ᠰᠤᠷᠪᠤᠯᠵᠢᠯᠠᠭ᠍ᠴᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠣᠢᠯᠠᠭᠠᠭᠰᠠᠨ ᠵᠢᠡᠷ᠂ ᠣᠢᠷ᠎ᠠ᠎ᠶᠢᠨ ᠡᠳᠦᠷ ᠦᠪᠦᠷ ᠮᠤᠩᠭᠤᠯ᠎ᠳᠤ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠤᠷᠠᠨ ᠳᠠᠷᠬᠠᠨ᠎ᠤ ᠳᠡᠭᠡᠳᠦ ᠰᠤᠷᠭᠠᠭᠤᠯᠢ 2 ᠨᠡᠮᠡᠭᠲᠡᠪᠡ᠃ ᠲᠠᠷᠤᠢ ᠥᠪᠥᠷ ᠮᠣᠩᠭᠣᠯ᠎ᠤᠨ AI+ ᠤᠶᠤᠨᠲᠦ ᠦᠢᠯᠡᠳᠬᠡᠯ ᠬᠡᠷᠡᠭᠯᠡᠭᠡᠨ᠎ᠤ ᠤᠷᠠᠨ ᠳᠠᠷᠬᠠᠨ᠎ᠤ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠪᠤᠬᠢᠷᠲᠦᠯ ᠦᠭᠡᠢ ᠴᠠᠬᠢᠯᠭᠠᠨ ᠬᠥᠩᠭᠡᠨᠴᠠᠭᠠᠨ᠎ᠤ ᠤᠷᠠᠨ ᠳᠠᠷᠬᠠᠨ᠎ᠤ ᠳᠡᠭᠡᠳᠦ ᠰᠤᠷᠭᠠᠭᠤᠯᠢ ᠪᠣᠯᠣᠨ᠎ᠠ᠃ ᠡᠭᠦᠨ᠎ᠦ ᠵᠣᠷᠢᠯᠭ᠎ᠠ ᠨᠢ ᠰᠢᠨ᠎ᠡ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠪᠠᠴᠢᠮ ᠬᠡᠷᠡᠭᠰᠡᠬᠦ ᠴᠢᠳᠠᠪᠤᠷᠢᠲᠠᠨ᠎ᠢ ᠬᠥᠮᠥᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠲᠥᠯᠥᠭᠡ ᠶᠤᠮ᠃
ᠣᠢᠯᠠᠭᠠᠭᠰᠠᠨ᠎ᠢᠶᠠᠷ᠂ ᠰᠢᠨ᠎ᠡ ᠪᠡᠷ ᠪᠠᠢᠭᠤᠯᠤᠬᠰᠠᠨ ᠳᠤᠰ 2 ᠳᠡᠭᠡᠳᠦ ᠰᠤᠷᠭᠠᠭᠤᠯᠢ᠎ᠳᠤ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠳᠤᠰ ᠳᠤᠰ 50 ᠲᠦᠮᠡᠨ ᠲᠥᠭᠥᠷᠢᠭ᠎ᠦᠨ ᠲᠤᠰᠬᠠᠢ ᠨᠥᠬᠥᠪᠦᠷᠢ ᠮᠥᠩᠭᠥ ᠥᠭᠴᠦ ᠪᠦᠲᠦᠭᠡᠨ ᠪᠠᠢᠭᠤᠯᠤᠯᠲᠠ᠎ᠳᠤ ᠬᠡᠷᠡᠭᠯᠡᠭᠦᠯᠬᠦ ᠪᠤᠯᠦᠨ᠎ᠡ᠃ ᠥᠪᠥᠷ ᠮᠣᠩᠭᠣᠯ᠎ᠤᠨ AI+ ᠣᠶᠤᠨᠲᠦ ᠦᠢᠯᠡᠳᠬᠡᠯ ᠬᠡᠷᠡᠭᠯᠡᠭᠡᠨ᠎ᠦ ᠤᠷᠠᠨ ᠳᠠᠷᠬᠠᠨ᠎ᠤ ᠳᠡᠭᠡᠳᠦ ᠰᠤᠷᠭᠠᠭᠤᠯᠢ ᠨᠢ ᠪᠤᠭᠤᠲᠤ ᠬᠣᠲᠠ᠎ᠶᠢᠨ ᠨᠢᠭᠡᠳᠦᠭᠡᠷ ᠠᠵᠢᠯᠴᠢᠨ᠎ᠤ ᠰᠣᠶᠣᠯ᠎ᠤᠨ ᠣᠷᠳᠣᠨ᠎ᠤ ᠪᠦᠲᠦᠭᠡᠨ ᠪᠠᠢᠭᠤᠯᠤᠯᠲᠠ᠎ᠳᠤ ᠲᠦᠰᠢᠭᠯᠡᠨ᠂ ᠪᠤᠭᠤᠲᠤ ᠬᠣᠲᠠ᠎ᠶᠢᠨ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠳᠤ ᠬᠥᠲᠥᠯᠥᠨ ᠳᠠᠭᠠᠭᠤᠯᠬᠤ ᠴᠢᠨᠠᠷᠲᠠᠢ ᠦᠢᠯᠡᠳᠦᠯ ᠢ᠋ ᠪᠠᠳᠠᠷᠠᠭᠤᠯᠬᠤ ᠪᠡᠷ ᠵᠤᠷᠢᠯᠭ᠎ᠠ ᠪᠠᠨ ᠪᠤᠯᠭᠠᠵᠦ᠂ ᠤᠢᠷ᠎ᠠ ᠤᠬᠲᠠᠷᠭᠤᠢ ᠢ᠋ᠢᠨ ᠠᠵᠤ ᠠᠬᠤᠢ᠂ ᠵᠢᠯᠣᠭᠣᠴᠢ ᠦᠭᠡᠢ ᠨᠢᠰᠬᠡᠯ᠎ᠦᠨ ᠬᠡᠷᠡᠭᠯᠡᠭᠡ᠂ AI ᠮᠡᠷᠭᠡᠵᠢᠯ᠂ ᠣᠶᠤᠨᠲᠦ ᠦᠢᠯᠡᠳᠬᠡᠯ ᠵᠡᠷᠭᠡ ᠭᠣᠣᠯ ᠬᠦᠷᠢᠶ᠎ᠡ ᠵᠢᠴᠢ ᠰᠢᠨ᠎ᠡ᠎ᠪᠡᠷ ᠮᠠᠨᠳᠤᠬᠰᠠᠨ ᠠᠲᠠᠯ ᠠᠬᠤᠢ᠎ᠶᠢᠨ ᠦᠢᠯᠡᠴᠢᠯᠡᠭᠡᠨ᠎ᠦ ᠦᠢᠯᠡᠰ ᠵᠡᠷᠭᠡ ᠤᠷ᠎ᠠ ᠴᠢᠲᠠᠪᠤᠷᠢ ᠢ᠋ᠢᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ 《ᠮᠡᠷᠭᠡᠵᠢᠯ᠎ᠦᠨ ᠲᠤᠰᠬᠠᠢ ᠮᠡᠷᠭᠡᠵᠢᠯᠲᠡᠨ + ᠠᠵᠤ ᠠᠬᠤᠢᠯᠠᠯ᠎ᠤᠨ ᠵᠢᠯᠣᠭᠣᠳᠤᠭ᠍ᠴᠢ ᠪᠠᠭ᠍ᠰᠢ + ᠳᠡᠭᠡᠳᠦ ᠰᠤᠷᠭᠠᠭᠤᠯᠢ᠎ᠶᠢᠨ ᠫᠷᠤᠹᠸᠰᠰᠤᠷ》 ᠵᠢᠴᠢ ᠬᠥᠳᠡᠯᠮᠦᠷᠢ᠎ᠶᠢᠨ ᠵᠢᠱ᠌ᠢᠶᠡᠴᠢ ᠤᠷᠠᠨ ᠳᠠᠷᠬᠠᠨ ᠵᠡᠷᠭᠡ ᠣᠯᠠᠨ ᠡᠰᠢᠴᠢᠯᠡᠭᠰᠡᠨ ᠪᠠᠭ᠍ᠰᠢ ᠢ᠋ᠢᠨ ᠡᠩᠨᠡᠭᠡ ᠵᠢ ᠪᠠᠢᠭᠤᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠰᠢᠷᠢᠰ ᠪᠣᠯᠪᠠᠰᠤᠷᠠᠯ᠎ᠢ ᠭᠦᠨᠵᠡᠭᠡᠢ ᠥᠷᠨᠢᠭᠦᠯᠦᠨ᠎ᠡ᠃ ᠥᠪᠥᠷ ᠮᠣᠩᠭᠣᠯ᠎ᠤᠨ ᠪᠤᠬᠢᠷᠲᠦᠯ ᠦᠭᠡᠢ ᠴᠠᠬᠢᠯᠭᠠᠨ ᠬᠥᠩᠭᠡᠨᠴᠠᠭᠠᠨ᠎ᠤ ᠤᠷᠠᠨ ᠳᠠᠷᠬᠠᠨ᠎ᠤ ᠳᠡᠭᠡᠳᠦ ᠰᠤᠷᠭᠠᠭᠤᠯᠢ ᠨᠢ ᠬᠣᠣᠯᠢᠩᠭᠣᠣᠯ ᠬᠣᠲᠠ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠲᠦᠰᠢᠭᠯᠡᠨ ᠪᠦᠲᠦᠭᠡᠨ ᠪᠠᠢᠭᠤᠯᠵᠤ᠂ ᠪᠤᠬᠢᠷᠲᠦᠯ ᠦᠭᠡᠢ ᠴᠠᠬᠢᠯᠭᠠᠨ ᠬᠥᠩᠭᠡᠨᠴᠠᠭᠠᠨ᠎ᠤ ᠠᠵᠤ ᠦᠢᠯᠡᠰ᠎ᠦᠨ ᠠᠵᠢᠯᠴᠢᠨ᠎ᠤ ᠤᠷ᠎ᠠ ᠮᠡᠷᠭᠡᠵᠢᠯ᠎ᠦᠨ ᠪᠣᠯᠪᠠᠰᠤᠷᠠᠯ᠂ ᠰᠤᠷᠤᠯᠭ᠎ᠠ᠎ᠶᠢᠨ ᠨᠠᠮᠲᠠᠷ᠎ᠢ ᠲᠡᠭᠡᠭᠰᠢᠯᠡᠭᠦᠯᠬᠦ ᠵᠢᠴᠢ ᠮᠡᠷᠭᠡᠵᠢᠯ᠎ᠦᠨ ᠰᠢᠨ᠎ᠡ ᠵᠢ ᠡᠭᠦᠳᠬᠦ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠦ᠋ᠲ᠋ᠣᠴᠢᠯᠠᠭᠰᠠᠨ ᠦᠢᠯᠡᠳᠪᠦᠷᠢᠯᠡᠯ᠎ᠦᠨ ᠱᠤᠭᠤᠮ᠂ ᠬᠢᠮᠢ᠎ᠶᠢᠨ ᠠᠵᠤ ᠦᠢᠯᠡᠳᠪᠦᠷᠢ᠎ᠶᠢᠨ ᠪᠤᠲᠠᠲᠠᠢ ᠪᠣᠯᠪᠠᠰᠤᠷᠠᠯ᠂ ᠰᠦᠯᠵᠢᠶᠡᠨ ᠮᠡᠷᠭᠡᠵᠢᠯ ᠵᠡᠷᠭᠡ ᠪᠤᠲᠠᠲᠠᠢ ᠪᠤᠯᠪᠠᠰᠤᠷᠠᠯ᠎ᠤᠨ ᠲᠠᠰᠤᠭ᠎ᠢ ᠲᠥᠯᠥᠪᠵᠢᠭᠦᠯᠦᠨ ᠪᠦᠲᠦᠭᠡᠨ ᠪᠠᠢᠭᠤᠯᠵᠤ᠂ ᠴᠡᠪᠡᠷ ᠡᠨᠧᠷᠭᠢ᠂ ᠬᠥᠩᠭᠡᠨᠴᠠᠭᠠᠨ᠎ᠤ ᠴᠠᠬᠢᠯᠭᠠᠨ ᠵᠠᠳᠠᠯᠤᠯ᠎ᠤᠨ ᠠᠵᠢᠯᠴᠢᠨ ᠵᠢᠴᠢ ᠬᠠᠮᠢᠶ᠎ᠠ ᠪᠦᠬᠦᠢ ᠤᠷ᠎ᠡ ᠮᠡᠷᠭᠡᠰᠢᠯ᠂ ᠬᠥᠩᠭᠡᠨᠴᠠᠭᠠᠨ᠎ᠤ ᠴᠠᠬᠢᠯᠭᠠᠨ ᠵᠠᠲᠠᠯᠤᠯᠤᠨ ᠲᠠᠷᠠᠭᠠᠬᠢ ᠪᠤᠯᠪᠠᠰᠤᠷᠠᠭᠤᠯᠬᠤ ᠮᠡᠷᠭᠡᠵᠢᠯ ᠵᠡᠷᠭᠡ ᠬᠠᠮᠢᠶ᠎ᠠ ᠪᠦᠬᠦᠢ ᠠᠵᠢᠯ ᠲᠥᠷᠥᠯ᠎ᠦᠨ ᠪᠣᠯᠪᠠᠰᠤᠷᠠᠯ᠎ᠢ ᠭᠣᠣᠯᠳᠠᠯᠭ᠎ᠠ᠎ᠲᠠᠢ ᠥᠷᠨᠢᠭᠦᠯᠵᠦ᠂ 《ᠰᠤᠷᠭᠠᠭᠤᠯᠢ᠎ᠶᠢᠨ ᠪᠠᠭ᠍ᠰᠢ + ᠬᠥᠳᠡᠯᠮᠦᠷᠢ᠎ᠶᠢᠨ ᠵᠢᠱ᠌ᠢᠶᠡᠴᠢ ᠤᠷᠠᠨ ᠳᠠᠷᠬᠠᠨ》 ᠤ᠋ ᠬᠡᠯᠪᠡᠷᠢ᠎ᠶᠢᠨ ᠪᠠᠭ᠍ᠰᠢ᠎ᠶᠢᠨ ᠡᠩᠨᠡᠭᠡ᠎ᠶᠢ ᠵᠣᠬᠢᠶᠠᠨ ᠪᠠᠢᠭᠤᠯᠵᠤ᠂ ᠦᠢᠯᠡᠳᠦᠯᠭᠡ᠎ᠶᠢᠨ ᠴᠢᠳᠠᠪᠤᠷᠢ ᠪᠠ ᠰᠢᠨ᠎ᠡ᠎ᠶᠢ ᠡᠭᠦᠳᠬᠦ ᠵᠣᠷᠢᠭ᠋ ᠰᠠᠨᠠᠭ᠎ᠠ᠎ᠲᠠᠢ ᠥᠨᠳᠥᠷ ᠬᠡᠪ ᠪᠣᠯᠪᠠᠰᠤᠷᠠᠯ᠎ᠲᠠᠢ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ᠎ᠶᠢ ᠬᠥᠮᠥᠵᠢᠭᠦᠯᠬᠦ ᠪᠤᠯᠤᠨ᠎ᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号