ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ ᠳᠤᠷᠠᠳᠤᠭ᠍ᠰᠠᠨ 《ᠲᠠᠪᠤᠨ ᠡᠷᠬᠡᠪᠰᠢ》 ᠵᠢ ᠰᠤᠷᠤᠯᠴᠠᠨ ᠣᠢᠯᠠᠭᠠᠬᠤ ᠬᠡᠷᠡᠭ᠌ᠲᠡᠢ
2025-12-15 10:25:49
ᠵᠣᠬᠢᠶᠠᠭ᠍ᠴᠢ᠄
ᠸᠠᠩ ᠰᠢ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 10 ᠡᠴᠡ 11 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠭᠰᠠᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ 2025 ᠣᠨ᠎ᠤ ᠠᠵᠤ ᠠᠬᠤᠢ᠎ᠶ᠋ᠢᠨ ᠠᠵᠢᠯ᠎ᠢ ᠳ᠋ᠦᠩᠨᠡᠵᠦ᠍᠂ ᠣᠳᠣᠬᠠᠨ᠎ᠤ ᠠᠵᠤ ᠠᠬᠤᠢ᠎ᠶ᠋ᠢᠨ ᠪᠠᠢᠳᠠᠯ᠎ᠢ ᠵᠠᠳᠠᠯᠵᠤ᠂ 2026 ᠣᠨ᠎ᠤ ᠠᠵᠤ ᠠᠬᠤᠢ᠎ᠶ᠋ᠢᠨ ᠠᠵᠢᠯ᠎ᠢ ᠪᠠᠢᠷᠢᠯᠠᠭᠤᠯᠪᠠ᠃

ᠬᠤᠷᠠᠯ᠎ᠡᠴᠡ᠂ ᠦᠢᠯᠡᠳᠦᠯᠭᠡ᠎ᠪᠡᠷ ᠲᠠᠮᠵᠢᠨ᠂ ᠪᠢᠳᠡ ᠱᠢᠨ᠎ᠡ ᠪᠠᠢᠳᠠᠯ ᠳᠣᠣᠷᠠᠬᠢ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠲᠤᠬᠠᠢ ᠱᠢᠨ᠎ᠡ ᠲᠠᠨᠢᠯᠲᠠ ᠪᠠ ᠣᠢᠯᠠᠭᠠᠯᠲᠠ᠎ᠲᠠᠶ ᠪᠣᠯᠪᠠ᠂ ᠲᠤᠬᠠᠢᠯᠠᠪᠠᠯ 《ᠲᠠᠪᠤᠨ ᠡᠷᠬᠡᠪᠰᠢ》 ᠭᠡᠵᠤ ᠳᠤᠳᠤᠷᠬᠠᠢ ᠳᠤᠷᠠᠳᠴᠠᠢ᠃

ᠡᠷᠬᠡᠪᠰᠢ ᠠᠵᠤ ᠠᠬᠤᠢ᠎ᠶ᠋ᠢᠨ ᠲᠠᠯᠳᠠ ᠬᠦᠴᠦᠨ ᠢ᠋ ᠭᠦᠢᠴᠡᠳ ᠠᠭᠤᠳᠠᠯᠵᠤ᠂ ᠡᠷᠬᠡᠪᠰᠢ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠡᠷᠬᠡᠪᠰᠢ 《ᠠᠮᠢᠳᠤᠯᠢᠭ ᠪᠣᠯᠭᠠᠬᠤ》 ᠮᠥᠷᠲᠡᠭᠡᠨ ᠪᠠᠰᠠ 《ᠰᠠᠢᠲᠤᠷ ᠬᠠᠮᠢᠶᠠᠷᠬᠤ》᠎ᠶ᠋ᠢ ᠪᠡᠶᠡᠯᠡᠭᠦᠯᠵᠤ᠂ ᠡᠷᠬᠡᠪᠰᠢ ᠪᠣᠳᠠᠰ ᠲᠤ᠌ ᠪᠡᠯᠡ ᠤᠷᠤᠭᠤᠯᠬᠤ ᠪᠠ ᠬᠥᠮᠦᠨ ᠳ᠋ᠤ ᠪᠡᠯᠡ ᠤᠷᠤᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠡᠷᠬᠡᠪᠰᠢ ᠳᠤᠳᠤᠷ᠎ᠠ ᠲᠠᠮᠢᠷ ᠵᠢᠡᠨ ᠬᠦᠴᠦᠯᠡᠨ ᠴᠢᠩᠭᠠᠷᠠᠭᠤᠯᠵᠤ ᠭᠠᠳᠠᠭᠠᠳᠤ ᠥᠷᠢᠰᠥᠯᠳᠦᠭᠡᠨ᠎ᠢ ᠠᠷᠭᠠᠴᠠᠭᠠᠬᠤ ᠬᠡᠷᠡᠭ᠌ᠲᠡᠢ᠃

2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠨᠢ ᠲᠤᠢᠯ᠎ᠤᠨ ᠴᠢᠬᠤᠯᠠ ᠶᠤᠮ᠃ 《ᠲᠠᠪᠤᠨ ᠡᠷᠬᠡᠪᠰᠢ》 ᠨᠢ ᠥᠩᠭᠡᠷᠡᠭ᠌ᠰᠡᠨ᠎ᠦ ᠠᠵᠤ ᠠᠬᠤᠢ᠎ᠶ᠋ᠢᠨ ᠦᠢᠯᠡᠳᠦᠯᠭᠡ᠎ᠳᠦ ᠭᠦᠨᠵᠡᠭᠡᠢ ᠪᠥᠭᠡᠳ ᠨᠡᠪᠲᠡᠷᠬᠡᠢ ᠳ᠋ᠦᠩᠨᠡᠯᠲᠡ ᠬᠢᠭ᠌ᠰᠡᠨ ᠪᠥᠭᠡᠳ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠳᠦ ᠦᠵᠡᠯ ᠰᠠᠨᠠᠭᠠᠨ᠎ᠤ ᠵᠢᠯᠤᠭᠤᠳᠤᠯᠭ᠎ᠠ ᠪᠠ ᠠᠵᠢᠯᠯᠠᠭᠠᠨ᠎ᠤ ᠵᠦᠭ᠌ᠯᠡᠭᠦᠷ ᠬᠠᠩᠭᠠᠭ᠍ᠰᠠᠨ ᠪᠠᠢᠨ᠎ᠠ᠃

ᠡᠷᠬᠡᠪᠰᠢ ᠠᠵᠤ ᠠᠬᠤᠢ᠎ᠶ᠋ᠢᠨ ᠳᠠᠯᠳᠠ ᠬᠦᠴᠦᠨ ᠢ᠋ ᠭᠦᠢᠴᠡᠳ ᠠᠭᠤᠳᠠᠯᠬᠤ ᠬᠡᠷᠡᠭ᠌ᠲᠡᠢ —

ᠪᠠᠢᠳᠠᠯ᠎ᠢ ᠠᠵᠢᠵᠤ ᠴᠢᠳᠠᠪᠠᠯ ᠮᠡᠷᠭᠡᠨ᠂ ᠪᠠᠢᠳᠠᠯ᠎ᠢ ᠡᠵᠡᠮᠳᠡᠵᠤ ᠴᠢᠳᠠᠪᠠᠯ ᠢᠯᠠᠨ᠎ᠠ᠃ 《ᠲᠤᠮᠤ ᠤᠯᠤᠰ ᠤ᠋ᠨ ᠠᠵᠤ ᠠᠬᠤᠢ ᠵᠢᠨ ᠳᠠᠪᠠᠭᠤᠯᠢᠭ ᠪᠤᠯ ᠳᠠᠷᠤᠢ ᠲᠤᠳᠤᠭᠠᠳᠤ ᠳ᠋ᠠᠭᠠᠨ ᠡᠷᠭᠢᠯᠳᠡ ᠬᠢᠵᠦ ᠪᠤᠯᠤᠨ᠎ᠠ》᠂ ᠶᠡᠷᠦᠩᠬᠡᠢ ᠱᠦᠵᠢ ᠰᠢ ᠵᠢᠨ ᠫᠢᠩ 2020 ᠣᠨ᠎ᠤ 4 ᠰᠠᠷ᠎ᠠ᠎ᠳᠤ ᠲᠥᠪ᠎ᠦᠨ ᠡᠳ᠋᠎ᠦᠨ ᠵᠠᠰᠠᠭ ᠠᠵᠤ ᠠᠬᠤᠢ᠎ᠶ᠋ᠢᠨ ᠬᠤᠷᠢᠶ᠎ᠠ ᠵᠢᠨ ᠳᠣᠯᠣᠳᠤᠭᠠᠷ ᠤᠳᠠᠭ᠎ᠠ᠎ᠶ᠋ᠢᠨ ᠬᠤᠷᠠᠯ ᠳᠡᠭᠡᠷ᠎ᠡ ᠮᠠᠨ᠎ᠤ ᠤᠯᠤᠰ᠎ᠤᠨ ᠠᠵᠤ ᠠᠬᠤᠢ᠎ᠶ᠋ᠢᠨ ᠴᠢᠬᠤᠯᠠ ᠳᠠᠪᠠᠭᠤᠯᠢᠭ ᠪᠣᠯᠤᠨ ᠣᠨᠴᠠᠯᠢᠭ᠎ᠢ ᠭᠦᠨᠵᠡᠭᠡᠢ ᠲᠣᠳᠣᠷᠬᠠᠢᠯᠠᠨ ᠥᠭᠦᠯᠡᠪᠡ᠃

《ᠮᠠᠨ᠎ᠤ ᠤᠯᠤᠰ᠎ᠤᠨ ᠠᠵᠤ ᠠᠬᠤᠶ᠎ᠶ᠋ᠢᠨ ᠰᠠᠭᠤᠷᠢ ᠲᠣᠭ᠍ᠲᠠᠭᠤᠨ᠂ ᠳᠠᠪᠠᠭᠤᠯᠢᠭ ᠣᠯᠠᠨ᠂ ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ ᠶᠡᠬᠡ᠂ ᠣᠷᠳᠣ ᠬᠤᠭᠤᠴᠠᠭ᠎ᠠ᠎ᠪᠠᠷ ᠰᠠᠢᠵᠢᠷᠠᠬᠤ ᠵᠢᠨ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠬᠠᠰᠠᠨ ᠥᠬᠡᠶ》᠂ 《ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ ᠪᠠ ᠬᠦᠴᠦᠷᠬᠡᠭ ᠶᠡᠬᠡ ᠦᠶ᠋ᠯᠡᠳᠪᠦᠷᠢᠯᠡᠯ᠎ᠦᠨ ᠴᠢᠳᠠᠪᠤᠷᠢ ᠵᠢᠨ ᠳᠠᠪᠠᠭᠤᠯᠢᠭ ᠢ᠋ ᠪᠠᠳᠠᠷᠠᠭᠤᠯᠬᠤ ᠬᠡᠷᠡᠭᠳᠠᠢ》 ᠁ ᠣᠢᠷ᠎ᠠ᠎ᠶ᠋ᠢᠨ ᠵᠢᠯ᠎ᠳᠦ᠂ ᠲᠥᠪ᠎ᠦᠨ ᠬᠣᠯᠪᠣᠭ᠍ᠳᠠᠯ ᠪᠥᠬᠥᠶ ᠬᠤᠷᠠᠯ᠎ᠡᠴᠡ ᠪᠠᠰᠠ ᠠᠯᠢ ᠣᠯᠠᠨ ᠴᠢᠬᠤᠯᠠ ᠮᠠᠭᠠᠳᠯᠠᠯᠲᠠ ᠪᠠ ᠪᠠᠢᠷᠢᠯᠠᠭᠤᠯᠤᠯᠲᠠ ᠬᠢᠵᠦ᠍᠂ ᠳᠤᠮᠳᠠᠳᠤ ᠤᠯᠤᠰ᠎ᠤᠨ ᠠᠵᠤ ᠠᠬᠤᠶ᠎ᠶ᠋ᠢ ᠵᠢᠯᠣᠭᠣᠳᠤᠨ ᠬᠥᠭ᠌ᠵᠢᠯᠲᠡ᠎ᠶ᠋ᠢᠨ ᠱᠢᠨ᠎ᠡ ᠣᠷᠣᠨ ᠵᠠᠶ᠎ᠶ᠋ᠢ ᠲᠠᠰᠤᠷᠠᠯᠲᠠ ᠥᠬᠡᠶ ᠨᠡᠭᠡᠭᠡᠪᠡ᠃

ᠢᠷᠡᠭᠡᠳᠦᠢ᠎ᠪᠡᠨ ᠪᠠᠷᠠᠯᠠᠬᠤᠶ᠎ᠠ᠂ ᠮᠠᠨ᠎ᠤ ᠤᠯᠤᠰ᠎ᠤᠨ ᠠᠵᠤ ᠦᠢᠯᠡᠰ᠎ᠦᠨ ᠱᠢᠰᠲ᠋ᠧᠮ᠎ᠦᠨ ᠪᠦᠷᠢᠨ ᠪᠦᠲᠦᠨ᠂ ᠵᠠᠬ᠎ᠠ ᠳᠡᠯᠭᠡᠭᠦᠷ᠎ᠦᠨ ᠬᠡᠪᠴᠢᠶ᠎ᠠ ᠯᠤᠲᠤ ᠶᠡᠬᠡ᠂ ᠴᠢᠳᠠᠪᠤᠷᠢᠲᠠᠨ᠎ᠤ ᠡᠬᠢ ᠪᠠᠶᠠᠯᠢᠭ ᠡᠯᠪᠡᠭ ᠵᠡᠷᠭᠡ ᠳᠠᠪᠠᠭᠤᠯᠢᠭ᠎ᠢ ᠤᠯᠠᠮ ᠨᠢᠭᠡ ᠠᠯᠬᠤᠮ ᠰᠠᠢᠲᠤᠷ ᠠᠱᠢᠭ᠍ᠯᠠᠵᠤ᠂ ᠬᠡᠷᠡᠭ᠌ᠯᠡᠭᠡ ᠪᠠ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ᠎ᠢ ᠬᠥᠭ᠌ᠵᠢᠭᠦᠯᠬᠦ᠌᠂ ᠬᠤᠳᠠ ᠬᠥᠳᠡᠭᠡ᠎ᠶ᠋ᠢᠨ ᠠᠭᠤᠰᠤᠯᠴᠠᠯ ᠪᠠ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠨᠡᠩ ᠤᠯᠠᠨ ᠱᠢᠨ᠎ᠡ ᠨᠡᠮᠡᠭ᠌ᠳᠡᠯ᠎ᠦᠨ ᠴᠡᠭ᠎ᠢ ᠪᠣᠢᠵᠢᠭᠤᠯᠬᠤ ᠨᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠲᠠᠯᠳᠠ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠬᠤ ᠪᠣᠯᠤᠨ᠎ᠠ᠃

ᠡᠷᠬᠡᠪᠰᠢ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ ᠪᠡᠷ ᠠᠳᠭᠤᠬᠤ᠎ᠶ᠋ᠢ ᠪᠠᠷᠢᠮᠲᠠᠯᠠᠬᠤ ᠬᠡᠷᠡᠭ᠌ᠲᠡᠶ —

ᠣᠳᠣᠬᠠᠨ᠎ᠳᠤ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠠᠬᠢᠴᠠ ᠳᠤᠮᠳᠠᠬᠢ ᠬᠠᠭᠤᠴᠢᠨ ᠠᠰᠠᠭᠤᠳᠠᠯ᠂ ᠱᠢᠨ᠎ᠡ ᠥᠷᠢᠰᠥᠯᠳᠦᠭᠡᠨ ᠴᠥᠭᠡᠨ ᠪᠤᠰᠤ ᠪᠠᠢᠵᠤ᠂ ᠪᠦᠲᠦᠴᠡ᠎ᠶ᠋ᠢᠨ ᠴᠢᠨᠠᠷᠲᠠᠢ᠂ ᠪᠠᠢᠭᠤᠯᠤᠯ ᠤ᠋ᠨ ᠴᠢᠨᠠᠷᠲᠠᠢ᠂ ᠦᠶᠡᠯᠡᠯ᠎ᠦᠨ ᠴᠢᠨᠠᠷᠲᠠᠢ ᠠᠰᠠᠭᠤᠳᠠᠯ ᠬᠠᠷᠢᠯᠴᠠᠨ ᠰᠣᠯᠪᠢᠴᠠᠵᠤ ᠪᠠᠢᠨ᠎ᠠ᠃ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠯᠠᠪᠳᠠᠭᠤᠨ ᠵᠢᠡᠷ ᠬᠤᠯᠠ ᠠᠶᠠᠯᠠᠬᠤ ᠵᠢ ᠬᠡᠷᠬᠢᠨ ᠠᠬᠢᠭᠤᠯᠬᠤ ᠪᠤᠢ?

ᠨᠢᠭᠡ ᠲᠠᠯ᠎ᠠ᠎ᠪᠠᠷ᠂ 《ᠨᠦᠬᠡᠴᠡ ᠲᠦᠷᠦ᠍᠎ᠶ᠋ᠢᠨ ᠪᠤᠳᠤᠯᠭ᠎ᠠ ᠪᠠ ᠨᠡᠮᠡᠭᠳᠡᠭᠦᠯᠬᠦ ᠲᠦᠷᠦ᠍᠎ᠶ᠋ᠢᠨ ᠪᠤᠳᠤᠯᠭ᠎ᠠ᠎ᠶ᠋ᠢᠨ ᠬᠤᠷᠠᠮᠠᠯ ᠦᠢᠯᠡᠳᠦᠯ᠎ᠢ ᠪᠠᠳᠠᠷᠠᠭᠤᠯᠬᠤ ᠬᠡᠷᠡᠭᠳᠠᠢ》᠂ 《ᠦᠶᠡᠯᠡᠯ ᠤ᠋ᠨ ᠬᠤᠭᠤᠴᠠᠭ᠎ᠠ ᠵᠢ ᠰᠦᠷᠬᠦ ᠪᠠ ᠦᠶᠡᠯᠡᠯ ᠤ᠋ᠨ ᠬᠤᠭᠤᠴᠠᠭ᠎ᠠ ᠵᠢ ᠠᠯᠤᠰᠯᠠᠨ ᠲᠤᠬᠢᠷᠠᠭᠤᠯᠬᠤ ᠡᠷᠴᠢᠮ᠎ᠢ ᠴᠢᠩᠭᠠᠷᠠᠭᠤᠯᠬᠤ ᠬᠡᠷᠡᠭᠳᠠᠢ》᠂ 《ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠬᠦ ᠬᠡᠷᠡᠭᠳᠠᠢ》᠂ 《ᠵᠣᠬᠢᠰᠲᠠᠢ ᠠᠭᠤᠵᠢᠭᠤ ᠪᠠᠢᠯᠭᠠᠬᠤ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠬᠦ ᠬᠡᠷᠡᠭᠳᠠᠢ》 ᠁ ᠬᠤᠷᠠᠯ ᠡᠴᠡ ᠢᠷᠡᠬᠦ᠌ ᠵᠢᠯ᠎ᠦᠨ ᠬᠣᠷᠸ᠎ᠠ ᠲᠦᠷᠦ᠍᠎ᠶ᠋ᠢᠨ ᠪᠤᠳᠤᠯᠭ᠎ᠠ᠎ᠳᠤ 《ᠨᠡᠩ ᠢᠳᠡᠪᠬᠢᠲᠡᠢ》 ᠦᠨᠳᠦᠰᠦᠨ ᠬᠦᠭ ᠠᠶᠠᠰ᠎ᠢ ᠲᠣᠭ᠍ᠲᠠᠭᠠᠵᠤ ᠥᠭ᠌ᠴᠡᠢ᠃

ᠨᠥᠭᠥᠭᠡ ᠲᠠᠯ᠎ᠠ᠎ᠪᠠᠷ᠂ 《ᠥᠭᠡᠷᠡᠴᠢᠯᠡᠯᠲᠡ᠎ᠶ᠋ᠢᠨ ᠪᠤᠭᠤᠮᠳᠠ ᠰᠢᠪᠳᠤᠯᠬᠤ ᠶ᠋ᠢ ᠪᠠᠷᠢᠮᠲᠠᠯᠠᠬᠤ》᠎ᠶ᠋ᠢ ᠴᠢᠬᠤᠯᠠᠴᠢᠯᠠᠵᠤ᠂ 《ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢᠨ ᠲᠦᠷᠢᠮ᠎ᠢ ᠲᠣᠭ᠍ᠲᠠᠭᠠᠬᠤ》᠂ 《〈ᠳᠣᠲᠣᠭᠠᠳᠤ ᠦᠷᠢᠰᠦᠯᠳᠦᠭᠡᠨ〉 ᠢ᠋ ᠭᠦᠨᠵᠡᠭᠡᠶ ᠴᠡᠭ᠌ᠴᠡᠯᠡᠨ ᠵᠠᠰᠠᠬᠤ》᠂ 《ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠥᠰᠦᠯ᠎ᠢ ᠲᠣᠭ᠍ᠲᠠᠭᠠᠨ ᠬᠡᠷᠡᠭ᠌ᠵᠢᠭᠦᠯᠬᠦ᠌》᠂ 《ᠡᠯᠧᠮᠧᠨ᠋ᠲ᠎ᠢ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢᠨ ᠲᠤᠷᠱᠢᠯᠲᠠ ᠵᠢᠨ ᠴᠡᠭ ᠢ᠋ ᠥᠷᠭᠡᠳᠭᠡᠬᠦ᠌》 ᠵᠡᠷᠭᠡ ᠭᠤᠤᠯᠳᠠᠯᠭ᠎ᠠ᠎ᠲᠠᠶ ᠬᠦᠷᠢᠶ᠎ᠡ ᠬᠢᠭᠡᠳ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠲᠣᠳᠣᠷᠬᠠᠶ ᠲᠣᠭ᠍ᠲᠠᠭᠠᠪᠠ᠃

ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠣᠯᠤᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠠᠭᠤᠰᠤᠯᠴᠠᠭᠤᠯᠤᠨ ᠠᠬᠢᠭᠤᠯᠵᠤ᠂ ᠲᠦᠷᠦ᠍᠎ᠶ᠋ᠢᠨ ᠪᠤᠳᠤᠯᠭ᠎ᠠ ᠪᠣᠯᠤᠨ ᠲᠦᠷᠢᠮ᠎ᠦᠨ ᠲᠤᠬᠢᠷᠠᠭᠤᠯᠤᠯᠳᠠ ᠬᠠᠷᠢᠯᠴᠠᠨ ᠲᠤᠯᠭᠠᠭᠤᠷᠢᠯᠠᠵᠤ᠂ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠎ᠶ᠋ᠢ ᠪᠡᠶᠡᠯᠡᠭᠦᠯᠬᠦ᠌ ᠪᠥᠭᠡᠳ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠨᠡᠩ ᠴᠢᠨᠠᠷ ᠰᠠᠢᠲᠠᠢ᠂ ᠨᠡᠩ ᠤᠶᠠᠨ ᠬᠠᠳᠠᠨ ᠴᠢᠨᠠᠷᠳᠠᠢ᠂ ᠨᠡᠩ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠠᠱᠢᠭ᠍ᠲᠠᠢ ᠶᠤᠮ᠃

ᠡᠷᠬᠡᠪᠰᠢ 《ᠠᠮᠢᠳᠤᠯᠢᠭ ᠪᠤᠯᠭᠠᠬᠤ》 ᠮᠥᠷᠲᠡᠭᠡᠨ 《ᠰᠠᠢᠲᠤᠷ ᠬᠠᠮᠢᠶᠠᠷᠬᠤ》 ᠵᠢ ᠪᠡᠶᠡᠯᠡᠭᠦᠯᠬᠦ ᠬᠡᠷᠡᠭ᠌ᠲᠡᠢ —

ᠤᠳᠤ ᠦᠶ᠎ᠡ᠎ᠶ᠋ᠢᠨ ᠠᠵᠤ ᠠᠬᠤᠢ᠎ᠶ᠋ᠢᠨ ᠨᠥᠬᠥᠴᠡᠯ ᠳᠣᠣᠷ᠎ᠠ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠡᠬᠢ ᠵᠠᠰᠠᠭ᠎ᠤᠨ ᠣᠷᠳᠣᠨ ᠪᠣᠯᠤᠨ ᠵᠠᠬ᠎ᠠ ᠳᠡᠯᠭᠡᠭᠦᠷ᠎ᠦᠨ ᠦᠢᠯᠡᠳᠦᠯ ᠳᠤᠲᠠᠭ᠍ᠳᠠᠵᠤ ᠪᠣᠯᠤᠰᠢ ᠦᠭᠡᠢ ᠶᠤᠮ᠃

ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠎ᠦᠨ ᠬᠠᠷᠢᠴᠠᠭᠠᠨ᠎ᠤ ᠲᠤᠬᠠᠢ ᠲᠠᠨᠢᠯᠲᠠ᠎ᠶ᠋ᠢ ᠮᠠᠨ᠎ᠤ ᠨᠠᠮ ᠦᠢᠯᠡᠳᠦᠯᠭᠡ᠎ᠶ᠋ᠢᠨ ᠳᠤᠮᠳᠠ ᠲᠡᠰᠦᠷᠡᠯᠳᠠ ᠤᠢ᠍ᠭᠡᠢ ᠬᠠᠢᠨ ᠰᠦᠪᠡᠭ᠌ᠴᠢᠯᠡᠵᠦ᠍ ᠳ᠋ᠦᠩᠨᠡᠵᠦ᠍᠂ 《ᠬᠣᠶᠠᠷ ᠭᠠᠷ》 ᠤ᠋ᠨ ᠬᠠᠷᠢᠴᠠᠭ᠎ᠠ᠎ᠶ᠋ᠢ ᠴᠢᠷᠮᠠᠢᠨ ᠰᠠᠢᠲᠤᠷ ᠱᠢᠢᠳᠪᠦᠷᠢᠯᠡᠪᠡ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ᠎ᠤᠨ 《ᠲᠣᠭ᠍ᠲᠠᠭᠠᠯ》 ᠳ᠋ᠤ 《〈ᠠᠮᠢᠳᠤᠯᠢᠭ ᠪᠣᠯᠭᠠᠬᠤ〉 ᠮᠥᠷᠲᠡᠭᠡᠨ 〈ᠬᠠᠮᠢᠶᠠᠷᠴᠤ᠌ ᠳᠡᠢᠯᠬᠦ〉 ᠬᠡᠷᠡᠭ᠌ᠲᠡᠢ》 ᠭᠡᠵᠦ᠍ ᠴᠢᠬᠤᠯᠠᠴᠢᠯᠠᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠡᠴᠡ ᠪᠠᠲᠤᠯᠠᠭ᠍ᠰᠠᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ 《〈ᠠᠮᠢᠳᠤᠯᠢᠭ ᠪᠣᠯᠭᠠᠬᠤ〉 ᠮᠥᠷᠲᠡᠭᠡᠨ 〈ᠰᠠᠢᠲᠤᠷ ᠬᠠᠮᠢᠶᠠᠷᠬᠤ〉 ᠠᠵᠤ ᠠᠬᠤᠢ᠎ᠶ᠋ᠢᠨ ᠡᠮᠬᠢ ᠵᠢᠷᠤᠮ᠎ᠢ ᠪᠤᠢ ᠪᠣᠯᠭᠠᠬᠤ》 ᠰᠠᠨᠠᠭᠤᠯᠭ᠎ᠠ ᠳᠤᠷᠠᠳᠪᠠ᠃ ᠡᠨᠡ ᠤᠳᠠᠭ᠎ᠠ᠎ᠶ᠋ᠢᠨ ᠬᠤᠷᠠᠯ᠎ᠡᠴᠡ 《ᠡᠷᠬᠡᠪᠰᠢ 〈ᠠᠮᠢᠳᠤᠯᠢᠭ ᠪᠣᠯᠭᠠᠬᠤ〉ᠮᠥᠷᠲᠡᠭᠡᠨ 〈ᠰᠠᠢᠲᠤᠷ ᠬᠠᠮᠢᠶᠠᠷᠬᠤ〉 ᠵᠢ ᠪᠡᠶᠡᠯᠡᠭᠦᠯᠬᠦ ᠬᠡᠷᠡᠭ᠌ᠲᠡᠢ》 ᠭᠡᠵᠦ᠍ ᠤᠯᠠᠮ ᠨᠢᠭᠡ ᠠᠯᠬᠤᠮ ᠲᠣᠳᠣᠷᠬᠠᠢᠯᠠᠪᠠ᠃

《ᠬᠠᠮᠢᠶᠠᠷᠴᠦ ᠳᠡᠢᠯᠬᠦ》 ᠪᠠᠢᠭ᠍ᠰᠠᠨ᠎ᠡᠴᠡ 《ᠰᠠᠢ᠌ᠲᠤᠷ ᠬᠠᠮᠢᠶᠠᠷᠬᠤ》 ᠪᠣᠯᠲᠠᠯ᠎ᠠ᠂ ᠨᠢᠭᠡ ᠦᠰᠦᠭ᠎ᠦᠨ ᠬᠤᠪᠢᠷᠠᠯᠲᠠ᠎ᠳᠤ ᠨᠡᠩ ᠥᠨᠳᠥᠷ ᠱᠠᠭᠠᠷᠳᠠᠯᠭ᠎ᠠ ᠠᠭᠤᠯᠤᠭ᠍ᠳᠠᠵᠤ ᠪᠠᠢᠳᠠᠭ᠄

ᠠᠮᠢᠵᠢᠷᠠᠯ᠎ᠤᠨ ᠬᠦᠴᠦᠨ ᠪᠣᠯᠤᠨ ᠡᠮᠬᠢ ᠳᠢᠭ᠌ᠯᠢᠮ᠎ᠦᠨ ᠬᠠᠷᠢᠴᠠᠭ᠎ᠠ᠎ᠶ᠋ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ 《ᠬᠢᠵᠦ ᠪᠤᠯᠬᠤ ᠵᠦᠢᠯ᠎ᠢ ᠬᠢᠵᠦ》᠂ 《ᠬᠢᠵᠦ ᠦᠯᠦ᠍ ᠪᠤᠯᠬᠤ ᠵᠦᠢᠯ᠎ᠢ ᠬᠢᠬᠦ ᠦᠭᠡᠢ ᠪᠠᠢᠬᠤ》ᠬᠤᠪᠢᠰᠤᠩᠭᠤᠢ ᠠᠷᠭ᠎ᠠ᠎ᠶ᠋ᠢ ᠰᠠᠢᠲᠤᠷ ᠡᠵᠡᠮᠳᠡᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ᠎ᠪᠡᠷ ᠭᠦᠨᠵᠡᠭᠡᠢᠷᠡᠭᠦᠯᠬᠦ᠌᠎ᠪᠡᠷ ᠲᠠᠮᠵᠢᠨ ᠵᠠᠬ᠎ᠠ ᠳᠡᠯᠭᠡᠭᠦᠷ᠎ᠦᠨ 《ᠲᠠᠯᠳᠠ ᠭᠠᠷ》 ᠪᠣᠯᠤᠨ ᠵᠠᠰᠠᠭ᠎ᠤᠨ ᠣᠷᠳᠣᠨ᠎ᠤ 《ᠢᠯᠡ ᠭᠠᠷ》 ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃

ᠡᠷᠬᠡᠪᠰᠢ ᠪᠣᠳᠠᠰ᠎ᠲᠤ᠌ ᠪᠡᠯᠡ ᠤᠷᠤᠭᠤᠯᠬᠤ ᠪᠠ ᠬᠥᠮᠦᠨ ᠳ᠋ᠤ ᠪᠡᠯᠡ ᠤᠷᠤᠭᠤᠯᠬᠤ ᠵᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ —

ᠣᠳᠣᠬᠠᠨ᠎ᠳᠤ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠨᠡᠮᠡᠭ᠌ᠳᠡᠯ᠎ᠦᠨ ᠬᠥᠳᠡᠯᠭᠡᠬᠦ᠌ ᠡᠨᠧᠷᠭᠢ᠎ᠳᠦ ᠭᠦᠨᠵᠡᠭᠡᠢ ᠬᠤᠪᠢᠷᠠᠯᠲᠠ ᠭᠠᠷᠴᠤ᠌ ᠪᠠᠢᠨ᠎ᠠ᠃ ᠬᠥᠮᠦᠨ ᠪᠣᠯ ᠬᠡᠷᠡᠭ᠌ᠯᠡᠭᠡᠨ᠎ᠦ ᠭᠤᠤᠯ ᠴᠣᠭ᠍ᠴᠠ ᠮᠥᠨ᠂ ᠪᠠᠰᠠ ᠴᠤ᠌ ᠦᠢᠯᠡᠳᠪᠦᠷᠢᠯᠡᠯ ᠪᠠ ᠱᠢᠨ᠎ᠡ᠎ᠶ᠋ᠢ ᠡᠭᠦᠳᠬᠦ᠌᠎ᠶ᠋ᠢᠨ ᠭᠤᠤᠯ ᠴᠣᠭ᠍ᠴᠠ ᠮᠥᠨ᠂ ᠦᠢᠯᠡᠳᠪᠦᠷᠢᠯᠡᠯ᠎ᠦᠨ ᠬᠦᠴᠦᠨ᠎ᠦ ᠳᠣᠲᠣᠷᠠᠬᠢ ᠬᠠᠮᠤᠭ᠎ᠤᠨ ᠠᠮᠢᠳᠤᠯᠢᠭ ᠬᠦᠴᠦᠨ ᠵᠦᠢᠯ ᠮᠥᠨ᠃

ᠠᠵᠤ ᠠᠬᠤᠶ᠎ᠶ᠋ᠢᠨ ᠤᠬᠠᠭᠠᠨ᠎ᠤ ᠲᠠᠯ᠎ᠠ᠎ᠡᠴᠡ ᠠᠪᠴᠤ᠌ ᠦᠵᠡᠪᠡᠯ᠂ ᠬᠥᠮᠦᠨ᠎ᠳᠤ ᠪᠡᠯᠡ ᠤᠷᠤᠭᠤᠯᠬᠤ᠎ᠶᠢᠨ ᠭᠤᠤᠯᠳᠠᠯᠭ᠎ᠠ ᠨᠢ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠳᠦ ᠪᠠᠢᠵᠤ᠂ ᠨᠠᠩ ᠣᠯᠠᠨ ᠡᠳ᠋᠎ᠦᠨ ᠵᠠᠰᠠᠭ᠎ᠤᠨ ᠪᠠᠯᠠ ᠮᠥᠩᠭᠥ᠌ ᠪᠠ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠰᠤᠷᠭᠠᠨ ᠬᠥᠮᠦᠵᠢᠯ᠂ ᠠᠵᠢᠯ ᠣᠯᠭᠣᠯᠲᠠ᠂ ᠡᠮᠴᠢᠯᠡᠭᠡ᠂ ᠨᠡᠢᠭᠡᠮ᠎ᠦᠨ ᠪᠠᠲᠤᠯᠠᠭ᠎ᠠ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠣᠷᠣᠭᠤᠯᠵᠤ᠂ ᠬᠥᠮᠦᠨ᠎ᠦ ᠬᠦᠴᠦᠨ᠎ᠦ ᠬᠥᠷᠥᠩᠭᠡ᠎ᠶ᠋ᠢᠨ ᠳᠡᠭᠡᠭ᠌ᠰᠢᠯᠡᠯᠲᠡ ᠪᠠ ᠬᠡᠷᠡᠭ᠌ᠯᠡᠭᠡᠨ᠎ᠦ ᠳᠠᠯᠳᠠ ᠬᠦᠴᠦᠨ᠎ᠢᠶᠡᠷ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠳᠠᠢᠴᠢᠯᠠᠬᠤ ᠪᠤᠯᠤᠨ᠎ᠠ᠃

ᠬᠥᠮᠦᠨ᠎ᠳᠦ ᠪᠡᠯᠡ ᠣᠷᠣᠭᠤᠯᠬᠤ᠎ᠶ᠋ᠢ ᠴᠢᠬᠤᠯᠠᠴᠢᠯᠠᠬᠤ ᠨᠢ ᠪᠣᠳᠠᠰ᠎ᠲᠤ ᠪᠡᠯᠡ ᠣᠷᠣᠭᠤᠯᠬᠤ᠎ᠶ᠋ᠢ ᠲᠠᠶᠠᠭ᠍ᠳᠠᠬᠤ ᠶᠠᠪᠤᠳᠠᠯ ᠪᠢᠰᠢ᠃ ᠳᠤᠮᠳᠠᠳᠤ ᠤᠯᠤᠰ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶ᠋ᠢᠨ ᠬᠡᠷᠡᠭ᠌ᠴᠡᠭᠡ᠎ᠡᠴᠡ ᠦᠵᠡᠪᠡᠯ᠂ ᠪᠤᠳᠠᠰ᠎ᠲᠦ ᠪᠡᠯᠡ ᠤᠷᠤᠭᠤᠯᠬᠤ ᠨᠢ ᠢᠷᠡᠭᠡᠳᠦᠢ᠎ᠳᠦ ᠣᠷᠣᠨ ᠵᠠᠢ ᠪᠠᠰᠠ ᠮᠠᠰᠢ ᠶᠡᠬᠡ ᠪᠠᠢᠬᠤ ᠪᠥᠭᠡᠳ ᠰᠠᠭᠤᠷᠢ ᠲᠥᠬᠥᠭᠡᠷᠦᠮᠵᠢ ᠵᠡᠷᠭᠡ᠎ᠳᠦ ᠪᠡᠯᠡ ᠣᠷᠣᠭᠤᠯᠬᠤ ᠨᠢ ᠣᠯᠠᠩᠬᠢ ᠨᠢ ᠪᠠᠰᠠ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠳᠦ ᠠᠱᠢᠭ᠍ᠲᠠᠢ ᠶᠤᠮ᠃

ᠲᠤᠰ ᠤᠳᠠᠭ᠎ᠠ᠎ᠶ᠋ᠢᠨ ᠬᠤᠷᠠᠯ᠎ᠡᠴᠡ᠂ ᠡᠷᠬᠡᠪᠰᠢ ᠪᠣᠳᠠᠰ᠎ᠲᠦ ᠪᠡᠯᠡ ᠤᠷᠤᠭᠤᠯᠬᠤ ᠪᠠ ᠬᠥᠮᠦᠨ᠎ᠳᠦ ᠪᠡᠯᠡ ᠤᠷᠤᠭᠤᠯᠬᠤ᠎ᠵᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ᠂ ᠡᠨᠡ ᠪᠣᠯ ᠪᠡᠯᠡ ᠣᠷᠣᠭᠤᠯᠤᠯᠲᠠ᠎ᠶ᠋ᠢᠨ ᠣᠢᠯᠠᠭᠠᠭ᠍ᠳᠠᠬᠤᠨ᠂ ᠴᠢᠭ᠌ᠯᠡᠯ᠂ ᠭᠣᠣᠯᠳᠠᠯᠭ᠎ᠠ᠎ᠶ᠋ᠢᠨ ᠳᠡᠭᠡᠭ᠌ᠰᠢᠯᠡᠯᠲᠡ ᠪᠠ ᠱᠢᠯᠢᠳᠡᠭ᠌ᠵᠢᠭᠦᠯᠦᠯᠲᠡ ᠪᠣᠯᠤᠨ᠎ᠠ᠃ ᠪᠣᠳᠠᠰ᠎ᠤᠨ ᠣᠷᠣᠭᠤᠯᠤᠯᠲᠠ ᠪᠠ ᠬᠤᠷᠠᠮᠳᠤᠭᠤᠯᠤᠯ᠎ᠢ ᠬᠥᠮᠦᠨ᠎ᠦ ᠬᠥᠭ᠌ᠵᠢᠯᠲᠡ᠎ᠳᠦ ᠦᠢᠯᠡᠴᠢᠯᠡᠭᠦᠯᠵᠦ᠍᠂ 《ᠬᠥᠮᠦᠨ᠎ᠦ ᠬᠦᠴᠦᠨ᠎ᠦ ᠡᠬᠢ ᠪᠠᠶᠠᠯᠢᠭ》 ᠢ᠋ ᠦᠷᠭᠦᠯᠵᠢᠯᠡᠨ ᠥᠷᠲᠡᠭ ᠨᠡᠮᠡᠭ᠌ᠳᠡᠭᠦᠯᠬᠦ᠌ 《ᠬᠥᠮᠦᠨ᠎ᠦ ᠬᠦᠴᠦᠨ᠎ᠦ ᠬᠥᠷᠥᠩᠭᠡ》 ᠪᠣᠯᠭᠠᠨ ᠬᠤᠪᠢᠷᠠᠭᠤᠯᠵᠤ᠂ ᠠᠵᠤ ᠠᠬᠤᠶ᠎ᠶ᠋ᠢᠨ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶ᠋ᠢ ᠠᠬᠢᠭᠤᠯᠤᠨ ᠲᠠᠰᠤᠷᠠᠯᠲᠠ ᠦᠭᠡᠶ ᠰᠠᠢᠨ ᠣᠷᠴᠢᠯ᠎ᠲᠠᠶ ᠪᠣᠯᠭᠠᠬᠤ ᠨᠢ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠷᠠᠳ᠎ᠤᠨ ᠠᠮᠢᠳᠤᠷᠠᠯ᠎ᠤᠨ ᠬᠠᠢᠷ᠎ᠠ ᠰᠡᠳᠭᠢᠯᠭᠡ᠎ᠪᠡᠷ ᠪᠢᠯᠬᠠᠮ᠎ᠠ ᠪᠣᠯᠭᠠᠬᠤ ᠪᠣᠯᠤᠨ᠎ᠠ ᠭᠡᠵᠦ ᠳᠤᠷᠠᠳᠴᠠᠢ᠃

ᠡᠷᠬᠡᠪᠰᠢ ᠳᠣᠲᠣᠷ᠎ᠠ ᠲᠠᠮᠢᠷ᠎ᠢᠶᠠᠨ ᠬᠦᠴᠦᠯᠡᠨ ᠴᠢᠩᠭᠠᠷᠠᠭᠤᠯᠵᠤ ᠭᠠᠳᠠᠭᠠᠳᠤ ᠥᠷᠢᠰᠥᠯᠳᠦᠭᠡᠨ᠎ᠢ ᠠᠷᠭᠠᠴᠡᠭᠠᠬᠤ ᠬᠡᠷᠡᠭ᠌ᠲᠡᠶ —

ᠣᠢᠷ᠎ᠠ᠎ᠶ᠋ᠢᠨ ᠬᠣᠶᠠᠷ ᠡᠳᠦᠷ᠂ ᠣᠯᠠᠨ ᠤᠯᠤᠰ᠎ᠤᠨ ᠵᠣᠭᠣᠰᠣᠨ᠎ᠤ ᠰᠠᠭᠤᠷᠢ ᠮᠥᠩᠭᠥᠨ᠎ᠦ ᠵᠣᠬᠢᠶᠠᠨ ᠪᠠᠢᠭᠤᠯᠤᠯᠲᠠ᠂ ᠳᠡᠯᠡᠬᠡᠶ᠎ᠶ᠋ᠢᠨ ᠪᠠᠩᠬᠢ ᠵᠡᠷᠭᠡ᠎ᠨᠢ 2025 ᠣᠨ᠎ᠤ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢᠨ ᠵᠢᠱ᠌ᠢᠯᠲᠡ᠎ᠪᠡᠨ ᠳᠡᠭᠡᠭ᠌ᠰᠢᠯᠡᠭᠦᠯᠪᠡ᠃ ᠬᠡᠳᠦᠢᠪᠡᠷ ᠣᠯᠠᠨ ᠤᠳᠠᠭᠠᠨ᠎ᠤ ᠳᠠᠭᠠᠷᠢᠯᠲᠠ᠎ᠳᠤ ᠲᠤᠯᠭᠠᠷᠠᠭ᠍ᠰᠠᠨ ᠪᠣᠯᠪᠠᠴᠤ᠌ ᠳᠤᠮᠳᠠᠳᠤ ᠤᠯᠤᠰ᠎ᠤᠨ ᠠᠵᠤ ᠠᠬᠤᠶ ᠮᠥᠨ ᠬᠦ᠌ ᠢᠯᠡᠳᠲᠡ ᠤᠶᠠᠨ ᠬᠠᠳᠠᠨ ᠴᠢᠨᠠᠷ᠎ᠢᠶᠠᠨ ᠢᠯᠡᠷᠡᠭᠦᠯᠪᠡ᠃

ᠶᠡᠷᠦᠩᠬᠡᠢ ᠱᠦᠵᠢ ᠰᠢ ᠵᠢᠨ ᠫᠢᠩ᠂ 《ᠤᠯᠤᠰ ᠪᠠ ᠦᠨᠳᠦᠰᠦᠲᠡᠨ᠎ᠦ ᠬᠥᠭ᠌ᠵᠢᠯᠲᠡ᠎ᠶ᠋ᠢ ᠥᠪᠡᠷ᠎ᠦᠨ ᠬᠦᠴᠦᠨ᠎ᠦ ᠰᠠᠭᠤᠷᠢ ᠴᠡᠭ ᠳᠡᠭᠡᠷ᠎ᠡ ᠲᠠᠯᠪᠢᠬᠤ᠎ᠶ᠋ᠢ ᠪᠠᠷᠢᠮᠲᠠᠯᠠᠬᠤ ᠬᠡᠷᠡᠭᠲᠡᠢ》᠂ 《ᠮᠠᠨ᠎ᠤ ᠤᠯᠤᠰ᠎ᠤᠨ ᠬᠥᠭ᠌ᠵᠢᠯᠲᠡ ᠲᠠᠪᠱᠢᠯᠳᠠ᠎ᠶ᠋ᠢᠨ ᠬᠤᠪᠢ ᠵᠠᠶᠠᠭ᠎ᠠ᠎ᠶ᠋ᠢ ᠥᠪᠡᠷ᠎ᠦᠨ ᠭᠠᠷ᠎ᠲᠠᠭᠠᠨ ᠪᠠᠲᠤ ᠡᠵᠡᠮᠳᠡᠬᠦ᠌᠎ᠶ᠋ᠢ ᠪᠠᠷᠢᠮᠲᠠᠯᠠᠬᠤ ᠬᠡᠷᠡᠭᠲᠡᠢ》 ᠭᠡᠵᠦ᠍ ᠴᠢᠬᠤᠯᠠᠴᠢᠯᠠᠪᠠ᠃

ᠲᠣᠭ᠍ᠲᠠᠭᠠᠯᠲᠦ ᠪᠤᠰᠤ ᠴᠢᠨᠠᠷ᠎ᠤᠨ ᠡᠮᠦᠨ᠎ᠡ᠂ ᠬᠠᠮᠤᠭ᠎ᠤᠨ ᠶᠡᠬᠡ ᠲᠣᠭ᠍ᠲᠠᠭᠠᠯᠲᠤ ᠴᠢᠨᠠᠷ ᠪᠣᠯ ᠳᠠᠷᠤᠢ ᠤᠶᠤᠨ ᠴᠢᠳᠠᠯ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠬᠦ᠌ ᠶᠠᠪᠤᠳᠠᠯ ᠪᠣᠯᠤᠨ᠎ᠠ ᠭᠡᠳᠡᠭ᠎ᠢ ᠦᠢᠯᠡᠳᠦᠯᠭᠡ ᠭᠡᠷᠡᠴᠢᠯᠡᠪᠡ᠃

ᠥᠪᠡᠷ᠎ᠦᠨ ᠶᠠᠪᠤᠳᠠᠯ᠎ᠢᠶᠠᠨ ᠰᠠᠢᠲᠤᠷ ᠬᠢᠬᠦ᠌᠎ᠳᠦ ᠳᠠᠷᠤᠢ ᠳᠠᠷᠤᠯᠲᠠ᠎ᠶ᠋ᠢ ᠲᠤᠯᠵᠤ᠂ ᠳᠣᠲᠣᠷ᠎ᠠ ᠲᠠᠮᠢᠷ᠎ᠢᠶᠠᠨ ᠰᠠᠢᠨ ᠪᠣᠯᠪᠠᠰᠤᠷᠠᠬᠤ ᠬᠡᠷᠡᠭ᠌ᠲᠡᠶ᠃ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠦᠳᠦᠭᠡᠨ ᠪᠠᠢᠭᠤᠯᠵᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠲᠦᠷᠭᠡᠨ ᠪᠣᠢᠵᠢᠭᠤᠯᠤᠨ ᠪᠤᠵᠠᠭᠠᠢᠷᠠᠭᠤᠯᠵᠤ᠂ ᠬᠤᠳᠠ ᠬᠥᠳᠡᠭᠡ᠎ᠶ᠋ᠢᠨ ᠠᠭᠤᠰᠤᠯᠴᠠᠯ ᠪᠣᠯᠤᠨ ᠣᠷᠣᠨ ᠪᠦᠰᠡ᠎ᠶ᠋ᠢᠨ ᠬᠣᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠤᠨ᠎ᠠ ᠁ ᠡᠨᠡ ᠤᠳᠠᠭ᠎ᠠ᠎ᠶ᠋ᠢᠨ ᠬᠤᠷᠠᠯ᠎ᠡᠴᠡ ᠠᠯᠢ ᠤᠯᠠᠨ ᠬᠠᠨᠳᠤᠯᠭᠠᠳᠤ ᠴᠢᠨᠠᠷᠲᠠᠢ᠂ ᠪᠠᠷᠠᠯᠠᠯᠳᠤ ᠴᠢᠨᠠᠷᠲᠠᠢ ᠠᠵᠢᠯ᠎ᠤᠨ ᠪᠠᠢᠷᠢᠯᠠᠭᠤᠯᠤᠯᠲᠠ᠎ᠶ᠋ᠢ ᠳᠤᠷᠠᠳᠤᠭ᠍ᠰᠠᠨ ᠨᠢ ᠪᠢᠳᠡᠨ᠎ᠦ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠪᠣᠭᠣᠮᠢ᠎ᠶ᠋ᠢᠨ ᠬᠦᠯᠢᠶᠡᠰᠦᠯᠡᠯ ᠢ᠋ ᠡᠪᠳᠡᠵᠦ᠍᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠥᠷᠢᠯᠡᠨ ᠬᠦᠴᠦᠷᠬᠡᠭ᠌ᠵᠢᠭᠦᠯᠵᠦ᠍᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠬᠦ᠌᠎ᠳᠦ ᠠᠱᠢᠭ᠍ᠲᠠᠢ ᠶᠤᠮ᠃

ᠤᠢᠯᠠᠭᠠᠵᠤ ᠮᠡᠳᠡᠬᠦ᠌ ᠨᠢ ᠬᠡᠳᠦᠢ ᠲᠣᠳᠣᠷᠬᠠᠢ ᠪᠣᠯ ᠦᠢᠯᠡᠳᠦᠯᠭᠡ ᠨᠢ ᠲᠡᠳᠦᠢ ᠯᠠᠪᠳᠠᠭᠤᠨ ᠪᠠᠲᠤ᠃ ᠰᠢ ᠵᠢᠨ ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ᠎ᠶ᠋ᠢ ᠨᠡᠩ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠨᠡ ᠵᠢᠯ᠎ᠦᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ ᠳᠤᠷᠠᠳᠤᠭ᠍ᠰᠠᠨ 《ᠲᠠᠪᠤᠨ ᠡᠷᠬᠡᠪᠰᠢ》 ᠵᠢ ᠪᠣᠳᠠᠲᠠᠢ᠎ᠳᠤ ᠨᠠᠢᠳᠠᠪᠤᠷᠢᠵᠢᠭᠤᠯᠵᠤ᠂ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠪᠠᠯ ᠯᠠᠪᠲᠠᠢ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶ᠋ᠢ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠍ ᠴᠢᠳᠠᠨ᠎ᠠ᠃

(ᠰᠢᠨᠬᠤᠸᠠ ᠬᠤᠷᠢᠶ᠎ᠠ ᠵᠢᠨ ᠪᠡᠭᠡᠵᠢᠩ᠎ᠤᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号