ᠰᠢᠯᠢ ᠵᠢᠨ ᠭᠤᠤᠯ ᠠᠢᠮᠠᠭ᠎ᠤᠨ ᠮᠦᠡᠭᠭᠦᠨ ᠡᠪᠦᠯ᠎ᠤᠨ ᠵᠢᠭᠤᠯᠴᠢᠯᠠᠯ᠎ᠤᠨ ᠰᠢᠷᠢᠰ ᠠᠵᠢᠯᠯᠠᠭ᠎ᠠ ᠡᠬᠢᠯᠡᠪᠡ
2025-12-14 11:13:54
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

3 ᠲᠦᠷᠦᠯ᠎ᠤᠨ ᠤᠷᠤᠯᠳᠤᠭᠠᠨ + 15 ᠵᠢᠭᠤᠯᠴᠢᠯᠠᠯ᠎ᠤᠨ ᠵᠠᠮ ᠱᠤᠭᠤᠮ + 28 ᠲᠠᠯᠠᠪᠠᠢ ᠰᠤᠶᠤᠯ ᠲᠠᠮᠢᠷ᠎ᠤᠨ ᠠᠵᠢᠯᠯᠠᠭ᠎ᠠ ᠥᠷᠨᠢᠭᠦᠯᠦᠨ᠎ᠡ


12 ᠰᠠᠷ᠎ᠠ ᠵᠢᠨ 11᠎ᠤ᠋ ᠡᠳᠦᠷ᠂ ᠰᠢᠯᠢ ᠵᠢᠨ ᠭᠤᠤᠯ ᠠᠢᠮᠠᠭ᠎ᠤᠨ ᠰᠤᠶᠤᠯ ᠲᠠᠮᠢᠷ ᠵᠢᠭᠤᠯᠴᠢᠯᠠᠯ ᠷᠠᠳᠢᠣ᠋ ᠲᠸᠯᠸᠢᠰ ᠲᠤᠪᠴᠢᠶ᠎ᠠ ᠵᠢᠨ ᠰᠤᠨᠢᠨ ᠮᠡᠳᠡᠭᠡ ᠨᠡᠢᠳᠡᠯᠡᠬᠦ ᠬᠤᠷᠠᠯ ᠡᠴᠡ ᠤᠢᠯᠠᠭᠠᠭᠰᠠᠨ ᠵᠢᠠᠷ᠂ ᠡᠨᠡ ᠵᠢᠯ᠎ᠤᠨ 12 ᠰᠠᠷ᠎ᠠ ᠵᠢᠨ 1 ᠤ᠋ ᠡᠳᠦᠷ ᠡᠴᠡ ᠢᠷᠡᠬᠦ ᠵᠢᠯ᠎ᠤᠨ 3 ᠰᠠᠷ᠎ᠠ ᠪᠤᠯᠳᠠᠯ᠎ᠠ᠂ ᠰᠢᠯᠢ ᠵᠢᠨ ᠭᠤᠤᠯ ᠠᠢᠮᠠᠭ 《ᠠᠶᠠᠯᠭᠤᠳᠤ ᠦᠪᠦᠷ ᠮᠤᠡᠭᠭᠤᠯ·ᠪᠠᠶᠠᠷ ᠪᠠᠶᠠᠰᠤᠯᠳᠤ ᠮᠦᠡᠭᠭᠦᠨ ᠡᠪᠦᠯ》 ᠰᠡᠳᠦᠪᠲᠤ 3 ᠲᠦᠷᠦᠯ᠎ᠤᠨ ᠤᠷᠤᠯᠳᠤᠭᠠᠨ ᠲᠡᠮᠡᠴᠡᠭᠡᠨ᠂ 15 ᠵᠢᠭᠤᠯᠴᠢᠯᠠᠯ᠎ᠤᠨ ᠵᠠᠮ ᠱᠤᠭᠤᠮ ᠵᠢᠴᠢ 28 ᠲᠠᠯᠠᠪᠠᠢ ᠤᠨᠴᠠᠯᠢᠭᠳᠤ ᠰᠤᠶᠤᠯ ᠲᠠᠮᠢᠷ᠎ᠤᠨ ᠠᠵᠢᠯᠯᠠᠭ᠎ᠠ ᠦᠷᠨᠢᠭᠦᠯᠵᠦ᠂ ᠮᠦᠡᠭᠭᠦᠨ ᠡᠪᠦᠯ᠎ᠤᠨ ᠮᠦᠰᠦ ᠴᠠᠰᠤᠨ᠎ᠤ ᠡᠬᠢ ᠪᠠᠶᠠᠯᠢᠭ᠎ᠢ ᠰᠤᠶᠤᠯ ᠵᠢᠭᠤᠯᠴᠢᠯᠠᠯ᠎ᠲᠠᠢ ᠠᠭᠤᠰᠤᠯᠴᠠᠭᠤᠯᠵᠦ᠂ ᠪᠦᠬᠦ ᠤᠯᠤᠰ᠎ᠤᠨ ᠡᠯ᠎ᠠ ᠭᠠᠵᠠᠷ᠎ᠤᠨ ᠵᠢᠭᠤᠯᠴᠢᠯᠠᠭᠰᠠᠳ᠎ᠤᠨ ᠮᠤᠷᠢ ᠲᠠᠢ ᠪᠤᠯᠤᠭᠠᠳ ᠵᠠᠪ ᠲᠠᠢ ᠪᠤᠯ ᠦᠵᠡᠰᠭᠦᠯᠡᠡᠭᠲᠤ ᠰᠠᠢᠬᠠᠨ ᠮᠦᠡᠭᠭᠦᠨ ᠡᠪᠦᠯ᠎ᠤᠨ᠎ᠲᠠᠯ᠎ᠠ ᠨᠤᠲᠤᠭ᠎ᠲᠦ ᠬᠦᠷᠦᠯᠴᠡᠨ ᠢᠷᠡᠬᠦ ᠵᠢᠨ ᠪᠤᠯᠵᠤᠭ᠎ᠠ ᠲᠤᠪᠯᠠᠯ᠎ᠠ᠃

ᠤᠨᠴᠠᠭᠠᠢᠯᠠᠨ ᠲᠤᠷᠠᠳᠤᠭᠤᠰᠢᠳᠠᠢ ᠨᠢ᠂ ᠡᠨᠡ ᠤᠳᠠᠭᠠᠨ᠎ᠤ ᠮᠦᠡᠭᠭᠦᠨ ᠡᠪᠦᠯ᠎ᠤᠨ ᠵᠢᠭᠤᠯᠴᠢᠯᠠᠯ᠎ᠤᠨ ᠰᠢᠷᠢᠰ ᠠᠵᠢᠯᠯᠠᠭ᠎ᠠ᠎ᠳᠤ ᠲᠤᠮᠤ ᠬᠡᠯᠪᠡᠷᠢ ᠵᠢᠨ ᠲᠠᠮᠢᠷ᠎ᠤᠨ ᠬᠦᠳᠡᠯᠭᠡᠭᠡᠨ ᠪᠤᠯᠤᠨ ᠤᠯᠠᠨ ᠲᠦᠮᠡᠨ ᠤᠷᠤᠯᠴᠠᠵᠦ ᠳᠡᠢᠯᠬᠦ ᠡᠯᠳᠡᠪ ᠤᠷᠤᠯᠳᠤᠭᠠᠨ ᠴᠡᠡᠭᠬᠡᠭᠦᠨᠳᠦ ᠠᠵᠢᠯᠯᠠᠭ᠎ᠠ ᠲᠤᠬᠢᠷᠠᠭᠤᠯᠵᠠᠢ᠃ ᠲᠤᠬᠠᠢᠯᠠᠪᠠᠯ᠂ 2025 ᠤᠨ᠎ᠤ ᠰᠢᠯᠢ ᠵᠢᠨ ᠭᠤᠤᠯ ᠠᠢᠮᠠᠭ᠎ᠤᠨ ᠮᠦᠡᠭᠭᠦᠨ ᠡᠪᠦᠯ᠎ᠤᠨ ᠮᠤᠡᠭᠭᠤᠯ ᠮᠤᠷᠢᠨ᠎ᠤ ᠬᠤᠯᠪᠤᠭᠠᠳᠤ ᠤᠷᠤᠯᠳᠤᠭᠠᠨ᠂ 《ᠬᠤᠯᠠᠨ ᠰᠢᠷᠭ᠎ᠠ ᠲᠠᠭ᠎ᠠ ᠵᠢᠨ ᠲᠡᠷᠭᠡᠳᠤ ᠠᠶᠠᠯᠠᠯ》 2025·ᠲᠤᠮᠳᠠᠳᠤ ᠤᠯᠤᠰ᠎ᠤᠨ ᠰᠢᠯᠢ ᠵᠢᠨ ᠭᠤᠤᠯ᠎ᠤᠨ ᠮᠠᠰᠢᠨ ᠲᠡᠷᠭᠡᠨ᠎ᠤ ᠭᠡᠭᠡᠷᠡᠯᠡᠨ ᠠᠶᠠᠯᠠᠬᠤ ᠤᠷᠤᠯᠳᠤᠭᠠᠨ᠂ ᠮᠦᠰᠦᠨ ᠲᠡᠭᠡᠷᠡᠬᠢ ᠯᠤᠤᠳᠤ ᠤᠡᠭᠭᠤᠴᠠ ᠵᠢᠨ ᠤᠷᠤᠯᠳᠤᠭᠠᠨ ᠵᠡᠷᠭᠡ ᠲᠤᠰ ᠠᠢᠮᠠᠭ᠎ᠤᠨ ᠡᠷᠬᠢᠯᠡᠭᠰᠡᠭᠡᠷ ᠢᠷᠡᠭᠰᠡᠨ ᠲᠤᠮᠤ ᠬᠡᠯᠪᠡᠷᠢ ᠵᠢᠨ ᠤᠷᠤᠯᠳᠤᠭᠠᠨ ᠲᠡᠮᠡᠴᠡᠭᠡᠨ ᠡᠴᠡ ᠭᠠᠳᠠᠨ᠎ᠠ ᠪᠦᠬᠦ ᠠᠢᠮᠠᠭ᠎ᠤᠨ 13 ᠬᠤᠰᠢᠭᠤ ᠰᠢᠶᠠᠨ ᠬᠤᠲᠠ (ᠲᠤᠭᠤᠷᠢᠭ) ᠵᠢᠨ ᠡᠷᠬᠢᠯᠡᠬᠦ ᠮᠦᠡᠭᠭᠦᠨ ᠡᠪᠦᠯ᠎ᠤᠨ ᠨᠠᠭᠠᠳᠤᠮ ᠨᠢ ᠡᠪᠦᠯ᠎ᠤᠨ ᠤᠯᠠᠷᠢᠯ᠎ᠤᠨ ᠰᠤᠶᠤᠯ ᠲᠠᠮᠢᠷ ᠵᠢᠭᠤᠯᠴᠢᠯᠠᠯ᠎ᠤᠨ ᠠᠵᠢᠯᠯᠠᠭ᠎ᠠ ᠵᠢᠨ ᠲᠤᠷ᠎ᠠ ᠪᠠᠬᠠᠳᠠᠳ᠎ᠲᠦ ᠠᠶᠠᠯᠠᠨ ᠵᠢᠭᠤᠯᠴᠢᠯᠠᠬᠤ ᠠᠰᠢᠳᠠᠢ ᠰᠠᠢᠬᠠᠨ ᠵᠠᠪᠰᠢᠶᠠᠨ ᠪᠤᠯᠬᠤ ᠨᠢ ᠲᠠᠮᠵᠢᠭ ᠦᠭᠡᠢ᠃ ᠡᠭᠦᠨ᠎ᠤ ᠲᠡᠭᠡᠷ᠎ᠡ ᠲᠤᠰ ᠠᠢᠮᠠᠭ ᠡᠪᠦᠯ᠎ᠤᠨ ᠤᠯᠠᠷᠢᠯ᠎ᠤᠨ ᠲᠠᠯ᠎ᠠ ᠨᠤᠲᠤᠭ᠎ᠤᠨ ᠵᠢᠭᠤᠯᠴᠢᠯᠠᠯ᠎ᠳᠤ 15 ᠠᠶᠠᠯᠠᠨ ᠵᠢᠭᠤᠯᠴᠢᠯᠠᠬᠤ ᠵᠠᠮ ᠱᠤᠭᠤᠮ᠎ᠤᠨ ᠦᠵᠡᠭᠦᠯᠭᠡ ᠪᠤᠯᠤᠨ ᠠᠵᠢᠯᠯᠠᠭ᠎ᠠ ᠵᠢ ᠲᠤᠬᠢᠷᠠᠭᠤᠯᠵᠦ᠂ ᠭᠤᠤᠯᠳᠠᠭᠤ ᠮᠠᠰᠢᠨ ᠲᠡᠷᠭᠡ ᠪᠡᠷ ᠭᠡᠭᠡᠷᠡᠯᠡᠨ ᠠᠶᠠᠯᠠᠬᠤ ᠵᠠᠮ ᠱᠤᠭᠤᠮ᠂ ᠠᠷᠠᠳ᠎ᠤᠨ ᠵᠠᠡᠭ ᠠᠭᠠᠯᠢ ᠵᠢᠨ ᠦᠵᠡᠭᠦᠯᠭᠡ ᠵᠢᠨ ᠵᠠᠮ ᠱᠤᠭᠤᠮ᠂ ᠤᠢᠷ᠎ᠠ ᠵᠠᠢ ᠵᠢᠨ ᠠᠶᠠᠯᠠᠯ ᠵᠡᠷᠭᠡ 3 ᠵᠦᠢᠯ ᠪᠠᠢᠵᠦ᠂ ᠬᠤᠯᠠ ᠤᠢᠷ᠎ᠠ ᠵᠢᠨ ᠵᠢᠭᠤᠯᠴᠢᠯᠠᠭᠰᠠᠳ᠎ᠲᠦ ᠠᠶᠠᠯᠠᠨ ᠵᠢᠭᠤᠯᠴᠢᠯᠠᠬᠤ ᠲᠠᠭᠠᠳᠠᠢ ᠤᠷᠤᠨ ᠵᠠᠢ ᠬᠠᠡᠭᠭᠠᠪᠠ᠃

ᠡᠨᠡ ᠲᠤᠬᠠᠢ ᠰᠢᠯᠢ ᠵᠢᠨ ᠭᠤᠤᠯ ᠠᠢᠮᠠᠭ᠎ᠤᠨ ᠰᠤᠶᠤᠯ ᠲᠠᠮᠢᠷ ᠵᠢᠭᠤᠯᠴᠢᠯᠠᠯ ᠷᠠᠳᠢᠣ᠋ ᠲᠸᠯᠸᠢᠰ ᠲᠤᠪᠴᠢᠶ᠎ᠠ ᠵᠢᠨ ᠲᠠᠷᠤᠭ᠎ᠠ ᠾᠸ ᠮᠢᠡᠭ ᠵᠢᠶᠠᠨ ᠰᠤᠷᠪᠤᠯᠵᠢᠯᠠᠭ᠎ᠠ ᠬᠦᠯᠢᠶᠡᠬᠦ ᠳ᠋ᠡᠭᠡᠨ᠄ 《ᠤᠳᠤᠬᠠᠨ᠎ᠳᠤ ᠮᠦᠡᠭᠭᠦᠨ ᠡᠪᠦᠯ᠎ᠤᠨ ᠵᠢᠭᠤᠯᠴᠢᠯᠠᠯ᠎ᠤᠨ ᠰᠢᠷᠢᠰ ᠠᠵᠢᠯᠯᠠᠭ᠎ᠠ ᠲᠤᠭᠳᠠᠭᠰᠠᠨ ᠵᠢᠷᠤᠮ ᠶᠤᠰᠤᠭᠠᠷ ᠨᠢᠭᠡᠨᠳᠡ ᠡᠬᠢᠯᠡᠭᠰᠡᠨ᠂ ᠪᠢᠳᠡ ᠠᠮᠤᠷ ᠲᠦᠪᠰᠢᠨ᠎ᠤ ᠪᠠᠲᠤᠯᠠᠭ᠎ᠠ ᠵᠢ ᠲᠦᠷᠦᠭᠦᠨ᠎ᠳᠤ ᠲᠠᠯᠪᠢᠵᠦ᠂ ᠤᠯᠠᠨ ᠰᠠᠯᠠᠭ᠎ᠠ ᠮᠦᠴᠢᠷ᠎ᠤᠨ ᠨᠢᠭᠳᠠ ᠤᠷᠤᠯᠴᠠᠭ᠎ᠠ ᠬᠠᠮᠵᠢᠯᠴᠠᠭ᠎ᠠ ᠵᠢ ᠲᠠᠢᠴᠢᠯᠠᠵᠦ᠂ ᠡᠯ᠎ᠠ ᠲᠦᠷᠦᠯ᠎ᠤᠨ ᠠᠵᠢᠯᠯᠠᠭ᠎ᠠ ᠵᠢᠨ ᠡᠮᠬᠢ ᠲᠢᠭᠯᠢᠮ ᠲᠠᠢ ᠪᠦᠭᠡᠳ ᠠᠮᠤᠷ ᠲᠦᠪᠰᠢᠨ ᠤᠷᠤᠭᠰᠢᠳᠠᠢ ᠶᠠᠪᠤᠭᠳᠠᠬᠤ ᠵᠢ ᠪᠠᠲᠤᠯᠠᠵᠦ ᠪᠤᠢ᠃ ᠡᠭᠦᠨ ᠡᠴᠡ ᠭᠠᠳᠠᠨ᠎ᠠ᠂ ᠬᠤᠭᠤᠯᠠ ᠤᠮᠳᠠ᠂ ᠬᠤᠨᠤᠭ ᠪᠠᠭᠤᠳᠠᠯ᠂ ᠵᠤᠷᠴᠢᠬᠤ᠂ ᠵᠤᠭᠠᠯᠠᠬᠤ ᠵᠡᠷᠭᠡ ᠪᠦᠬᠦ ᠬᠡᠯᠬᠢᠶᠡᠨ᠎ᠤ ᠦᠢᠯᠡᠴᠢᠯᠡᠭᠡ ᠵᠢ ᠲᠡᠰ ᠲᠡᠪᠰᠢᠭᠦᠯᠵᠦ᠂ ᠰᠢᠯᠢ ᠵᠢᠨ ᠭᠤᠤᠯ ᠵᠢᠠᠷ ᠠᠶᠠᠯᠠᠨ ᠵᠤᠭᠠᠯᠠᠬᠤ ᠬᠦᠮᠦᠨ ᠪᠤᠯᠭᠠᠨ᠎ᠳᠤ ᠲᠠᠪᠠ ᠲᠤᠬᠠᠳᠠᠢ ᠦᠢᠯᠡᠴᠢᠯᠡᠬᠦ ᠵᠢ ᠬᠢᠴᠢᠶᠡᠵᠦ ᠪᠠᠢᠨ᠎ᠠ》 ᠭᠡᠵᠦ ᠶᠠᠷᠢᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号