ᠸᠠᠩ ᠪᠢᠩ ᠴᠢᠶᠠᠨ ᠨᠥᠬᠥᠷ ᠤ᠋ᠨ ᠡᠪᠡᠳᠴᠢᠨ ᠬᠦᠨᠳᠦ ᠪᠠᠢᠭ᠍ᠰᠠᠨ ᠬᠤᠭᠤᠴᠠᠭᠠᠨ᠎ᠳᠤ ᠪᠠ ᠨᠠᠰᠤ ᠪᠠᠷᠠᠭ᠍ᠰᠠᠨ᠎ᠤ ᠲᠠᠷᠠᠭ᠎ᠠ ᠰᠢ ᠵᠢᠨ ᠫᠢᠩ ᠯᠢ ᠴᠢᠶᠠᠩ ᠵᠤᠤ ᠯᠸ ᠵᠶ᠋ᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤ᠌ ᠵᠢᠨ ᠲᠤᠤ ᠵᠡᠷᠭᠡ ᠨᠥᠬᠥᠳ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍ ᠪᠤᠯᠭᠤᠭᠠᠨ ᠦᠵᠡᠭ᠌ᠰᠡᠨ ᠪᠤᠶᠤ ᠤᠯᠠᠨ ᠬᠡᠯᠪᠡᠷᠢ᠎ᠪᠡᠷ ᠸᠠᠩ ᠪᠢᠩ ᠴᠢᠶᠠᠨ ᠨᠥᠬᠥᠷ᠎ᠦᠨ ᠨᠠᠰᠤ ᠪᠠᠷᠠᠭ᠍ᠰᠠᠨ᠎ᠳᠤ ᠡᠮᠭᠡᠨᠢᠨ ᠭᠠᠱᠢᠭᠤᠳᠠᠵᠤ ᠪᠠᠢᠬᠤ᠎ᠪᠠᠨ ᠢᠯᠡᠳᠭᠡᠬᠦ ᠵᠢᠨ ᠬᠠᠮᠳᠤ ᠲᠦᠷᠦᠯ ᠰᠠᠳᠤᠨ᠎ᠢ ᠨᠢ ᠳᠣᠲᠣᠨᠣ᠎ᠪᠠᠷ ᠲᠣᠬᠣᠨᠢᠭᠤᠯᠵᠤ ᠪᠠᠢᠬᠤ᠎ᠪᠠᠨ ᠢᠯᠡᠳᠭᠡᠪᠡ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠨᠠᠢᠳᠠᠯᠭ᠎ᠠ᠎ᠪᠠᠷ ᠵᠤᠤ ᠯᠸ ᠵᠶ᠋ᠢᠨᠡᠷ ᠭᠤᠸᠠᠩᠵᠧᠦ ᠬᠤᠳᠠ᠎ᠶ᠋ᠢᠨ ᠣᠷᠣᠱᠢᠭᠤᠯᠭ᠎ᠠ᠎ᠶ᠋ᠢᠨ ᠭᠠᠵᠠᠷ᠎ᠲᠤ ᠬᠦᠷᠴᠦ᠍ ᠠᠶᠠᠷᠯᠠᠨ ᠮᠣᠷᠳᠠᠭᠤᠯᠪᠠ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠢᠯᠢᠳᠡᠭ ᠭᠡᠱᠢᠭᠦᠨ᠂ ᠤᠷᠲᠤ ᠬᠤᠭᠤᠴᠠᠭᠠᠨ᠎ᠤ ᠱᠢᠯᠭᠠᠯᠲᠠ᠎ᠶ᠋ᠢ ᠦᠩᠭᠡᠷᠡᠭᠡᠭᠰᠡᠨ ᠦᠨᠡᠨᠴᠢ ᠰᠢᠳᠤᠷᠭᠤ ᠡᠪ ᠬᠠᠮᠲᠤ ᠶᠣᠰᠣᠨ᠎ᠤ ᠪᠠᠢᠯᠳᠤᠭ᠍ᠴᠢ᠂ ᠦᠭᠡᠢᠭᠦᠦ ᠠᠩᠭᠢ᠎ᠶ᠋ᠢᠨ ᠬᠤᠪᠢᠰᠭᠠᠯᠴᠢ᠂ ᠮᠠᠨ᠎ᠤ ᠤᠯᠤᠰ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠹᠷᠣᠨᠲ ᠪᠣᠯᠤᠨ ᠨᠡᠢᠭᠡᠮ ᠵᠢᠷᠤᠮ᠎ᠤᠨ ᠬᠠᠤᠯᠢ ᠳᠦᠷᠢᠮ᠎ᠦᠨ ᠪᠠᠢᠭᠤᠯᠤᠯᠲᠠ᠎ᠶ᠋ᠢᠨ ᠭᠠᠷᠮᠠᠭᠠᠢ ᠤᠳᠤᠷᠢᠳᠭᠤ ᠬᠥᠮᠦᠨ᠂ ᠤᠤᠯ᠎ᠤᠨ ᠲᠦᠷᠦ᠎ᠶ᠋ᠢᠨ ᠶᠠᠪᠤᠳᠠᠯ᠎ᠤᠨ ᠭᠡᠱᠢᠭᠦᠨ᠂ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢ᠌ᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ ᠸᠠᠩ ᠪᠢᠩ ᠴᠢᠶᠠᠨ ᠨᠥᠬᠥᠷ᠎ᠦᠨ ᠴᠢᠨᠳᠠᠷ᠎ᠢ 14 ᠤ᠋ ᠡᠳᠦᠷ ᠭᠣᠸᠠᠩᠳ᠋ᠦ᠋ᠩᠤᠨ ᠭᠣᠸᠠᠩᠵᠸᠤ ᠬᠣᠲᠠ᠎ᠶ᠋ᠢᠨ ᠣᠷᠣᠱᠢᠭᠤᠯᠭ᠎ᠠ᠎ᠶ᠋ᠢᠨ ᠭᠠᠵᠠᠷ᠎ᠲᠤ ᠳᠡᠭᠳᠡᠭᠡᠪᠡ᠃
ᠸᠠᠩ ᠪᠢᠩ ᠴᠢᠶᠠᠨ ᠨᠥᠬᠥᠷ ᠡᠪᠡᠳᠴᠢᠨ ᠵᠢᠡᠷ 2025 ᠣᠨ᠎ᠤ 12 ᠰᠠᠷ᠎ᠠ᠎ᠶ᠋ᠢᠨ 8 ᠤ᠋ ᠡᠳᠦᠷ᠎ᠦᠨ 3 ᠴᠠᠭ 35 ᠮᠢᠨᠦ᠋ᠲ᠎ᠲᠦ ᠭᠤᠸᠠᠩᠳᠦ᠋ᠩ᠎ᠳᠦ ᠨᠠᠰᠤ ᠪᠠᠷᠠᠪᠠ᠂ ᠨᠠᠰᠤᠨ ᠰᠡᠭᠦᠳᠡᠷ 100᠃
ᠸᠠᠩ ᠪᠢᠩ ᠴᠢᠶᠠᠨ ᠨᠥᠬᠥᠷ ᠤ᠋ᠨ ᠡᠪᠡᠳᠴᠢᠨ ᠬᠦᠨᠳᠦ ᠪᠠᠢᠭ᠍ᠰᠠᠨ ᠬᠤᠭᠤᠴᠠᠭᠠᠨ᠎ᠳᠤ ᠪᠠ ᠨᠠᠰᠤ ᠪᠠᠷᠠᠭ᠍ᠰᠠᠨ᠎ᠤ ᠲᠠᠷᠠᠭ᠎ᠠ᠂ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠸᠠᠩ ᠬᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠂ ᠬᠤ᠌ ᠵᠢᠨ ᠲᠤᠤ ᠵᠡᠷᠭᠡ ᠨᠥᠬᠥᠳ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍ ᠪᠤᠯᠭᠤᠭᠠᠨ ᠦᠵᠡᠭ᠌ᠰᠡᠨ ᠪᠤᠶᠤ ᠤᠯᠠᠨ ᠬᠡᠯᠪᠡᠷᠢ᠎ᠪᠡᠷ ᠸᠠᠩ ᠪᠢᠩ ᠴᠢᠶᠠᠨ ᠨᠥᠬᠥᠷ᠎ᠦᠨ ᠨᠠᠰᠤ ᠪᠠᠷᠠᠭ᠍ᠰᠠᠨ᠎ᠳᠤ ᠡᠮᠭᠡᠨᠢᠨ ᠭᠠᠱᠢᠭᠤᠳᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠲᠦᠷᠦᠯ ᠰᠠᠳᠤᠨ᠎ᠢ ᠨᠢ ᠳᠣᠲᠣᠨᠣ᠎ᠪᠠᠷ ᠲᠣᠬᠣᠨᠢᠭᠤᠯᠵᠤ ᠪᠠᠢᠬᠤ᠎ᠪᠠᠨ ᠢᠯᠡᠳᠭᠡᠪᠡ᠃
ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠨᠠᠢᠳᠠᠯᠭ᠎ᠠ᠎ᠪᠠᠷ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠨᠠᠷ 14 ᠤ᠋ ᠡᠳᠦᠷ ᠲᠤᠰᠭᠠᠢᠯᠠᠨ ᠭᠤᠸᠠᠩᠵᠧᠦ ᠬᠤᠳᠠ᠎ᠶ᠋ᠢᠨ ᠣᠷᠣᠱᠢᠭᠤᠯᠭ᠎ᠠ᠎ᠶ᠋ᠢᠨ ᠭᠠᠵᠠᠷ᠎ᠲᠤ ᠬᠦᠷᠴᠦ᠍ ᠸᠠᠩ ᠪᠢᠩ ᠴᠢᠶᠠᠨ ᠨᠥᠬᠥᠷ᠎ᠢ ᠠᠶᠠᠷᠯᠠᠨ ᠮᠣᠷᠳᠠᠭᠤᠯᠵᠤ᠂ ᠲᠦᠷᠦᠯ ᠰᠠᠳᠤᠨ᠎ᠢ ᠨᠢ ᠲᠣᠬᠣᠨᠢᠭᠤᠯᠪᠠ᠃
14 ᠤ᠋ ᠦᠳᠡ᠎ᠶ᠋ᠢᠨ ᠡᠮᠦᠨ᠎ᠡ᠂ ᠭᠤᠸᠠᠩᠵᠧᠦ ᠬᠤᠳᠠ᠎ᠶ᠋ᠢᠨ ᠣᠷᠣᠱᠢᠭᠤᠯᠭ᠎ᠠ᠎ᠶ᠋ᠢᠨ ᠭᠠᠵᠠᠷ ᠲᠥᠪ ᠬᠢᠴᠢᠶᠡᠩᠭᠦᠢ ᠪᠠᠢᠵᠤ᠂ ᠭᠠᠱᠢᠭᠤᠳᠠᠯᠤᠨ ᠠᠶᠠᠰ ᠨᠠᠮᠬᠠᠨ ᠴᠤᠤᠷᠢᠶᠠᠳᠤᠨ᠎ᠠ᠃ ᠭᠣᠣᠯ ᠲᠢᠩᠬᠢᠮ᠎ᠦᠨ ᠳᠡᠭᠡᠷ᠎ᠡ ᠲᠠᠯ᠎ᠠ᠎ᠳᠤ 《ᠸᠠᠩ ᠪᠢᠩ ᠴᠢᠶᠠᠨ ᠨᠥᠬᠥᠷ᠎ᠢ ᠡᠮᠭᠡᠨᠢᠨ ᠭᠠᠱᠢᠭᠤᠳᠠᠶᠠ》 ᠭᠡᠬᠦ᠌ ᠬᠠᠷ᠎ᠠ ᠳᠡᠪᠢᠰᠭᠡᠷ ᠲᠠᠢ ᠴᠠᠭᠠᠨ ᠦᠰᠦᠭᠳᠤ ᠬᠥᠨᠳᠡᠯᠡᠨ ᠪᠢᠴᠢᠭᠡᠰᠦ᠎ᠶ᠋ᠢ ᠡᠯᠭᠦᠵᠦ᠍᠂ ᠬᠥᠨᠳᠡᠯᠡᠨ ᠪᠢᠴᠢᠭᠡᠰᠦ᠎ᠶ᠋ᠢᠨ ᠳᠣᠣᠷ᠎ᠠ ᠲᠠᠯ᠎ᠠ᠎ᠳᠤ ᠸᠠᠩ ᠪᠢᠩ ᠴᠢᠶᠠᠨ ᠨᠥᠬᠥᠷ᠎ᠦᠨ ᠬᠦᠷᠦᠭ᠎ᠢ ᠡᠯᠭᠦᠵᠡᠢ᠃ ᠸᠠᠩ ᠪᠢᠩ ᠴᠢᠶᠠᠨ ᠨᠥᠬᠥᠷ᠎ᠦᠨ ᠴᠢᠨᠳᠠᠷ ᠰᠣᠷᠭᠣᠭ ᠴᠡᠴᠡᠭ ᠮᠠᠢᠯᠠᠰᠤ᠎ᠶ᠋ᠢᠨ ᠳᠤᠮᠳᠠ ᠠᠮᠤᠷᠯᠢᠩᠭᠤᠢ ᠬᠡᠪᠳᠡᠵᠤ᠂ ᠪᠡᠶ᠎ᠡ ᠳᠡᠭᠡᠷ᠎ᠡ ᠨᠢ ᠭᠠᠯ ᠤᠯᠠᠭᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠭ ᠢ᠋ ᠬᠤᠴᠢᠵᠠᠢ᠃
ᠦᠳᠡ᠎ᠶ᠋ᠢᠨ ᠡᠮᠦᠨᠡᠬᠢ 9 ᠴᠠᠭ᠎ᠤᠨ ᠦᠶ᠎ᠡ᠎ᠪᠡᠷ᠂ ᠵᠤᠤ ᠯᠸ ᠵᠶ᠋ᠢᠨᠡᠷ ᠭᠠᠱᠢᠭᠤᠳᠠᠯᠤᠨ ᠠᠶᠠᠰ᠎ᠤᠨ ᠳᠤᠮᠳᠠ ᠸᠠᠩ ᠪᠢᠩ ᠴᠢᠶᠠᠨ ᠨᠥᠬᠥᠷ᠎ᠦᠨ ᠴᠢᠨᠳᠠᠷ᠎ᠤᠨ ᠡᠮᠦᠨ᠎ᠡ ᠠᠯᠭᠤᠷᠬᠠᠨ ᠬᠦᠷᠴᠦ᠍ ᠲᠦᠪ ᠵᠣᠭ᠍ᠰᠣᠵᠤ ᠨᠠᠮᠠᠨᠴᠢᠯᠠᠨ ᠭᠠᠱᠢᠭᠤᠳᠠᠵᠤ᠂ ᠸᠠᠩ ᠪᠢᠩ ᠴᠢᠶᠠᠨ ᠨᠥᠬᠥᠷ᠎ᠦᠨ ᠴᠢᠨᠳᠠᠷ᠎ᠲᠤ ᠭᠤᠷᠪᠠᠨᠲᠠ ᠶᠣᠰᠣᠯᠠᠭ᠍ᠰᠠᠨ ᠪᠥᠭᠡᠳ ᠸᠠᠩ ᠪᠢᠩ ᠴᠢᠶᠠᠨ ᠨᠥᠬᠥᠷ᠎ᠦᠨ ᠲᠦᠷᠦᠯ ᠰᠠᠳᠤᠨ᠎ᠲᠠᠶ ᠨᠢᠭᠡᠳ ᠨᠢᠭᠡ᠎ᠪᠡᠷ ᠭᠠᠷ ᠠᠳᠭᠤᠵᠤ᠂ ᠶᠡᠷᠦᠩᠬᠡᠢ ᠱᠦᠵᠢ ᠰᠢ ᠵᠢᠨ ᠫᠢᠩ ᠵᠡᠷᠭᠡ ᠲᠥᠪ᠎ᠦᠨ ᠤᠳᠤᠷᠢᠳᠭᠤ ᠨᠥᠬᠥᠳ᠎ᠦᠨ ᠳᠣᠲᠣᠨᠣ ᠲᠣᠬᠣᠨᠢᠭᠤᠯᠤᠯᠢ ᠳᠠᠮᠵᠢᠭᠤᠯᠪᠠ᠃
ᠨᠠᠮ ᠪᠣᠯᠤᠨ ᠲᠦᠷᠦ ᠵᠢᠨ ᠬᠣᠯᠪᠣᠭ᠍ᠳᠠᠯ ᠪᠦᠬᠦᠢ ᠤᠳᠤᠷᠢᠳᠭᠤ ᠨᠥᠬᠥᠳ ᠬᠦᠷᠴᠤ ᠢᠷᠡᠵᠤ ᠠᠶᠠᠷᠯᠠᠨ ᠮᠣᠷᠳᠠᠭᠤᠯᠤᠭᠰᠠᠨ ᠪᠤᠶᠤ ᠤᠯᠠᠨ ᠬᠡᠯᠪᠡᠷᠢ᠎ᠪᠡᠷ ᠡᠮᠭᠡᠨᠢᠨ ᠭᠠᠱᠢᠭᠤᠳᠠᠵᠤ ᠪᠠᠢᠬᠤ᠎ᠪᠠᠨ ᠢᠯᠡᠳᠭᠡᠪᠡ᠃ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠣᠯᠤᠨ ᠭᠤᠸᠠᠩᠳᠦ᠋ᠩ ᠮᠤᠵᠢ᠎ᠶ᠋ᠢᠨ ᠬᠠᠷᠢᠭᠤᠴᠠᠯᠭᠠᠲᠠᠨ ᠨᠥᠬᠥᠳ᠂ ᠸᠠᠩ ᠪᠢᠩ ᠴᠢᠶᠠᠨ ᠨᠥᠬᠥᠷ᠎ᠦᠨ ᠠᠮᠢᠳᠤ ᠰᠡᠷᠡᠭᠦᠨ ᠪᠠᠢᠬᠤ ᠦᠶ᠎ᠡ᠎ᠶ᠋ᠢᠨ ᠰᠠᠢ᠌ᠨ ᠨᠠᠢᠵᠠ ᠪᠣᠯᠤᠨ ᠨᠤᠲᠤᠭ᠎ᠤᠨ ᠬᠢᠨᠢ ᠲᠥᠯᠥᠭᠡᠯᠡᠭ᠌ᠴᠢᠳ ᠪᠠᠰᠠ ᠬᠦᠷᠴᠤ ᠢᠷᠡᠵᠤ ᠠᠶᠠᠷᠯᠠᠨ ᠮᠣᠷᠳᠠᠭᠤᠯᠵᠠᠢ᠃
(ᠱᠢᠨᠬᠤᠸᠠ ᠬᠣᠷᠢᠶ᠎ᠠ ᠵᠢᠨ ᠭᠤᠸᠠᠩᠵᠧᠦ᠍᠎ᠶ᠋ᠢᠨ 12 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ)