ᠥᠪᠥᠷ ᠮᠣᠩᠭᠣᠯ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠨ᠎ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠥᠷᠥ ᠎ᠶᠢᠨ ᠪᠠᠢᠭᠤᠯᠤᠯᠳᠠ ᠵᠢ ᠠᠬᠢᠭᠤᠯᠵᠤ ᠪᠤᠢ
2025-12-15 11:38:13
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠠᠵᠢᠯ ᠮᠡᠷᠭᠡᠵᠢᠯ᠎ᠦᠨ ᠳᠡᠭᠡᠳᠦ  ᠰᠤᠷᠭᠠᠭᠤᠯᠢ᠎ᠶᠢᠨ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠪᠠᠢᠭᠤᠯᠤᠯᠳᠠ ᠵᠢ ᠴᠢᠩᠭᠠᠳᠬᠠᠬᠤ ᠵᠢᠴᠢ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠪᠠᠢᠭᠤᠯᠤᠯᠲᠠ᠎ᠶᠢᠨ ᠠᠬᠢᠭᠤᠯᠬᠤ ᠬᠤᠷᠠᠯ  ᠡᠮᠦᠨᠡᠬᠡᠨ ᠬᠥᠬᠡᠬᠣᠲᠠ᠎ᠳᠤ ᠬᠤᠷᠠᠯᠳᠤᠪᠠ᠃

ᠲᠤᠰ ᠤᠳᠠᠭ᠎ᠠ᠎ᠶᠢᠨ ᠬᠤᠷᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠰᠢᠰᠲ᠋ᠧᠮ ᠲᠠᠢ ᠳ᠋ᠦᠩᠨᠡᠵᠦ᠂  ᠲᠤᠷᠰᠢᠯᠭ᠎ᠠ᠎ᠪᠠᠨ ᠰᠣᠯᠢᠯᠴᠠᠵᠤ᠂ ᠪᠦᠬᠦ ᠣᠷᠣᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠪᠠ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠬᠢᠷᠢ ᠲᠦᠪᠰᠢᠨ᠎ᠢ᠋ ᠳᠡᠬᠡᠭᠰᠢᠯᠡᠬᠦᠯᠬᠦ ᠵᠢ ᠠᠬᠢᠭᠤᠯᠪᠠ᠃ ᠬᠤᠷᠠᠯ᠎ᠳ᠋ᠤ ᠪᠡᠭᠡᠵᠢᠩ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠰᠤᠳᠤᠯᠭᠠᠨ᠎ᠤ ᠬᠦᠷᠢᠶᠡᠯᠡᠩ᠎ᠦᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠤᠳᠤᠯᠭᠠᠨ᠎ᠤ ᠭᠠᠵᠠᠷ᠂ ᠵᠧᠵᠢᠶᠠᠩ ᠮᠤᠵᠢ᠎ᠶᠢᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢᠨ ᠵᠢᠯᠤᠭᠣᠳᠬᠤ ᠵᠥᠪᠯᠡᠯ᠎ᠦᠨ ᠲᠤᠰᠬᠠᠢ ᠮᠡᠷᠭᠡᠵᠢᠯᠲᠡᠨ᠎ᠦ ᠵᠢᠯᠤᠭᠣᠳᠬᠤ ᠳᠤᠭᠤᠢᠯᠠᠩ᠎ᠤᠨ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ᠂ ᠬᠢᠴᠢᠶᠡᠯ᠎ᠲᠦᠷᠦᠯ᠎ᠤᠨ  ᠦᠵᠡᠯ ᠰᠠᠨᠠᠭ᠎ᠠ ᠤᠯᠤᠰ ᠲᠦᠷᠦ᠎ᠶᠢᠨ ᠠᠷᠭ᠎ᠠ ᠵᠠᠮ᠂ ᠶᠡᠬᠡ ᠲᠡᠬᠡᠳᠦ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠰᠤᠷᠭᠠᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢᠨ ᠰᠦᠪᠡᠭᠴᠢᠯᠡᠯᠲᠡ ᠪᠠ ᠦᠢᠯᠡᠳᠦᠯᠭᠡ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠲᠠᠢᠯᠤᠮᠵᠢ ᠬᠢᠯᠬᠡᠪᠡ᠃

2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭᠠᠨ᠎ᠤ  ᠠᠵᠢᠯ  ᠮᠡᠷᠭᠡᠵᠢᠯ  ᠎ᠦᠨ ᠳᠡᠭᠡᠳᠦ ᠰᠤᠷᠭᠠᠭᠤᠯᠢ  ᠵᠡᠷᠭᠡ 10 ᠰᠤᠷᠭᠠᠭᠤᠯᠢ᠎ᠶᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠣᠨᠴᠠᠯᠢᠭᠳᠤ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠪᠠᠢᠭᠤᠯᠤᠯᠲᠠ᠎ᠶᠢᠨ ᠴᠡᠭ》 ᠵᠢᠡᠷ ᠳᠤᠭᠳᠠᠭᠠᠪᠠ᠃ ᠬᠣᠶᠠᠷ ᠵᠢᠯ᠎ᠦᠨ ᠲᠤᠷᠰᠢ ᠡᠯ᠎ᠡ ᠶᠡᠬᠡ ᠳᠡᠭᠡᠳᠦ  ᠰᠤᠷᠭᠠᠭᠤᠯᠢ ᠎ᠶᠢᠨ  ᠬᠢᠨ  ᠠᠵᠢᠯ᠎ᠤᠨ ᠬᠢᠯᠠᠰ ᠴᠡᠭ᠎ᠢᠶᠡᠨ ᠢᠳᠡᠪᠬᠢᠲᠡᠢ ᠳ᠋ᠦᠩᠨᠡᠵᠦ᠂ ᠲᠤᠷᠰᠢᠯᠭ᠎ᠠ ᠬᠢᠳᠡᠯ᠎ᠢᠶᠡᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠦᠷᠦ᠎ᠶᠢᠨ ᠪᠠᠢᠭᠤᠯᠤᠯᠲᠠ᠎ᠶᠢᠨ ᠨᠡᠢᠲᠡᠯᠢᠭ ᠵᠢᠱ᠌ᠢᠶ᠎ᠡ᠎ᠶᠢ  ᠡᠭᠦᠳᠴᠦ᠂ ᠲᠤᠰᠬᠠᠢ  ᠮᠡᠷᠭᠡᠵᠢᠯ᠎ᠦᠨ ᠬᠢᠴᠢᠶᠡᠯ ᠪᠣᠯᠣᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠣᠷᠭᠠᠨᠢᠭ᠋᠎ᠢᠶᠠᠷ ᠠᠭᠤᠰᠤᠯᠴᠠᠭᠤᠯᠤᠨ᠂《ᠶᠤᠰᠤ ᠮᠣᠷᠠᠯ ᠮᠡᠷᠭᠡᠵᠢᠯ᠎ᠴᠢᠳᠠᠪᠤᠷᠢ ᠬᠤᠤᠰᠯᠠᠭᠰᠠᠨ》 ᠥᠨᠳᠥᠷ ᠬᠡᠪ ᠪᠣᠯᠪᠠᠰᠤᠷᠠᠯ᠎ᠲᠠᠢ ᠤᠷ᠎ᠠ  ᠮᠡᠷᠭᠡᠵᠢᠯ᠎ᠦᠨ ᠴᠢᠳᠠᠪᠤᠷᠢᠲᠠᠨ᠎ᠢ  ᠬᠥᠮᠥᠵᠢᠭᠦᠯᠵᠡᠢ᠃

ᠬᠤᠷᠠᠯ᠎ᠠᠴᠠ ᠪᠠᠰᠠ ᠪᠦᠬᠦ ᠣᠷᠣᠨ᠎ᠤ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠢᠭᠤᠯᠤᠯᠲᠠ᠎ᠶᠢᠨ ᠬᠠᠮᠵᠢᠯᠴᠠᠬᠤ ᠳᠤᠭᠤᠢᠯᠠᠩ᠎ᠤᠨ ᠪᠦᠷᠢᠯᠳᠦᠭᠦᠨ ᠨᠢᠭᠡᠴᠢ᠎ᠳᠦ ᠫᠠᠢᠰᠠ ᠣᠯᠭᠣᠵᠤ᠂ ᠡᠬᠢ ᠪᠠᠶᠠᠯᠢᠭ᠋᠎ᠢ ᠬᠠᠮᠲᠤ ᠪᠠᠷ ᠪᠠᠶ᠋ᠢᠭᠤᠯᠬᠤ ᠂ ᠪᠠᠭ᠍ᠰᠢ᠎ᠶᠢ ᠬᠠᠮᠲᠤ ᠪᠠᠷ ᠬᠥᠮᠥᠵᠢᠭᠦᠯᠬᠦ᠂ ᠵᠢᠭᠠᠨ ᠰᠤᠷᠭᠠᠯᠲᠠ᠎ᠵᠢᠨ ᠳᠠᠯ᠎ᠠ ᠪᠡᠷ ᠬᠠᠮᠵᠢᠯᠴᠠᠬᠤ ᠵᠡᠷᠭᠡ ᠠᠷᠭ᠎ᠠ ᠬᠡᠯᠪᠡᠷᠢ᠎ᠪᠡᠷ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ  ᠳᠡᠭᠡᠭᠰᠢᠯᠡᠭᠦᠯᠬᠦ᠎ᠵᠢ ᠰᠠᠨᠠᠭᠠᠴᠢᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号