ᠥᠪᠥᠷ ᠮᠣᠩᠭᠣᠯ ᠪᠢᠴᠢᠭ ᠮᠠᠲ᠋ᠧᠷᠢᠶᠠᠯ ᠨᠡᠢᠲᠡᠯᠡᠵᠦ᠍ ᠡᠯ᠎ᠡ ᠦᠨᠳᠦᠰᠦᠲᠡᠨ᠎ᠦ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ ᠪᠣᠶ
2025-12-15 09:34:01
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ ᠪᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠬᠠᠮᠲᠤᠷᠠᠨ 《ᠬᠠᠷᠢᠯᠴᠠᠨ ᠱᠢᠭᠢᠳᠭᠡᠬᠦ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠢᠭᠤᠯᠵᠤ ᠱᠢᠨ᠎ᠡ ᠴᠠᠭ ᠦᠶ᠎ᠡ᠎ᠶ᠋ᠢᠨ ᠬᠣᠲᠠ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠯᠣᠭᠣᠳᠭᠤ ᠰᠠᠨᠠᠯ》 (ᠳᠣᠷᠣᠭ᠍ᠰᠢ 《ᠵᠢᠯᠣᠭᠣᠳᠭᠤ ᠰᠠᠨᠠᠯ》 ᠭᠡᠵᠦ᠍ ᠲᠣᠪᠴᠢᠯᠠᠨ᠎ᠠ) ᠎ᠢ᠋ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠷᠢᠯᠴᠠᠨ ᠱᠢᠭᠢᠳᠭᠡᠬᠦ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠢᠭᠤᠯᠬᠤ᠎ᠪᠠᠷ ᠭᠠᠷᠳᠠᠴᠠ ᠪᠣᠯᠭᠠᠵᠤ᠂ ᠦᠨᠳᠦᠰᠦᠲᠡᠨ ᠨᠦᠭᠦᠳ᠎ᠦᠨ ᠪᠥᠬᠥ᠌ ᠲᠠᠯ᠎ᠠ᠎ᠪᠠᠷ ᠱᠢᠭᠢᠳᠭᠡᠬᠦ ᠦᠶ᠋ᠯᠡᠳᠦᠯᠭᠡ᠎ᠶ᠋ᠢᠨ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠨᠠᠬᠰᠢᠳᠠ ᠠᠬᠢᠭᠤᠯᠬᠤ ᠬᠡᠷᠡᠭᠳᠡᠢ ᠭᠡᠪᠡ᠃

ᠤᠢᠯᠠᠭᠠᠭᠰᠠᠨ᠎ᠢᠶᠡᠷ᠂ 《ᠵᠢᠯᠣᠭᠣᠳᠭᠤ ᠰᠠᠨᠠᠯ》 ᠨᠢ 《ᠠᠵᠢᠯ᠎ᠤᠨ ᠭᠤᠤᠯ ᠱᠢᠵᠢᠮ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠦᠯᠬᠦᠮᠳᠡᠯ ᠠᠭᠤᠰᠤᠯᠴᠠᠯ᠎ᠢ ᠳᠣᠪᠣᠢᠯᠭᠠᠨ᠂ ᠨᠠᠷᠢᠯᠢᠭ ᠤᠨᠤᠴᠠᠲᠠᠢ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠴᠢᠬᠤᠯᠠᠴᠢᠯᠠᠠ᠂ ᠣᠯᠠᠨ ᠡᠱᠢᠵᠢᠬᠦᠯᠦᠨ ᠬᠠᠮᠲᠤ᠎ᠪᠠᠷ ᠵᠠᠰᠠᠬᠤ᠎ᠶ᠋ᠢ ᠪᠠᠷᠢᠮᠲᠠᠯᠠᠬᠤ》 ᠪᠠᠷ ᠶᠡᠷᠦᠩᠬᠡᠶ ᠱᠠᠭᠠᠷᠳᠠᠯᠭ᠎ᠠ ᠪᠣᠯᠭᠠᠵᠤ᠂ ᠵᠢᠯᠣᠭᠣᠳᠭᠤ ᠴᠢᠨᠠᠷ᠂ ᠬᠡᠷᠡᠭ᠌ᠵᠢᠭᠦᠯᠬᠦ᠌ ᠴᠢᠨᠠᠷ᠂ ᠬᠡᠷᠡᠭ᠌ᠯᠡᠭᠡᠨ᠎ᠦ ᠴᠢᠨᠠᠷ᠎ᠢᠶᠠᠷ ᠨᠡᠯᠢᠶᠡᠳ ᠴᠢᠩᠭ᠎ᠠ ᠪᠥᠭᠡᠳ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠡᠢᠴᠡᠵᠦ᠍᠂ ᠥᠪᠥᠷ ᠮᠣᠩᠭᠣᠯ᠎ᠤᠨ ᠦᠪᠠᠷᠮᠢᠴᠠ ᠣᠨᠴᠠᠯᠢᠭ᠎ᠢ ᠢᠯᠡᠷᠡᠭᠦᠯᠦᠭ᠌ᠰᠡᠨ ᠪᠠᠢᠨ᠎ᠠ᠃

《ᠵᠢᠯᠣᠭᠣᠳᠭᠤ ᠰᠠᠨᠠᠯ》 ᠳ᠋ᠤ ᠣᠷᠣᠨ ᠵᠠᠶ᠂ ᠠᠵᠤ ᠠᠬᠤᠶ᠂ ᠰᠣᠶᠣᠯ᠂ ᠨᠡᠢᠭᠡᠮ᠂ ᠰᠡᠳᠭᠢᠴᠡ ᠵᠡᠷᠭᠡ ᠲᠠᠪᠤᠨ ᠲᠠᠯ᠎ᠠ᠎ᠠᠴᠠ ᠭᠠᠷᠳᠠᠵᠤ᠂ 16 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠪᠠ᠃ ᠵᠢᠱ᠌ᠢᠶᠡᠯᠡᠪᠡᠯ᠂ ᠣᠷᠣᠨ ᠵᠠᠢ᠎ᠶ᠋ᠢ ᠬᠠᠷᠢᠯᠴᠠᠨ ᠱᠢᠭᠢᠳᠭᠡᠬᠦ᠌ ᠲᠠᠯ᠎ᠠ᠎ᠪᠠᠷ᠂ ᠦᠨᠳᠦᠰᠦᠲᠡᠨ᠎ᠨᠦᠭᠦᠳ᠎ᠦᠨ ᠬᠠᠷᠢᠯᠴᠠᠨ ᠱᠢᠭᠢᠳᠭᠡᠵᠤ ᠠᠭᠤᠰᠤᠯᠳᠤᠨ ᠰᠠᠭᠤᠷᠢᠱᠢᠬᠤ᠎ᠶ᠋ᠢ ᠠᠬᠢᠭᠤᠯᠬᠤ ᠢᠳᠡᠪᠬᠢᠲᠡᠢ ᠣᠢᠯᠠᠭᠠᠭ᠍ᠳᠠᠬᠤᠨ᠎ᠢ ᠱᠢᠨ᠎ᠡ ᠮᠠᠶᠢᠭ᠎ᠤᠨ ᠬᠤᠳᠠ ᠪᠠᠯᠭᠠᠰᠤᠵᠢᠯᠳᠠ ᠵᠢᠨ ᠪᠦᠳᠦᠭᠡᠨ ᠪᠠᠢᠭᠤᠯᠤᠯᠲᠠ ᠪᠠ ᠬᠤᠳᠠ᠎ᠶ᠋ᠢᠨ ᠱᠢᠨᠡᠴᠢᠯᠡᠯᠲᠡ᠎ᠶ᠋ᠢᠨ ᠡᠯ᠎ᠡ ᠲᠠᠯ᠎ᠠ᠎ᠳᠤ ᠠᠭᠤᠰᠭᠠᠨ ᠣᠷᠣᠭᠤᠯᠵᠤ᠂ ᠬᠢᠯᠢ ᠬᠢᠵᠠᠭᠠᠷ ᠣᠷᠣᠨ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭᠠᠨ᠎ᠤ ᠲᠥᠪ᠎ᠦᠨ ᠬᠣᠲᠠ ᠪᠠᠯᠭᠠᠰᠤ᠎ᠶ᠋ᠢᠨ ᠲᠤᠷᠱᠢᠯᠲᠠ᠎ᠶ᠋ᠢᠨ ᠴᠡᠭ᠂ ᠬᠢᠯᠢ᠎ᠶ᠋ᠢᠨ ᠬᠣᠲᠠ ᠪᠠᠯᠭᠠᠰᠤ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠦᠬᠦ᠌ ᠶᠠᠪᠤᠴᠠ᠎ᠳᠤ ᠠᠭᠤᠰᠭᠠᠨ ᠣᠷᠣᠭᠤᠯᠵᠤ᠂ ᠬᠠᠭᠤᠴᠢᠨ ᠵᠢᠵᠢᠭ ᠲᠣᠭᠣᠷᠢᠭ᠎ᠢ ᠥᠭᠡᠷᠡᠴᠢᠯᠡᠨ ᠵᠠᠰᠠᠬᠤ᠂ ᠬᠤᠳᠠ᠎ᠳᠤᠮᠳᠠᠬᠢ ᠲᠣᠰᠭᠣᠨ᠂ ᠬᠤᠳᠠ᠎ᠶ᠋ᠢᠨ ᠨᠤᠷᠠᠬᠤ ᠠᠶᠤᠯ ᠲᠠᠢ ᠬᠠᠭᠤᠴᠢᠨ ᠭᠡᠷ ᠪᠠᠢᠱᠢᠩ᠎ᠢ ᠥᠭᠡᠷᠡᠴᠢᠯᠡᠨ ᠵᠠᠰᠠᠬᠤ ᠲᠥᠯᠥᠪᠵᠢᠭᠦᠯᠭᠡ ᠵᠢᠷᠤᠭ ᠲᠥᠯᠥᠪᠯᠡᠭᠡ ᠵᠡᠷᠭᠡ ᠱᠠᠭᠠᠷᠳᠠᠯᠭ᠎ᠠ᠎ᠳᠤ ᠠᠭᠤᠰᠭᠠᠨ ᠣᠷᠣᠭᠤᠯᠤᠨ᠎ᠠ; ᠠᠵᠤ ᠠᠬᠤᠢ᠎ᠶ᠋ᠢᠨ ᠬᠠᠷᠢᠯᠴᠠᠨ ᠱᠢᠭᠢᠳᠭᠡᠬᠦ᠌ ᠲᠠᠯ᠎ᠠ᠎ᠪᠠᠷ᠂ 《ᠡᠶᠡᠯᠳᠡᠭ ᠬᠥᠷᠰᠢ᠎ᠶ᠋ᠢᠨ ᠴᠤᠭ᠍ᠯᠠᠭ᠎ᠠ ᠮᠠᠢᠮᠠᠢ᠂ ᠬᠠᠮᠲᠤ᠎ᠪᠠᠷ ᠪᠠᠶᠠᠵᠢᠬᠤ ᠴᠤᠭ᠍ᠯᠠᠭ᠎ᠠ ᠮᠠᠢᠮᠠᠢ ᠵᠡᠷᠭᠡ ᠣᠷᠣᠨ ᠪᠦᠰᠡ ᠠᠯᠤᠰᠯᠠᠭ᠍ᠰᠠᠨ ᠪᠣᠷᠣᠯᠠᠭᠤᠯᠭ᠎ᠠ᠎ᠶ᠋ᠢᠨ ᠲᠠᠪᠴᠠᠩ᠂ ᠬᠤᠳᠠ ᠬᠥᠳᠡᠭᠡ᠎ᠶ᠋ᠢᠨ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠪᠠᠢᠭᠤᠯᠤᠨ ᠥᠷᠭᠡᠳᠭᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠷᠢᠯᠴᠠᠨ ᠬᠠᠮᠲᠤᠷᠠᠯᠴᠠᠬᠤ᠂ ᠬᠠᠮᠲᠤ᠎ᠪᠠᠷ ᠬᠥᠭ᠌ᠵᠢᠬᠦ᠌᠎ᠶ᠋ᠢ ᠬᠦᠳᠦᠯᠦᠨ ᠵᠢᠯᠣᠭᠣᠳᠭᠤ》ᠵᠡᠷᠭᠡ ᠱᠠᠭᠠᠷᠳᠠᠯᠭ᠎ᠠ᠎ᠶ᠋ᠢ ᠳᠤᠷᠠᠳᠪᠠ; ᠪᠠᠲᠤᠯᠠᠭ᠎ᠠ᠎ᠶ᠋ᠢᠨ ᠲᠣᠭ᠍ᠲᠠᠴᠠ᠎ᠶ᠋ᠢᠨ ᠲᠠᠯ᠎ᠠ᠎ᠪᠠᠷ᠂ 《ᠬᠣᠶᠠᠷ ᠲᠣᠭ᠍ᠲᠠᠴᠠ》 ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ 《ᠬᠣᠶᠠᠷ ᠲᠣᠭ᠍ᠲᠠᠴᠠ》 ᠶ᠋ᠢᠨ ᠪᠦᠷᠢᠯᠳᠦᠬᠦᠨ ᠨᠢᠭᠡᠴᠢ᠎ᠶ᠋ᠢᠨ《ᠵᠢᠯᠣᠭᠣᠳᠭᠤ ᠰᠠᠨᠠᠯ》᠎ᠢ᠋ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠯ᠎ᠠ᠎ᠪᠠᠷ ᠵᠢᠱ᠌ᠢᠶ᠎ᠡ ᠦᠵᠡᠭᠦᠯᠬᠦ᠌ ᠳᠠᠭᠤᠷᠢᠶᠠᠯ ᠦᠵᠡᠭᠦᠯᠬᠦ᠌ ᠦᠶ᠋ᠯᠡᠳᠦᠯ᠎ᠢᠶᠡᠨ ᠪᠠᠳᠠᠷᠠᠭᠤᠯᠬᠤ᠎ᠶ᠋ᠢ ᠠᠬᠢᠭᠤᠯᠵᠤ᠂ ᠬᠠᠷᠢᠯᠴᠠᠨ ᠱᠢᠭᠢᠳᠭᠡᠬᠦ᠌ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠤ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号