ᠣᠷᠳᠣᠰ ᠬᠣᠲᠠ ᠴᠢᠳᠠᠪᠤᠷᠢᠲᠠᠨ᠎ᠳᠤ ᠨᠥᠬᠥᠷᠰᠡᠭ ᠬᠡᠯᠪᠡᠷᠢ ᠢ᠋ᠢᠨ ᠬᠣᠲᠠ ᠢ᠋ᠢᠨ ᠱᠢᠨ᠎ᠡ ᠵᠠᠭ᠍ᠪᠤᠷ᠎ᠢ ᠡᠭᠦᠳᠴᠤ ᠪᠤᠢ
2025-12-15 11:22:52
ᠵᠣᠬᠢᠶᠠᠭ᠍ᠴᠢ᠄
​ ᠷᠦᠩ ᠰᠥᠩ ᠷᠦ ᠵᠣᠣ ᠶᠤᠸᠠᠨ ᠵᠢᠶᠦ᠋ᠨ ᠬᠤᠤ ᠱᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

ᠣᠷᠳᠣᠰ ᠤ᠋ᠨ ᠬᠡᠷᠡᠭ᠌ᠯᠡᠭᠡᠨ᠎ᠦ ᠮᠡᠷᠭᠡᠵᠢᠯ ᠤ᠋ᠨ ᠳᠡᠭᠡᠳᠦ ᠰᠤᠷᠭᠠᠭᠤᠯᠢ ᠢ᠋ᠢᠨ ᠮᠡᠳᠡᠭᠡ ᠵᠠᠩᠭᠢ ᠢ᠋ᠢᠨ ᠢᠨᠵᠧᠨᠧᠷᠢᠩ ᠤ᠋ᠨ ᠳᠡᠭᠡᠳᠦ ᠰᠤᠷᠭᠠᠭᠤᠯᠢ ᠢ᠋ᠢᠨ ᠴᠠᠬᠢᠯᠭᠠᠨ ᠤ᠋ ᠢᠨᠵᠧᠨᠧᠷᠢᠩ ᠤ᠋ᠨ ᠰᠠᠯᠪᠤᠷᠢ ᠢ᠋ᠢᠨ ᠪᠠᠭ᠍ᠰᠢ ᠡᠸ᠋ ᠯᠸᠢ  ᠡᠮᠦᠨᠡᠬᠡᠨ ᠲᠤᠰ ᠡᠳᠤᠷ ᠤ᠋ᠨ ᠬᠢᠴᠢᠶᠡᠯ᠎ᠢᠶᠡᠨ ᠵᠢᠭᠠᠵᠤ ᠪᠠᠷᠠᠮᠠᠭᠴᠡ ᠡᠨᠡ ᠵᠢᠯ ᠤ᠋ᠨ ᠡᠷᠳᠡᠮ ᠰᠢᠨᠵᠢᠯᠡᠬᠡᠨ ᠤ᠋ ᠰᠡᠳᠦᠪ ᠤ᠋ᠨ ᠰᠤᠳᠤᠯᠭᠠᠨ᠎ᠳᠠᠭᠠᠨ ᠤᠷᠤᠯᠴᠠᠬᠤ ᠪᠡᠷ ᠶᠠᠭᠠᠷᠠᠪᠠ᠃ ᠳᠡᠭᠡᠳᠦ ᠲᠡᠰ ᠤ᠋ᠨ ᠢᠨᠵᠧᠨᠧᠷ ᠡᠸ᠋ ᠯᠸᠢ᠂ 2023 ᠣᠨ ᠤ᠋ 7 ᠰᠠᠷ᠎ᠠ ᠳ᠋ᠤ᠌ ᠣᠷᠳᠣᠰ ᠬᠣᠲᠠ ᠢ᠋ᠢᠨ ᠴᠢᠳᠠᠪᠤᠷᠢᠲᠠᠨ ᠡᠯᠰᠡᠬᠦ᠌ ᠲᠥᠷᠥ ᠢ᠋ᠢᠨ ᠪᠣᠳᠣᠯᠭ᠎ᠠ ᠪᠡᠷ ᠣᠷᠳᠣᠰ ᠤ᠋ᠨ ᠬᠡᠷᠡᠭ᠌ᠯᠡᠭᠡᠨ᠎ᠦ ᠮᠡᠷᠭᠡᠵᠢᠯ ᠤ᠋ᠨ ᠳᠡᠭᠡᠳᠦ ᠰᠤᠷᠭᠠᠭᠤᠯᠢ ᠳ᠋ᠤ᠌ ᠢᠷᠡᠵᠦ᠍ ᠪᠠᠭ᠍ᠰᠢᠯᠠᠨ᠂ ᠴᠠᠬᠢᠯᠭᠠᠨ ᠬᠦᠴᠦᠨ᠎ᠦ ᠱᠢᠰᠲ᠋ᠧᠮ ᠤ᠋ᠨ ᠬᠠᠮᠢᠶ᠎ᠠ ᠪᠥᠬᠥᠶ ᠬᠢᠴᠢᠶᠡᠯ ᠤ᠋ᠨ ᠵᠢᠭᠠᠨ ᠰᠤᠷᠭᠠᠯᠲᠠ ᠪᠠ ᠡᠷᠳᠡᠮ ᠰᠢᠨᠵᠢᠯᠡᠬᠡᠨ ᠤ᠋ ᠠᠵᠢᠯ ᠳ᠋ᠤ᠌ ᠤᠷᠤᠯᠴᠠᠪᠠ᠃ 2024 ᠣᠨ ᠤ᠋ 9 ᠰᠠᠷ᠎ᠠ ᠳ᠋ᠤ᠌᠂ ᠲᠡᠷᠡ ᠪᠠᠰᠠ ᠣᠷᠳᠣᠰ ᠬᠣᠲᠠ ᠢ᠋ᠢᠨ ᠵᠠᠰᠠᠭ ᠤ᠋ᠨ ᠣᠷᠳᠣᠨ ᠤ᠋ ᠴᠢᠳᠠᠪᠤᠷᠢᠲᠠᠨ ᠤ᠋ ᠲᠥᠷᠥ ᠢ᠋ᠢᠨ ᠪᠣᠳᠣᠯᠭ᠎ᠠ ᠢ᠋ᠢᠨ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠳᠡᠳ᠋ ᠶᠡᠷᠦᠩᠬᠡᠶ ᠳᠠᠭᠠᠭᠠᠮᠠᠯ》 ᠤ᠋ᠨ ᠲᠦᠯᠦᠪᠯᠡᠭᠡ ᠪᠡᠷ ᠲᠡᠮᠵᠢᠨ ᠣᠷᠳᠣᠰ ᠬᠣᠲᠠ ᠢ᠋ᠢᠨ ᠮᠸᠩ ᠲᠠᠢ ᠪᠠᠢᠴᠠᠭᠠᠨ ᠰᠡᠯᠪᠢᠬᠦ᠌ ᠺᠣᠮᠫᠠᠨᠢ ᠳ᠋ᠤ᠌ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠳᠡᠳ᠋ ᠶᠡᠷᠦᠩᠬᠡᠶ ᠳᠠᠭᠠᠭᠠᠮᠠᠯ》 ᠤ᠋ᠨ ᠲᠤᠱᠢᠶᠠᠯ ᠡᠭᠦᠷᠭᠡᠯᠡᠵᠦ᠍᠂ ᠰᠤᠷᠭᠠᠭᠤᠯᠢ ᠠᠵᠤ ᠠᠬᠤᠢᠯᠠᠯ ᠤ᠋ᠨ ᠬᠠᠮᠲᠤᠷᠠᠯᠴᠠᠭ᠎ᠠ ᠪᠠ ᠦᠶ᠋ᠯᠡᠳᠪᠦᠷᠢᠯᠡᠯ ᠪᠤᠯᠤᠨ ᠵᠢᠭᠠᠨ ᠰᠤᠷᠭᠠᠯᠲᠠ ᠰᠤᠳᠤᠯᠭᠠᠨ ᠤ᠋ ᠭᠦᠨᠵᠡᠭᠡᠶ ᠠᠭᠤᠰᠤᠯᠴᠠᠯ ᠤ᠋ᠨ ᠱᠢᠨ᠎ᠡ ᠪᠠᠢᠳᠠᠯ᠎ᠢ ᠨᠡᠭᠡᠭᠡᠪᠡ᠃

ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠱᠢᠨ᠎ᠡ᠎ᠶ᠋ᠢ ᠡᠭᠦᠳᠬᠦ᠌ ᠪᠣᠯ ᠨᠢᠭᠡᠳᠦᠭᠡᠷ ᠬᠥᠳᠡᠯᠭᠡᠬᠦ᠌ ᠬᠦᠴᠦᠨ ᠮᠥᠨ᠃ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠳᠡᠳ᠋ ᠶᠡᠷᠦᠩᠬᠡᠶ ᠳᠠᠭᠠᠭᠠᠮᠠᠯ》 ᠤ᠋ᠨ ᠲᠥᠯᠥᠪᠯᠡᠭᠡ ᠪᠣᠯ ᠵᠥᠪᠬᠡᠨ ᠣᠷᠳᠣᠰ ᠬᠣᠲᠠ ᠢ᠋ᠢᠨ ᠱᠢᠨ᠎ᠡ᠎ᠶ᠋ᠢ ᠡᠭᠦᠳᠦᠨ ᠴᠢᠳᠠᠪᠤᠷᠢᠲᠠᠨ ᠤ᠋ ᠠᠵᠢᠯ᠎ᠢ ᠬᠡᠷᠡᠭ᠌ᠵᠢᠭᠦᠯᠦᠭ᠌ᠰᠡᠨ᠎ᠦ ᠨᠢᠭᠡᠨ ᠬᠤᠷᠢᠶᠠᠩᠭᠤᠶ ᠳᠦᠷᠰᠦ ᠪᠤᠯᠬᠤ ᠶᠤᠮ᠃ ᠣᠢᠷ᠎ᠠ ᠢ᠋ᠢᠨ ᠵᠢᠯ᠎ᠡᠴᠡ ᠨᠠᠭᠠᠰᠢ᠂ ᠣᠷᠳᠣᠰ ᠬᠣᠲᠠ ᠴᠢᠳᠠᠪᠤᠷᠢᠲᠠᠨ ᠤ᠋ ᠨᠥᠬᠥᠷᠰᠡᠭ ᠬᠡᠯᠪᠡᠷᠢ ᠢ᠋ᠢᠨ ᠬᠣᠲᠠ ᠢ᠋ᠢᠨ ᠪᠥᠲᠥᠭᠡᠨ ᠪᠠᠢᠭᠤᠯᠤᠯᠲᠠ ᠪᠡᠷ ᠭᠠᠷᠳᠠᠴᠠ ᠪᠣᠯᠭᠠᠵᠤ᠂ 《ᠡᠬᠢ ᠪᠠᠶᠠᠯᠢᠭ ᠢ᠋ᠢᠡᠷ ᠬᠣᠲᠠ ᠪᠡᠨ ᠪᠠᠶᠠᠯᠢᠭᠵᠢᠭᠤᠯᠬᠤ ᠳ᠋ᠤ᠌ ᠴᠢᠳᠠᠪᠤᠷᠢᠲᠠᠨ᠎ᠢ ᠤᠷᠢᠳ᠎ᠢᠶᠠᠷ ᠬᠥᠭ᠌ᠵᠢᠭᠦᠯᠬᠦ᠌》 ᠣᠢᠯᠠᠭᠠᠭ᠍ᠳᠠᠬᠤᠨ᠎ᠢ ᠴᠢᠩᠭᠠᠳᠭᠠᠵᠤ᠂ ᠤᠷᠢᠳ ᠡᠮᠦᠨ᠎ᠡ ᠪᠠᠢᠭ᠎ᠠ ᠥᠬᠡᠶ ᠪᠠᠢᠯᠳᠤᠬᠤ ᠪᠣᠳᠣᠯᠭ᠎ᠠ ᠢ᠋ᠢᠨ ᠦᠨᠳᠦᠷᠴᠡ᠂ ᠲᠥᠷᠥ ᠢ᠋ᠢᠨ ᠪᠣᠳᠣᠯᠭ᠎ᠠ ᠢ᠋ᠢᠨ ᠬᠦᠴᠦᠨ ᠪᠠ ᠪᠡᠯᠡ ᠣᠷᠣᠭᠤᠯᠤᠯᠲᠠ ᠢ᠋ᠢᠨ ᠡᠷᠴᠢᠮ᠎ᠢᠶᠡᠷ ᠠᠯᠢ ᠣᠯᠠᠨ ᠬᠠᠲᠠᠭᠤ ᠴᠢᠩᠭ᠎ᠠ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠡᠬᠢ ᠪᠠᠶᠠᠯᠢᠭ ᠤ᠋ᠨ ᠬᠡᠯᠪᠡᠷᠢ ᠢ᠋ᠢᠨ ᠬᠣᠲᠠ ᠢ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠳᠦ ᠴᠢᠳᠠᠪᠤᠷᠢᠲᠠᠨ ᠤ᠋ ᠬᠦᠴᠦᠲᠡᠶ ᠲᠤᠯᠭᠠᠭᠤᠷᠢᠯᠠᠯ ᠬᠠᠨᠭᠭᠠᠵᠤ ᠪᠤᠢ᠃

ᠲᠦᠷᠦ᠍ ᠢ᠋ᠢᠨ ᠪᠤᠳᠤᠯᠭ᠎ᠠ ᠪᠡᠷ ᠬᠦᠴᠦᠨ ᠨᠡᠮᠡᠷᠢᠯᠡᠵᠤ ᠦᠷᠢᠰᠦᠯᠳᠦᠬᠦ᠌ ᠬᠦᠴᠦᠨ᠎ᠢᠶᠡᠷ ᠴᠢᠩᠭ᠎ᠠ  ᠴᠢᠳᠠᠪᠤᠷᠢᠲᠠᠨ ᠤ᠋  ᠲᠦᠷᠢᠮ  ᠤ᠋ᠨ ᠱᠢᠰᠲᠸᠮ  ᠢ᠋  ᠪᠡᠢᠭᠤᠯᠪᠡ

ᠴᠢᠳᠠᠪᠤᠷᠢᠲᠠᠨ ᠤ᠋ ᠲᠦᠷᠦ᠍ ᠢ᠋ᠢᠨ ᠪᠤᠳᠤᠯᠭ᠎ᠠ᠎ᠪᠣᠯ ᠴᠢᠳᠠᠪᠤᠷᠢᠲᠠᠨ ᠤ᠋ ᠠᠵᠢᠯ ᠤ᠋ᠨ ᠠᠮᠢᠨ ᠰᠤᠳᠠᠰᠤ ᠪᠣᠯᠤᠨ᠎ᠠ᠃ ᠣᠷᠳᠣᠰ ᠬᠣᠲᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂  ᠬᠥᠮᠦᠵᠢᠭᠦᠯᠬᠦ᠌᠂ ᠬᠡᠷᠡᠭ᠌ᠯᠡᠬᠦ᠌᠂ ᠦᠨᠡᠯᠡᠬᠦ᠌᠂ ᠤᠷᠮᠠᠱᠢᠭᠤᠯᠬᠤ᠂ ᠦᠶ᠋ᠯᠡᠴᠢᠯᠡᠬᠦ᠌ ᠵᠡᠷᠭᠡ ᠪᠥᠬᠥ᠌ ᠭᠤᠭᠴᠤᠭ᠎ᠠ ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠍᠂ ᠴᠢᠳᠠᠪᠤᠷᠢᠲᠠᠨ ᠤ᠋ ᠠᠵᠢᠯ ᠤ᠋ᠨ ᠲᠠᠰ ᠳᠡᠪᠱᠢᠬᠦ᠌᠎ᠶ᠋ᠢ ᠠᠬᠢᠭᠤᠯᠪᠠ᠃ ᠴᠢᠳᠠᠪᠤᠷᠢᠲᠠᠨ ᠤ᠋ ᠠᠵᠢᠯ ᠤ᠋ᠨ ᠤᠳᠤᠷᠢᠳᠭᠤ ᠳᠤᠭᠤᠢᠯᠠᠩ ᠤ᠋ᠨ 《ᠶᠡᠬᠡ ᠶᠠᠪᠤᠳᠠᠯ᠎ᠢ ᠠᠳᠭᠤᠬᠤ》᠂ ᠴᠢᠳᠠᠪᠤᠷᠢᠲᠠᠨ ᠤ᠋ ᠠᠵᠢᠯ ᠤ᠋ᠨ ᠬᠠᠮᠲᠤᠷᠠᠭ᠍ᠰᠠᠨ ᠬᠤᠷᠠᠯ ᠤ᠋ᠨ 《ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌》 ᠠᠵᠢᠯ ᠤ᠋ᠨ ᠲᠣᠭ᠍ᠲᠠᠴᠠ᠎ᠶ᠋ᠢ ᠪᠠᠢᠭᠤᠯᠵᠤ᠂ 《ᠴᠢᠳᠠᠪᠤᠷᠢᠲᠠᠨ ᠤ᠋ ᠪᠠᠢᠭᠤᠯᠤᠯᠳᠡ ᠢ᠋ᠢᠨ ᠠᠵᠢᠯ》 ᠢ᠋ ᠡᠯ᠎ᠡ ᠱᠠᠲᠤ ᠡᠯ᠎ᠡ ᠰᠠᠯᠠᠭ᠎ᠠ ᠮᠥᠴᠢᠷ ᠤ᠋ᠨ 《ᠨᠢᠭᠡᠳᠦᠭᠡᠷ ᠭᠠᠷ》 ᠤ᠋ᠨ ᠣᠨ ᠤ᠋ ᠲᠤᠱᠢᠶᠠᠯ ᠤ᠋ᠨ ᠮᠡᠳᠡᠭᠦᠯᠦᠯᠲᠡ ᠢ᠋ᠢᠨ ᠵᠠᠪᠠᠯ ᠲᠣᠭᠠᠴᠢᠬᠤ ᠠᠭᠤᠯᠭ᠎ᠠ ᠳ᠋ᠤ᠌ ᠤᠷᠤᠭᠤᠯᠵᠡᠢ᠃ ᠲᠡᠷᠢᠭᠦᠨ᠎ᠦ᠎ᠬᠢ᠎ᠪᠡᠷ ᠪᠠᠷᠢᠮᠵᠢᠶᠠᠯᠠᠨ ᠴᠢᠳᠠᠪᠤᠷᠢᠲᠠᠨ ᠤ᠋ ᠱᠢᠨ᠎ᠡ ᠲᠥᠷᠥ ᠢ᠋ᠢᠨ ᠪᠣᠳᠣᠯᠭ᠎ᠠ 《ᠬᠤᠤᠰ 30 ᠵᠤᠷᠪᠤᠰ》᠎ᠢ᠋ ᠨᠡᠢᠲᠡᠯᠡᠵᠦ᠍᠂ ᠳᠡᠭᠡᠳᠦ ᠲᠠᠰ ᠤ᠋ᠨ ᠱᠢᠯᠢᠳᠡᠭ ᠣᠷᠣᠢᠯᠠᠭ᠍ᠰᠠᠨ ᠲᠤᠳᠠᠭᠳᠠᠵᠤ ᠪᠠᠢᠭ᠎ᠠ ᠴᠢᠳᠠᠪᠤᠷᠢᠳᠡᠨ ᠢ᠋ ᠣᠷᠣᠭᠤᠯᠤᠨ ᠠᠪᠴᠢᠷᠠᠬᠤ ᠵᠢᠨ ᠲᠤᠭᠤᠷᠢᠨ ᠳ᠋ᠤ᠌ ᠴᠢᠳᠠᠪᠤᠷᠢᠲᠠᠨ᠎ᠢ ᠬᠥᠮᠦᠵᠢᠭᠦᠯᠦᠨ ᠤᠷᠮᠠᠱᠢᠭᠤᠯᠬᠤ᠎ᠶ᠋ᠢ ᠴᠢᠩᠭᠠᠳᠭᠠᠬᠤ᠂ ᠴᠢᠳᠠᠪᠤᠷᠢᠲᠠᠨ ᠤ᠋ ᠡᠬᠢ  ᠪᠠᠶᠠᠯᠢᠭ ᠎ᠢ ᠰᠠᠢᠲᠤᠷ ᠬᠡᠷᠡᠭ᠌ᠯᠡᠵᠦ᠍ ᠠᠮᠢᠳᠤᠯᠢᠭ ᠬᠡᠷᠡᠭ᠌ᠯᠡᠬᠦ᠌᠂ ᠰᠡᠳᠭᠢᠯ᠎ᠢ ᠳᠤᠯᠠᠭᠠᠴᠠᠭᠤᠯᠤᠨ ᠴᠢᠳᠠᠪᠤᠷᠢᠲᠠᠨ᠎ᠢ ᠦᠯᠡᠳᠡᠭᠡᠬᠦ᠌ ᠣᠷᠴᠢᠨ ᠨᠦᠬᠦᠴᠡᠯ ᠢ᠋ ᠪᠣᠶ ᠪᠣᠯᠭᠠᠬᠤ᠂ ᠴᠢᠳᠠᠪᠤᠷᠢᠲᠠᠨ ᠤ᠋ ᠬᠥᠭ᠌ᠵᠢᠯᠲᠡ ᠢ᠋ᠢᠨ ᠪᠠᠢᠭᠤᠯᠤᠮᠵᠢ ᠲᠣᠭ᠍ᠲᠠᠴᠠ᠎ᠶ᠋ᠢ ᠱᠢᠯᠢᠳᠡᠭ᠌ᠵᠢᠭᠦᠯᠬᠦ᠌ ᠵᠡᠷᠭᠡ ᠲᠠᠯ᠎ᠠ ᠪᠡᠷ ᠠᠯᠢ ᠣᠯᠠᠨ ᠲᠥᠷᠥ ᠢ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠤᠯᠤᠰ ᠤ᠋ᠨ ᠳᠣᠲᠣᠭᠠᠳᠤ ᠭᠠᠳᠠᠭᠠᠳᠤ᠎ᠢ᠋ᠢᠨ ᠴᠢᠳᠠᠪᠤᠷᠢᠲᠠᠨ᠎ᠢ ᠦᠷᠬᠡᠨ ᠢ᠋ᠢᠡᠷ ᠬᠤᠷᠠᠭᠤᠯᠵᠡᠢ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠲᠥᠷᠥ ᠢ᠋ᠢᠨ ᠪᠣᠳᠣᠯᠭ᠎ᠠ᠎ᠶ᠋ᠢ 2.0 ᠎ᠢ᠋ᠢᠡᠷ ᠲᠠᠰ ᠳᠡᠪᠱᠢᠭᠦᠯᠵᠦ᠍᠂ 《ᠳᠤᠯᠠᠭᠠᠨ ᠬᠣᠲᠠ ᠢ᠋ᠢᠨ ᠱᠢᠨ᠎ᠡ ᠬᠤᠳᠠ ᠢ᠋ᠢᠨ ᠠᠷᠠᠳ᠎ᠲᠤ ᠦᠶ᠋ᠯᠡᠴᠢᠯᠡᠬᠦ᠌ 0477 ᠰᠢᠷᠢᠰ ᠠᠷᠭ᠎ᠠ ᠬᠡᠮᠵᠢᠶ᠎ᠡ᠎ᠨᠦᠭᠦᠳ》 ᠵᠡᠷᠭᠡ ᠴᠢᠳᠠᠪᠤᠷᠢᠲᠠᠨ ᠤ᠋ ᠲᠥᠷᠥ ᠢ᠋ᠢᠨ ᠪᠣᠳᠣᠯᠭ᠎ᠠ᠎ᠶ᠋ᠢ ᠨᠡᠢᠲᠡᠯᠡᠵᠦ᠍᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠦᠯᠡᠳᠡᠭᠡᠵᠦ᠍ ᠳᠡᠢᠯᠬᠦ᠌᠂ ᠰᠠᠢᠲᠤᠷ ᠬᠡᠷᠡᠭ᠌ᠯᠡᠬᠦ᠌᠂ 《ᠬᠡᠷᠡᠯ ᠭᠢᠯᠪᠠᠭ᠎ᠠ᠎ᠪᠠᠨ ᠰᠠᠴᠤᠷᠠᠭᠤᠯᠬᠤ》᠎ᠳ᠋ᠤ ᠬᠠᠮᠤᠭ ᠤ᠋ᠨ ᠰᠠᠢᠨ ᠲᠥᠷᠥ ᠢ᠋ᠢᠨ ᠪᠣᠳᠣᠯᠭ᠎ᠠ ᠢ᠋ᠢᠨ ᠣᠷᠴᠢᠨ ᠲᠤᠭᠤᠷᠢᠨ᠎ᠢ ᠪᠣᠶ ᠪᠣᠯᠭᠠᠵᠤ ᠥᠭ᠌ᠪᠡ᠃ ᠲᠣᠭ᠎ᠠ ᠪᠠᠷᠢᠮᠲᠠ ᠳ᠋ᠤ᠌ ᠢᠯᠡᠷᠡᠭᠦᠯᠦᠭ᠌ᠰᠡᠨ᠎ᠢᠶᠡᠷ᠂ ᠣᠷᠳᠣᠰ ᠬᠣᠲᠠ ᠢ᠋ᠢᠨ ᠲᠣᠰ ᠱᠠᠲᠤ ᠣᠢᠷ᠎ᠠ ᠢ᠋ᠢᠨ 5 ᠵᠢᠯ᠎ᠳᠦ ᠴᠢᠳᠠᠪᠤᠷᠢᠲᠠᠨ ᠤ᠋ ᠠᠵᠢᠯ ᠤ᠋ᠨ ᠵᠠᠷᠤᠳᠠᠯ᠎ᠢ ᠨᠡᠢᠲᠡ 5.7 ᠳ᠋ᠦᠩᠱᠢᠭᠤᠷ ᠲᠥᠭᠥᠷᠢᠭ ᠲᠤᠬᠢᠷᠠᠭᠤᠯᠵᠤ᠂ ᠴᠢᠳᠠᠪᠤᠷᠢᠲᠠᠨ ᠤ᠋ ᠦᠶ᠋ᠯᠡᠰ ᠤ᠋ᠨ ᠬᠥᠭ᠌ᠵᠢᠯᠲᠡ᠎ᠳᠦ ᠪᠠᠲᠤ ᠪᠠᠬᠢ ᠪᠠᠲᠤᠯᠠᠭ᠎ᠠ ᠬᠠᠩᠭᠠᠪᠠ᠃

ᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠤᠨ ᠠᠪᠴᠢᠷᠠᠬᠤ ᠪᠥᠬᠥ᠌ ᠬᠡᠯᠬᠢᠶ᠎ᠡ ᠢ᠋ᠢᠨ ᠴᠢᠳᠠᠪᠤᠷᠢᠲᠠᠨ ᠤ᠋  ᠠᠮᠢ ᠠᠬᠤᠶ᠎ᠢ᠋ᠢ ᠪᠤᠢ ᠪᠤᠯᠭᠠᠪᠠ

ᠴᠢᠳᠠᠪᠤᠷᠢᠲᠠᠨ ᠪᠤᠯ ᠨᠢᠭᠡ ᠭᠠᠵᠠᠷ ᠣᠷᠣᠨ ᠤ᠋ ᠶᠡᠷᠦᠩᠬᠡᠢᠯᠡᠭ᠌ᠰᠡᠨ ᠪᠣᠳᠠᠲᠤ ᠬᠦᠴᠦᠨ᠎ᠢ ᠬᠡᠮᠵᠢᠬᠦ᠌ ᠴᠢᠬᠤᠯᠠ ᠭᠦᠶ᠋ᠴᠡᠳᠭᠡᠯ ᠲᠣᠭ᠎ᠠ ᠪᠠᠢᠵᠤ᠂ ᠬᠣᠲᠠ ᠢ᠋ᠢᠨ ᠥᠷᠢᠰᠥᠯᠳᠦᠬᠦ᠌ ᠬᠦᠴᠦᠨ ᠪᠠ ᠲᠠᠲᠠᠬᠤ ᠬᠦᠴᠦᠨ᠎ᠦ ᠲᠥᠪᠯᠡᠷᠡᠩᠭᠦᠶ ᠢᠯᠡᠷᠡᠯ ᠮᠥᠨ᠃ ᠣᠷᠳᠣᠰ ᠬᠣᠲᠠ ᠴᠢᠳᠠᠪᠤᠷᠢᠲᠠᠨ ᠤ᠋ ᠨᠥᠬᠥᠷᠰᠡᠭ ᠬᠡᠯᠪᠡᠷᠢ ᠢ᠋ᠢᠨ ᠬᠣᠲᠠ ᠢ᠋ᠢᠨ  ᠪᠥᠲᠥᠭᠡᠨ  ᠪᠠᠢᠭᠤᠯᠤᠯᠲᠠ  ᠳ᠋ᠤ᠌  ᠠᠩᠬᠠᠷᠤᠯ ᠎ᠢᠶᠠᠨ ᠲᠥᠪᠯᠡᠷᠡᠭᠦᠯᠵᠦ᠍᠂ ᠳᠡᠭᠡᠳᠦ ᠲᠠᠰ ᠤ᠋ᠨ ᠰᠢᠯᠢᠳᠡᠭ ᠣᠷᠣᠢᠯᠠᠭ᠍ᠰᠠᠨ ᠲᠤᠳᠠᠭᠳᠠᠵᠤ ᠪᠠᠢᠭ᠎ᠠ ᠴᠢᠳᠠᠪᠤᠷᠢᠲᠠᠨ ᠎ᠢ᠋ ᠦᠷᠭᠦᠯᠵᠢᠯᠡᠨ ᠤᠷᠢᠵᠤ᠂ 《ᠬᠣᠶᠠᠷ᠎ᠢ ᠤᠷᠢᠬᠤ》 ᠪᠠ ᠪᠦᠷᠢᠨ ᠲᠤᠱᠢᠶᠠᠯ᠎ᠢᠶᠠᠷ ᠣᠷᠣᠭᠤᠯᠤᠨ ᠠᠪᠴᠢᠷᠠᠬᠤ᠂ ᠲᠥᠷᠥᠯ ᠵᠦᠶ᠋ᠯ ᠤ᠋ᠨ  ᠳᠡᠮᠵᠢᠯᠭᠡ᠂  ᠮᠡᠷᠭᠡᠵᠢᠯ ᠤ᠋ᠨ  ᠬᠠᠮᠲᠤᠷᠠᠯᠴᠠᠭ᠎ᠠ ᠵᠡᠷᠭᠡ ᠠᠷᠭ᠎ᠠ ᠬᠡᠯᠪᠡᠷᠢ᠎ᠪᠡᠷ 10 ᠠᠺᠠᠳᠧᠮᠢᠴᠢ᠎ᠶ᠋ᠢ ᠣᠷᠣᠭᠤᠯᠤᠨ ᠠᠪᠴᠢᠷᠠᠵᠤ᠂ ᠪᠦᠷᠢᠨ ᠲᠤᠱᠢᠶᠠᠯ᠎ᠢᠶᠠᠷ ᠥᠪᠡᠷᠲᠡᠭᠡᠨ ᠵᠠᠰᠠᠬᠤ ᠣᠷᠣᠨ ᠤ᠋ 《ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ ᠤ᠋ᠨ ᠵᠢᠷᠭᠤᠭᠠᠨ ᠲᠥᠷᠥᠯ᠎ᠡᠴᠡ ᠳᠡᠭᠡᠭ᠌ᠰᠢᠬᠢ ᠴᠢᠳᠠᠪᠤᠷᠢᠲᠠᠨ᠎ᠢ 180 ᠬᠦᠮᠦᠨ ᠢ᠋ ᠤᠷᠢᠨ ᠠᠪᠴᠢᠷᠠᠵᠤ ᠬᠥᠮᠦᠵᠢᠭᠦᠯᠪᠡ; ᠭᠤᠤᠯᠳᠠᠯᠭ᠎ᠠ᠎ᠲᠠᠶ ᠠᠵᠤ ᠦᠶ᠋ᠯᠡᠰ᠂  ᠲᠠᠭᠠᠭᠤᠯᠤᠭᠴᠢ ᠠᠵᠤ ᠠᠬᠤᠢᠯᠠᠯ ᠤ᠋ᠨ ᠴᠢᠳᠠᠪᠤᠷᠢᠲᠠᠨ ᠤᠷᠢᠵᠤ ᠬᠡᠷᠡᠭ᠌ᠯᠡᠬᠦ᠌ ᠬᠡᠷᠡᠭ᠌ᠴᠡᠭᠡ᠎ᠪᠡᠷ 《ᠳᠤᠲᠠᠭ᠍ᠳᠠᠵᠤ ᠪᠠᠢᠭ᠎ᠠ ᠴᠢᠳᠠᠪᠤᠷᠢᠲᠠᠨ ᠤ᠋ ᠬᠡᠷᠡᠭ᠌ᠴᠡᠭᠡ ᠱᠠᠭᠠᠷᠳᠠᠯᠭ᠎ᠠ ᠢ᠋ᠢᠨ ᠭᠠᠷᠴᠠᠭ》᠎ᠢ᠋ ᠨᠠᠢᠷᠠᠭᠤᠯᠤᠨ ᠵᠣᠬᠢᠶᠠᠵᠤ᠂ 《ᠠᠷᠪᠠᠨ ᠲᠦᠮᠡᠨ ᠵᠠᠯᠠᠭᠤᠴᠤᠳ ᠤ᠋ᠨ ᠬᠣᠲᠠ᠎ᠶ᠋ᠢ ᠳᠤᠯᠠᠭᠠᠴᠠᠭᠤᠯᠬᠤ ᠲᠥᠯᠥᠪᠯᠡᠭᠡ》᠎ᠶ᠋ᠢ ᠠᠬᠢᠭᠤᠯᠵᠤ᠂ ᠱᠢᠨ᠎ᠡ᠎ᠶ᠋ᠢ ᠡᠭᠦᠳᠴᠦ᠍ ᠦᠶ᠋ᠯᠡᠰ ᠪᠤᠰᠬᠠᠬᠤ ᠤᠷᠤᠯᠳᠤᠭᠠᠨ ᠵᠡᠷᠭᠡ ᠡᠯ᠎ᠡ ᠲᠥᠷᠥᠯ ᠤ᠋ᠨ ᠠᠵᠢᠯᠯᠠᠭ᠎ᠠ᠎ᠶ᠋ᠢ ᠵᠡᠷᠭᠡ᠎ᠪᠡᠷ ᠡᠷᠭᠢᠯᠡᠬᠦ᠌᠎ᠪᠡᠷ ᠲᠡᠮᠵᠢᠨ ᠴᠢᠳᠠᠪᠤᠷᠢᠲᠠᠨ ᠢ᠋ ᠤᠷᠤᠭᠤᠯᠤᠨ ᠠᠪᠴᠢᠷᠠᠵᠤ ᠣᠶᠤᠨ ᠤᠬᠠᠭᠠᠨ ᠬᠤᠷᠠᠮᠳᠤᠭᠤᠯᠬᠤ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠬᠡᠪᠡ᠃

ᠣᠳᠣᠬᠠᠨ ᠪᠣᠯᠲᠠᠯ᠎ᠠ᠂ ᠣᠷᠳᠣᠰ ᠬᠣᠲᠠ ᠢ᠋ᠢᠨ ᠴᠢᠳᠠᠪᠤᠷᠢᠲᠠᠨ ᠤ᠋ ᠶᠡᠷᠦᠩᠬᠡᠶ  ᠬᠡᠮᠵᠢᠶ᠎ᠡ 51 ᠲᠦᠮᠡᠨ ᠬᠥᠮᠦᠨ᠎ᠢ ᠳᠠᠪᠠᠵᠤ᠂ 2024 ᠣᠨ ᠤ᠋ 《ᠬᠠᠮᠤᠭ ᠤ᠋ᠨ ᠰᠢᠯᠢᠳᠡᠭ  ᠴᠢᠳᠠᠪᠤᠷᠢᠲᠠᠨ  ᠤ᠋ ᠬᠥᠭ᠌ᠵᠢᠯᠲᠡ ᠢ᠋ᠢᠨ ᠠᠮᠢ ᠠᠬᠤᠶ ᠢ᠋ᠢᠨ ᠬᠣᠲᠠ》 ᠢ᠋ᠢᠨ ᠪᠥᠬᠥ᠌ ᠤᠯᠤᠰ ᠤ᠋ᠨ 50 ᠬᠦᠴᠦᠷᠬᠡᠭ᠎ᠲᠦ ᠰᠣᠩᠭᠣᠭ᠍ᠳᠠᠨ ᠣᠷᠣᠵᠤ᠂ ᠴᠢᠳᠠᠪᠤᠷᠢᠲᠠᠨ ᠤ᠋ ᠲᠠᠲᠠᠬᠤ ᠬᠦᠴᠦᠨ ᠢ᠋ᠢᠡᠷ ᠲᠤᠰᠭᠠᠶ ᠣᠷᠣᠨ ᠤ᠋ ᠲᠠᠰ ᠤ᠋ᠨ ᠬᠣᠲᠠ ᠢ᠋ᠢᠨ 34 ᠳ᠋ᠤᠭᠡᠷ᠎ᠲᠦ ᠵᠢᠭᠰᠠᠪᠠ᠃

ᠲᠠᠪᠴᠠᠩ ᠤ᠋ᠨ ᠬᠦᠴᠦᠨ᠎ᠢ᠋ ᠨᠢᠭᠳᠠᠷᠠᠭᠤᠯᠵᠤ ᠠᠵᠢᠯ ᠬᠢᠵᠦ᠍ ᠦᠶ᠋ᠯᠡᠰ ᠪᠤᠰᠬᠠᠬᠤ ᠥᠷᠭᠡᠨ ᠲᠠᠪᠴᠠᠩ᠎ᠢ  ᠪᠠᠢᠭᠤᠯᠪᠠ

2024 ᠣᠨ ᠤ᠋ 12 ᠰᠠᠷ᠎ᠠ ᠢ᠋ᠢᠨ ᠰᠡᠭᠦᠯᠴᠢ ᠪᠣᠯᠲᠠᠯ᠎ᠠ᠂ 《ᠣᠷᠳᠣᠰ ᠬᠣᠲᠠ ᠢ᠋ᠢᠨ ᠠᠵᠤ ᠠᠬᠤᠢᠯᠠᠯᠲᠠᠨ ᠬᠢᠭᠡᠳ ᠱᠢᠨᠵᠢᠯᠡᠬᠦ᠌ ᠤᠬᠠᠭᠠᠨᠲᠠᠨ ᠤ᠋ ᠬᠠᠮᠳᠤᠷᠠᠯᠴᠠᠬᠤ ᠠᠵᠢᠯᠯᠠᠭ᠎ᠠ ᠢ᠋ᠢᠨ ᠠᠵᠢᠯ ᠤ᠋ᠨ ᠲᠥᠰᠦᠯ 》 ᠎ᠢ᠋ ᠬᠡᠷᠡᠭ᠌ᠵᠢᠭᠦᠯᠦᠭ᠌ᠰᠡᠨ᠎ᠡᠴᠡ  ᠨᠠᠭᠠᠰᠢ ᠂   ᠪᠥᠬᠥ᠌   ᠬᠣᠲᠠ   ᠠᠵᠤ  ᠠᠬᠤᠢᠯᠠᠯᠲᠠᠨ ᠬᠢᠭᠡᠳ ᠱᠢᠨᠵᠢᠯᠡᠬᠦ᠌ ᠤᠬᠠᠭᠠᠨᠲᠠᠨ 《 ᠭᠠᠷ ᠬᠤᠯᠪᠤᠯᠴᠠᠬᠤ》 ᠠᠵᠢᠯᠯᠠᠭ᠎ᠠ᠎ᠶ᠋ᠢ  90 ᠤᠳᠠᠭ᠎ᠠ ᠥᠷᠨᠢᠭᠦᠯᠵᠦ᠍᠂ ᠠᠩᠬ᠎ᠠ ᠠᠯᠬᠤᠮ ᠤ᠋ᠨ ᠬᠠᠮᠲᠤᠷᠠᠯᠴᠠᠭᠠᠨ ᠤ᠋ 80 ᠵᠦᠶ᠋ᠯ ᠤ᠋ᠨ ᠰᠠᠨᠠᠮᠵᠢ ᠲᠣᠭ᠍ᠲᠠᠵᠤ᠂ ᠨᠢᠭᠡᠨᠲᠡ 114 ᠬᠠᠮᠲᠤᠷᠠᠯᠴᠠᠭᠠᠨ ᠤ᠋ ᠲᠥᠷᠥᠯ ᠵᠦᠶ᠋ᠯ᠎ᠢ ᠥᠷᠨᠢᠭᠦᠯᠵᠦ᠍᠂ ᠲᠥᠷᠥᠯ ᠵᠦᠶ᠋ᠯ ᠤ᠋ᠨ ᠪᠡᠯᠡ ᠣᠷᠣᠭᠤᠯᠤᠯᠲᠠ ᠢ᠋ᠢᠨ ᠶᠡᠷᠦᠩᠬᠡᠶ ᠵᠣᠭᠣᠰ ᠤ᠋ᠨ ᠲᠣᠭ᠎ᠠ 9 ᠳ᠋ᠦᠩᠱᠢᠭᠤᠷ ᠲᠥᠭᠥᠷᠢᠭ᠎ᠢ ᠳᠠᠪᠠᠵᠤ᠂ ᠠᠵᠤ ᠠᠬᠤᠢᠯᠠᠯ ᠬᠢᠭᠡᠳ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠢ᠋ᠢᠨ ᠬᠠᠮᠲᠤᠷᠠᠯᠴᠠᠨ ᠬᠥᠭ᠌ᠵᠢᠬᠦ᠌ ᠱᠢᠨ᠎ᠡ ᠵᠠᠮ᠎ᠢ ᠨᠡᠭᠡᠭᠡᠪᠡ᠃ ᠴᠢᠳᠠᠪᠤᠷᠢᠲᠠᠨ᠎ᠢ ᠲᠠᠲᠠᠬᠤ᠂ ᠦᠯᠡᠳᠡᠭᠡᠬᠦ᠌᠎ᠳ᠋ᠤ᠌ ᠵᠠᠩᠭᠢᠯᠠᠭ᠎ᠠ ᠨᠢ ᠰᠠᠷᠠᠭᠤᠯ ᠢᠷᠡᠭᠡᠳᠦᠶ᠎ᠲᠡᠶ ᠲᠠᠪᠴᠠᠩ᠎ᠢ ᠪᠠᠢᠭᠤᠯᠬᠤ ᠶᠠᠪᠤᠳᠠᠯ ᠪᠣᠯᠤᠨ᠎ᠠ᠃ ᠣᠷᠳᠣᠰ ᠬᠣᠲᠠ ᠡᠬᠢ ᠪᠠᠶᠠᠯᠢᠭ ᠪᠤᠯᠤᠨ ᠠᠵᠤ ᠦᠶ᠋ᠯᠡᠰ ᠤ᠋ᠨ ᠳᠠᠪᠠᠭᠤᠯᠢᠭ᠎ᠢᠶᠠᠨ ᠪᠠᠳᠠᠷᠠᠭᠤᠯᠵᠤ᠂ ᠴᠢᠳᠠᠪᠤᠷᠢᠲᠠᠨ ᠤ᠋ ᠬᠡᠯᠬᠢᠶ᠎ᠡ ᠪᠠ ᠱᠢᠨ᠎ᠡ᠎ᠶ᠋ᠢ ᠡᠭᠦᠳᠬᠦ᠌ ᠬᠡᠯᠬᠢᠶ᠎ᠡ᠂ ᠠᠵᠤ ᠦᠶ᠋ᠯᠡᠰ ᠤ᠋ᠨ ᠬᠡᠯᠬᠢᠶ᠎ᠡ ᠢ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠬᠠᠮᠢᠶ᠎ᠠ ᠪᠥᠬᠥᠶ ᠬᠦᠷᠢᠶᠡᠨ᠎ᠦ ᠴᠢᠳᠠᠪᠤᠷᠢᠲᠠᠨ ᠤ᠋ ᠦᠶ᠋ᠯᠡᠳᠦᠯ᠎ᠢᠶᠡᠨ ᠪᠠᠳᠠᠷᠠᠭᠤᠯᠬᠤ ᠳ᠋ᠤ᠌ ᠠᠵᠠ ᠲᠣᠬᠢᠶᠠᠯ ᠬᠠᠩᠭᠠᠪᠠ᠃

ᠣᠷᠳᠣᠰ ᠤ᠋ᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠢ᠋ᠢᠨ ᠣᠷᠣᠨ ᠵᠡᠷᠭᠡ ᠴᠢᠬᠤᠯᠠ ᠶᠡᠬᠡ ᠠᠴᠢᠶᠠᠯᠠᠪᠤᠷᠢ᠎ᠶ᠋ᠢ ᠥᠨᠳᠥᠷ ᠪᠠᠷᠢᠮᠵᠢᠶ᠎ᠠ ᠪᠡᠷ ᠪᠥᠲᠥᠭᠡᠨ ᠪᠠᠢᠭᠤᠯᠵᠤ᠂ ᠴᠢᠩᠬᠤᠸᠠ ᠶᠡᠬᠡ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ ᠵᠡᠷᠭᠡ ᠭᠤᠤᠯᠳᠠᠯᠭ᠎ᠠ᠎ᠲᠠᠶ ᠳᠡᠭᠡᠳᠦ ᠰᠤᠷᠭᠠᠭᠤᠯᠢ ᠯᠤᠭ᠎ᠠ ᠬᠠᠮᠳᠤᠷᠠᠯᠴᠠᠵᠤ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠢ᠋ᠢ 13 ᠪᠠᠢᠭᠤᠯᠵᠤ᠂ ᠠᠺᠠᠳᠧᠮᠢᠴᠢ ᠲᠤᠰᠭᠠᠶ ᠮᠡᠷᠭᠡᠵᠢᠯᠲᠡᠨ᠎ᠦ ᠠᠵᠢᠯ ᠤ᠋ᠨ ᠥᠷᠲᠡᠭᠡ 13᠂ ᠫᠤᠰᠲ ᠳ᠋ᠣᠺᠲ᠋ᠣᠷ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠠᠵᠢᠯ ᠤ᠋ᠨ ᠥᠷᠲᠡᠭᠡ 13᠂ ᠤᠯᠤᠰ ᠤ᠋ᠨ ᠲᠠᠰ ᠤ᠋ᠨ ᠤᠷ᠎ᠡ ᠮᠡᠷᠭᠡᠵᠢᠯ ᠤ᠋ᠨ ᠴᠢᠳᠠᠪᠤᠷᠢᠳᠠᠨ ᠤ᠋ ᠠᠵᠢᠯ ᠤ᠋ᠨ ᠲᠠᠰᠤᠭ 10᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠠᠵᠤ ᠠᠬᠤᠢᠯᠠᠯ ᠤ᠋ᠨ ᠰᠤᠳᠤᠯᠤᠨ ᠨᠡᠭᠡᠭᠡᠬᠦ᠌ ᠲᠥᠪ 57 ᠎ᠶ᠋ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠲᠠᠰ᠎ᠠᠴᠠ ᠳᠡᠭᠡᠭ᠌ᠰᠢᠬᠢ ᠴᠢᠳᠠᠪᠤᠷᠢᠲᠠᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ᠎ᠶ᠋ᠢ ᠡᠭᠦᠳᠬᠦ᠌ ᠲᠠᠪᠴᠠᠩ 273 ᠎ᠶ᠋ᠢ ᠪᠠᠢᠭᠤᠯᠵᠤ᠂ ᠣᠷᠣᠢᠯᠠᠭ᠍ᠰᠠᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠴᠦᠨ᠎ᠢ ᠲᠦᠷᠭᠡᠳᠭᠡᠨ ᠨᠢᠭᠳᠠᠷᠠᠭᠤᠯᠪᠠ᠃

ᠠᠮᠢ ᠠᠬᠤᠢ ᠪᠡᠷ ᠴᠢᠳᠠᠪᠤᠷᠢᠲᠠᠨ᠎ᠢ ᠲᠤᠯᠠᠭᠠᠴᠠᠭᠤᠯᠵᠤ ᠤᠢ᠍ᠢᠷ᠎ᠠ ᠳᠣᠲᠣᠨᠣ ᠬᠠᠯᠠᠭᠤᠨ ᠳᠤᠯᠠᠭᠠᠨ ᠭᠡᠷ ᠣᠷᠣᠨ᠎ᠢ ᠪᠠᠢᠭᠤᠯᠪᠠ

ᠣᠷᠳᠣᠰ ᠬᠣᠲᠠ ᠬᠠᠮᠤᠭ ᠤ᠋ᠨ ᠱᠢᠯᠢᠳᠡᠭ ᠣᠷᠴᠢᠨ ᠲᠣᠭᠣᠷᠢᠨ᠂  ᠬᠠᠮᠤᠭ ᠤ᠋ᠨ ᠦᠨᠡᠨᠴᠢ ᠰᠡᠳᠭᠢᠯ᠎ᠢᠶᠡᠷ ᠴᠢᠳᠠᠪᠤᠷᠢᠲᠠᠨ᠎ᠢ ᠴᠤᠭ᠍ᠯᠠᠭᠤᠯᠵᠤ᠂ ᠬᠣᠱᠢᠭᠤ ᠲᠣᠭᠣᠷᠢᠭ᠂  ᠬᠦᠷᠢᠶᠡᠯᠡᠩ ᠲᠣᠭᠣᠷᠢᠭ ᠤ᠋ᠨ ᠴᠢᠳᠠᠪᠤᠷᠢᠲᠠᠨ ᠤ᠋ ᠦᠶ᠋ᠯᠡᠴᠢᠯᠡᠭᠡᠨ᠎ᠦ ᠲᠠᠪᠴᠠᠩ ᠤ᠋ᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ ᠪᠡᠷ ᠠᠬᠢᠭᠤᠯᠵᠤ᠂ 《ᠨᠢᠭᠡ ᠲᠥᠪ ᠬᠣᠶᠠᠷ ᠬᠦᠷᠢᠶᠡᠯᠡᠩ ᠨᠠᠶ᠋ᠮᠠᠨ ᠰᠠᠭᠤᠷᠢᠨ》 ᠤ᠋ ᠴᠢᠳᠠᠪᠤᠷᠢᠲᠠᠨ ᠤ᠋ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠵᠤ᠂ ᠨᠢᠭᠡᠨᠲᠡ ᠪᠡᠯᠡ ᠣᠷᠣᠭᠤᠯᠤᠯᠲᠠ ᠢ᠋ᠢᠨ ᠣᠷᠣᠨ ᠪᠦᠰᠡ ᠢ᠋ᠢᠨ ᠪᠠᠷᠢᠮᠵᠢᠶ᠎ᠠ ᠪᠡᠷ ᠬᠠᠮᠤᠭ ᠤ᠋ᠨ ᠥᠨᠳᠥᠷ᠂ ᠴᠢᠳᠠᠮᠵᠢ ᠪᠡᠷ ᠬᠠᠮᠤᠭ ᠤ᠋ᠨ ᠪᠦᠷᠢᠨ ᠲᠡᠭᠦᠯᠳᠡᠷ ᠣᠷᠳᠣᠰ ᠤ᠋ᠨ  ᠴᠢᠳᠠᠪᠤᠷᠢᠲᠠᠨ ᠤ᠋  ᠱᠢᠨᠵᠢᠯᠡᠬᠦ᠌  ᠤᠬᠠᠭᠠᠨ ᠲᠧᠭ᠌ᠨᠢᠭ  ᠮᠡᠷᠭᠡᠵᠢᠯ ᠤ᠋ᠨ ᠱᠢᠨ᠎ᠡ᠎ᠶ᠋ᠢ ᠡᠭᠦᠳᠬᠦ᠌ ᠲᠥᠪ᠎ᠢ  ᠪᠠᠢᠭᠤᠯᠪᠠ᠃

ᠣᠷᠳᠣᠰ ᠬᠣᠲᠠ ᠴᠢᠳᠠᠪᠤᠷᠢᠲᠠᠨ ᠤ᠋ ᠣᠷᠣᠨ ᠰᠠᠭᠤᠴᠠ᠂ ᠬᠠᠨᠢ ᠨᠥᠬᠥᠷ᠎ᠢᠶᠡᠨ ᠲᠥᠪᠬᠢᠨᠡᠭᠦᠯᠬᠦ᠌᠂ ᠦᠷ᠎ᠡ ᠬᠡᠦᠬᠡᠳ᠎ᠢᠶᠡᠨ ᠰᠤᠷᠭᠠᠨ ᠬᠥᠮᠦᠵᠢᠭᠦᠯᠬᠦ᠌  ᠵᠡᠷᠭᠡ ᠶᠠᠪᠤᠳᠡᠯ ᠢ᠋ ᠰᠡᠳᠭᠢᠯ ᠳᠡᠯᠪᠢᠨ ᠱᠢᠶ᠋ᠳᠪᠦᠷᠢᠯᠡᠵᠦ᠍᠂《ᠴᠢᠳᠠᠪᠤᠷᠢᠲᠠᠨ᠎ᠢ ᠳᠤᠯᠠᠭᠠᠴᠠᠭᠤᠯᠬᠤ ᠣᠷᠣᠨ ᠲᠣᠭ᠎ᠠ》᠂ 《ᠴᠢᠳᠠᠪᠤᠷᠢᠲᠠᠨ᠎ᠢ ᠳᠤᠯᠠᠭᠠᠴᠠᠭᠤᠯᠬᠤ ᠨᠥᠬᠥᠪᠥᠷᠢ ᠮᠥᠩᠭᠥ᠌》 ᠪᠠ 《ᠴᠢᠳᠠᠪᠤᠷᠢᠲᠠᠨ᠎ᠢ ᠳᠤᠯᠠᠭᠠᠴᠠᠭᠤᠯᠬᠤ ᠡᠷᠳᠡᠮ ᠤ᠋ᠨ ᠴᠣᠯᠠ ᠢ᠋ᠢᠨ ᠴᠦᠬᠦᠷᠦᠮ》 ᠪᠠᠢᠭᠤᠯᠬᠤ᠎ᠶ᠋ᠢ ᠠᠬᠢᠭᠤᠯᠵᠤ᠂ ᠣᠢᠷ᠎ᠠ ᠢ᠋ᠢᠨ 5 ᠵᠢᠯ᠎ᠳᠦ ᠴᠢᠳᠠᠪᠤᠷᠢᠲᠠᠨ ᠤ᠋ ᠱᠠᠩᠨᠠᠯ ᠨᠥᠬᠥᠪᠥᠷᠢ ᠢ᠋ᠢᠨ ᠪᠠᠯᠠ ᠮᠥᠩᠭᠥ᠎ᠶ᠋ᠢ  ᠨᠡᠢᠲᠡ 4 ᠳ᠋ᠦᠩᠱᠢᠭᠤᠷ ᠲᠥᠭᠥᠷᠢᠭ ᠣᠯᠭᠣᠪᠠ᠃《ᠳᠤᠯᠠᠭᠠᠨ ᠬᠣᠲᠠ ᠢ᠋ᠢᠨ ᠬᠤᠪᠢ ᠨᠡᠮᠡᠷᠢ ᠢ᠋ᠢᠨ ᠱᠠᠩᠨᠠᠯ》᠎ᠢ᠋ ᠪᠠᠢᠭᠤᠯᠵᠤ᠂ ᠲᠣᠭᠠᠴᠢᠯᠠᠭ᠍ᠰᠠᠨ ᠴᠢᠳᠠᠪᠤᠷᠢᠲᠠᠨ ᠤ᠋ ᠣᠶᠤᠨᠴᠢ ᠦᠶ᠋ᠯᠡᠴᠢᠯᠡᠭᠡᠨ᠎ᠦ ᠲᠠᠪᠴᠠᠩ ᠪᠠ 《ᠠᠵᠤ ᠦᠶ᠋ᠯᠡᠰ ᠤ᠋ᠨ ᠴᠢᠳᠠᠪᠤᠷᠢᠲᠠᠨ ᠤ᠋ ᠡᠭᠦᠯᠡᠨ ᠪᠤᠳᠤᠯᠲᠠ》 ᠎ᠶ᠋ᠢ ᠠᠰᠢᠭᠯᠠᠯᠳᠡ ᠳ᠋ᠤ᠌ ᠣᠷᠣᠭᠤᠯᠤᠨ ᠠᠵᠢᠯᠯᠠᠭᠤᠯᠵᠤ᠂ 《ᠴᠢᠳᠠᠪᠤᠷᠢᠲᠠᠨ ᠤ᠋ ᠠᠭᠤᠯᠵᠠᠯᠲᠠ ᠢ᠋ᠢᠨ ᠲᠢᠩᠬᠢᠮ》᠂ 《ᠴᠢᠳᠠᠪᠤᠷᠢᠲᠠᠨ ᠤ᠋ ᠴᠡᠴᠡᠷᠯᠢᠭ》 ᠪᠠ ᠴᠢᠳᠠᠪᠤᠷᠢᠲᠠᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ᠎ᠶ᠋ᠢ ᠡᠭᠦᠳᠬᠦ᠌ ᠬᠣᠩᠭᠢᠯ ᠵᠡᠷᠭᠡ ᠬᠣᠲᠠ ᠢ᠋ᠢᠨ ᠴᠢᠳᠠᠪᠤᠷᠢᠲᠠᠨ ᠤ᠋ ᠭᠠᠵᠠᠷ ᠣᠷᠣᠨ ᠤ᠋ ᠲᠡᠮᠳᠡᠭ ᠤ᠋ᠨ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ ᠣᠷᠳᠣᠰ ᠬᠣᠲᠠ᠎ᠶ᠋ᠢ ᠰᠣᠩᠭᠣᠭ᠍ᠰᠠᠨ ᠴᠢᠳᠠᠪᠤᠷᠢᠲᠠᠨ ᠨᠢᠭᠡᠪᠦᠷᠢ᠎ᠳᠦ ᠴᠥᠮ ᠬᠣᠲᠠ ᠢ᠋ᠢᠨ ᠬᠠᠷᠠᠭᠠᠯᠵᠠᠯ ᠪᠠ ᠬᠠᠢᠷ᠎ᠠ ᠬᠠᠯᠠᠮᠵᠢ᠎ᠶ᠋ᠢ ᠮᠡᠳᠡᠷᠡᠭᠦᠯᠵᠡᠢ᠃

《ᠤᠷᠳᠤᠰ᠎ᠲᠤ ᠡᠯᠪᠡᠭ ᠪᠠᠶᠠᠯᠢᠭ  ᠤᠳᠤ  ᠦᠶ᠎ᠡ ᠢ᠋ᠢᠨ ᠠᠵᠤ ᠦᠢᠯᠡᠳᠪᠦᠷᠢ ᠢ᠋ᠢᠨ ᠱᠢᠰᠲᠸᠮ ᠵᠡᠷᠭᠡ ᠬᠡᠷᠡᠭ᠌ᠯᠡᠭᠡᠨ᠎ᠦ ᠦᠵᠡᠭ᠌ᠳᠡᠯ᠎ᠲᠡᠶ᠂ ᠪᠢᠳᠡ ᠦᠨᠡᠨ ᠰᠡᠳᠭᠢᠯ᠎ᠡᠴᠡ᠎ᠪᠡᠨ  ᠦᠨᠡᠨ ᠬᠦ᠌ ᠠᠳᠭᠤᠵᠤ ᠪᠣᠳᠠᠲᠠᠢ ᠠᠵᠢᠯᠯᠠᠵᠤ᠂ ᠦᠨᠡᠨ ᠪᠣᠳᠠᠲᠠᠢ ᠪᠡᠯᠡ ᠮᠥᠩᠭᠥ᠎ᠪᠡᠷ ᠡᠯ᠎ᠡ ᠲᠦᠷᠦᠯ ᠤ᠋ᠨ ᠴᠢᠳᠠᠪᠤᠷᠢᠲᠠᠨ᠎ᠢ ᠳᠠᠢ᠌ᠴᠢᠯᠠᠵᠤ᠂ ᠲᠦᠷᠦ᠍ ᠢ᠋ᠢᠨ ᠪᠤᠳᠤᠯᠭ᠎ᠠ ᠢ᠋ᠢᠨ ᠳᠠᠪᠠᠭᠤᠯᠢᠭ᠎ᠢᠶᠠᠨ ᠴᠢᠳᠠᠪᠤᠷᠢᠲᠠᠨ ᠴᠤᠭ᠍ᠯᠠᠷᠠᠭ᠍ᠰᠠᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠡᠩ ᠨᠠᠷᠢᠯᠢᠭ ᠬᠤᠳᠠ ᠢ᠋ᠢᠨ ᠬᠠᠮᠢᠶᠠᠷᠤᠯᠲᠠ᠂ ᠨᠡᠩ ᠴᠢᠨᠠᠷ ᠰᠠᠢᠲᠠᠢ ᠣᠷᠣᠨ ᠰᠠᠭᠤᠴᠠ ᠢ᠋ᠢᠨ ᠣᠷᠴᠢᠨ ᠲᠣᠭᠣᠷᠢᠨ᠂ ᠨᠡᠩ ᠳᠥᠭᠥᠮ ᠳᠥᠲᠡ ᠠᠮᠢᠳᠤᠷᠠᠯ ᠤ᠋ᠨ ᠢᠵᠢ ᠪᠦᠷᠢᠳᠦᠭ᠌ᠰᠡᠨ ᠪᠠᠢᠳᠠᠯ᠎ᠢᠶᠠᠷ ᠥᠪᠡᠷᠮᠢᠴᠡ ᠣᠨᠴᠠᠯᠢᠭ᠎ᠲᠠᠶ᠂ ᠣᠷᠣᠱᠢᠨ ᠰᠠᠭᠤᠷᠢᠰᠢᠬᠤ ᠳ᠋ᠤ᠌ ᠲᠤᠬᠢᠳᠠᠢ ᠦᠢᠯᠡᠰ ᠪᠤᠰᠭᠠᠬᠤ ᠳ᠋ᠤ᠌ ᠲᠣᠬᠢᠷᠠᠮᠵᠢᠲᠠᠢ ᠴᠢᠳᠠᠪᠤᠷᠢᠲᠠᠨ᠎ᠢ ᠮᠠᠨᠳᠤᠭᠤᠯᠬᠤ ᠠᠮᠢ ᠠᠬᠤᠢ᠎ᠶ᠋ᠢ ᠴᠣᠭ᠍ᠴᠠᠯᠠᠵᠤ᠂ ᠤᠷᠳᠤᠰ᠎ᠢ ᠡᠯ᠎ᠡ ᠲᠦᠷᠦᠯ ᠤ᠋ᠨ ᠴᠢᠳᠠᠪᠤᠷᠢᠲᠠᠨ ᠤ᠋ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ ᠨᠤᠲᠤᠭ ᠪᠤᠯᠭᠠᠨ᠎ᠠ》ᠭᠡᠵᠦ᠍ ᠣᠷᠳᠣᠰ ᠬᠣᠲᠠ ᠢ᠋ᠢᠨ ᠨᠠᠮ ᠤ᠋ᠨ ᠬᠤᠷᠢᠶ᠎ᠡ ᠢ᠋ᠢᠨ ᠪᠠᠢᠩᠭᠤ ᠢ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ ᠤ᠋ᠨ ᠳᠠᠷᠤᠭ᠎ᠠ ᠭᠤᠤ ᠸᠸᠨ ᠾᠧ ᠬᠡᠯᠡᠵᠤ ᠪᠠᠢᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号