ᠲᠦᠷᠺᠮᠸᠨ᠋ᠰᠲ᠋ᠠᠨ᠎ᠤ ᠲᠠᠯ᠎ᠠ᠎ᠶ᠋ᠢᠨ ᠤᠷᠢᠯᠭ᠎ᠠ᠎ᠪᠠᠷ᠂ ᠲᠡᠷᠢᠭᠦᠯᠡᠭ᠌ᠴᠢ ᠰᠢ ᠵᠢᠨ ᠫᠢᠩ᠎ᠦᠨ ᠣᠨᠴᠠ ᠡᠯᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠳᠡᠳ᠋ ᠬᠤᠷᠢᠶᠠᠨ ᠳᠠᠷᠤᠭ᠎ᠠ ᠫᠸᠩ ᠴᠢᠩ ᠬᠤᠸᠠ 12 ᠰᠠᠷ᠎ᠠ᠎ᠶ᠋ᠢᠨ 12᠎ᠡᠴᠡ 13᠎ᠤ᠋ ᠡᠳᠦᠷ ᠪᠣᠯᠲᠠᠯ᠎ᠠ ᠠᠱᠾᠠᠪᠠᠳ᠋ᠲᠦ ᠬᠦᠷᠴᠦ᠍ 《ᠤᠯᠠᠨ ᠤᠯᠤᠰ᠎ᠤᠨ ᠡᠩᠬᠡ ᠲᠠᠢᠪᠤᠩ ᠪᠠ ᠢᠲᠡᠭᠡᠯᠴᠡᠭᠡ᠎ᠶ᠋ᠢᠨ ᠣᠨ᠎ᠤ ᠶᠠᠷᠢᠶᠠᠨ᠎ᠤ ᠲᠠᠪᠴᠠᠩ》᠎ᠳ᠋ᠤ ᠣᠷᠣᠯᠴᠠᠵᠤ᠂ ᠲᠦᠷᠺᠮᠸᠨ᠋ᠰᠲ᠋ᠠᠨ᠎ᠤ ᠲᠠᠯ᠎ᠠ᠎ᠶᠢᠨ ᠬᠢᠨ᠎ᠳᠦ ᠲᠡᠷᠢᠭᠦᠯᠡᠭ᠌ᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠢ ᠳᠠᠮᠵᠢᠭᠤᠯᠵᠤ᠂ ᠲᠦᠷᠺᠮᠸᠨ᠋ᠰᠲ᠋ᠠᠨ᠎ᠤ ᠢᠷᠭᠡᠨ᠎ᠦ ᠬᠤᠷᠠᠯ᠎ᠤᠨ ᠲᠡᠷᠢᠭᠦᠯᠡᠭ᠌ᠴᠢ ᠺᠦᠷᠮᠠᠨᠤᠸᠠ ᠪᠣᠯᠤᠨ ᠭᠣᠣᠯ ᠪᠣᠯᠬᠤ ᠲᠦᠷᠦ᠍᠎ᠶ᠋ᠢᠨ ᠨᠠᠮ᠎ᠤᠨ ᠤᠳᠤᠷᠢᠳᠭᠤ ᠬᠥᠮᠦᠰ ᠲᠡᠶ ᠠᠭᠤᠯᠵᠠᠭ᠍ᠰᠠᠨ ᠪᠥᠭᠡᠳ ᠳᠤᠮᠳᠠᠳᠤ ᠲᠦᠷᠺᠮᠸᠨ᠋ᠰᠲ᠋ᠠᠨ᠎ᠤ ᠠᠷᠠᠳ᠎ᠤᠨ ᠬᠣᠭᠣᠷᠣᠨᠳᠣᠬᠢ ᠶᠠᠷᠢᠯᠴᠠᠭᠠᠨ᠎ᠤ ᠠᠵᠢᠯᠯᠠᠭ᠎ᠠ᠎ᠳᠤ ᠣᠷᠣᠯᠴᠠᠪᠠ᠃ ᠫᠸᠩ ᠴᠢᠩ ᠬᠤᠸᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠲᠡᠷᠢᠭᠦᠯᠡᠭ᠌ᠴᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠶ᠋ᠢ ᠢᠳᠡᠪᠬᠢᠲᠡᠢ ᠤᠬᠠᠭᠤᠯᠤᠨ ᠲᠠᠨᠢᠯᠴᠠᠭᠤᠯᠵᠤ᠂ ᠳᠤᠮᠳᠠᠳᠤ ᠤᠯᠤᠰ ᠳᠤᠷᠠᠲᠠᠶ᠎ᠠ ᠲᠦᠷᠺᠮᠸᠨ᠋ᠰᠲ᠋ᠠᠨ᠎ᠤ ᠬᠢᠨ᠎ᠲᠡᠶ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠭᠤ ᠬᠥᠮᠦᠨ᠎ᠦ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ ᠪᠣᠯᠤᠨ ᠡᠯ᠎ᠡ ᠬᠦᠷᠢᠶᠡᠨ᠎ᠦ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠳᠤᠮᠳᠠᠳᠤ ᠲᠦᠷᠺᠮᠸᠨ᠋ᠰᠲ᠋ᠠᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠤᠨ᠎ᠠ ᠭᠡᠵᠦ᠍ ᠢᠯᠡᠳᠭᠡᠪᠡ᠃
ᠲᠦᠷᠺᠮᠸᠨ᠋ᠰᠲ᠋ᠠᠨ᠎ᠤ ᠬᠢᠨ ᠲᠡᠷᠢᠭᠦᠯᠡᠭ᠌ᠴᠢ ᠰᠢ ᠵᠢᠨ ᠫᠢᠩ᠎ᠦᠨ ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠭ᠌ᠰᠡᠨ ᠪᠥᠭᠡᠳ ᠣᠨᠴᠠ ᠡᠯᠴᠢ ᠲᠣᠮᠢᠯᠠᠨ ᠣᠷᠣᠯᠴᠠᠭᠤᠯᠤᠭ᠍ᠰᠠᠨ᠎ᠳᠤ ᠲᠠᠯᠠᠷᠬᠠᠵᠤ᠂ ᠡᠨᠡ ᠨᠢ ᠳᠤᠮᠳᠠᠳᠤ᠎ᠤᠯᠤᠰ ᠲᠦᠷᠺᠮᠸᠨ᠋ᠰᠲ᠋ᠠᠨ ᠳᠤᠮᠳᠠᠳᠤ᠎ᠶ᠋ᠢᠨ ᠬᠠᠷᠢᠯᠴᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶ᠋ᠢ ᠭᠦᠢᠴᠡᠳ ᠬᠠᠷᠠᠭᠤᠯᠵᠤ᠂ ᠴᠢᠬᠤᠯᠠ ᠶᠡᠬᠡ ᠤᠯᠠᠨ ᠤᠯᠤᠰ᠎ᠤᠨ ᠲᠠᠯᠠᠪᠤᠷ᠎ᠲᠤ ᠳᠤᠮᠳᠠᠳᠤ ᠤᠯᠤᠰ ᠣᠷᠣᠯᠴᠠᠬᠤ᠎ᠡᠴᠡ ᠰᠠᠯᠵᠤ ᠴᠢᠳᠠᠬᠤ ᠦᠭᠡᠢ ᠶᠤᠮ᠂ ᠲᠦᠷᠺᠮᠸᠨ᠋ᠰᠲ᠋ᠠᠨ᠎ᠤ ᠬᠢᠨ ᠳᠤᠷᠠᠲᠠᠶ᠎ᠠ ᠳᠤᠮᠳᠠᠳᠤ ᠤᠯᠤᠰ᠎ᠤᠨ ᠴᠢᠨᠠᠷ ᠰᠠᠢᠲᠠᠢ ᠬᠥᠭ᠌ᠵᠢᠯᠲᠡ᠎ᠪᠡᠷ ᠠᠵᠠ ᠲᠣᠬᠢᠶᠠᠯ ᠪᠣᠯᠭᠠᠵᠤ᠂ ᠳᠤᠮᠳᠠᠳᠤ ᠤᠯᠤᠰ᠎ᠲᠡᠶ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠲᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ᠎ᠶ᠋ᠢ ᠬᠠᠮᠲᠤ᠎ᠪᠠᠷ ᠦᠢᠯᠡᠳᠦᠯᠭᠡᠵᠢᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠴᠦ᠍᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠨ᠎ᠠ ᠭᠡᠵᠦ᠍ ᠢᠯᠡᠳᠭᠡᠪᠡ᠃
(ᠱᠢᠨᠬᠤᠸᠠ ᠬᠣᠷᠢᠶ᠎ᠠ᠎ᠶᠢᠨ ᠲᠦᠷᠺᠮᠸᠨ᠋ᠰᠲ᠋ᠠᠨ᠎ᠤ ᠠᠱᠾᠠᠪᠠᠳ᠋ᠤ᠋ᠨ 12 ᠰᠠᠷ᠎ᠠ᠎ᠶ᠋ᠢᠨ 13᠎ᠤ᠋ ᠴᠠᠬᠢᠯᠭᠠᠨ ᠮᠡᠳᠡᠭᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号