《ᠭᠤᠷᠪᠠ᠎ᠶ᠋ᠢ ᠨᠢᠭᠡ ᠴᠤᠭ᠍ᠴᠠᠵᠢᠭᠤᠯᠬᠤ》 ᠥᠭᠡᠷᠡᠴᠢᠯᠡᠯᠲᠡ ᠲᠠᠷᠢᠶᠠᠯᠠᠩ᠎ᠳᠤ ᠦᠢᠯᠡᠴᠢᠯᠡᠬᠦ᠌ ᠱᠢᠨ᠎ᠡ ᠵᠠᠮ᠎ᠢ ᠨᠡᠬᠡᠬᠡᠨ᠎ᠡ
2025-12-15 10:56:33
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠡᠪᠦᠯ᠎ᠤᠨ ᠡᠬᠢ᠎ᠪᠠᠷ ᠤᠯᠠᠭᠠᠨᠬᠠᠳᠠ ᠬᠤᠲᠠ᠎ᠶ᠋ᠢᠨ ᠣᠩᠨᠢᠭᠤᠳ ᠬᠤᠱᠢᠭᠤᠨ᠎ᠤ ᠢ ᠾᠧ ᠭᠦᠩ ᠲᠠᠷᠢᠶᠠᠯᠠᠩ ᠳ᠋ᠤ  ᠦᠢᠯᠡᠴᠢᠯᠡᠬᠦ᠌ ᠬᠢᠵᠠᠭᠠᠷᠲᠤ ᠺᠣᠮᠫᠠᠨᠢ᠎ᠶ᠋ᠢᠨ ᠬᠦᠷᠢᠶᠡᠨ᠎ᠳᠤ ᠠᠵᠢᠯᠲᠠᠳ ᠳᠠᠭᠠᠭᠠᠴᠢᠯᠠᠭᠤᠯᠤᠭ᠍ᠰᠠᠨ ᠬᠢᠮᠢ᠎ᠶ᠋ᠢᠨ ᠪᠣᠷᠳᠣᠭᠤᠷ ᠪᠣᠯᠤᠨ ᠰᠦᠯᠢᠶᠣᠣ ᠪᠦᠷᠬᠦᠪᠴᠢ᠎ᠶ᠋ᠢ ᠠᠴᠢᠶᠠᠨ᠎ᠤ ᠮᠠᠰᠢᠨ ᠲᠡᠷᠭᠡᠨ᠎ᠳᠤ ᠲᠡᠭᠡᠭᠡᠵᠦ᠂ ᠡᠷᠬᠢᠨ ᠲᠣᠭᠤᠷᠢᠨ᠎ᠤ ᠲᠠᠷᠢᠶᠠᠴᠢᠨ ᠡᠷᠦᠬᠡ᠎ᠳᠤ ᠬᠦᠷᠭᠡᠬᠦ᠌᠎ᠪᠠᠷ ᠪᠡᠯᠡᠳᠭᠡᠵᠦ᠍ ᠶᠠᠭᠠᠷᠠᠯᠳᠤᠨ᠎ᠠ᠃

《ᠥᠩᠭᠡᠷᠡᠭ᠌ᠰᠡᠨ ᠳ᠋ᠤ ᠡᠨᠡ ᠦᠶ᠎ᠡ ᠪᠠᠷ ᠭᠠᠵᠠᠷ ᠪᠤᠯᠭᠠᠨ᠎ᠳᠤ ᠲᠠᠷᠢᠶᠠᠯᠠᠩ᠎ᠤᠨ ᠬᠡᠷᠡᠭ᠌ᠰᠡᠯ ᠰᠤᠷᠠᠭᠯᠠᠵᠤ᠂ ᠶᠠᠰᠤ ᠴᠢᠨᠠᠷ᠎ᠨᠢ ᠪᠠᠲᠤᠯᠠᠭ᠎ᠠ ᠦᠭᠡᠢ ᠪᠦᠭᠡᠳ ᠪᠠᠰᠠ ᠦᠨᠡᠲᠡᠶ ᠪᠠᠢᠳᠠᠭ᠂ ᠡᠨᠡ ᠵᠢᠯ ᠦᠢᠯᠡᠴᠢᠯᠡᠭᠡᠨ᠎ᠤ ᠺᠣᠮᠫᠠᠨᠢ ᠨᠢᠭᠡᠳᠦᠯᠲᠡᠶ ᠬᠤᠳᠠᠯᠳᠤᠨ ᠠᠪᠤᠭᠠᠳ ᠬᠦᠷᠭᠡᠵᠦ ᠦᠭᠬᠦᠨ᠎ᠠ᠂ ᠮᠢᠨᠦ᠍ ᠬᠤᠳᠠᠯᠳᠤᠨ ᠠᠪᠤᠭ᠍ᠰᠠᠨ 80 ᠪᠠᠭ᠍ᠯᠠᠭ᠎ᠠ ᠰᠦᠯᠢᠶᠣᠣ ᠪᠦᠷᠬᠦᠪᠴᠢ ᠡᠴᠡ 1600 ᠭᠠᠷᠤᠶ ᠲᠥᠭᠦᠷᠢᠭ ᠠᠷᠪᠢᠯᠠᠵᠠᠢ》 ᠭᠡᠵᠦ᠍ ᠲᠠᠷᠢᠶᠠᠴᠢᠨ ᠯᠢᠦ ᠠᠢ ᠯᠦᠩ ᠲᠠᠷᠢᠶᠠᠯᠠᠩ᠎ᠤᠨ ᠬᠡᠷᠡᠭᠰᠡᠯ ᠵᠢᠡᠨ ᠪᠦᠷᠢᠳᠭᠡᠵᠦ ᠠᠪᠬᠤ ᠵᠠᠭᠤᠷ᠎ᠠ ᠰᠤᠷᠪᠤᠯᠵᠢᠯᠠᠭᠴᠢ᠎ᠳᠤ ᠬᠡᠯᠡᠪᠠ᠃

ᠤᠯᠠᠭᠠᠨᠬᠠᠳᠠ ᠬᠤᠲᠠ᠎ᠶ᠋ᠢᠨ ᠢ ᠾᠧ ᠭᠦᠩ ᠲᠠᠷᠢᠶᠠᠯᠠᠩ᠎ᠳᠤ ᠦᠢᠯᠡᠴᠢᠯᠡᠬᠦ᠌ ᠬᠢᠵᠠᠭᠠᠷᠲᠤ ᠺᠣᠮᠫᠠᠨᠢ ᠵᠢ ᠬᠤᠱᠢᠭᠤᠨ ᠤ᠋ ᠱᠠᠲᠤᠨ ᠡᠴᠡ ᠵᠢᠯᠤᠭᠤᠳᠴᠤ᠂ ᠱᠢᠶᠠᠩ ᠎ᠤᠨ ᠱᠠᠲᠤᠨ᠎ᠳᠤ ᠨᠠᠢᠳᠠᠪᠤᠷᠢᠵᠢᠭᠤᠯᠬᠤ᠎ᠪᠠᠷ ᠳᠠᠮᠵᠢᠭᠤᠯᠤᠨ᠂《ᠭᠤᠷᠪᠠ᠎ᠶ᠋ᠢ ᠨᠢᠭᠡ ᠴᠤᠭ᠍ᠴᠠᠵᠢᠭᠤᠯᠬᠤ》  ᠶᠡᠷᠦᠩᠬᠡᠢᠯᠡᠭ᠌ᠰᠡᠨ ᠬᠠᠮᠲᠤᠷᠠᠯᠴᠠᠭᠠᠨ᠎ᠤ ᠳᠤᠮᠳᠠ ᠦᠢᠯᠡᠳᠦᠯ᠎ᠢᠶᠠᠨ ᠢᠳᠡᠪᠬᠢᠲᠡᠶ ᠪᠠᠳᠠᠷᠠᠭᠤᠯᠵᠤ᠂ ᠣᠳᠣᠬᠠᠨ᠎ᠳᠤ ᠨᠢᠭᠡᠨᠲᠡ 1500 ᠮᠦ᠍᠎ᠳᠤ ᠨᠡᠢᠭᠡᠮᠴᠢᠯᠡᠭ᠌ᠰᠡᠨ ᠦᠢᠯᠡᠴᠢᠯᠡᠭᠡ ᠬᠠᠩᠭᠠᠨ᠂ ᠮᠠᠰᠢ ᠣᠯᠠᠨ ᠲᠠᠷᠢᠶᠠᠴᠢᠨ ᠡᠷᠦᠬᠡ᠎ᠳᠤ ᠬᠢᠮᠢ᠎ᠶ᠋ᠢᠨ ᠪᠣᠷᠳᠣᠭᠤᠷ ᠪᠣᠯᠤᠨ ᠰᠦᠯᠢᠶᠣᠣ ᠪᠦᠷᠬᠦᠪᠴᠢ᠎ᠶ᠋ᠢ ᠨᠢᠭᠡᠳᠦᠯᠲᠡᠶ ᠳᠣᠭᠢᠷᠠᠭᠤᠯᠤᠨ ᠬᠦᠷᠭᠡᠬᠦ᠌᠎ᠶ᠋ᠢ ᠪᠡᠶᠡᠯᠡᠭᠦᠯᠪᠡ᠃

ᠲᠠᠷᠢᠶᠠᠴᠢᠨ ᠡᠷᠦᠬᠡ ᠪᠣᠯᠤᠨ ᠣᠳᠣ ᠦᠶ᠎ᠡ᠎ᠶ᠋ᠢᠨ ᠲᠠᠷᠢᠶᠠᠯᠠᠩ᠎ᠢ ᠵᠣᠯᠭᠠᠭᠤᠯᠬᠤ ᠬᠦᠴᠢᠷ ᠠᠰᠠᠭᠤᠳᠠᠯ᠎ᠢ ᠬᠡᠷᠬᠢᠨ ᠱᠢᠢᠳᠪᠦᠷᠢᠯᠡᠬᠦ᠌ ᠪᠤᠢ?ᠡᠭᠦᠨ᠎ᠳᠤ ᠣᠩᠨᠢᠭᠤᠳ ᠬᠤᠱᠢᠭᠤ 《ᠭᠤᠷᠪᠠ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢᠯᠡᠭ᠌ᠰᠡᠨ ᠬᠠᠮᠲᠤᠷᠠᠯᠴᠠᠭᠠᠨ᠎ᠤ ᠥᠭᠡᠷᠡᠴᠢᠯᠡᠯᠲᠡ᠎ᠬᠢᠵᠦ᠂ ᠪᠥᠬᠦ᠌ ᠬᠤᠱᠢᠭᠤᠨ᠎ᠤ 14 ᠰᠤᠮᠤ ᠱᠢᠶᠠᠩ ᠪᠠᠯᠭᠠᠰᠤᠨ᠎ᠤ ᠲᠠᠷᠢᠶᠠᠯᠠᠩ᠎ᠤᠨ ᠦᠢᠯᠡᠴᠢᠯᠡᠭᠡᠨ᠎ᠤ ᠺᠣᠮᠫᠠᠨᠢ᠎ᠶ᠋ᠢ ᠪᠣᠳᠠᠲᠤ ᠴᠣᠭ᠍ᠴᠠᠵᠢᠭᠤᠯᠤᠨ ᠡᠵᠡᠩᠨᠡᠬᠦ᠌᠎ᠶ᠋ᠢ ᠠᠬᠢᠭᠤᠯᠵᠤ᠂ ᠲᠠᠷᠢᠶᠠᠯᠠᠩ᠎ᠳᠤ ᠦᠢᠯᠡᠴᠢᠯᠡᠬᠦ᠌ ᠶᠡᠷᠦᠩᠬᠡᠢᠯᠡᠭ᠌ᠰᠡᠨ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃

《ᠬᠤᠱᠢᠭᠤᠨ ᠎ᠤ ᠲᠠᠰ᠎ᠤᠨ ᠪᠥᠲᠥᠭᠡᠨ ᠪᠠᠢᠭᠤᠯᠤᠯᠲᠠ᠎ᠶ᠋ᠢᠨ ᠬᠦᠢᠰᠦ ᠪᠠᠢᠭᠤᠯᠬᠤ᠂ ᠱᠢᠶᠠᠩ᠎ᠤᠨ ᠲᠠᠰ᠎ᠤᠨ ᠵᠢᠭ᠍ᠰᠠᠭᠠᠯ᠎ᠤᠨ ᠭᠠᠵᠠᠷ᠎ᠢ ᠬᠦᠴᠦᠷᠬᠡᠭ᠌ᠵᠢᠭᠦᠯᠬᠦ᠂ ᠪᠤᠯᠪᠠᠰᠤᠷᠠᠯ ᠵᠢᠡᠷ ᠬᠦᠴᠦ ᠨᠡᠮᠡᠷᠢᠯᠡᠬᠦ》 ᠪᠣᠰᠤᠭ᠎ᠠ ᠴᠣᠭ᠍ᠴᠠᠲᠤ ᠦᠢᠯᠡᠴᠢᠯᠡᠭᠡᠨ᠎ᠤ ᠱᠢᠰᠲ᠋ᠧᠮ ᠎ᠢ ᠪᠠᠢᠭᠤᠯᠵᠤ᠂ 《ᠭᠠᠭ᠍ᠴᠠᠭᠠᠷ ᠲᠡᠮᠡᠴᠡᠵᠦ᠍》 ᠪᠠᠢᠭ᠍ᠰᠠᠨ᠎ᠠᠴᠠ 《ᠬᠤᠯᠪᠤᠭᠠᠯᠠᠨ ᠠᠵᠢᠯᠯᠠᠬᠤ》 ᠶ᠋ᠢ ᠪᠡᠶᠡᠯᠡᠭᠦᠯᠪᠡ᠃ ᠣᠩᠨᠢᠭᠤᠳ ᠬᠤᠱᠢᠭᠤᠨ᠎ᠤ ᠬᠠᠩᠭᠠᠨ ᠪᠣᠷᠣᠯᠠᠭᠤᠯᠬᠤ ᠬᠤᠷᠱᠢᠶ᠎ᠠ᠎ᠶ᠋ᠢᠨ ᠬᠤᠯᠪᠣᠭᠠᠲᠤ ᠬᠤᠷᠱᠢᠶ᠎ᠠ᠎ᠲᠤᠰᠭᠠᠢ ᠮᠡᠷᠭᠡᠵᠢᠯ᠎ᠤᠨ ᠵᠢᠯᠤᠭᠤᠳᠭᠤ ᠠᠩᠭᠢ ᠎ᠶ᠋ᠢ ᠵᠣᠬᠢᠶᠠᠨ ᠪᠠᠢᠭᠤᠯᠤᠭᠠᠳ᠂ ᠲᠣᠭ᠍ᠲᠠᠮᠠᠯ ᠬᠤᠭᠤᠴᠠᠭ᠎ᠠ᠎ᠲᠠᠢ ᠪᠠᠭᠤᠯᠭᠠᠵᠤ᠂ 《ᠨᠢᠭᠡ ᠎ᠳᠤ ᠨᠢᠭᠡ》ᠪᠠᠷ ᠱᠢᠶᠠᠩ ᠪᠠᠯᠭᠠᠰᠤᠨ᠎ᠤ ᠦᠢᠯᠡᠴᠢᠯᠡᠭᠡᠨ᠎ᠤ ᠺᠣᠮᠫᠠᠨᠢ᠎ᠶ᠋ᠢᠨ ᠡᠵᠡᠩᠨᠡᠯᠲᠡ᠎ᠶ᠋ᠢ ᠵᠢᠯᠣᠭᠤᠳᠪᠠ᠃ ᠱᠢᠶᠠᠩ᠎ᠤᠨ ᠱᠠᠲᠤ᠎ᠨᠢ ᠲᠠᠷᠢᠶᠠᠯᠠᠡᠭ᠎ᠳᠤ ᠦᠢᠯᠡᠴᠢᠯᠡᠬᠦ᠌ ᠺᠣᠮᠫᠠᠨᠢ᠎ᠶ᠋ᠢᠨ 《ᠡᠮᠦᠨ᠎ᠡ ᠹᠷᠤᠨᠲ᠎ᠤᠨ ᠵᠢᠯᠣᠭᠤᠳᠭᠤ ᠭᠠᠵᠠᠷ》  ᠪᠣᠯᠵᠤ᠂ ᠲᠠᠷᠢᠶᠠᠴᠢᠨ ᠡᠷᠦᠬᠡ᠎ᠲᠠᠢ ᠱᠢᠭᠤᠳ ᠬᠤᠯᠪᠣᠯᠳᠤᠭ᠍ᠰᠠᠨ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠪᠠ᠃ ᠪᠠᠢᠩᠭᠤᠵᠢᠭ᠍ᠰᠠᠨ ᠲᠤᠬᠠᠢᠯᠠᠭ᠍ᠰᠠᠨ ᠠᠵᠢᠯ ᠎ᠤᠨ ᠪᠣᠯᠪᠠᠰᠤᠷᠠᠯ᠎ᠨᠢ ᠦᠢᠯᠡᠴᠢᠯᠡᠭᠡᠨ᠎ᠤ ᠡᠩᠨᠡᠭᠡ᠎ᠶ᠋ᠢᠨ ᠵᠠᠬ᠎ᠠ ᠳᠡᠯᠭᠡᠭᠦᠷᠴᠢᠯᠡᠭ᠌ᠰᠡᠨ ᠡᠵᠡᠩᠨᠡᠯᠲᠡ᠎ᠶ᠋ᠢᠨ ᠴᠢᠳᠠᠪᠤᠷᠢ ᠪᠠ ᠬᠥᠳᠡᠭᠡ ᠠᠵᠤ ᠠᠬᠤᠢ᠎ᠳᠤ ᠦᠢᠯᠡᠴᠢᠯᠡᠬᠦ᠌ ᠬᠢᠷᠢ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠦᠢᠯᠡᠴᠢᠯᠡᠭᠡᠨ᠎ᠤ ᠡᠩᠨᠡᠭᠡ᠎ᠶ᠋ᠢ  《ᠪᠦᠷᠢᠨ ᠴᠢᠳᠠᠪᠤᠷᠢᠲᠤ ᠬᠠᠮᠢᠶᠠᠷᠤᠭ᠍ᠴᠢ》 ᠪᠣᠯᠭᠠᠪᠠ᠃

ᠬᠤᠯᠪᠣᠭᠠᠯᠠᠵᠤ ᠲᠦᠪᠯᠡᠷᠡᠬᠦᠯᠦᠨ ᠬᠤᠳᠠᠯᠳᠤᠨ ᠠᠪᠬᠤ ᠪᠠ ᠨᠡᠢᠭᠡᠮᠴᠢᠯᠡᠭ᠌ᠰᠡᠨ ᠦᠢᠯᠡᠴᠢᠯᠡᠭᠡᠨ᠎ᠤ 《ᠬᠤᠣᠰ ᠬᠦᠷᠳᠦ᠍᠎ᠪᠠᠷ ᠬᠥᠳᠡᠯᠦᠯᠴᠡᠬᠦ᠌》 ᠪᠣᠯ ᠣᠩᠨᠢᠭᠤᠳ ᠬᠤᠱᠢᠭᠤᠨ᠎ᠤ ᠥᠭᠡᠷᠡᠴᠢᠯᠡᠯᠲᠡ᠎ᠶ᠋ᠢᠨ ᠬᠠᠮᠤᠭ ᠎ᠤᠨ ᠢᠯᠡ ᠲᠣᠳᠣ ᠦᠷ᠎ᠡ ᠪᠦᠲᠦᠭᠡᠯ ᠪᠣᠯᠤᠨ᠎ᠠ᠃ ᠬᠤᠲᠠ᠎ᠶ᠋ᠢᠨ ᠱᠠᠲᠤᠨ᠎ᠤ ᠲᠠᠪᠴᠠᠩ᠎ᠳᠤ ᠲᠦᠱᠢᠭ᠌ᠯᠡᠨ᠂ ᠪᠥᠬᠦ᠌ ᠣᠷᠣᠨ ᠪᠦᠰᠡ᠎ᠶ᠋ᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ᠎ᠶ᠋ᠢ ᠦᠷᠨᠢᠬᠦᠯᠵᠦ᠂ ᠳᠤᠮᠳᠠᠬᠢ ᠭᠤᠭᠴᠤᠭ᠎ᠠ ᠵᠢ ᠪᠠᠭᠠᠰᠭᠠᠵᠤ᠂ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠶ᠋ᠢ ᠪᠦᠲᠦᠮᠵᠢᠲᠡᠶ᠎ᠬᠢᠵᠠᠭᠠᠷᠯᠠᠨ᠂ ᠲᠠᠷᠢᠶᠠᠴᠢᠨ ᠡᠷᠦᠬᠡ᠎ᠳᠤ ᠱᠢᠭᠤᠳ ᠠᠱᠢᠭ ᠬᠦᠷᠲᠡᠭᠡᠪᠡ᠃ ᠣᠳᠤᠬᠠᠨ ᠪᠣᠯᠲᠠᠯ᠎ᠠ᠂ ᠪᠥᠬᠦ᠌ ᠬᠤᠱᠢᠭᠤᠨ᠎ᠤ ᠱᠢᠶᠠᠩ᠎ᠤᠨ ᠳᠡᠰ᠎ᠤᠨ 《ᠭᠤᠷᠪᠠ᠎ᠶ᠋ᠢ ᠨᠢᠭᠡ ᠴᠤᠭ᠍ᠴᠠᠵᠢᠭᠤᠯᠬᠤ》 ᠲᠠᠷᠢᠶᠠᠯᠠᠩ ᠎ᠤᠨ ᠦᠢᠯᠡᠴᠢᠯᠡᠭᠡᠨ᠎ᠤ ᠺᠣᠮᠫᠠᠨᠢ᠎ᠶ᠋ᠢᠨ ᠬᠤᠯᠪᠤᠭᠠᠯᠠᠵᠤ ᠲᠦᠪᠯᠡᠷᠡᠬᠦᠯᠦᠨ ᠬᠤᠳᠠᠯᠳᠤᠨ ᠠᠪᠤᠭ᠍ᠰᠠᠨ ᠶᠡᠷᠦᠩᠬᠡᠶ ᠬᠡᠮᠵᠢᠶ᠎ᠡ ᠨᠢ ᠨᠢᠭᠡᠨᠲᠡ 700 ᠭᠠᠷᠤᠶ ᠲᠦᠮᠡᠨ ᠲᠥᠭᠦᠷᠢᠭ᠎ᠲᠤ ᠬᠦᠷᠴᠡᠶ᠃

ᠲᠠᠷᠢᠶᠠᠯᠠᠩ ᠦᠢᠯᠡᠳᠪᠦᠷᠢᠯᠡᠯ᠎ᠤᠨ ᠵᠠᠩᠭᠢᠯᠠᠭ᠎ᠠ᠎ᠶ᠋ᠢᠨ ᠭᠤᠭ᠍ᠴᠤᠭᠠᠨ᠎ᠳᠤ ᠴᠢᠭ᠌ᠯᠡᠭᠦᠯᠦᠨ᠂ ᠣᠩᠨᠢᠭᠤᠳ ᠬᠤᠱᠢᠭᠤ ᠱᠢᠶᠠᠩ᠎ᠤᠨ ᠲᠠᠰ ᠎ᠤᠨ 《ᠭᠤᠷᠪᠠ ᠎ᠶ᠋ᠢ ᠨᠢᠭᠡ ᠴᠤᠭ᠍ᠴᠠᠵᠢᠭᠤᠯᠬᠤ》  ᠲᠠᠷᠢᠶᠠᠯᠠᠩ᠎ᠤᠨ ᠦᠢᠯᠡᠴᠢᠯᠡᠭᠡᠨ᠎ᠤ ᠺᠣᠮᠫᠠᠨᠢ᠎ᠪᠠᠷ ᠳᠠᠮᠵᠢᠭᠤᠯᠤᠨ᠂ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍᠂ ᠭᠠᠵᠠᠷ ᠱᠢᠷᠣᠶ᠎ᠶ᠋ᠢ ᠨᠠᠢᠳᠠᠨ ᠬᠠᠮᠢᠶᠠᠷᠤᠭᠤᠯᠬᠤ᠂ ᠣᠷᠣᠯᠠᠨ ᠬᠠᠭᠠᠯᠪᠤᠷᠢᠯᠠᠵᠤ ᠳᠠᠷᠢᠬᠤ᠂ ᠨᠢᠭᠡᠳᠦᠯᠲᠡᠶ ᠰᠡᠷᠭᠡᠢᠯᠡᠨ ᠵᠠᠰᠠᠬᠤ᠂ ᠲᠠᠷᠢᠶᠠᠯᠠᠩ᠎ᠤᠨ ᠮᠠᠱᠢᠨ᠎ᠢᠶᠠᠷ ᠠᠵᠢᠯᠯᠠᠬᠤ ᠵᠡᠷᠭᠡ ᠬᠡᠪᠴᠢᠶᠡᠵᠢᠭ᠌ᠰᠡᠨ ᠦᠢᠯᠡᠴᠢᠯᠡᠭᠡ ᠎ᠶ᠋ᠢ ᠳᠡᠯᠭᠡᠷᠡᠭᠦᠯᠵᠦ᠍᠂ ᠣᠳᠣᠬᠠᠨ ᠎ᠳᠤ ᠪᠥᠬᠦ᠌ ᠬᠤᠱᠢᠭᠤᠨ᠎ᠤ ᠨᠡᠢᠭᠡᠮᠴᠢᠯᠡᠭ᠌ᠰᠡᠨ ᠦᠢᠯᠡᠴᠢᠯᠡᠭᠡᠨ ᠎ᠤ ᠲᠠᠯᠠᠪᠠᠶ 10 ᠲᠦᠮᠡᠨ ᠮᠤ᠌ ᠎ᠶ᠋ᠢ ᠳᠠᠪᠠᠭ᠍ᠰᠠᠨ ᠪᠠᠢᠨ᠎ᠠ᠃ ᠥᠩᠭᠡᠷᠡᠭ᠌ᠰᠡᠨ ᠳ᠋ᠦ ᠨᠢᠭᠡ ᠡᠷᠦᠬᠡ 《ᠮᠠᠨᠠᠨ ᠰᠦᠷᠴᠢᠭᠦᠷ᠎ᠢᠶᠠᠷ ᠡᠮ ᠰᠦᠷᠴᠢᠵᠦ》 ᠪᠠᠢᠬᠰᠠᠨ ᠵᠢᠡᠨ ᠤᠳᠤ ᠵᠢᠯᠣᠭᠤᠴᠢ ᠥᠬᠡᠶ ᠨᠢᠰᠭᠡᠯ ᠵᠢᠡᠷ ᠡᠮ ᠰᠦᠷᠴᠢᠬᠦ ᠵᠡᠷᠭᠡ ᠣᠳᠣᠬᠢᠴᠢᠯᠠᠭ᠍ᠰᠠᠨ ᠠᠷᠭ᠎ᠠ ᠮᠠᠶᠢᠭ ᠎ᠢᠶᠠᠷ ᠠᠵᠢᠯᠯᠠᠵᠤ ᠪᠤᠢ᠃ ᠲᠠᠷᠠᠬᠠᠶ ᠪᠤᠲᠠᠷᠬᠠᠶ ᠭᠠᠵᠠᠷ ᠱᠢᠷᠣᠶ᠎ᠶ᠋ᠢ ᠨᠠᠢᠳᠠᠨ ᠬᠠᠮᠢᠶᠠᠷᠤᠭᠤᠯᠬᠤ ᠦᠢᠯᠡᠴᠢᠯᠡᠭᠡ᠎ᠪᠠᠷ ᠳᠠᠮᠵᠢᠭᠤᠯᠤᠨ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠌᠎ᠶ᠋ᠢ ᠪᠡᠶᠡᠯᠡᠭᠦᠯᠵᠦ᠍᠂ ᠬᠥᠳᠡᠯᠮᠦᠷᠢ ᠬᠦᠴᠦ ᠵᠢ ᠴᠢᠯᠥᠭᠡᠯᠡᠭ᠌ᠰᠡᠨ᠎ᠢᠶᠠᠷ ᠪᠠᠷᠠᠬᠤ ᠥᠬᠡᠶ᠂ ᠲᠠᠷᠢᠶᠠᠯᠠᠩ ᠦᠢᠯᠡᠳᠪᠦᠷᠢᠯᠡᠯ᠎ᠤᠨ ᠦᠷ᠎ᠡ ᠪᠦᠲᠦᠮᠵᠢ ᠪᠠ ᠶᠠᠰᠤ ᠴᠢᠨᠠᠷ᠎ᠢ ᠨᠠᠩ ᠢᠯᠡᠳᠲᠡ ᠳᠡᠭᠡᠭ᠌ᠰᠢᠯᠡᠭᠦᠯᠪᠡ᠃

《ᠭᠤᠷᠪᠡ᠎ᠶ᠋ᠢ ᠨᠢᠭᠡ ᠴᠤᠬ᠍ᠴᠠᠵᠢᠭᠤᠯᠬᠤ》 ᠥᠭᠡᠷᠡᠴᠢᠯᠡᠯᠲᠡ᠎ᠶ᠋ᠢᠨ ᠭᠤᠣᠯ ᠠᠮᠢᠵᠢᠷᠠᠯ᠎ᠤᠨ ᠬᠦᠴᠦᠨ ᠨᠢ 《ᠠᠭᠤᠰᠤᠯᠴᠠᠬᠤ》 ᠪᠠ 《ᠬᠦᠴᠦ ᠨᠡᠮᠡᠷᠢᠯᠡᠬᠦ》 ᠳ᠋ᠤ ᠪᠤᠢ᠂ ᠳᠠᠷᠤᠢ 《ᠵᠠᠰᠠᠭ》 ᠤ᠋ᠨ ᠲᠠᠭᠠᠭᠤᠯᠭ᠎ᠠ᠂ 《ᠬᠤᠷᠱᠢᠶ᠎ᠠ》 ᠵᠢᠨ ᠬᠤᠯᠪᠣᠭᠠᠰᠤ ᠪᠣᠯᠤᠨ《ᠵᠠᠬ᠎ᠠ ᠲᠡᠯᠬᠡᠬᠦᠷ》 ᠤ᠋ᠨ ᠠᠮᠢᠵᠢᠷᠠᠯ᠎ᠤᠨ ᠬᠦᠴᠦᠨ᠎ᠢ ᠠᠭᠤᠰᠤᠯᠴᠠᠭᠤᠯᠵᠤ᠂ ᠬᠦᠳᠡᠬᠡ ᠠᠵᠤ ᠠᠬᠤᠢ ᠵᠢᠨ ᠣᠳᠣᠬᠢᠴᠢᠯᠠᠯᠲᠠ᠎ᠳᠤ ᠬᠦᠴᠦ ᠨᠠᠮᠠᠷᠢᠯᠡᠨ᠂ ᠲᠠᠷᠢᠶᠠᠴᠢᠳ ᠎ᠤᠨ  ᠣᠷᠣᠯᠭ᠎ᠠ ᠎ᠶ᠋ᠢ ᠨᠡᠮᠡᠭ᠌ᠳᠡᠭᠦᠯᠬᠦ᠌᠎ᠳᠤ ᠪᠤᠢ ᠭᠡᠳᠡᠭ᠎ᠢ ᠣᠩᠨᠢᠭᠤᠳ ᠬᠤᠱᠢᠭᠤᠨ᠎ᠤ ᠦᠢᠯᠡᠳᠦᠯᠭᠡ ᠭᠡᠷᠡᠴᠢᠯᠡᠵᠡᠢ᠃

ᠰᠡᠳᠬᠢᠯ ᠨᠢᠭᠡᠳᠴᠦ ᠬᠦᠴᠦ᠍ ᠪᠡᠨ ᠬᠠᠮᠲᠤᠳᠭᠠᠨ᠂ ᠥᠭᠡᠷᠡᠴᠢᠯᠡᠯᠲᠡ ᠬᠢᠵᠦ᠍ ᠬᠥᠳᠡᠭᠡ ᠲᠣᠰᠭᠣᠨ᠎ᠢ᠋ ᠮᠠᠨᠳᠤᠭᠤᠯᠤᠨᠠᠮ᠃ ᠣᠩᠨᠢᠭᠤᠳ ᠬᠤᠱᠢᠭᠤ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠢᠯᠡᠴᠢᠯᠡᠭᠡᠨ᠎ᠤ ᠱᠢᠰᠲ᠋ᠧᠮ ᠎ᠢ ᠪᠣᠳᠠᠲᠠᠢᠵᠢᠭᠤᠯᠤᠨ᠂ ᠦᠢᠯᠡᠴᠢᠯᠡᠭᠡᠨ᠎ᠤ ᠶᠠᠰᠤ ᠴᠢᠨᠠᠷ᠎ᠢ ᠱᠢᠯᠢᠳᠡᠭ᠌ᠵᠢᠭᠦᠯᠵᠦ᠍᠂ ᠬᠥᠳᠡᠭᠡ ᠲᠣᠰᠭᠤᠨ ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠳᠠᠭᠤᠷᠢᠶᠠᠵᠤ ᠪᠣᠯᠬᠤ᠂ ᠳᠡᠯᠭᠡᠷᠡᠭᠦᠯᠵᠦ᠍ ᠪᠣᠯᠬᠤ 《ᠣᠩᠨᠢᠭᠤᠳ ᠬᠤᠱᠢᠭᠤᠨ ᠎ᠤ ᠵᠠᠭ᠍ᠪᠤᠷ》 ᠢ᠋ ᠬᠠᠩᠭᠠᠵᠤ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号