ ᠬᠣᠬᠢᠷᠠᠯ ᠢ᠋ ᠪᠦᠲᠦᠮᠵᠢᠲᠡᠢ ᠪᠠᠭᠠᠰᠬᠠᠪᠠ᠃ ᠡᠭᠦᠨ ᠤ᠋ ᠬᠠᠮᠲᠤ᠂ ᠵᠢᠯ ᠤ᠋ᠨ ᠡᠬᠢᠨ ᠳ᠋ᠦ ᠬᠠᠪᠤᠷ ᠤ᠋ᠨ ᠭᠠᠩ ᠬᠠᠭᠰᠠᠷᠠᠭᠠᠨ ᠪᠠ ᠡᠪᠡᠳᠴᠢᠨ ᠬᠣᠷᠣᠬᠠᠶ ᠵᠢᠨ ᠬᠥᠨᠥᠭᠡᠯ ᠢ᠋ ᠠᠷᠭᠠᠴᠠᠭᠠᠬᠤ ᠠᠵᠢᠯ ᠢ᠋ ᠤᠷᠢᠳᠴᠢᠯᠠᠨ ᠪᠠᠢᠷᠢᠯᠠᠭᠤᠯᠵᠤ᠂ ᠡᠪᠡᠳᠴᠢᠨ ᠬᠣᠷᠣᠬᠠᠶ ᠵᠢᠨ ᠬᠥᠨᠥᠭᠡᠯ ᠢ᠋ ᠤᠷᠢᠳᠴᠢᠯᠠᠨ ᠵᠢᠱ᠌ᠢᠵᠦ᠍ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ 1050 ᠭᠠᠷᠤᠶ ᠬᠤᠭᠤᠴᠠᠭ᠎ᠠ᠂ ᠬᠥᠷᠥᠰᠥ᠍ ᠱᠢᠷᠣᠶ ᠵᠢᠨ ᠴᠢᠭᠢᠭ ᠤ᠋ᠨ ᠪᠠᠢᠳᠠᠯ ᠢ᠋ ᠬᠢᠨᠠᠨ ᠬᠡᠮᠵᠢᠭᠰᠡᠨ ᠮᠡᠳᠡᠭᠡ ᠵᠠᠩᠭᠢ ᠵᠢ 1000 ᠭᠠᠷᠤᠢ ᠵᠤᠷᠪᠤᠰ ᠨᠡᠢᠲᠡᠯᠡᠵᠦ᠂ ᠠᠮᠤ ᠪᠤᠳᠠᠭᠠᠨ ᠤ᠋ ᠲᠤᠭᠲᠠᠭᠤᠨ ᠦᠢᠯᠡᠳᠪᠦᠷᠢᠯᠡᠯ ᠤ᠋ᠨ 《ᠰᠡᠷᠭᠡᠢᠯᠡᠯᠲᠡ ᠶ᠋ᠢᠨ ᠲᠤᠤᠷ》 ᠢ᠋ ᠨᠢᠭᠲᠠ ᠡᠴᠡ ᠨᠢᠭᠳᠠ ᠰᠦᠯᠵᠢᠵᠠᠢ᠃

2025 ᠤᠨ ᠨᠢᠬᠡᠨᠳᠡ ᠰᠢᠪᠲᠤᠷᠠᠭᠠᠨ ᠳ᠋ᠤ ᠤᠷᠤᠵᠤ᠂ ᠤᠳᠠᠯ ᠦᠬᠡᠢ ᠰᠢᠨ᠎ᠠ ᠨᠢᠬᠡᠨ ᠵᠢᠯ ᠵᠢᠡᠨ ᠤᠭᠳᠤᠨ ᠠᠪᠬᠤ ᠪᠤᠯᠤᠨ᠎ᠠ᠃ 《ᠰᠢᠨ᠎ᠡ ᠨᠢᠭᠡᠨ ᠵᠢᠯ ᠳ᠋ᠦ ᠪᠢᠳᠡ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠵᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠢᠨ᠎ᠡ ᠨᠢᠭᠡᠨ ᠡᠭᠡᠯᠵᠢ ᠶ᠋ᠢᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠢᠳᠡᠪᠬᠢᠳᠠᠢ ᠦᠷᠨᠢᠬᠦᠯᠵᠤ᠂ 〈ᠶᠡᠬᠡ ᠬᠡᠪᠴᠢᠶ᠎ᠡ ᠪᠡᠷ ᠲᠠᠷᠢᠭᠰᠠᠨ ᠭᠤᠤᠯ ᠪᠣᠯᠬᠤ ᠠᠮᠤ ᠲᠣᠰᠣᠨ ᠤ᠋ ᠲᠠᠷᠢᠮᠠᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠪᠦᠲᠦᠭᠡᠨ ᠪᠠᠢᠭᠤᠯᠤᠯᠲᠠ ᠶ᠋ᠢᠨ ᠤᠨ〉 ᠵᠢᠡᠷ ᠭᠠᠷᠳᠠᠴᠠ ᠪᠤᠯᠭᠠᠨ ᠶᠡᠬᠡ ᠬᠡᠪᠴᠢᠶ᠎ᠡ ᠪᠡᠷ ᠲᠠᠷᠢᠭᠰᠠᠨ ᠠᠮᠤ ᠲᠣᠰᠣᠨ ᠤ᠋ ᠲᠠᠷᠢᠮᠠᠯ ᠤ᠋ᠨ ᠤᠨᠠᠯᠲᠠ ᠵᠢ ᠲᠡᠡᠭᠴᠡᠭᠦᠷᠢᠲᠠᠢ ᠨᠡᠮᠡᠭᠳᠡᠭᠦᠯᠬᠦ ᠵᠢ ᠠᠬᠢᠭᠤᠯᠵᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠳ᠋ᠦ ᠨᠡᠩ ᠴᠢᠩᠭ᠎ᠠ ᠬᠦᠴᠦᠳᠠᠢ ᠦᠪᠦᠷ ᠮᠤᠡᠭᠭᠤᠯ ᠤ᠋ᠨ ᠬᠦᠴᠦᠨ ᠢ᠋ ᠨᠡᠮᠡᠷᠢᠯᠡᠨ᠎ᠠ》 ᠬᠡᠵᠤ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠳᠠᠨ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号