2025 ᠣᠨ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠬᠤ ᠪᠥᠭᠡᠳ ᠪᠡᠶ᠎ᠡ᠎ᠶ᠋ᠢᠨ ᠲᠠᠮᠢᠷ᠎ᠤᠨ ᠬᠦᠷᠢᠶᠡᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠪᠣᠭᠣᠮᠲᠠ ᠱᠢᠪᠲᠤᠯᠬᠤ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠃ ᠪᠦᠬᠦ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶᠢᠨ ᠳᠠᠷᠤᠭ᠎ᠠ᠎ᠨᠠᠷ᠎ᠤᠨ ᠬᠤᠷᠠᠯ᠎ᠠᠴᠠ 《ᠱᠢᠨ᠎ᠡ ᠵᠠᠮ ᠨᠡᠭᠡᠭᠡᠵᠦ᠍᠂ ᠳᠤᠮᠳᠠ ᠲᠦᠪᠰᠢᠨ᠎ᠳᠦ ᠤᠷᠤᠬᠤ》 ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠭ᠍ᠲᠠᠭᠠᠭ᠍ᠰᠠᠨ᠎ᠠᠴᠠ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠠᠮᠵᠢᠯᠳᠠ ᠲᠠᠢ ᠡᠷᠬᠢᠯᠡᠭᠰᠡᠨ ᠬᠦᠷᠲᠡᠯ᠎ᠡ᠂ ᠲᠠᠬᠢᠭᠠᠳ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠳ᠋ᠤ ᠬᠢᠯᠡᠯᠵᠠᠭᠰᠠᠨ ᠠᠮᠵᠢᠯᠲᠠ ᠪᠦᠲᠦᠮᠵᠢ ᠤᠯᠤᠬᠰᠠᠨ ᠬᠥᠷᠳᠡᠯ᠎ᠠ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠦᠢᠯᠡᠰ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ 《ᠮᠣᠩᠭᠣᠯ ᠮᠤᠷᠢᠨ᠎ᠤ ᠵᠣᠷᠢᠭ ᠰᠠᠨᠠᠭ᠎ᠠ》 ᠵᠢ ᠤᠷᠤᠯᠳᠤᠭᠠᠨ᠎ᠤ ᠲᠠᠯᠠᠪᠠᠢ᠂ ᠤᠯᠠᠨ ᠲᠦᠮᠡᠨ᠎ᠦ ᠪᠡᠶ᠎ᠡ ᠴᠢᠭᠢᠷᠠᠭ᠍ᠵᠢᠭᠤᠯᠬᠤ᠂ ᠴᠢᠳᠠᠪᠤᠷᠢᠲᠠᠨ᠎ᠢ ᠬᠥᠮᠦᠵᠢᠭᠦᠯᠬᠦ᠌ ᠪᠠ ᠠᠵᠤ ᠦᠢᠯᠡᠰ᠎ᠦᠨ ᠬᠥᠭ᠌ᠵᠢᠯᠲᠡ᠎ᠶ᠋ᠢᠨ ᠭᠣᠭ᠍ᠴᠣᠭ᠎ᠠ ᠪᠣᠯᠭᠠᠨ᠎ᠳᠤ ᠠᠭᠤᠰᠭᠠᠵᠠᠢ᠃

ᠪᠥᠬᠥ᠌ ᠤᠯᠤᠰ᠎ᠤᠨ ᠤᠷᠤᠯᠳᠤᠭᠠᠨ᠎ᠳᠦ ᠬᠢᠯᠡᠯᠵᠠᠭᠰᠠᠨ ᠠᠮᠵᠢᠯᠲᠠ ᠪᠦᠲᠦᠮᠵᠢ ᠤᠯᠪᠠ
ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠨᠢ 2025 ᠣᠨ᠎ᠤ ᠥᠪᠥᠷ ᠮᠣᠩᠭᠣᠯ᠎ᠤᠨ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠭᠤᠤᠯ ᠲᠠᠪᠴᠠᠩ ᠪᠣᠯᠵᠣ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ 5 ᠠᠯᠲᠠᠨ ᠮᠧᠳᠠᠯ 4 ᠮᠥᠩᠭᠥᠨ ᠮᠧᠳᠠᠯ 12 ᠬᠦᠷᠡᠯ ᠮᠧᠳᠠᠯ᠎ᠤᠨ ᠶᠡᠷᠦᠩᠬᠡᠶ ᠬᠢᠷᠢ ᠪᠦᠲᠦᠮᠵᠢ᠎ᠪᠡᠷ ᠣᠯᠠᠨ ᠲᠥᠷᠥᠯ ᠵᠦᠶ᠋ᠯ᠎ᠳᠦ ᠲᠡᠦᠬᠡᠲᠦ ᠴᠢᠨᠠᠷᠲᠠᠶ ᠱᠢᠪᠲᠤᠯᠤᠯᠲᠠ ᠭᠠᠷᠭᠠᠪᠠ᠃ ᠡᠷᠡᠭ᠌ᠲᠡᠶ᠎ᠶ᠋ᠢᠨ ᠪᠤᠢᠺᠤ ᠪᠥᠮᠪᠥᠭᠡᠨ ᠠᠩᠭᠢ ᠱᠢᠶ᠋ᠳᠪᠦᠷᠢᠲᠦ ᠤᠷᠤᠯᠳᠤᠭᠠᠨ᠎ᠳᠤ 32 ᠵᠢᠯ᠎ᠦᠨ ᠲᠤᠷᠰᠢ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠦ ᠮᠠᠨᠭᠯᠠᠢᠯᠠᠵᠦ ᠲᠡᠢᠯᠦᠭᠰᠡᠨ ᠦᠭᠡᠢ ᠲᠡᠤᠭᠡ ᠵᠢ ᠡᠴᠦᠰᠯᠡᠬᠦᠯᠵᠦ᠂ ᠬᠡᠳᠦᠨ ᠦᠶ᠎ᠡ᠎ᠶ᠋ᠢᠨ ᠪᠤᠢᠺᠤ ᠪᠥᠮᠪᠥᠭᠡᠴᠢᠨᠦ ᠰᠢᠨᠳᠠᠷᠠᠰᠢ ᠦᠭᠡᠢ ᠴᠢᠷᠮᠠᠢᠯᠭ᠎ᠠ᠎ᠵᠢ ᠬᠦᠢᠴᠡᠳ ᠢᠯᠡᠷᠡᠭᠦᠯᠪᠡ᠃ ᠪᠤᠺᠰ᠎ᠤᠨ ᠲᠡᠮᠡᠴᠡᠭᠡᠨ᠎ᠦ ᠲᠠᠯᠠᠪᠤᠷ᠎ᠲᠦ 24 ᠨᠠᠰᠤᠲᠠᠢ ᠵᠤᠤ ᠱᠢᠤᠸᠠᠨ 5᠄ 0 ᠤ᠋ᠨ ᠪᠦᠷᠢᠨ ᠬᠤᠪᠢ᠎ᠪᠠᠷ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠠᠩᠯᠠᠢ ᠴᠠᠩ ᠶᠤᠸᠠᠨ᠎ᠢ ᠢᠯᠠᠵᠤ ᠮᠡᠨᠭᠯᠠᠢᠳᠦ ᠲᠤᠳᠤᠷᠠᠪᠠ᠃ ᠵᠢᠦᠳᠣᠣ ᠪᠦᠭᠡ ᠪᠣᠯ ᠮᠥᠨ ᠴᠦ᠍ ᠥᠪᠥᠷ ᠮᠣᠩᠭᠣᠯ᠎ᠤᠨ ᠳᠠᠪᠠᠭᠤᠯᠢᠭ ᠲᠥᠷᠥᠯ ᠵᠦᠢᠯ ᠪᠤᠯᠤᠨ᠎ᠠ᠃ ᠪᠥᠬᠡᠪᠢᠯᠢᠭ᠂ ᠴᠢᠨᠳᠠᠭᠠᠲᠤᠰ ᠲᠤᠰ ᠠᠯᠲᠠᠨ ᠮᠧᠳᠠᠯ ᠲᠤᠰᠴᠦ᠂ ᠬᠦᠴᠦᠷᠬᠡᠭ ᠶᠡᠬᠡ ᠪᠦᠯᠬᠦᠮ᠎ᠦᠨ ᠨᠢᠭ᠍ᠲᠠᠷᠠᠯ᠎ᠤᠨ ᠬᠦᠴᠦᠨ᠎ᠢ ᠢᠯᠡᠷᠡᠭᠦᠯᠵᠦ᠍᠂ ᠬᠠᠮᠤᠭ ᠡᠴᠦᠰ᠎ᠲᠦ ᠵᠢᠦᠳᠣᠣ᠎ᠶ᠋ᠢᠨ ᠲᠥᠷᠥᠯ ᠵᠦᠢᠯ 2 ᠠᠯᠲᠠᠨ ᠮᠧᠳᠠᠯ 2 ᠮᠥᠩᠭᠥᠨ ᠮᠧᠳᠠᠯ 2 ᠬᠦᠷᠡᠯ ᠮᠧᠳᠠᠯ ᠭᠠᠷᠳᠠᠯ᠎ᠠ᠃
ᠳᠤᠷᠠᠳᠤᠭᠤᠱᠢᠲᠠᠶ ᠵᠦᠶ᠋ᠯ ᠭᠡᠪᠡᠯ᠂ ᠪᠤᠭᠤᠲᠤ ᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠡᠮᠡᠭ᠌ᠲᠡᠶ᠎ᠶ᠋ᠢᠨ ᠠᠯᠠᠭᠠᠳᠠᠬᠤ ᠪᠥᠮᠪᠥᠭᠡ᠎ᠶ᠋ᠢᠨ ᠠᠩᠭᠢ᠎ᠪᠠᠷ ᠰᠠᠭᠤᠷᠢ ᠪᠣᠯᠭᠠᠭ᠍ᠰᠠᠨ ᠥᠪᠥᠷ ᠮᠣᠩᠭᠣᠯ᠎ᠤᠨ U 18 ᠂ U 20 ᠵᠠᠯᠠᠭᠤᠴᠤᠳ᠎ᠤᠨ ᠠᠯᠠᠭᠠᠳᠠᠬᠤ ᠪᠥᠮᠪᠥᠭᠡ᠎ᠶ᠋ᠢᠨ ᠠᠩᠭᠢ 60 ᠵᠢᠯ᠎ᠦᠨ ᠲᠤᠷᠰᠢ ᠠᠩᠬ᠎ᠠ ᠤᠳᠠᠭ᠎ᠠ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠱᠢᠶ᠋ᠳᠪᠦᠷᠢᠲᠦ ᠤᠷᠤᠯᠳᠤᠭᠠᠨ᠎ᠳᠦ ᠣᠷᠣᠭ᠍ᠰᠠᠨ᠎ᠢᠶᠠᠷ ᠦᠯᠦ ᠪᠠᠷᠠᠮ U 20 ᠡᠮᠡᠭ᠌ᠲᠡᠶ᠎ᠶ᠋ᠢᠨ ᠠᠯᠠᠭᠠᠳᠠᠬᠤ ᠪᠥᠮᠪᠥᠭᠡ᠎ᠶ᠋ᠢᠨ ᠠᠩᠭᠢ ᠪᠠᠰᠠ ᠳᠣᠯᠣᠳᠤᠭᠠᠷ᠎ᠲᠤ ᠣᠷᠣᠵᠤ᠂ ᠥᠪᠥᠷ ᠮᠣᠩᠭᠣᠯ᠎ᠤᠨ ᠠᠯᠠᠭᠠᠳᠠᠬᠤ ᠪᠥᠮᠪᠥᠭᠡ᠎ᠶ᠋ᠢᠨ ᠲᠥᠷᠥᠯ ᠵᠦᠶ᠋ᠯ᠎ᠦᠨ ᠪᠥᠬᠥ᠌ ᠤᠯᠤᠰ᠎ᠤᠨ ᠤᠷᠤᠯᠳᠤᠭᠠᠨ᠎ᠤ ᠬᠠᠮᠤᠭ᠎ᠤᠨ ᠰᠠᠢᠨ ᠬᠢᠷᠢ ᠪᠦᠲᠦᠮᠵᠢ ᠪᠤᠯᠪᠠ; 58 ᠨᠠᠰᠤᠲᠠᠢ ᠮᠤᠷᠢᠨ ᠮᠡᠷᠭᠡᠵᠢᠯ᠎ᠦᠨ ᠲᠠᠮᠢᠷᠴᠢᠨ ᠯᠢᠦ ᠲᠦᠩ ᠶᠠᠨ ᠶᠢᠰᠦᠳᠦᠭᠡᠷ ᠤᠳᠠᠭ᠎ᠠ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠵᠤ᠂ ᠰᠠᠭᠠᠳ ᠳᠠᠪᠠᠬᠤ ᠪᠦᠯᠬᠦᠮ᠎ᠦᠨ ᠤᠷᠤᠯᠳᠤᠭᠠᠨ᠎ᠤ ᠬᠦᠷᠡᠯ ᠮᠧᠳᠠᠯᠭᠠᠷᠳᠠᠵᠠᠢ ᠁

ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠲᠣᠭᠠᠴᠢᠯᠠᠭ᠍ᠰᠠᠨ ᠰᠢᠨ᠎ᠡ ᠵᠠᠭᠪᠤᠷ᠎ᠢ ᠪᠤᠢ ᠪᠤᠯᠭᠠᠪᠠ
2025 ᠣᠨ᠎ᠳᠤ᠂ ᠥᠪᠥᠷ ᠮᠣᠩᠭᠣᠯ᠎ᠤᠨ ᠣᠯᠠᠨ ᠲᠦᠮᠡᠨᠴᠢ ᠪᠡᠶ᠎ᠡ᠎ᠶ᠋ᠢᠨ ᠲᠠᠮᠢᠷ ᠲᠣᠭᠠᠴᠢᠯᠠᠭ᠍ᠰᠠᠨ ᠬᠡᠯᠪᠡᠷᠢ᠎ᠪᠡᠨ ᠬᠤᠪᠢᠷᠠᠭᠤᠯᠬᠤ᠎ᠪᠠᠷ ᠱᠢᠪᠲᠤᠯᠤᠯᠲᠠ᠎ᠶ᠋ᠢᠨ ᠴᠡᠭ ᠪᠣᠯᠭᠠᠵᠤ᠂ 《ᠬᠥᠮᠦᠨ ᠪᠦᠬᠦᠨ ᠣᠷᠣᠯᠴᠠᠵᠤ ᠪᠣᠯᠬᠤ᠂ ᠴᠠᠭ ᠢᠮᠠᠭ᠍ᠲᠠ ᠪᠡᠶ᠎ᠡ᠎ᠪᠡᠨ ᠴᠢᠭᠢᠷᠠᠭ᠍ᠵᠢᠭᠤᠯᠵᠤ ᠪᠣᠯᠬᠤ》 ᠪᠥᠬᠥ᠌ ᠠᠷᠠᠳ᠎ᠤᠨ ᠪᠡᠶ᠎ᠡ᠎ᠶ᠋ᠢᠨ ᠲᠠᠮᠢᠷ᠎ᠤᠨ ᠱᠢᠨ᠎ᠡ ᠪᠠᠢᠷᠢᠱᠢᠯ᠎ᠢ ᠪᠣᠶ ᠪᠣᠯᠭᠠᠪᠠ᠃ ᠠᠷᠪᠠᠨ ᠵᠢᠷᠭᠤᠳᠤᠭᠠᠷ ᠬᠤᠭᠤᠴᠠᠭᠠᠨ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠰᠦᠯᠵᠢᠶᠡᠨ ᠳᠡᠭᠡᠷᠡᠬᠢ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠨᠡᠢᠲᠡ 20518 ᠬᠥᠮᠦᠨ ᠣᠷᠣᠯᠴᠠᠵᠤ᠂ ᠪᠥᠬᠥ᠌ ᠣᠷᠣᠨ᠎ᠤ 12 ᠠᠢᠮᠠᠭ ᠬᠣᠲᠠ᠎ᠶ᠋ᠢ ᠬᠠᠮᠤᠷᠴᠤ᠌᠂ ᠣᠯᠠᠨ ᠲᠦᠮᠡᠨ᠎ᠳᠦ ᠪᠡᠶ᠎ᠡ᠎ᠶ᠋ᠢᠨ ᠲᠠᠮᠢᠷᠶ᠋ᠢᠡᠷ ᠠᠰᠢᠭ ᠬᠦᠷᠳᠡᠭᠡᠭᠰᠡᠨ ᠴᠢᠬᠤᠯᠠ ᠨᠢᠭᠡᠨ ᠠᠵᠢᠯᠯᠠᠭ᠎ᠠ ᠪᠣᠯᠤᠭ᠍ᠰᠠᠨ ᠪᠠᠢᠨ᠎ᠠ᠃ ᠲᠣᠰ ᠤᠳᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠠᠩᠬ᠎ᠠ ᠤᠳᠠᠭ᠎ᠠ 《AI ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠢᠯᠭᠠᠨ ᠲᠠᠨᠢᠬᠤ ᠮᠡᠷᠭᠡᠵᠢᠯ + ᠬᠤᠪᠢ ᠬᠤᠷᠠᠮᠳᠤᠭᠤᠯᠬᠤ ᠥᠷᠢᠰᠥᠯᠳᠦᠭᠡᠨ》 ᠤ᠋ ᠵᠠᠭ᠍ᠪᠤᠷ᠎ᠢ ᠬᠡᠷᠡᠭᠯᠡᠵᠦ᠂ ᠣᠶᠤᠨᠴᠢ ᠢᠯᠭᠠᠨ ᠲᠠᠨᠢᠬᠤ ᠠᠵᠢᠯᠯᠠᠭ᠎ᠠ᠎ᠪᠠᠷ ᠳᠡᠮᠵᠢᠨ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ᠎ᠶ᠋ᠢ ᠪᠡᠶᠡᠯᠡᠭᠦᠯᠵᠦ᠍᠂ ᠪᠠᠰᠠ ᠠᠯᠪᠠᠨ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠳᠦ 30 ᠡᠳᠦᠷ᠎ᠦᠨ ᠲᠤᠰᠭᠠᠶ ᠤᠷᠤᠯᠳᠤᠭᠠᠨ᠎ᠤ ᠶᠠᠪᠤᠴᠠ᠎ᠶ᠋ᠢ ᠲᠣᠭ᠍ᠲᠠᠭᠠᠨ ᠥᠭ᠌ᠴᠦ᠂ ᠠᠵᠢᠯᠲᠠᠨ ᠠᠵᠢᠯᠴᠢᠨ᠎ᠤ ᠪᠡᠶ᠎ᠡ ᠴᠢᠭᠢᠷᠠᠭ᠍ᠵᠢᠭᠤᠯᠬᠤ᠎ᠶ᠋ᠢ ᠪᠠᠢᠩᠭᠤᠵᠢᠭᠤᠯᠬᠤ᠎ᠶ᠋ᠢ ᠠᠬᠢᠭᠤᠯᠪᠠ᠃
ᠤᠷᠤᠯᠳᠤᠭᠠᠨ᠎ᠨᠢ ᠠᠳᠠᠯᠢ ᠪᠤᠰᠤ ᠨᠠᠰᠤᠨ᠎ᠤ ᠬᠡᠷᠡᠭ᠌ᠴᠡᠭᠡ᠎ᠶ᠋ᠢ ᠬᠠᠮᠲᠤᠳᠤᠨᠢ ᠬᠠᠷᠠᠭᠠᠯᠵᠠᠵᠤ᠂ ᠵᠠᠯᠠᠭᠤ ᠢᠳᠡᠷᠴᠦᠳ᠎ᠦᠨ AI ᠶ᠋ᠢᠨ ᠰᠣᠨᠢᠷᠬᠠᠯᠲᠤ ᠥᠷᠢᠰᠥᠯᠳᠦᠭᠡᠨ᠎ᠦ ᠤᠷᠤᠯᠳᠤᠭᠠᠨ᠂ ᠨᠠᠰᠤᠲᠠᠢᠴᠤᠳ᠎ᠤᠨ 《3 ᠺᠢᠯᠣᠮᠧᠲ᠋ᠷ᠎ᠤᠨ ᠢᠳᠡᠷᠡᠭᠦᠨ ᠠᠯᠬᠤᠭ᠎ᠠ》 ᠵᠡᠷᠭᠡ ᠲᠥᠷᠥᠯ ᠵᠦᠶ᠋ᠯ᠎ᠨᠢ ᠤᠯᠠᠨ ᠲᠦᠮᠡᠨ᠎ᠤ ᠠᠨᠭᠬᠠᠷᠤᠯᠢ ᠲᠠᠲᠠᠭᠰᠠᠨ ᠠᠭᠤᠯᠭ᠎ᠠ᠎ᠶ᠋ᠢᠨ ᠨᠢᠭᠡ ᠪᠣᠯᠵᠣ᠂ 13 ᠲᠠᠯᠠᠪᠤᠷ ᠠᠬᠤᠢ ᠲᠠᠯᠠᠪᠠᠢ ᠳ᠋ᠡᠬᠢ ᠳᠡᠯᠭᠡᠷᠡᠭᠦᠯᠬᠦ᠌ ᠠᠵᠢᠯᠯᠠᠭ᠎ᠠ᠎ᠨᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳ᠋ᠡᠬᠢ ᠠᠵᠢᠯᠯᠠᠭ᠎ᠠ᠎ᠵᠢ ᠠᠮᠵᠢᠯᠳᠠ ᠲᠠᠢ ᠤᠶᠠᠯᠳᠤᠭᠤᠯᠤᠭᠰᠠᠨ ᠪᠠᠢᠨ᠎ᠠ᠃ ᠡᠢᠨ ᠬᠦ᠌ ᠲᠣᠭᠠᠴᠢᠯᠠᠭ᠍ᠰᠠᠨ ᠰᠢᠨ᠎ᠡ ᠵᠠᠭᠪᠤᠷ ᠨᠢ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠣᠢᠯᠠᠭᠠᠭ᠍ᠳᠠᠬᠤᠨ᠎ᠢ ᠦᠨᠳᠦᠰᠦᠨ ᠱᠠᠲᠤᠨ᠎ᠳᠤ ᠭᠦᠨᠵᠡᠭᠡᠢᠷᠡᠭᠦᠯᠵᠦ᠍᠂ ᠪᠠᠰᠠ 《ᠪᠡᠶ᠎ᠡ᠎ᠶ᠋ᠢᠨ ᠲᠠᠮᠢᠷ᠎ᠢᠶᠠᠷ ᠠᠷᠠᠳ᠎ᠲᠤ ᠠᠱᠢᠭ ᠬᠦᠷᠲᠡᠭᠡᠬᠦ᠌》ᠬᠠᠷᠠᠯᠲᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠪᠠ᠃

ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠵᠤ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠪᠡ
ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ ᠨᠢ 2025 ᠣᠨ᠎ᠤ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠭᠤᠤᠯ ᠬᠢᠯᠠᠰ ᠴᠡᠭ ᠪᠣᠯᠪᠠ᠃ 2025 ᠣᠨ᠎ᠤ ᠢᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠳᠤ᠂ ᠡᠯ᠎ᠡ ᠠᠩᠭᠢ᠎ᠶ᠋ᠢᠨ ᠬᠠᠭᠠᠰ᠎ᠠᠴᠠ ᠳᠡᠭᠡᠭ᠌ᠰᠢᠬᠢ ᠲᠣᠭᠠᠨ᠎ᠤ ᠬᠦᠯ ᠪᠥᠮᠪᠥᠭᠡᠴᠢᠨ ᠨᠢ ᠰᠤᠷᠭᠠᠭᠤᠯᠢ᠎ᠳᠦ ᠰᠤᠷᠤᠯᠴᠠᠵᠤ ᠪᠠᠢᠭ᠎ᠠ ᠪᠤᠶᠤ ᠲᠡᠭᠦᠰᠦᠭ᠌ᠰᠡᠨ ᠣᠶᠤᠲᠠᠨ ᠪᠣᠯᠤᠨ᠎ᠠ᠃ ᠡᠨᠡ ᠨᠢ ᠥᠪᠥᠷ ᠮᠣᠩᠭᠣᠯ᠎ᠤᠨ 《ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠵᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ》 ᠵᠠᠭ᠍ᠪᠤᠷ᠎ᠤᠨ ᠠᠮᠵᠢᠯᠲᠠ ᠣᠯᠤᠭ᠍ᠰᠠᠨ᠎ᠢ ᠭᠡᠷᠡᠴᠢᠯᠡᠪᠡ᠃ ᠦᠪᠦᠷ ᠮᠤᠨᠭᠭᠤᠯ᠎ᠳᠦ ᠬᠠᠭᠠᠰ ᠱᠢᠬᠠᠮ ᠲᠣᠭᠠᠨ᠎ᠤ ᠳᠤᠮᠳᠠᠳᠤ ᠪᠠᠭ᠎ᠠ ᠰᠤᠷᠭᠠᠭᠤᠯᠢ ᠰᠤᠷᠭᠠᠭᠤᠯᠢ᠎ᠶ᠋ᠢᠨ ᠬᠥᠯ ᠪᠥᠮᠪᠥᠭᠡ᠎ᠶ᠋ᠢᠨ ᠠᠩᠭᠢ᠎ᠶ᠋ᠢ ᠵᠣᠬᠢᠶᠠᠨ ᠪᠠᠢᠭᠤᠯᠵᠤ᠂ ᠶᠡᠬᠡ ᠳᠡᠭᠡᠳᠦ ᠰᠤᠷᠭᠠᠭᠤᠯᠢ ᠨᠡᠢᠳᠡᠮ᠎ᠳᠡᠭᠡᠨ ᠬᠥᠯ ᠪᠥᠮᠪᠥᠭᠡ᠎ᠶ᠋ᠢᠨ ᠰᠣᠩᠭᠣᠨ ᠰᠤᠷᠬᠤ ᠬᠢᠴᠢᠶᠡᠯ ᠨᠡᠭᠡᠭᠡᠵᠦ᠍᠂ 《ᠪᠠᠭ᠎ᠠ ᠰᠤᠷᠭᠠᠭᠤᠯᠢ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠶᠡᠬᠡ ᠰᠤᠷᠭᠠᠭᠤᠯᠢ》᠎ᠶ᠋ᠢᠨ ᠳᠥᠷᠪᠡᠨ ᠱᠠᠲᠤᠨ᠎ᠤ ᠬᠣᠯᠪᠣᠭᠠᠲᠤ ᠤᠷᠤᠯᠳᠤᠭᠠᠨ᠎ᠤ ᠱᠢᠰᠲ᠋ᠧᠮ᠎ᠨᠢ ᠨᠡᠢᠲᠡ 10 ᠲᠦᠮᠡ ᠭᠠᠷᠤᠶ ᠰᠣᠷᠣᠭ᠍ᠴᠢ᠎ᠶ᠋ᠢ ᠬᠠᠮᠤᠷᠴᠤ᠌᠂ ᠰᠤᠷᠭᠠᠭᠤᠯᠢ᠎ᠶ᠋ᠢᠨ ᠬᠦᠷᠢᠶᠡᠨ᠎ᠡᠴᠡ ᠠᠵᠢᠯ ᠮᠡᠷᠭᠡᠵᠢᠯ᠎ᠦᠨ ᠬᠣᠯᠪᠣᠭᠠᠲᠤ ᠤᠷᠤᠯᠳᠤᠭᠠᠨ ᠬᠦᠷᠲᠡᠯᠡᠬᠢ ᠴᠢᠳᠠᠪᠤᠷᠢᠲᠠᠨ ᠬᠦᠷᠭᠡᠬᠦ᠌ ᠵᠠᠮ᠎ᠢ ᠰᠢᠯᠤᠭᠤᠳᠬᠠᠵᠠᠢ᠃
2025 ᠣᠨ᠎ᠳᠤ ᠦᠪᠦᠷ ᠮᠤᠨᠭᠭᠤᠯ᠎ᠤᠨ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶ᠋ᠢᠨ ᠳᠠᠩᠰᠠᠯᠠᠭᠤᠯᠤᠭ᠍ᠰᠠᠨ ᠬᠥᠮᠦᠨ ᠠᠮᠠ ᠠᠳᠠᠯᠢ ᠬᠤᠭᠤᠴᠠᠭᠠᠨ᠎ᠤ᠎ᠬᠢ᠎ᠡᠴᠡ 25% ᠪᠠᠷ ᠨᠡᠮᠡᠭ᠌ᠳᠡᠵᠦ᠍ ᠂ ᠶᠡᠬᠡ ᠳᠡᠭᠡᠳᠦ ᠰᠤᠷᠭᠠᠭᠤᠯᠢ᠎ᠶ᠋ᠢᠨ ᠲᠠᠮᠢᠷᠴᠢᠳ᠎ᠤᠨ ᠥᠪᠥᠷ ᠮᠣᠩᠭᠣᠯ᠎ᠤᠨ ᠬᠡᠲᠦ ᠲᠡᠰ᠎ᠤᠨ ᠤᠷᠤᠯᠳᠤᠭᠠᠨ ᠳ᠋ᠡᠬᠢ ᠡᠵᠡᠯᠡᠬᠦ᠌ ᠬᠠᠷᠢᠴᠠᠯ ᠦᠷᠭᠦᠯᠵᠢᠯᠡᠨ ᠳᠡᠭᠡᠭ᠌ᠰᠢᠯᠡᠪᠡ᠃ ᠬᠥᠯ ᠪᠥᠮᠪᠥᠭᠡ᠎ᠡᠴᠡ ᠭᠠᠳᠠᠨ᠎ᠠ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠴᠦ᠍ ᠰᠤᠷᠭᠠᠭᠤᠯᠢ᠎ᠶ᠋ᠢᠨ ᠬᠦᠷᠢᠶᠡᠨ᠎ᠳᠦ ᠲᠦᠷᠭᠡᠨ ᠲᠦᠭᠡᠮᠡᠯᠵᠢᠵᠦ᠂ ᠥᠪᠥᠷ ᠮᠣᠩᠭᠣᠯ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠳᠦ ᠣᠷᠣᠭᠤᠯᠵᠤ᠂ ᠡᠪᠦᠯ᠎ᠦᠨ ᠤᠯᠠᠷᠢᠯ᠎ᠤᠨ ᠰᠤᠷᠭᠠᠭᠤᠯᠢ᠎ᠶ᠋ᠢᠨ ᠬᠦᠷᠢᠶᠡᠨ᠎ᠦ ᠲᠠᠮᠢᠷ᠎ᠤᠨ ᠴᠤᠭ᠍ᠯᠠᠭᠠᠨ ᠪᠣᠯᠤᠨ ᠰᠤᠷᠭᠠᠭᠤᠯᠢ᠎ᠶ᠋ᠢᠨ ᠬᠣᠭᠣᠷᠣᠨᠳᠣᠬᠢ ᠬᠣᠯᠪᠣᠭᠠᠲᠤ ᠤᠷᠤᠯᠳᠤᠭᠠᠨ᠎ᠢ ᠥᠷᠨᠢᠭᠦᠯᠬᠦ᠌᠎ᠶ᠋ᠢᠨ ᠬᠠᠮᠲᠤ ᠲᠤᠰᠭᠠᠶ ᠮᠡᠷᠭᠡᠵᠢᠯ᠎ᠦᠨ ᠮᠥᠰᠥ᠍ ᠴᠠᠰᠤᠨ᠎ᠤ ᠲᠠᠯᠠᠪᠤᠷ ᠣᠷᠳᠣᠨ ᠪᠣᠯᠤᠨ ᠪᠣᠯᠪᠠᠰᠤᠷᠠᠯ᠎ᠤᠨ ᠡᠬᠢ ᠪᠠᠶᠠᠯᠢᠭ᠎ᠢ ᠨᠡᠭᠡᠭᠡᠵᠦ᠍᠂ ᠵᠠᠯᠠᠭᠤᠴᠤᠳ ᠪᠠᠭᠠᠴᠤᠳ᠎ᠲᠤ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠲᠡᠶ ᠣᠢᠷᠠᠳᠭᠤ ᠲᠠᠪᠴᠠᠩ ᠪᠠᠢᠭᠤᠯᠵᠤ ᠥᠭ᠌ᠪᠡ᠃ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠭᠦᠨᠵᠡᠭᠡᠢᠷᠡᠯᠲᠡ ᠨᠢ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠢ 《ᠬᠢᠷᠢ ᠪᠦᠲᠦᠮᠵᠢ᠎ᠶ᠋ᠢ ᠴᠢᠬᠤᠯᠠᠴᠢᠯᠠᠵᠤ》 ᠪᠠᠢᠭ᠍ᠰᠠᠨ᠎ᠠᠴᠠ 《ᠦᠰᠦᠨ ᠪᠣᠢᠵᠢᠯᠲᠠ᠎ᠶ᠋ᠢ ᠴᠢᠬᠤᠯᠠᠴᠢᠯᠠᠬᠤ》 ᠪᠣᠯᠭᠠᠨ ᠬᠤᠪᠢᠷᠠᠭᠤᠯᠵᠤ᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ ᠲᠸ᠋ ᠲᠠᠰᠤᠷᠠᠯᠳᠠ ᠦᠭᠡᠢ ᠨᠥᠭᠡᠴᠡ ᠬᠦᠴᠦᠨ ᠬᠠᠩᠭᠠᠪᠠ᠃

ᠮᠥᠰᠥ᠍ ᠴᠠᠰᠤᠨ᠎ᠤ ᠠᠵᠤ ᠠᠬᠤᠶ ᠨᠢ ᠤᠮᠠᠷᠠᠲᠤ ᠬᠢᠯᠢ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦᠷ ᠪᠤᠯᠪᠠ
2025 ᠣᠨ᠎ᠳᠤ᠂ ᠥᠪᠥᠷ ᠮᠣᠩᠭᠣᠯ 《〈ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠴᠢᠨᠠᠷ ᠰᠠᠢᠲᠠᠶ ᠬᠥᠭ᠌ᠵᠢᠯᠲᠡ᠎ᠪᠡᠷ ᠮᠥᠰᠥ᠍ ᠴᠠᠰᠤᠨ᠎ᠤ ᠠᠵᠤ ᠠᠬᠤᠶ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ᠎ᠤᠳ〉᠎ᠢ᠋ ᠲᠤᠭᠤᠱᠢᠯᠠᠭᠤᠯᠤᠨ ᠨᠠᠢᠳᠠᠪᠤᠷᠢᠵᠢᠭᠤᠯᠬᠤ ᠭᠤᠤᠯᠳᠠᠯᠭ᠎ᠠ᠎ᠲᠠᠶ ᠡᠭᠦᠷᠭᠡ᠎ᠶ᠋ᠢᠨ ᠨᠠᠷᠢᠨ ᠲᠠᠩᠰᠠ》 ᠶ᠋ᠢ ᠳᠠᠷᠤᠮᠠᠯᠯᠠᠨ ᠲᠠᠷᠬᠠᠭᠠᠵᠤ᠂ 7 ᠲᠠᠯ᠎ᠠ᠎ᠶᠢᠨ 25 ᠵᠦᠶ᠋ᠯ᠎ᠦᠨ ᠡᠭᠦᠷᠭᠡ᠎ᠶ᠋ᠢ ᠳᠤᠷᠠᠳᠴᠤ᠌᠂ ᠮᠥᠰᠥ᠍ ᠴᠠᠰᠤᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢ ᠪᠥᠬᠥ᠌ ᠲᠠᠯ᠎ᠠ᠎ᠪᠠᠷ ᠪᠠᠢᠷᠢᠯᠠᠭᠤᠯᠪᠠ᠃ ᠬᠥᠯᠥᠨ ᠪᠣᠢᠷ ᠬᠣᠲᠠ᠂ ᠬᠢᠩᠭᠠᠨ ᠠᠢᠮᠠᠭ᠎ᠢᠶᠠᠷ ᠭᠤᠤᠯ ᠪᠣᠯᠭᠠᠵᠤ᠂ ᠥᠪᠥᠷ ᠮᠣᠩᠭᠣᠯ ᠮᠥᠰᠥ᠍ ᠴᠠᠰᠤᠨ᠎ᠤ ᠠᠵᠤ ᠠᠬᠤᠶ᠎ᠶ᠋ᠢᠨ ᠬᠥᠲᠥᠯᠥᠨ ᠳᠠᠭᠠᠭᠤᠯᠬᠤ ᠣᠷᠣᠨ᠎ᠢ ᠪᠣᠶ ᠪᠣᠯᠭᠠᠵᠤ᠂ 《 ᠮᠥᠰᠥ᠍ ᠴᠠᠰᠤᠨ᠎ᠤ ᠨᠠᠭᠠᠳᠤᠮ》᠂ 《ᠬᠦᠶ᠋ᠲᠡᠨ ᠲᠤᠢᠯ᠎ᠤᠨ ᠮᠠᠷᠠᠽᠤᠨ ᠤᠷᠤᠯᠳᠤᠭᠠᠨ》 ᠵᠡᠷᠭᠡ ᠣᠨᠴᠠᠯᠢᠭ᠍ᠲᠤ ᠨᠠᠷᠠᠲᠤ ᠲᠥᠷᠥᠯ ᠲᠡᠮᠳᠡᠭ᠌ᠲᠦ᠍᠎ᠶ᠋ᠢᠨ ᠠᠵᠢᠯᠯᠠᠭ᠎ᠠ᠎ᠶ᠋ᠢ ᠥᠷᠨᠢᠭᠦᠯᠵᠦ᠍᠂ ᠴᠠᠰᠤᠨ ᠳᠡᠭᠡᠷᠡᠬᠢ ᠬᠥᠯ ᠪᠥᠮᠪᠥᠭᠡ᠂ ᠮᠥᠰᠥᠨ ᠳᠡᠭᠡᠷᠡᠬᠢ ᠯᠤᠸ᠋ᠲᠤ ᠣᠩᠭᠣᠴᠠ ᠵᠡᠷᠭᠡ ᠠᠷᠠᠳ᠎ᠤᠨ ᠵᠠᠩ ᠦᠶ᠋ᠯᠡ᠎ᠶ᠋ᠢᠨ ᠮᠥᠰᠥ᠍ ᠴᠠᠰᠤᠨ᠎ᠤ ᠬᠥᠳᠡᠯᠭᠡᠭᠡᠨ᠎ᠢ ᠳᠡᠯᠭᠡᠷᠡᠭᠦᠯᠵᠦ᠍᠂ ᠮᠥᠰᠥ᠍ ᠴᠠᠰᠤᠨ᠎ᠤ ᠤᠷᠤᠯᠳᠤᠭᠠᠨ᠎ᠤ 《ᠨᠢᠭᠡ ᠭᠠᠵᠠᠷ ᠨᠢᠭᠡ ᠦᠶ᠋ᠯᠡᠳᠬᠦᠨ》᠎ᠤ᠋ ᠪᠥᠲᠥᠭᠡᠨ ᠪᠠᠢᠭᠤᠯᠤᠯᠲᠠ᠎ᠶ᠋ᠢ ᠠᠬᠢᠭᠤᠯᠪᠠ᠃
ᠠᠵᠤ ᠦᠶ᠋ᠯᠡᠰ᠎ᠦᠨ ᠠᠭᠤᠰᠤᠯᠴᠠᠯ᠎ᠤᠨ ᠲᠠᠯ᠎ᠠ᠎ᠪᠠᠷ᠂ ᠥᠪᠥᠷ ᠮᠣᠩᠭᠣᠯ 《ᠮᠥᠰᠥ᠍ ᠴᠠᠰᠤ + ᠠᠷᠠᠳ᠎ᠤᠨ ᠪᠠᠭᠤᠳᠠᠯ》᠂ 《ᠮᠥᠰᠥ᠍ ᠴᠠᠰᠤ + ᠮᠣᠷᠢᠨ ᠮᠡᠷᠭᠡᠵᠢᠯ》᠂ 《ᠮᠥᠰᠥ᠍ ᠴᠠᠰᠤ + ᠵᠢᠭᠤᠯᠴᠢᠯᠠᠯ》 ᠵᠡᠷᠭᠡ ᠤᠨᠴᠠᠯᠢᠬ᠍ᠳᠤ ᠪᠦᠲᠦᠭᠡᠭ᠌ᠳᠡᠬᠦᠨ᠎ᠢ ᠨᠡᠭᠡᠭᠡᠨ ᠬᠥᠭ᠌ᠵᠢᠭᠦᠯᠵᠦ᠍᠂ ᠰᠣᠶᠣᠯ ᠵᠢᠭᠤᠯᠴᠢᠯᠠᠯ᠎ᠤᠨ ᠬᠤᠳᠠᠯᠳᠤᠭᠠᠨ᠎ᠤ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠮᠥᠰᠥ᠍ ᠴᠠᠰᠤᠨ᠎ᠤ ᠤᠷᠤᠯᠳᠤᠭᠠᠨ ᠨᠢ ᠦᠵᠡᠮᠵᠢ᠎ᠶ᠋ᠢᠨ ᠣᠷᠣᠨ᠂ ᠬᠤᠳᠠᠯᠳᠤᠭᠠᠨ᠎ᠤ ᠲᠣᠭᠣᠷᠢᠭ᠎ᠲᠤ ᠬᠦᠨᠵᠡᠭᠡᠢᠷᠡᠬᠦ᠎ᠵᠢ ᠠᠬᠢᠭᠤᠯᠪᠠ᠃
2025 ᠣᠨ ᠪᠣᠯ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠲᠠᠯ᠎ᠠ ᠪᠠᠷ ᠭᠦᠨᠵᠡᠭᠡᠶ ᠱᠢᠪᠲᠤᠯᠤᠯᠲᠠ ᠲᠠᠢ ᠨᠢᠭᠡ ᠵᠢᠯ ᠮᠦᠨ᠃ ᠥᠪᠥᠷ ᠮᠣᠩᠭᠣᠯ ᠦᠷᠢᠰᠦᠯᠳᠦᠭᠡᠨᠳᠦ ᠤᠷᠤᠯᠳᠤᠭᠠᠨ᠂ ᠣᠯᠠᠨ ᠲᠦᠮᠡᠨᠴᠢ ᠪᠡᠶ᠎ᠡ᠎ᠶ᠋ᠢᠨ ᠲᠠᠮᠢᠷ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ ᠪᠣᠯᠤᠨ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ ᠵᠡᠷᠭᠡ ᠤᠯᠠᠨ ᠲᠠᠯ᠎ᠠ᠎ᠳᠤ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠵᠦ᠍᠂ ᠦᠪᠦᠷ ᠮᠤᠩᠭᠤᠯ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠢᠨ᠎ᠡ ᠬᠠᠭᠤᠳᠠᠰᠦ᠎ᠵᠢ ᠪᠢᠴᠢᠭᠯᠡᠪᠡ᠃

(ᠬᠡᠷᠡᠯ ᠵᠢᠷᠤᠬ ᠤᠳ ᠢ ᠰᠥᠯᠵᠢᠶ᠎ᠠ ᠡᠴᠡ ᠠᠪᠤᠪᠠ )