ᠬᠠᠲᠤᠨ ᠭᠤᠤᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠤᠨ ᠬᠡᠰᠡᠭ᠂ ᠰᠦᠷᠯᠢᠭ ᠰᠠᠢᠬᠠᠨ 《ᠶᠡᠬᠡ ᠲᠤᠬᠤᠢ ᠤᠷᠤᠨ》 ᠤ᠋ ᠲᠠᠯ᠎ᠠ ᠭᠠᠵᠠᠷ᠂ ᠡᠯᠡᠰᠦ᠂ ᠳᠣᠪᠣ᠂ ᠨᠠᠭᠤᠷ ᠪᠦᠷᠢᠳᠦ ᠵᠡᠷᠭᠡ ᠣᠯᠠᠨ ᠵᠦᠶ᠋ᠯ᠎ᠦᠨ ᠭᠠᠵᠠᠷ᠎ᠤᠨ ᠪᠠᠢᠴᠠ ᠨᠢ ᠰᠦᠷᠯᠢᠭ ᠰᠠᠢᠬᠠᠨ ᠤᠮᠠᠷᠠᠲᠤ ᠬᠢᠯᠢ᠎ᠶ᠋ᠢᠨ ᠣᠷᠳᠣ ᠬᠠᠭᠤᠳᠠᠰᠤ᠎ᠶ᠋ᠢ ᠵᠢᠷᠤᠭ᠍ᠯᠠᠨ᠎ᠠ᠃
ᠬᠠᠲᠤᠨ ᠭᠤᠤᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠪᠥᠬᠥ᠌ ᠣᠷᠳᠣᠨ᠎ᠢ 843.5 ᠺᠢᠯᠣᠮᠧᠲ᠋ᠷ ᠪᠠᠢᠵᠤ᠂ ᠪᠠᠷᠤᠭ ᠬᠠᠲᠤᠨ ᠭᠤᠤᠯ᠎ᠤᠨ ᠪᠥᠬᠥ᠌ ᠣᠷᠳᠣ᠎ᠶ᠋ᠢᠨ ᠵᠢᠷᠭᠤᠭᠠᠨ᠎ᠤ ᠨᠢᠭᠡ ᠬᠤᠪᠢ᠎ᠶ᠋ᠢ ᠡᠵᠡᠯᠡᠵᠦ᠍᠂ ᠰᠠᠪᠠ ᠭᠠᠵᠠᠷ᠎ᠤᠨ ᠲᠠᠯᠠᠪᠠᠶ᠎ᠨᠢ 15.19 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠪᠤᠯᠤᠨ᠎ᠠ᠃ ᠥᠪᠥᠷ ᠮᠣᠩᠭᠣᠯ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠣᠷᠣᠨ ᠪᠠᠢᠷᠢ᠎ᠨᠢ ᠥᠪᠡᠷᠮᠢᠴᠡ᠂ ᠲᠠᠯᠠᠪᠠᠶ᠎ᠨᠢ ᠥᠷᠭᠡᠨ ᠠᠭᠤᠳᠠᠮ ᠪᠠᠢᠵᠤ᠂ ᠠᠯᠠᠱᠠ᠂ ᠦᠬᠠᠶ᠂ ᠪᠠᠶᠠᠨᠨᠠᠭᠤᠷ᠂ ᠣᠷᠳᠣᠰ᠂ ᠪᠤᠭᠤᠲᠤ᠂ ᠬᠥᠬᠡᠬᠣᠲᠠ ᠪᠠ ᠤᠯᠠᠭᠠᠨᠴᠠᠪ ᠵᠡᠷᠭᠡ 7 ᠠᠢᠮᠠᠭ ᠬᠣᠲᠠ᠎ᠶ᠋ᠢ ᠬᠠᠮᠤᠷᠤᠬᠰᠠᠨ ᠪᠠᠢᠳᠠᠭ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ ᠥᠪᠥᠷ ᠮᠣᠩᠭᠣᠯ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠬᠦᠨᠳᠦ ᠡᠭᠦᠷᠭᠡ᠎ᠶ᠋ᠢ ᠦᠨᠡᠨ ᠬᠦ᠌ ᠡᠭᠦᠷᠭᠡᠯᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠣᠷᠭᠢᠯᠣᠨ ᠪᠠᠳᠠᠷᠠᠪᠠ᠃
《ᠠᠷᠪᠠᠨ ᠶᠡᠬᠡ ᠬᠥᠨᠳᠡᠶ》 ᠶ᠋ᠢᠨ ᠶᠡᠷᠦᠩᠭᠡᠢᠯᠡᠭᠰᠡᠨ ᠵᠠᠰᠠᠯᠳᠠ᠎ᠨᠢ ᠬᠠᠲᠤᠨ ᠭᠤᠤᠯ᠎ᠳᠤ ᠤᠷᠤᠰ᠎ᠤᠨ ᠣᠷᠣᠬᠤ ᠡᠯᠡᠰᠦᠨ᠎ᠤ ᠬᠡᠮᠵᠢᠶ᠎ᠡ᠎ᠶ᠋ᠢ ᠶᠡᠬᠡᠪᠡᠷ ᠪᠠᠭᠤᠷᠠᠭᠤᠯᠪᠠ
ᠨᠠᠮᠤᠷ᠎ᠤᠨ ᠠᠭᠤᠷ ᠠᠮᠢᠰᠭᠤᠯ ᠰᠡᠷᠢᠭᠦᠨ ᠲᠠᠭᠠᠯᠠᠮᠵᠢᠲᠠᠶ ᠪᠠᠢᠵᠤ᠂ ᠳᠡᠭᠡᠷ᠎ᠡ᠎ᠡᠴᠡ ᠦᠨᠭᠭᠡᠢᠨ ᠬᠠᠷᠠᠬᠤ᠎ᠳᠤ ᠣᠷᠳᠣᠰ ᠬᠣᠲᠠ᠎ᠶ᠋ᠢᠨ ᠳᠠᠯᠠᠳ ᠬᠣᠱᠢᠭᠤᠨ᠎ᠤ ᠬᠢᠯᠢ ᠳᠣᠲᠣᠷᠠᠬᠢ ᠬᠠᠲᠤᠨ ᠭᠤᠤᠯ᠎ᠤᠨ 《ᠠᠷᠪᠠᠨ ᠶᠡᠬᠡ ᠬᠥᠨᠳᠡᠶ》 ᠶ᠋ᠢᠨ ᠨᠢᠭᠡ ᠪᠤᠯᠬᠤ ᠬᠥᠪᠴᠢ᠎ᠶ᠋ᠢᠨ ᠡᠯᠡᠰᠦ᠎ᠪᠡᠷ ᠤᠷᠤᠰ᠎ᠤᠨ ᠥᠩᠭᠡᠷᠡᠬᠦ᠌ ᠬᠠᠷᠠᠢ ᠭᠤᠤ ᠬᠥᠨᠳᠡᠢ᠎ᠶ᠋ᠢᠨ ᠵᠠᠰᠠᠯᠲᠠ ᠢᠯᠡᠳᠲᠡ ᠦᠷ᠎ᠡ ᠪᠦᠲᠦᠮᠵᠢ ᠤᠯᠵᠠᠢ᠄ ᠬᠠᠷᠠᠢ ᠭᠤᠤ ᠬᠥᠨᠳᠡᠢ ᠵᠢᠨ ᠬᠣᠶᠠᠷ ᠡᠷᠭᠢ᠎ᠵᠢᠨ ᠨᠠᠯᠠᠤ᠎ᠡᠴᠡ ᠭᠠᠳᠠᠭ᠍ᠰᠢ 300 ᠮᠧᠲ᠋ᠷ᠎ᠡᠴᠡ 500 ᠮᠧᠲ᠋ᠷ᠎ᠦᠨ ᠨᠡᠭᠦᠳᠡᠯ ᠡᠯᠡᠰᠦᠷᠬᠡᠭ ᠭᠠᠵᠠᠷ ᠳᠡᠭᠡᠷ᠎ᠡ ᠲᠣᠣᠷᠯᠢᠭ ᠬᠡᠯᠪᠡᠷᠢ᠎ᠶ᠋ᠢᠨ ᠡᠯᠡᠰᠦᠨ ᠪᠤᠷᠭᠠᠰᠤ ᠡᠯᠡᠰᠦᠨ ᠬᠠᠯᠬᠠᠪᠴᠢ ᠬᠦᠨᠳᠡᠢ ᠵᠢᠨ ᠬᠣᠶᠠᠷ ᠡᠷᠭᠢ᠎ᠶ᠋ᠢᠨ ᠨᠡᠭᠦᠳᠡᠯ ᠡᠯᠡᠰᠦ᠎ᠶ᠋ᠢ ᠲᠣᠭ᠍ᠲᠠᠪᠤᠷᠢᠵᠢᠭᠤᠯᠵᠤ᠂ ᠡᠯᠡᠰᠦᠨ ᠳᠣᠪᠣᠴᠠᠭ᠎ᠤᠨ ᠱᠢᠯᠵᠢᠬᠦ᠌ ᠬᠤᠷᠳᠤᠴᠠ ᠪᠠ ᠬᠠᠷᠠᠢ ᠭᠤᠤ ᠬᠥᠨᠳᠡᠶ ᠳᠦ ᠣᠷᠣᠬᠤ ᠡᠯᠡᠰᠦᠨ᠎ᠤ ᠬᠡᠮᠵᠢᠶ᠎ᠡ᠎ᠶ᠋ᠢ ᠬᠣᠷᠢᠭ᠍ᠯᠠᠪᠠ; ᠬᠣᠶᠠᠷ ᠡᠷᠭᠢ᠎ᠵᠢᠨ ᠤᠳᠠ᠂ ᠡᠯᠡᠰᠦᠨ ᠪᠤᠷᠭᠠᠰᠤ᠂ ᠴᠠᠭᠠᠨ ᠬᠠᠢᠯᠠᠰᠤ᠂ ᠤᠯᠢᠶᠠᠰᠤ ᠵᠡᠷᠭᠡ ᠭᠠᠩ᠎ᠳᠤ ᠲᠡᠰᠪᠦᠷᠢᠲᠡᠶ ᠮᠣᠳᠣᠳ᠎ᠢᠶᠠᠷ ᠪᠦᠷᠢᠯᠳᠦᠭ᠌ᠰᠡᠨ ᠬᠠᠯᠬᠠᠪᠴᠢ ᠣᠶ᠎ᠶ᠋ᠢᠨ ᠪᠦᠰᠡ ᠬᠦᠬᠡᠷᠡᠨ ᠨᠣᠭᠣᠭᠠᠷᠠᠵᠦ᠂ ᠰᠠᠪᠠ ᠭᠠᠵᠠᠷ᠎ᠤᠨ ᠦᠵᠡᠮᠵᠢᠳᠦ ᠥᠩᠭᠡ ᠪᠤᠳᠤᠭ ᠨᠡᠮᠡᠷᠢᠯᠡᠬᠦ᠌᠎ᠶ᠋ᠢᠨ ᠲᠥᠯᠥᠭᠡ ᠪᠠᠰᠠ ᠣᠨᠴᠠᠭᠠᠢᠯᠠᠨ ᠪᠠᠭ᠎ᠠ ᠬᠡᠮᠵᠢᠶᠡᠨ᠎ᠦ ᠱᠢᠨᠵᠢᠶᠠᠩ᠎ᠤᠨ ᠲᠤᠤᠷᠠᠶ ᠤᠯᠢᠶᠠᠰᠤ᠎ᠶ᠋ᠢ ᠣᠷᠣᠭᠤᠯᠤᠨ ᠠᠪᠴᠢᠷᠠᠭ᠍ᠰᠠᠨ ᠪᠠᠢᠨ᠎ᠠ᠃
《ᠠᠷᠪᠠᠨ ᠶᠡᠬᠡ ᠬᠥᠨᠳᠡᠶ》 ᠭᠡᠳᠡᠭ ᠨᠢ ᠤᠯᠠᠷᠢᠯ᠎ᠤᠨ ᠴᠢᠨᠠᠷᠲᠠᠶ 10 ᠵᠤᠷᠪᠤᠰ ᠠᠭᠤᠯᠠᠨ ᠦᠶᠡᠷ᠎ᠦᠨ ᠭᠤᠤ ᠵᠢ ᠵᠢᠭᠠᠨ᠎ᠠ᠂ ᠴᠥᠮ ᠬᠠᠲᠤᠨ ᠭᠤᠤᠯ᠎ᠤᠨ ᠨᠢᠭᠡᠳᠦᠭᠡᠷ ᠳᠡᠰ᠎ᠤᠨ ᠰᠠᠯᠪᠤᠷᠢ ᠤᠷᠤᠰᠭᠠᠯ ᠪᠠᠢᠵᠦ᠂ ᠥᠩᠭᠡᠷᠡᠭ᠌ᠰᠡᠨ ᠣᠯᠠᠨ ᠵᠢᠯ᠎ᠳᠦ ᠬᠠᠲᠤᠨ ᠭᠤᠤᠯ ᠤᠷᠤᠭᠤ ᠡᠯᠡᠰᠦ ᠶᠡᠭᠦᠯᠡᠵᠦ᠍᠂ ᠬᠠᠲᠤᠨ ᠭᠤᠤᠯ᠎ᠤᠨ ᠠᠮᠤᠷ ᠲᠦᠪᠱᠢᠨ ᠵᠢᠴᠢ ᠵᠠᠮ ᠳᠠᠭᠠᠤ᠎ᠶ᠋ᠢᠨ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠬᠦᠨᠳᠦ ᠨᠣᠴᠢᠲᠠᠶ ᠰᠦᠷᠳᠡᠭᠦᠯᠵᠦ ᠪᠠᠢᠵᠠᠢ᠃
《ᠬᠠᠷᠠᠢ ᠭᠤᠤ ᠬᠥᠨᠳᠡᠢ᠎ᠵᠢᠨ ᠠᠮᠢ ᠠᠬᠤᠢ᠎ᠶ᠋ᠢ ᠶᠡᠷᠦᠩᠬᠡᠢᠯᠡᠨ ᠵᠠᠰᠠᠬᠤ ᠢᠨᠵᠧᠨᠧᠷᠢᠩ᠎ᠢ 2025 ᠣᠨ᠎ᠤ 4 ᠰᠠᠷ᠎ᠠ᠎ᠶ᠋ᠢᠨ 24 ᠤ᠋ ᠡᠳᠦᠷ ᠡᠬᠢᠯᠡᠭᠦᠯᠵᠦ᠍᠂ ᠪᠦᠬᠦᠢᠯᠡ ᠢᠨᠵᠧᠨᠧᠷᠢᠩ᠎ᠢ ᠭᠤᠷᠪᠠᠨ ᠬᠡᠰᠡᠭ ᠬᠤᠪᠢᠶᠠᠪᠠ᠃ ᠨᠢᠭᠡᠳᠦᠭᠡᠷ ᠬᠡᠰᠡᠭ᠎ᠨᠢ ᠡᠯᠡᠰᠦ᠎ᠶ᠋ᠢ ᠲᠣᠭ᠍ᠲᠠᠪᠤᠷᠢᠵᠢᠭᠤᠯᠬᠤ ᠢᠨᠵᠧᠨᠧᠷᠢᠩ ᠪᠣᠯᠤᠨ᠎ᠠ᠂ ᠬᠣᠶᠠᠳᠤᠭᠠᠷ ᠬᠡᠰᠡᠭ᠎ᠨᠢ ᠪᠣᠷᠣᠭᠠᠨ᠎ᠤ ᠤᠯᠠᠷᠢᠯ᠎ᠳᠤ ᠡᠪᠡᠰᠦ ᠳᠠᠷᠢᠨ᠎ᠠ᠂ ᠭᠤᠷᠪᠠᠳᠤᠭᠠᠷ ᠬᠡᠰᠡᠭ᠎ᠨᠢ ᠣᠢᠵᠢᠭᠤᠯᠤᠯᠲᠠ᠎ᠶ᠋ᠢᠨ ᠤᠯᠠᠷᠢᠯ᠎ᠳᠤ ᠲᠤᠷᠤᠭ ᠡᠪᠡᠰᠦ᠂ ᠪᠤᠲᠠᠯᠢᠭ ᠡᠪᠡᠰᠦ᠎ᠶ᠋ᠢ ᠣᠢᠵᠢᠭᠤᠯᠤᠨᠠ᠂ ᠢᠨᠵᠧᠨᠧᠷᠢᠩ᠎ᠢ 2025 ᠣᠨ᠎ᠤ 10 ᠰᠠᠷ᠎ᠠ᠎ᠶ᠋ᠢᠨ ᠰᠡᠭᠦᠯᠴᠢ᠎ᠪᠡᠷ ᠳᠠᠭᠤᠰᠭᠠᠬᠤ᠎ᠪᠠᠷ ᠲᠥᠯᠥᠪᠯᠡᠵᠦ᠍᠂ ᠬᠥᠪᠴᠢ᠎ᠶ᠋ᠢᠨ ᠡᠯᠡᠰᠦ᠎ᠶ᠋ᠢᠨ ᠪᠠᠷᠠᠭᠤᠨ᠎ᠡᠴᠡ ᠵᠡᠭᠦᠨᠰᠢ ᠳᠦᠷᠢᠬᠦ᠌ᠶ᠋ᠢ ᠪᠦᠲᠦᠮᠵᠢᠲᠡᠶ ᠬᠤᠷᠢᠭᠯᠠᠵᠦ᠍᠂ ᠬᠠᠷᠠᠢ ᠭᠤᠤ ᠬᠥᠨᠳᠡᠶ᠎ᠵᠢᠨ ᠬᠣᠶᠠᠷ ᠡᠷᠭᠢ ᠶ᠋ᠢᠨ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠰᠠᠢᠵᠢᠷᠠᠭᠤᠯᠬᠤ ᠪᠣᠯᠤᠨ᠎ᠠ》 ᠭᠡᠵᠦ᠍ ᠲᠠᠯᠠᠳ ᠬᠣᠱᠢᠭᠤᠨ᠎ᠤ ᠤᠢ ᠱᠢᠭᠤᠢ ᠪᠠ ᠨᠤᠲᠤᠭ ᠪᠡᠯᠴᠢᠭᠡᠷ᠎ᠦᠨ ᠦᠢᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠠᠯᠪᠠᠨ ᠭᠡᠷ᠎ᠦᠨ ᠡᠷᠬᠢᠯᠡᠭ᠌ᠴᠢ ᠶᠠᠩ ᠵᠢᠶᠠᠨ ᠯᠦᠩ ᠬᠡᠯᠡᠪᠡ᠃
《ᠠᠷᠪᠠᠨ ᠶᠡᠬᠡ ᠬᠥᠨᠳᠡᠶ》 ᠶ᠋ᠢ ᠶᠡᠷᠦᠩᠬᠡᠢᠯᠡᠨ ᠵᠠᠰᠠᠬᠤ ᠠᠵᠢᠯ ᠬᠠᠲᠤᠨ ᠭᠣᠣᠯ᠎ᠤᠨ ᠰᠠᠪᠠ ᠭᠠᠵᠠᠷ᠎ᠲᠤ ᠨᠣᠮᠢᠨ ᠨᠣᠭᠣᠭᠠᠨ ᠭᠠᠢᠬᠠᠮᠱᠢᠭ᠎ᠢ ᠳᠡᠯᠭᠡᠨ ᠦᠵᠡᠭᠦᠯᠦᠯᠠ᠄ ᠬᠠᠲᠤᠨ ᠭᠣᠣᠯ᠎ᠳᠤ ᠤᠷᠤᠰ᠎ᠤᠨ ᠣᠷᠣᠬᠤ ᠡᠯᠡᠰᠦᠨ᠎ᠤ ᠬᠡᠮᠵᠢᠶ᠎ᠡ ᠵᠢᠯ ᠳᠤᠮᠳᠠᠴᠢ᠎ᠪᠠᠷ 2700 ᠲᠦᠮᠡᠨ ᠲᠣᠨ ᠪᠠᠢᠭ᠍ᠰᠠᠨ᠎ᠡᠴᠡ᠎ᠪᠠᠨ 400 ᠲᠦᠮᠡᠨ ᠲᠣᠨ ᠪᠣᠯᠤᠨ ᠪᠠᠭᠤᠷᠠᠵᠤ᠂ ᠪᠠᠭᠤᠷᠠᠯᠲᠠ᠎ᠶ᠋ᠢᠨ ᠬᠡᠮᠵᠢᠶ᠎ᠡ ᠨᠢ 85% ᠳ᠋ᠥ᠍ ᠬᠦᠷᠴᠦ᠍᠂ ᠣᠷᠣᠨ ᠪᠦᠰᠡ᠎ᠶ᠋ᠢᠨ ᠠᠮᠢ ᠠᠬᠤᠶ᠎ᠶ᠋ᠢᠨ ᠣᠷᠴᠢᠨ ᠨᠥᠬᠥᠴᠡᠯ ᠢᠯᠡᠳᠲᠡ ᠰᠠᠢᠵᠢᠷᠠᠨ᠂ ᠬᠥᠷᠥᠰᠥ᠍ ᠱᠢᠷᠣᠶ᠎ᠶ᠋ᠢᠨ ᠢᠳᠡᠭ᠌ᠳᠡᠯ ᠪᠠ ᠴᠦᠯᠯᠡᠷᠭᠡᠭ᠌ᠵᠢᠯ ᠪᠦᠲᠦᠮᠵᠢᠲᠡᠶ ᠬᠢᠵᠠᠭᠠᠷᠯᠠᠭ᠍ᠳᠠᠵᠤ᠂ ᠦᠨᠭᠭᠡᠷᠡᠭᠰᠡᠨ᠎ᠳᠤ ᠬᠥᠷᠥᠰᠥ᠍ ᠱᠢᠷᠣᠶ᠎ᠶ᠋ᠢᠨ ᠢᠳᠡᠭ᠌ᠳᠡᠯ᠎ᠦᠨ ᠭᠠᠱᠢᠭᠤᠨ ᠵᠣᠪᠠᠯᠠᠩ᠎ᠢ ᠬᠠᠨᠤᠲᠠᠯ᠎ᠠ ᠠᠮᠰᠠᠵᠤ ᠪᠠᠢᠭ᠍ᠰᠠᠨ ᠭᠠᠵᠠᠷ ᠱᠢᠷᠣᠶ ᠠᠮᠢᠵᠢᠷᠠᠯ᠎ᠤᠨ ᠬᠦᠴᠦᠨ᠎ᠢᠶᠡᠷ ᠪᠢᠯᠬᠠᠪᠠ᠃
《ᠶᠡᠬᠡ ᠤᠰᠤ᠎ᠪᠠᠷ ᠨᠡᠯᠦᠢᠲᠡᠯ᠎ᠡ ᠤᠰᠤᠯᠠᠬᠤ》 ᠠᠰᠠᠭᠤᠳᠠᠯ᠎ᠢ ᠱᠢᠶ᠋ᠳᠪᠦᠷᠢᠯᠡᠵᠦ᠍ ᠲᠠᠷᠢᠶᠠᠯᠠᠩ᠎ᠤᠨ ᠤᠰᠤᠨ ᠤ ᠭᠡᠷᠡᠭᠯᠡᠯᠲᠡ ᠶ᠋ᠢ ᠠᠷᠪᠢᠴᠢ ᠡᠷᠴᠢᠮᠯᠢᠭ ᠪᠣᠯᠭᠠᠨ ᠬᠤᠪᠢᠷᠠᠭᠤᠯᠬᠤ᠎ᠶ᠋ᠢ ᠠᠬᠢᠭᠤᠯᠪᠠ
《ᠥᠩᠭᠡᠷᠡᠭ᠌ᠰᠡᠨ᠎ᠳᠦ ᠪᠢᠳᠡ ᠬᠠᠲᠤᠨ ᠭᠤᠤᠯ᠎ᠢ ᠰᠠᠬᠢᠵᠤ᠂ ᠶᠡᠬᠡ ᠤᠰᠤ᠎ᠪᠠᠷ ᠨᠡᠯᠦᠢᠲᠡᠯ᠎ᠡ ᠤᠰᠤᠯᠠᠭᠠᠳ᠂ 500 ᠭᠠᠷᠤᠶ ᠪᠣᠰᠣᠭ᠎ᠠ ᠳᠥᠷᠪᠡᠯᠵᠢᠨ ᠮᠧᠲ᠋ᠷ᠎ᠦᠨ ᠤᠰᠤ ᠵᠠᠷᠤᠴᠠᠭᠤᠯᠤᠭᠠᠳ ᠰᠠᠶᠢ 500 ᠭᠠᠷᠤᠶ ᠵᠢᠩ ᠠᠮᠤ ᠪᠤᠳᠠᠭ᠎ᠠ ᠤᠯᠳᠠᠭ᠂ ᠦᠨᠡᠬᠡᠷ ᠬᠠᠷᠠᠮᠰᠠᠯᠲᠠᠶ!》 ᠭᠡᠵᠦ᠍ ᠪᠠᠶᠠᠨᠨᠠᠭᠤᠷ ᠬᠣᠲᠠ᠎ᠶ᠋ᠢᠨ ᠬᠠᠩᠭᠢᠨ ᠬᠣᠢᠲᠤ ᠬᠣᠱᠢᠭᠤᠨ᠎ᠤ ᠰᠠᠨ ᠳ᠋ᠤᠤ ᠴᠢᠶᠣᠤ ᠪᠠᠯᠭᠠᠰᠤᠨ᠎ᠤ ᠾᠧ ᠫᠢᠩ ᠲᠣᠰᠭᠣᠨ᠎ᠤ ᠨᠠᠮ᠎ᠤᠨ ᠡᠭᠦᠷ᠎ᠦᠨ ᠱᠦᠵᠢ ᠪᠢᠶᠠᠨ ᠵᠢᠶᠦ᠋ᠨ ᠹᠸᠩ ᠬᠡᠯᠡᠪᠡ᠃
ᠡᠳᠦᠭᠡ ᠡᠮᠬᠢ ᠴᠡᠭ᠌ᠴᠡ᠎ᠲᠡᠶ ᠤᠰᠤᠨ ᠰᠤᠪᠠᠭ᠎ᠢ ᠭᠡᠷ᠎ᠦᠨ ᠡᠭᠦᠳᠡᠨ᠎ᠳᠦ ᠬᠦᠷᠲᠡᠯ᠎ᠡ ᠵᠠᠰᠠᠵᠤ᠂ ᠲᠣᠰᠭᠣᠨ᠎ᠤ ᠠᠷᠠᠳ ᠪᠣᠳᠠᠲᠤ ᠠᠱᠢᠭ ᠬᠦᠷᠳᠡᠭ᠌ᠰᠡᠨ᠎ᠡᠴᠡ ᠭᠠᠳᠠᠨ᠎ᠠ ᠨᠡᠩ ᠴᠤ᠌ ᠤᠰᠤ ᠠᠷᠪᠢᠯᠠᠬᠤ᠎ᠶ᠋ᠢᠨ ᠰᠠᠢ᠌ᠨ ᠲᠠᠯ᠎ᠠ᠎ᠶ᠋ᠢ ᠣᠯᠵᠤ ᠬᠠᠷᠠᠪᠠ᠃ 《2021 ᠣᠨ᠎ᠤ 9 ᠰᠠᠷ᠎ᠠ᠎ᠳᠤ ᠵᠢᠩᠬᠢᠨᠢ᠎ᠪᠡᠷ ᠬᠡᠷᠡᠭ᠌ᠵᠢᠭᠦᠯᠦᠭ᠌ᠰᠡᠨ〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠲᠥᠯᠥᠪᠵᠢᠭᠦᠯᠭᠡ᠎ᠶ᠋ᠢᠨ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ᠌ ᠪᠠ ᠣᠳᠣᠬᠢᠴᠢᠯᠠᠭ᠍ᠰᠠᠨ ᠥᠭᠡᠷᠡᠴᠢᠯᠡᠯᠲᠡ᠎ᠶ᠋ᠢᠨ ᠲᠥᠷᠥᠯ ᠵᠦᠶ᠋ᠯ᠎ᠦᠨ ᠠᠬᠢᠴᠠ ᠤᠷᠤᠭ᠍ᠰᠢᠲᠠᠶ ᠪᠠᠢᠵᠤ᠂ ᠣᠳᠣᠬᠠᠨ᠎ᠳᠤ ᠤᠰᠤᠯᠠᠯᠲᠠ᠎ᠶ᠋ᠢᠨ ᠣᠷᠣᠨ᠎ᠤ ᠤᠰᠤᠨ᠎ᠤ ᠪᠦᠲᠦᠮᠵᠢᠲᠡᠶ ᠠᠱᠢᠭ᠍ᠯᠠᠯᠲᠠ᠎ᠶ᠋ᠢᠨ ᠢᠯᠡᠳᠭᠡᠮᠵᠢ 0.49 ᠳ᠋ᠦ ᠬᠦᠷᠴᠦ᠂ ᠪᠥᠬᠥ᠌ ᠬᠣᠲᠠ᠎ᠶ᠋ᠢᠨ ᠤᠰᠤᠯᠠᠯᠲᠠ᠎ᠶ᠋ᠢᠨ ᠤᠰᠤᠨ ᠤ ᠪᠦᠲᠦᠮᠵᠢᠲᠡᠶ ᠠᠱᠢᠭ᠍ᠯᠠᠯᠲᠠ᠎ᠶ᠋ᠢᠨ ᠢᠯᠡᠳᠭᠡᠮᠵᠢ 0.53 ᠳ᠋ᠤ ᠬᠦᠷᠴᠦ᠍᠂ ᠰᠤᠪᠠᠭ ᠤᠨ ᠱᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠭ᠌ᠰᠡᠨᠦ ᠳᠠᠷᠠᠭ᠎ᠠ ᠬᠠᠲᠤᠨ ᠭᠤᠤᠯ᠎ᠤᠨ ᠤᠰᠤᠨ᠎ᠤ ᠠᠱᠢᠭ᠍ᠯᠠᠯᠲᠠ᠎ᠶ᠋ᠢᠨ ᠦᠷ᠎ᠡ ᠪᠦᠲᠦᠮᠵᠢ ᠪᠠᠰᠠ ᠳᠡᠭᠡᠭ᠌ᠰᠢᠯᠡᠬᠦ᠌ ᠪᠣᠯᠤᠮᠵᠢᠲᠠᠶ》 ᠭᠡᠵᠦ᠍ ᠪᠠᠶᠠᠨᠨᠠᠭᠤᠷ ᠬᠤᠲᠠ᠎ᠶ᠋ᠢᠨ ᠤᠰᠤᠨ ᠠᠱᠢᠭ᠍ᠯᠠᠯᠲᠠ᠎ᠶ᠋ᠢᠨ ᠲᠣᠪᠴᠢᠶᠠᠨ᠎ᠤ ᠮᠠᠯ ᠠᠵᠤ ᠠᠬᠤᠢ᠎ᠲᠠᠷᠢᠶᠠᠯᠠᠩ᠎ᠤᠨ ᠰᠠᠯᠠᠭᠠᠨ᠎ᠤ ᠳᠠᠷᠤᠭ᠎ᠠ ᠶᠤᠸᠠᠨ ᠳ᠋ᠸ ᠯᠢᠶᠠᠩ ᠬᠡᠯᠡᠪᠡ᠃
ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ᠎ᠦᠨ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠥᠪᠥᠷ ᠮᠣᠩᠭᠣᠯ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠴᠢᠩᠭ᠎ᠠ ᠬᠢᠵᠠᠭᠠᠷᠯᠠᠯ ᠪᠣᠯᠭᠠᠬᠤ᠎ᠶ᠋ᠢ ᠪᠠᠷᠢᠮᠲᠠᠯᠠᠵᠤ᠂ 《ᠤᠰᠤ᠎ᠪᠡᠷ ᠳᠦᠷᠪᠡ ᠵᠢ ᠲᠣᠭ᠍ᠲᠠᠭᠠᠬᠤ》 ᠵᠠᠷᠴᠢᠮ᠎ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠂ ᠤᠰᠤᠨ᠎ᠤ ᠡᠬᠢ ᠪᠠᠶᠠᠯᠢᠭ᠎ᠢ ᠠᠷᠪᠢᠴᠢ ᠡᠷᠴᠢᠮᠯᠢᠭ ᠠᠱᠢᠭ᠍ᠯᠠᠬᠤ᠎ᠶ᠋ᠢ ᠠᠬᠢᠭᠤᠯᠵᠤ᠂ ᠣᠷᠣᠨ ᠪᠦᠰᠡ᠎ᠶ᠋ᠢᠨ ᠤᠰᠤᠨ᠎ᠤ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠳᠡᠭᠡᠳᠦ ᠬᠢᠵᠠᠭᠠᠷ᠎ᠢ ᠲᠣᠳᠣᠷᠬᠠᠢᠯᠠᠨ᠂ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ ᠪᠠ ᠬᠦᠴᠦᠯᠡᠴᠡ᠎ᠶ᠋ᠢᠨ ᠬᠤᠤᠰ ᠡᠵᠡᠮᠳᠡᠯ᠎ᠦᠨ ᠭᠦᠶ᠋ᠴᠡᠳᠭᠡᠯ ᠲᠣᠭ᠎ᠠ᠎ᠶ᠋ᠢ ᠱᠠᠲᠤ ᠳᠠᠷᠠᠭᠠᠯᠠᠨ ᠬᠠᠲᠤᠨ ᠭᠤᠤᠯ᠎ᠤᠨ ᠰᠠᠪᠠ ᠭᠠᠵᠠᠷ᠎ᠤᠨ ᠠᠢᠮᠠᠭ ᠬᠣᠲᠠ᠂ ᠬᠣᠱᠢᠭᠤ ᠱᠢᠶᠠᠨ (ᠲᠣᠭᠣᠷᠢᠭ) ᠳ᠋ᠤ ᠬᠤᠪᠢᠶᠠᠨ ᠨᠠᠢᠳᠠᠪᠤᠷᠢᠵᠢᠭᠤᠯᠬᠤ᠎ᠶ᠋ᠢ ᠪᠡᠶᠡᠯᠡᠭᠦᠯᠵᠦ᠍᠂ ᠭᠠᠵᠠᠷ ᠳᠤᠤᠷᠠᠬᠢ ᠤᠰᠤᠨ᠎ᠤ ᠤᠰᠤᠨ ᠲᠦᠪᠱᠢᠨ᠂ ᠤᠰᠤᠨ᠎ᠤ ᠬᠡᠮᠵᠢᠶ᠎ᠡ᠎ᠶ᠋ᠢᠨ 《ᠬᠣᠶᠠᠷ᠎ᠢ ᠡᠵᠡᠮᠳᠡᠬᠦ᠌》ᠭᠦᠶ᠋ᠴᠡᠳᠭᠡᠯ ᠲᠣᠭ᠎ᠠ᠎ᠶ᠋ᠢ 371 ᠭᠠᠵᠠᠷ ᠳᠤᠤᠷᠠᠬᠢ ᠤᠰᠤᠨ᠎ᠤ ᠬᠠᠮᠢᠶᠠᠷᠤᠯᠲᠠ᠎ᠶ᠋ᠢᠨ ᠨᠢᠭᠡᠴᠢ᠎ᠳᠦ ᠨᠠᠷᠢᠯᠢᠭ᠍ᠵᠢᠭᠤᠯᠤᠨ ᠬᠤᠪᠢᠶᠠᠷᠢᠯᠠᠪᠠ᠃
ᠥᠪᠥᠷ ᠮᠣᠩᠭᠣᠯ ᠣᠷᠣᠨ ᠪᠦᠰᠡ᠎ᠶ᠋ᠢᠨ ᠠᠮᠢ ᠠᠬᠤᠶ ᠪᠣᠯᠤᠨ ᠠᠵᠤ ᠦᠶ᠋ᠯᠡᠰ᠎ᠦᠨ ᠪᠠᠢᠷᠢᠱᠢᠯ᠎ᠢ ᠨᠢᠭᠡᠳᠦᠯᠲᠡᠶ ᠲᠥᠯᠥᠪᠵᠢᠭᠦᠯᠦᠨ᠂ ᠤᠰᠤ ᠬᠡᠷᠡᠭ᠌ᠯᠡᠬᠦ᠌ ᠵᠦᠶ ᠵᠣᠬᠢᠰ ᠥᠬᠡᠶ ᠬᠡᠷᠡᠭ᠌ᠴᠡᠭᠡ ᠱᠠᠭᠠᠷᠳᠠᠯᠭ᠎ᠠ᠎ᠶ᠋ᠢ ᠡᠷᠡᠰ ᠬᠣᠷᠢᠭ᠍ᠯᠠᠵᠤ᠂ ᠤᠰᠤ ᠶᠡᠬᠡ ᠬᠣᠷᠣᠭ᠍ᠳᠠᠭᠤᠯᠬᠤ ᠶᠠᠮᠠᠷᠪᠠ ᠠᠵᠤ ᠦᠶ᠋ᠯᠡᠳᠪᠦᠷᠢ᠎ᠶ᠋ᠢᠨ ᠲᠥᠷᠥᠯ ᠵᠦᠶ᠋ᠯ᠎ᠳᠦ ᠭᠠᠵᠠᠷ ᠳᠤᠤᠷᠠᠬᠢ ᠤᠰᠤᠨ᠎ᠤ ᠡᠬᠢ ᠪᠠᠶᠠᠯᠢᠭ ᠬᠡᠷᠡᠭ᠌ᠯᠡᠬᠦ᠌᠎ᠶ᠋ᠢ ᠱᠢᠨ᠎ᠡ᠎ᠪᠡᠷ ᠪᠠᠢᠭᠤᠯᠬᠤ᠂ ᠥᠭᠡᠷᠡᠴᠢᠯᠡᠨ ᠪᠠᠢᠭᠤᠯᠬᠤ ᠪᠤᠶᠤ ᠥᠷᠭᠡᠳᠭᠡᠨ ᠪᠠᠢᠭᠤᠯᠬᠤ ᠶ᠋ᠢ ᠴᠢᠩᠭ᠎ᠠ ᠴᠠᠭᠠᠵᠠᠯᠠᠪᠠ; ᠰᠠᠪᠠ ᠭᠠᠵᠠᠷ᠎ᠤᠨ ᠳᠤᠲᠤᠷᠠᠬᠢ ᠭᠠᠵᠠᠷ ᠣᠷᠣᠨ᠎ᠤ ᠤᠰᠤ ᠲᠠᠲᠠᠬᠤ ᠱᠢᠨ᠎ᠡ ᠬᠡᠷᠡᠭ᠌ᠴᠡᠭᠡ ᠱᠠᠭᠠᠷᠳᠠᠯᠭ᠎ᠠ᠎ᠳᠤ ᠬᠢᠨᠠᠨ ᠵᠥᠪᠱᠢᠶᠡᠷᠡᠬᠦ᠌᠎ᠶ᠋ᠢ ᠴᠢᠩᠭ᠎ᠠ ᠬᠢᠵᠠᠭᠠᠷᠯᠠᠬᠤ ᠳᠦᠷᠢᠮ᠎ᠢ ᠬᠡᠷᠡᠭ᠌ᠵᠢᠭᠦᠯᠪᠡ; ᠤᠰᠤ ᠲᠠᠲᠠᠵᠤ ᠬᠡᠷᠡᠭ᠌ᠯᠡᠬᠦ᠌᠎ᠶ᠋ᠢ ᠬᠢᠨᠠᠨ ᠬᠡᠮᠵᠢᠬᠦ᠌ ᠱᠢᠰᠲᠸᠮ᠎ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠨ᠂ ᠲᠠᠷᠢᠶᠠᠯᠠᠩ᠎ᠤᠨ ᠤᠰᠤᠯᠠᠯᠲᠠ᠎ᠶ᠋ᠢᠨ ᠮᠠᠱᠢᠨ ᠴᠠᠬᠢᠯᠭᠠᠨ ᠬᠤᠳᠳᠤᠭ᠎ᠤᠨ 《ᠴᠠᠬᠢᠯᠭᠠᠨ᠎ᠢᠶᠠᠷ ᠤᠰᠤ᠎ᠶ᠋ᠢ ᠨᠤᠭᠤᠯᠤᠨ ᠪᠣᠳᠣᠬᠤ》 ᠬᠡᠮᠵᠢᠯᠲᠡ᠎ᠶ᠋ᠢᠨ ᠠᠷᠭ᠎ᠠ᠎ᠶ᠋ᠢ ᠪᠦᠬᠦ᠌ ᠲᠠᠯ᠎ᠠ᠎ᠪᠠᠷ ᠳᠡᠯᠭᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠤᠰᠤᠯᠠᠯᠲᠠ᠎ᠶ᠋ᠢᠨ ᠣᠷᠣᠨ᠎ᠤ 《ᠴᠠᠬᠢᠯᠭᠠᠨ᠎ᠢᠶᠠᠷ ᠤᠰᠤ᠎ᠶ᠋ᠢ ᠨᠤᠭᠤᠯᠤᠨ ᠪᠣᠳᠣᠬᠤ》 ᠲᠠᠪᠴᠠᠩ ᠢ ᠪᠠᠢᠭᠤᠯᠤᠨ᠂ ᠭᠠᠵᠠᠷ ᠳᠣᠣᠷᠠᠬᠢ ᠤᠰᠤ᠎ᠶ᠋ᠢ ᠲᠠᠲᠠᠵᠤ ᠬᠡᠷᠡᠭ᠌ᠯᠡᠬᠦ᠌᠎ᠶ᠋ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠌᠎ᠶ᠋ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠵᠦ᠍᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠳᠤ ᠬᠦᠴᠦᠲᠡᠶ ᠪᠠᠲᠤᠯᠠᠭ᠎ᠠ ᠬᠠᠩᠭᠠᠪᠠ᠃
ᠣᠢᠷ᠎ᠠ᠎ᠶ᠋ᠢᠨ ᠵᠢᠯ ᠦᠨ ᠲᠤᠷᠰᠢ ᠥᠪᠥᠷ ᠮᠣᠩᠭᠣᠯ ᠤᠷᠢᠳ ᠬᠣᠵᠢᠳ 《ᠶᠡᠬᠡ ᠤᠰᠤ᠎ᠪᠠᠷ ᠨᠠᠯᠦᠢᠲᠠᠯᠠ ᠤᠰᠤᠯᠠᠬᠤ》 ᠠᠰᠠᠭᠤᠳᠠᠯ᠎ᠢ ᠱᠢᠶ᠋ᠳᠪᠦᠷᠢᠯᠡᠵᠦ᠍ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ᠂ ᠤᠰᠤᠨ᠎ᠤ ᠡᠬᠢ ᠪᠠᠶᠠᠯᠢᠭ᠎ᠢ ᠠᠷᠪᠢᠴᠢ ᠡᠷᠴᠢᠮᠯᠢᠭ ᠠᠱᠢᠭ᠍ᠯᠠᠬᠤ 《ᠨᠢᠭᠡ ᠠᠢᠮᠠᠭ (ᠬᠣᠲᠠ) ᠲᠤ᠌ ᠨᠢᠭᠡ ᠲᠥᠷᠥ᠎ᠶ᠋ᠢᠨ ᠪᠣᠳᠣᠯᠭ᠎ᠠ ᠬᠡᠷᠡᠭᠵᠢᠭᠦᠯᠬᠦ》 ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠵᠢᠯᠣᠭᠣᠳᠭᠤ ᠪᠢᠴᠢᠭ ᠮᠠᠲ᠋ᠧᠷᠢᠶᠠᠯ᠎ᠢ ᠲᠣᠭ᠍ᠲᠠᠭᠠᠨ ᠨᠡᠢᠲᠡᠯᠡᠵᠦ᠍᠂ ᠤᠰᠤ ᠠᠷᠪᠢᠯᠠᠬᠤ ᠪᠠᠢᠭᠤᠯᠤᠯ ᠲᠣᠭ᠍ᠲᠡᠴᠡ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠲᠠᠰᠤᠷᠠᠯᠲᠠ ᠥᠬᠡᠶ ᠠᠬᠢᠭᠤᠯᠤᠨ᠂ ᠲᠠᠷᠢᠶᠠᠯᠠᠩ᠎ᠤᠨ ᠤᠰᠤ ᠠᠷᠪᠢᠯᠠᠬᠤ ᠳᠣᠲᠣᠭᠠᠳᠤ ᠬᠥᠳᠡᠯᠭᠡᠬᠦ᠌ ᠬᠦᠴᠦᠨ ᠢ ᠴᠢᠩᠭᠠᠷᠠᠭᠤᠯᠵᠤ᠂ ᠭᠠᠷᠤᠯᠲᠠ ᠦᠷ᠎ᠡ ᠠᠱᠢᠭ᠎ᠢ ᠨᠡᠮᠡᠭ᠌ᠳᠡᠭᠦᠯᠬᠦ᠌᠎ᠡᠴᠡ ᠪᠢᠰᠢ ᠤᠰᠤ ᠨᠡᠮᠡᠭ᠌ᠳᠡᠭᠦᠯᠬᠦ᠌ ᠥᠬᠡᠶ ᠪᠠᠢᠬᠤ᠎ᠶ᠋ᠢ ᠪᠡᠶᠡᠯᠡᠭᠦᠯᠪᠡ᠃ ᠤᠯᠤᠰ᠎ᠤᠨ ᠠᠮᠤ ᠪᠤᠳᠠᠭᠠᠨ᠎ᠤ ᠭᠣᠣᠯ ᠭᠠᠷᠤᠯᠲᠠ᠎ᠶ᠋ᠢᠨ ᠣᠷᠣᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠤᠰᠤᠯᠠᠯᠲᠠ᠎ᠶ᠋ᠢᠨ ᠠᠷᠭ᠎ᠠ ᠬᠡᠯᠪᠡᠷᠢ ᠨᠢ ᠶᠠᠭ ᠪᠦᠳᠦᠭᠦᠯᠢᠭ《ᠶᠡᠬᠡ ᠤᠰᠤ᠎ᠪᠠᠷ ᠨᠠᠯᠦᠢᠲᠠᠯᠠ ᠤᠰᠤᠯᠠᠬᠤ》 ᠡᠴᠡ ᠤᠰᠤ ᠠᠷᠪᠢᠯᠠᠬᠤ 《ᠨᠠᠷᠢᠯᠢᠭ ᠲᠤᠰᠤᠯᠭᠠᠨ ᠤᠰᠤᠯᠠᠬᠤ》ᠲᠡᠢᠰᠢ ᠱᠢᠯᠵᠢᠵᠦ᠍ ᠪᠤᠢ᠃
ᠬᠠᠳᠤᠨ ᠭᠣᠣᠯ᠎ᠤᠨ ᠬᠥᠪᠡᠭᠡᠨ᠎ᠳᠡᠬᠢ ᠠᠷᠠᠳ ᠲᠦᠮᠡᠨ ᠨᠤᠮᠢᠨ ᠤᠰᠤ ᠬᠥᠬᠡᠮᠳᠦᠭ ᠠᠭᠤᠯᠠ᠎ᠵᠢ ᠲᠦᠰᠢᠭᠯᠡᠨ 《 ᠠᠮᠢ ᠠᠬᠤᠢ᠎ᠶ᠋ᠢᠨ ᠠᠰᠢᠬ》 ᠢ᠋ ᠭᠦᠷᠳᠡᠪᠡ
ᠬᠠᠲᠤᠨ ᠭᠤᠤᠯ ᠨᠢᠩᠱᠢᠶᠠ᠎ᠡᠴᠡ ᠨᠠᠭᠠᠰᠢ ᠤᠷᠤᠰ᠎ᠤᠨ ᠢᠷᠡᠵᠦ᠍᠂ ᠦᠬᠠᠶ ᠬᠣᠲᠠ᠎ᠶ᠋ᠢᠨ ᠬᠠᠢᠨᠠᠨ ᠲᠣᠭᠣᠷᠢᠭ᠎ᠤᠨ ᠰᠠᠢᠬᠠᠨ ᠤᠰᠤ ᠲᠣᠰᠭᠣᠨᠵᠢᠡᠷ ᠳᠠᠮᠵᠢᠨ ᠦᠪᠦᠷ ᠮᠤᠨᠭᠭᠤᠯ᠎ᠤᠨ ᠬᠢᠯᠢ᠎ᠳᠤ ᠤᠷᠤᠳᠠᠭ᠃
ᠰᠠᠢᠬᠠᠨ ᠤᠰᠤ ᠲᠣᠰᠭᠣᠨ ᠪᠠᠷᠠᠭᠤᠨ ᠲᠠᠯ᠎ᠠ ᠪᠠᠷ᠎ᠢᠶᠠᠨ ᠬᠠᠳᠤᠨ ᠭᠣᠣᠯ᠎ᠲᠠᠶ ᠬᠥᠷᠱᠢᠯᠡᠵᠦ᠍᠂ ᠦᠵᠦᠮ ᠲᠠᠷᠢᠬᠤ ᠪᠠ ᠬᠥᠳᠡᠭᠡ ᠲᠣᠰᠭᠣᠨ ᠤ ᠵᠢᠭᠤᠯᠴᠢᠯᠠᠯ ᠨᠢ ᠲᠣᠰᠭᠣᠨ᠎ᠤ ᠭᠣᠣᠯᠯᠠᠬᠤ ᠠᠵᠤ ᠦᠢᠯᠡᠰ ᠪᠣᠯᠵᠠᠢ᠃ ᠭᠠᠵᠠᠷ ᠵᠦᠶ᠎ᠶ᠋ᠢᠨ ᠠᠭᠤᠷ ᠠᠮᠢᠰᠭᠤᠯ᠎ᠤᠨ ᠳᠠᠪᠠᠭᠤᠯᠢᠭ᠎ᠲᠤ ᠲᠦᠱᠢᠭ᠌ᠯᠡᠨ᠂ 《ᠬᠠᠲᠤᠨ ᠭᠤᠤᠯ᠎ᠤᠨ ᠣᠨᠴᠠᠯᠢᠭ᠎ᠢ ᠳᠣᠪᠣᠢᠯᠭᠠᠵᠤ᠂ ᠵᠢᠭᠤᠯᠴᠢᠯᠠᠯ ᠤᠨ ᠠᠵᠤ ᠦᠶ᠋ᠯᠡᠰ᠎ᠢ ᠬᠦᠴᠦᠷᠬᠡᠭ᠌ᠵᠢᠭᠦᠯᠦᠨ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠢ ᠪᠥᠲᠥᠭᠡᠨ ᠪᠠᠢᠭᠤᠯᠬᠤ》 ᠰᠡᠳᠭᠢᠮᠵᠢ᠎ᠶ᠋ᠢᠨ ᠲᠣᠭᠣᠷᠢᠨ᠎ᠳᠤ᠂ ᠰᠠᠢᠬᠠᠨ ᠤᠰᠤ ᠲᠣᠰᠭᠣᠨ ᠦᠵᠦᠮ ᠳᠠᠷᠢᠬᠤ ᠠᠵᠤ ᠦᠶ᠋ᠯᠡᠰ᠎ᠢ ᠶᠡᠬᠡᠪᠡᠷ ᠬᠥᠭ᠌ᠵᠢᠭᠦᠯᠬᠦ᠌᠎ᠶ᠋ᠢᠨ ᠬᠠᠮᠲᠤ᠂ ᠬᠠᠲᠤᠨ ᠭᠤᠤᠯ᠎ᠤᠨ ᠪᠠᠷᠠᠭᠤᠨᠰᠢ ᠵᠣᠷᠴᠢᠬᠤ ᠵᠣᠴᠢᠳ᠎ᠤᠨ ᠪᠠᠭᠤᠳᠠᠯ᠎ᠤᠨ ᠦᠵᠡᠮᠵᠢ᠎ᠶ᠋ᠢᠨ ᠣᠷᠣᠨ᠎ᠢ ᠨᠠᠷᠢᠨ ᠨᠢᠮᠪᠠᠶ ᠪᠠᠢᠭᠤᠯᠪᠠ᠄ ᠪᠠᠷᠠᠭᠤᠨ ᠬᠣᠢᠲᠤ᠎ᠶ᠋ᠢᠨ ᠠᠷᠠᠳ᠎ᠤᠨ ᠤᠯᠠᠮᠵᠢᠯᠠᠯᠲᠤ ᠰᠠᠭᠤᠴᠠ᠎ᠶ᠋ᠢᠨ ᠬᠡᠪ ᠨᠠᠮᠪᠠ᠎ᠲᠠᠶ ᠨᠦᠬᠡᠨ ᠬᠡᠷ᠎ᠢ ᠪᠠᠢᠭᠤᠯᠪᠠ; ᠬᠢᠮᠡᠯ ᠨᠠᠭᠤᠷ᠂ ᠰᠡᠬᠡᠭᠡᠲᠡᠨ ᠵᠠᠯᠠᠭᠤᠴᠤᠳ᠎ᠤᠨ ᠬᠦᠷᠢᠶᠡᠯᠡᠩ ᠵᠡᠷᠭᠡ ᠦᠵᠡᠮᠵᠢ᠎ᠶ᠋ᠢᠨ ᠲᠥᠬᠥᠭᠡᠷᠦᠮᠵᠢ ᠪᠠᠢᠭᠤᠯᠪᠠ; ᠲᠣᠭᠣᠷᠢᠨ ᠵᠢᠭᠤᠯᠴᠢᠯᠠᠬᠤ᠌᠂ ᠵᠢᠮᠢᠰ ᠲᠡᠭᠦᠬᠦ᠌ ᠪᠠ ᠲᠠᠷᠢᠶᠠᠴᠢᠨ ᠠᠢᠯ ᠤᠨ ᠵᠢᠭᠤᠯᠴᠢᠯᠠᠯ᠎ᠢ ᠨᠢᠭᠡ ᠴᠣᠭ᠍ᠴᠠᠵᠢᠭᠤᠯᠤᠭ᠍ᠰᠠᠨ ᠪᠡᠶᠡᠴᠢᠯᠡᠨ ᠣᠢᠯᠠᠭᠠᠬᠤ ᠲᠥᠷᠥᠯ ᠵᠦᠶ᠋ᠯ ᠢ ᠪᠠᠢᠭᠤᠯᠪᠠ ᠁ ᠰᠠᠢᠬᠠᠨ ᠤᠰᠤ ᠲᠣᠰᠭᠣᠨ ᠤᠷᠢᠳ ᠬᠣᠵᠢᠳ ᠪᠥᠬᠥ᠌ ᠤᠯᠤᠰ᠎ᠤᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠵᠢᠱ᠌ᠢᠶᠡᠴᠢ ᠲᠣᠰᠭᠣᠨ᠂ ᠪᠥᠬᠥ᠌ ᠤᠯᠤᠰ᠎ᠤᠨ ᠪᠣᠯᠪᠠᠰᠤᠨ ᠲᠣᠰᠭᠣᠨ᠂ ᠪᠥᠬᠥ᠌ ᠤᠯᠤᠰ᠎ᠤᠨ 《ᠨᠢᠭᠡ ᠲᠣᠰᠭᠣᠨ ᠨᠢᠭᠡ ᠦᠶ᠋ᠯᠡᠳᠬᠦᠨ》 ᠤ᠋ ᠵᠢᠱ᠌ᠢᠶ᠎ᠡ ᠦᠵᠡᠭᠦᠯᠬᠦ᠌ ᠲᠣᠰᠭᠣᠨ ᠪᠠᠯᠭᠠᠰᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠰᠠᠭᠤᠷᠢᠱᠢᠬᠤ᠎ᠳᠤ ᠲᠣᠬᠢᠷᠠᠮᠵᠢᠲᠠᠶ ᠬᠥᠳᠡᠭᠡ ᠲᠣᠰᠭᠣᠨ》 ᠵᠡᠷᠭᠡ ᠣᠯᠠᠨ ᠢᠷᠠᠭᠤ ᠠᠯᠳᠠᠷ᠎ᠢ ᠣᠯᠵᠤ᠂ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠤᠭ᠍ᠲᠤᠨ ᠠᠪᠴᠢᠷᠠᠪᠠ᠃
《ᠥᠩᠭᠡᠷᠡᠭ᠌ᠰᠡᠨ᠎ᠦ ᠬᠢ᠎ᠲᠡᠶ ᠬᠠᠷᠢᠴᠠᠭᠤᠯᠪᠠᠯ᠂ ᠲᠣᠰᠭᠣᠨ᠎ᠤ ᠳᠦᠷᠰᠦ ᠪᠠᠢᠳᠠᠯ ᠶᠡᠬᠡᠪᠡᠷ ᠬᠤᠪᠢᠷᠠᠵᠤ᠂ ᠲᠣᠰᠭᠣᠨ᠎ᠤ ᠠᠷᠠᠳ᠎ᠤᠨ ᠵᠢᠯ᠎ᠦᠨ ᠣᠷᠣᠯᠭ᠎ᠠ ᠬᠡᠳᠦᠨ ᠮᠢᠩᠭᠠᠨ ᠲᠥᠭᠥᠷᠢᠭ ᠪᠠᠢᠭ᠍ᠰᠠᠨ᠎ᠡᠴᠡ᠎ᠪᠠᠨ ᠳᠡᠭᠡᠭ᠌ᠰᠢᠯᠡᠭᠡᠳ 3 ᠲᠦᠮᠡ ᠭᠠᠷᠤᠢ ᠲᠥᠭᠥᠷᠢᠭ ᠪᠣᠯᠵᠠᠢ》 ᠭᠡᠵᠦ ᠲᠣᠰᠭᠣᠨ᠎ᠳᠤ ᠰᠠᠭᠤᠭ᠎ᠠ ᠠᠵᠢᠯᠯᠠᠬᠤ ᠠᠩᠬᠢ᠎ᠶ᠋ᠢᠨ ᠭᠡᠱᠢᠭᠦᠨ ᠯᠢᠦ ᠵᠠᠨ ᠯᠢᠨ ᠪᠠᠶᠠᠷᠯᠠᠨ ᠬᠡᠯᠡᠨ᠎ᠡ᠃
ᠬᠠᠳᠤᠨ ᠭᠤᠤᠯ᠎ᠤᠨ ᠶᠡᠬᠡ ᠬᠠᠪᠴᠢᠯ᠎ᠤᠨ ᠬᠢᠯᠢ ᠳᠣᠲᠣᠷᠠᠬᠢ ᠦᠬᠡᠷ᠎ᠲᠦ᠎ᠵᠢᠨ ᠲᠤᠬᠤᠢ ᠨᠢ ᠬᠥᠮᠦᠰ᠎ᠦᠨ ᠬᠦᠰᠡᠨ ᠮᠥᠷᠥᠭᠡᠳᠬᠦ᠌ ᠵᠢᠭᠤᠯᠴᠢᠯᠠᠯ᠎ᠤᠨ ᠵᠣᠷᠢᠭ᠍ᠰᠠᠨ ᠭᠠᠵᠠᠷ ᠪᠣᠯᠵᠠᠶ᠃ 《10 ᠭᠠᠷᠤᠢ ᠵᠢᠯ᠎ᠦᠨ ᠡᠮᠦᠨ᠎ᠡ᠂ ᠪᠢ ᠦᠬᠡᠷ᠎ᠲᠦ᠎ᠵᠢᠨ ᠲᠤᠬᠤᠢ᠎ᠵᠢᠨ ᠵᠢᠭᠤᠯᠴᠢᠯᠠᠯ᠎ᠤᠨ ᠠᠷᠠᠯᠵᠢᠶᠠᠨ᠎ᠤ ᠲᠣᠬᠢᠶᠠᠯ᠎ᠢ ᠦᠵᠡᠵᠦ᠍ ᠲᠣᠭᠣᠭᠠᠳ᠂ ᠡᠬᠡᠨᠡᠷᠲᠡᠶᠪᠡᠨ ᠨᠤᠲᠤᠭ᠎ᠲᠠᠭᠠᠨ ᠪᠤᠴᠠᠵᠤ ᠲᠠᠷᠢᠶᠠᠴᠢᠨ ᠠᠢᠯ᠎ᠳᠡᠬᠢ ᠵᠢᠭᠤᠯᠴᠢᠯᠠᠯ ᠡᠷᠬᠢᠯᠡᠵᠡᠢ᠃ ᠣᠯᠠᠨ ᠵᠢᠯ᠎ᠦᠨ ᠲᠤᠷᠰᠢ᠂ ᠦᠬᠡᠷ᠎ᠲᠦ᠎ᠵᠢᠨ ᠲᠤᠬᠤᠢ᠎ᠵᠢᠨ ᠰᠠᠢᠬᠠᠨ ᠦᠵᠡᠮᠵᠢ᠎ᠪᠡᠷ ᠵᠢᠯ ᠪᠦᠷᠢ 10 ᠲᠦᠮᠡᠨ ᠲᠥᠭᠥᠷᠢᠭ᠎ᠡᠴᠡ ᠳᠡᠭᠡᠭ᠌ᠰᠢ ᠣᠷᠣᠯᠭ᠎ᠠ᠎ᠲᠠᠶ ᠪᠣᠯᠵᠠᠶ》 ᠭᠡᠵᠦ᠍ ᠬᠥᠬᠡᠬᠣᠲᠠ᠎ᠶ᠋ᠢᠨ ᠴᠢᠩ ᠱᠦᠶ ᠾᠧ ᠱᠢᠶᠠᠨ᠎ᠤ ᠦᠬᠡᠷ᠎ᠲᠦ᠎ᠵᠢᠨ ᠲᠤᠬᠤᠢ ᠣᠷᠴᠢᠮ᠎ᠤᠨ ᠲᠣᠰᠭᠣᠨ᠎ᠤ ᠠᠷᠠᠳ ᠯᠢ ᠸᠸᠨ ᠴᠢᠩ ᠬᠡᠯᠡᠪᠡ᠃
ᠠᠯᠠᠱᠠ ᠠᠢᠮᠠᠭ ᠨᠢ ᠪᠠᠳᠠᠢ᠎ᠶ᠋ᠢᠨ ᠵᠢᠷᠠᠨ᠎ᠤ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ᠎ᠵᠢᠨ ᠳᠡᠯᠡᠬᠡᠶ᠎ᠶ᠋ᠢᠨ ᠪᠠᠢᠭᠠᠯᠢ᠎ᠶ᠋ᠢᠨ ᠥᠪ᠎ᠲᠦ ᠲᠦᠱᠢᠭ᠌ᠯᠡᠨ᠂ 120 ᠭᠠᠷᠤᠶ ᠬᠥᠳᠡᠭᠡ ᠲᠣᠰᠭᠣᠨ᠎ᠤ ᠵᠢᠭᠤᠯᠴᠢᠯᠠᠯ᠎ᠤᠨ ᠡᠵᠡᠩᠨᠡᠯᠲᠡ᠎ᠶ᠋ᠢᠨ ᠡᠷᠦᠬᠡ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠠᠵᠤ ᠦᠶ᠋ᠯᠡᠰ᠎ᠢ᠎ᠨᠢ ᠬᠥᠭ᠌ᠵᠢᠭᠦᠯᠵᠦ᠍᠂ ᠡᠷᠦᠬᠡ ᠪᠦᠷᠢ᠎ᠶ᠋ᠢᠨ ᠣᠷᠣᠯᠭ᠎ᠠ᠎ᠨᠢ ᠵᠢᠯ ᠪᠦᠷᠢ ᠳᠤᠮᠳᠠᠴᠢ᠎ᠪᠠᠷ 3 ᠲᠦᠮᠡ᠎ᠡᠴᠡ 5 ᠲᠦᠮᠡᠨ ᠲᠥᠭᠥᠷᠢᠭ ᠨᠡᠮᠡᠭ᠌ᠳᠡᠪᠡ; 148 ᠮᠠᠯᠴᠢᠨ ᠲᠠᠷᠢᠶᠠᠴᠢᠨ᠎ᠤ ᠠᠮᠢ ᠠᠬᠤᠶ᠎ᠶ᠋ᠢᠨ ᠬᠠᠮᠢᠶᠠᠷᠤᠨ ᠬᠠᠮᠠᠭᠠᠯᠠᠭ᠍ᠴᠢ᠎ᠶ᠋ᠢᠨ ᠡᠩᠨᠡᠭᠡ ᠪᠣᠯᠤᠨ 100 ᠭᠠᠷᠤᠶ ᠭᠡᠱᠢᠭᠦᠳ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠡᠯᠡᠰᠦᠨ ᠴᠥᠯ ᠦᠨ ᠵᠢᠭᠤᠯᠴᠢᠯᠠᠯ᠎ᠤᠨ ᠤᠬᠠᠭᠤᠯᠭ᠎ᠠ ᠵᠢᠴᠢ ᠡᠯᠡᠰᠦᠨ ᠴᠥᠯ᠎ᠦᠨ ᠤᠷᠤᠯᠳᠤᠭᠠᠨ ᠤ ᠠᠵᠢᠯᠯᠠᠭ᠎ᠠ᠎ᠶ᠋ᠢᠨ ᠪᠠᠲᠤᠯᠠᠭ᠎ᠠ ᠵᠡᠷᠭᠡ ᠠᠵᠢᠯ᠎ᠤᠨ ᠲᠠᠯ᠎ᠡ ᠪᠡᠷ ᠬᠦᠴᠦᠯᠡᠵᠦ ᠪᠤᠢ᠃