— ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠦᠬᠦᠯᠡᠬᠦ ᠨᠢ
《ᠮᠠᠨ᠎ᠤ ᠤᠯᠤᠰ᠎ᠤᠨ ᠠᠵᠤ ᠠᠬᠤᠶ ᠣᠷᠳᠣ ᠬᠤᠭᠤᠴᠠᠭ᠎ᠠ᠎ᠪᠠᠷ ᠰᠠᠢᠵᠢᠷᠠᠬᠤ᠎ᠵᠢᠨ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠬᠠᠰᠠᠨ ᠥᠬᠡᠶ》 ᠃ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ᠂ 《ᠢᠲᠡᠭᠡᠯ ᠵᠣᠷᠢᠭ᠎ᠢᠶᠠᠨ ᠪᠠᠲᠤᠳᠭᠠᠵᠤ᠂ ᠳᠠᠪᠠᠭᠤᠯᠢᠭ᠎ᠢᠶᠠᠨ ᠰᠠᠢᠲᠤᠷ ᠠᠱᠢᠭ᠍ᠯᠠᠵᠤ᠂ ᠥᠷᠢᠰᠥᠯᠳᠦᠭᠡᠨ᠎ᠢ ᠠᠷᠭᠠᠴᠠᠭᠠᠵᠤ᠂ ᠠᠵᠤ ᠠᠬᠤᠢ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶ᠋ᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ᠃ ᠡᠨᠡ ᠪᠣᠯ ᠮᠠᠨ᠎ᠤ ᠤᠯᠤᠰ᠎ᠤᠨ ᠠᠵᠤ ᠠᠬᠤᠢ᠎ᠶ᠋ᠢᠨ ᠪᠠᠢᠳᠠᠯ᠎ᠤᠨ ᠲᠤᠬᠠᠢ ᠬᠢᠭᠰᠡᠨ ᠴᠢᠬᠤᠯᠠ ᠶᠡᠬᠡ ᠮᠠᠭᠠᠳᠯᠠᠯᠲᠠ ᠮᠥᠨ᠂ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠳᠦ ᠴᠢᠬᠤᠯᠠ ᠶᠡᠬᠡ ᠵᠢᠯᠣᠭᠣᠳᠭᠤ ᠦᠢᠯᠡᠳᠦᠯ᠎ᠲᠡᠶ ᠶᠤᠮ᠃
ᠳᠤᠮᠳᠠᠳᠤ ᠤᠯᠤᠰ᠎ᠤᠨ ᠠᠵᠤ ᠠᠬᠤᠶ ᠶᠡᠷᠦ᠍᠎ᠡᠴᠡ ᠰᠠᠯᠬᠢ ᠪᠣᠷᠣᠭᠠᠨ᠎ᠢ ᠳᠤᠭᠤᠯᠬᠤ ᠶᠠᠪᠤᠴᠠ᠎ᠳᠤ ᠬᠥᠭ᠌ᠵᠢᠨ ᠪᠤᠵᠠᠭᠠᠢᠷᠠᠭ᠍ᠰᠠᠭᠠᠷ ᠢᠷᠡᠭ᠌ᠰᠡᠨ ᠶᠤᠮ᠃ ᠨᠢᠭᠡ ᠵᠢᠯ᠎ᠦᠨ ᠲᠤᠷᠱᠢᠬᠢ ᠪᠠ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠱᠢᠬᠢ ᠬᠥᠭ᠌ᠵᠢᠯᠲᠡ᠎ᠶ᠋ᠢ ᠪᠡᠶ᠎ᠡ᠎ᠪᠡᠷ᠎ᠢᠶᠡᠨ ᠥᠩᠭᠡᠷᠡᠭᠦᠯᠬᠦ ᠪᠠ ᠭᠡᠷᠡᠴᠢᠯᠡᠬᠦ ᠲᠤᠮᠳᠠ ᠪᠢᠳᠡ ᠴᠥᠮ ᠡᠢᠮᠦᠷᠬᠦᠤ ᠬᠠᠮᠲᠤ᠎ᠶ᠋ᠢᠨ ᠲᠥᠷᠥᠭ᠌ᠳᠡᠯ᠎ᠲᠡᠶ ᠪᠥᠭᠡᠳ ᠡᠷᠡᠮᠡᠬᠡᠢᠯᠡᠨ ᠤᠷᠤᠭ᠍ᠰᠢᠯᠠᠬᠤ ᠢᠲᠡᠭᠡᠯ ᠵᠣᠷᠢᠭ᠎ᠢᠶᠠᠨ ᠨᠠᠩ ᠪᠠᠲᠤᠳᠭᠠᠪᠠ᠃
ᠢᠲᠡᠭᠡᠯ ᠵᠣᠷᠢᠭ ᠡᠨᠡ ᠬᠦ᠌ ᠶᠡᠷᠦ᠍ ᠪᠤᠰᠤ᠎ᠶ᠋ᠢᠨ ᠨᠢᠭᠡ ᠵᠢᠯ ᠡᠴᠡ ᠢᠷᠡᠭᠰᠡᠨ ᠶᠤᠮ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠭᠦᠨᠵᠡᠭᠡᠢ ᠪᠤᠳᠤᠯᠢᠶᠠᠨᠲᠠᠢ ᠬᠤᠪᠢᠷᠠᠯᠲᠠ ᠭᠠᠷᠴᠤ᠌᠂ ᠮᠠᠨ᠎ᠤ ᠤᠯᠤᠰ᠎ᠤᠨ ᠠᠵᠤ ᠠᠬᠤᠢ ᠶᠡᠷᠦᠩᠬᠡᠢ᠎ᠳᠡᠭᠡᠨ ᠲᠣᠭ᠍ᠲᠠᠭᠤᠨ ᠪᠠᠢᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠬᠥᠭ᠌ᠵᠢᠯᠲᠡ᠎ᠶ᠋ᠢᠨ ᠪᠠᠢᠳᠠᠯ᠎ᠢᠶᠠᠨ ᠪᠠᠲᠤᠯᠠᠵᠠᠢ᠃ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ᠎ᠶ᠋ᠢ ᠤᠷᠤᠭ᠍ᠰᠢᠲᠠᠶ ᠪᠡᠶᠡᠯᠡᠭᠦᠯᠵᠦ᠍᠂ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ 140 ᠲᠦᠮᠡᠨ ᠳ᠋ᠦᠩᠱᠢᠭᠤᠷ ᠲᠥᠭᠥᠷᠢᠭ ᠣᠷᠴᠢᠮ ᠬᠦᠷᠴᠦ᠍᠂ ᠳᠡᠯᠡᠬᠡᠶ᠎ᠶ᠋ᠢᠨ ᠪᠠᠩᠬᠢ᠂ ᠣᠯᠠᠨ ᠤᠯᠤᠰ᠎ᠤᠨ ᠵᠣᠭᠣᠰᠣᠨ᠎ᠤ ᠰᠠᠭᠤᠷᠢ ᠮᠥᠩᠭᠥᠨ᠎ᠦ ᠵᠣᠬᠢᠶᠠᠨ ᠪᠠᠢᠭᠤᠯᠤᠯᠲᠠ ᠵᠡᠷᠭᠡ ᠣᠯᠠᠨ ᠤᠯᠤᠰ᠎ᠤᠨ ᠪᠠᠢᠭᠤᠯᠤᠮᠵᠢ ᠣᠢᠷ᠎ᠠ᠎ᠳᠤ 2025 ᠣᠨ᠎ᠤ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢᠨ ᠵᠢᠱ᠌ᠢᠯᠲᠡ᠎ᠪᠡᠨ ᠳᠡᠭᠡᠭ᠌ᠰᠢᠯᠡᠭᠦᠯᠪᠠ᠃ ᠭᠠᠳᠠᠭᠠᠳᠤ ᠠᠷᠠᠯᠵᠢᠶ᠎ᠠ ᠨᠡᠯᠢᠶᠡᠳ ᠲᠦᠷᠭᠡᠨ ᠨᠡᠮᠡᠭ᠌ᠳᠡᠵᠦ᠍᠂ ᠭᠠᠳᠠᠭᠠᠳᠤ ᠭᠠᠷᠭᠠᠯᠲᠠ᠎ᠶ᠋ᠢᠨ ᠣᠯᠠᠨ ᠡᠱᠢᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ᠎ᠤᠨ ᠡᠮ ᠡᠮᠨᠡᠯᠭᠡ᠂ ᠮᠠᠱᠢᠨ ᠬᠥᠮᠦᠨ ᠵᠡᠷᠭᠡ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠬᠦ᠌ ᠠᠵᠢᠯ ᠳᠡᠯᠡᠬᠡᠶ᠎ᠶ᠋ᠢᠨ ᠡᠮᠦᠨ᠎ᠡ ᠡᠩᠨᠡᠭᠡᠨ᠎ᠳᠦ ᠶᠠᠪᠤᠵᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ ᠭᠦᠨᠵᠡᠭᠡᠢᠷᠡᠨ ᠠᠭᠢᠵᠤ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ ᠤᠳᠠᠯ ᠥᠬᠡᠶ ᠪᠥᠬᠥ᠌ ᠠᠷᠠᠯ᠎ᠤᠨ ᠪᠣᠭᠣᠮᠲᠠ᠎ᠶ᠋ᠢ ᠪᠢᠲᠡᠭᠦᠮᠵᠢᠯᠡᠬᠦ᠌ ᠠᠵᠢᠯ᠎ᠢ ᠵᠢᠩᠬᠢᠨᠢ᠎ᠪᠡᠷ ᠡᠬᠢᠯᠡᠭᠦᠯᠬᠦ᠌᠎ᠪᠡᠷ ᠪᠤᠢ ᠁ ᠡᠨᠡ ᠨᠢ ᠮᠠᠨ᠎ᠤ ᠤᠯᠤᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠯᠠᠪᠳᠠᠭᠤᠨ ᠪᠠᠲᠤᠲᠠᠶ ᠠᠭᠢᠵᠤ᠂ ᠬᠦᠴᠦᠷᠬᠡᠭ ᠶᠡᠬᠡ ᠤᠶᠠᠨ ᠬᠠᠲᠠᠨ ᠴᠢᠨᠠᠷ ᠪᠠ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠵᠦ᠍ ᠪᠠᠢᠬᠤ᠎ᠶ᠋ᠢ ᠬᠠᠷᠠᠭᠤᠯᠵᠤ ᠪᠠᠢᠨ᠎ᠠ᠃
ᠢᠲᠡᠭᠡᠯ ᠵᠤᠷᠢᠭ ᠥᠩᠭᠡᠷᠡᠭ᠌ᠰᠡᠨ 5 ᠵᠢᠯ ᠡᠴᠡ ᠢᠷᠡᠭᠰᠡᠨ ᠶᠤᠮ᠂ ᠮᠠᠨ᠎ᠤ ᠤᠯᠤᠰ᠎ᠤᠨ ᠠᠵᠤ ᠠᠬᠤᠢ᠂ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ ᠵᠡᠷᠭᠡ ᠬᠠᠲᠠᠭᠤ ᠪᠣᠳᠠᠲᠤ ᠬᠦᠴᠦᠨ ᠪᠣᠯᠤᠨ ᠰᠣᠶᠣᠯ᠂ ᠪᠠᠢᠭᠤᠯᠤᠯ᠂ ᠭᠠᠳᠠᠭᠠᠳᠤ ᠬᠠᠷᠢᠯᠴᠠᠭ᠎ᠠ ᠵᠡᠷᠭᠡ ᠵᠥᠭᠡᠯᠡᠨ ᠪᠣᠳᠠᠲᠤ ᠬᠦᠴᠦᠨ ᠢᠯᠡᠳᠲᠡ ᠳᠡᠭᠡᠭ᠌ᠰᠢᠯᠡᠵᠦ᠍᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ ᠲᠦᠷᠭᠡᠨ ᠬᠥᠭ᠌ᠵᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤᠳᠠᠯ ᠦᠭᠡᠢ ᠲᠡᠭᠦᠰ ᠠᠮᠵᠢᠯᠲᠠ᠎ᠲᠠᠶ ᠰᠡᠬᠦᠯ ᠬᠤᠷᠢᠶᠠᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠲᠡᠶ ᠪᠣᠯᠤᠨ᠎ᠠ᠃ ᠣᠢᠷ᠎ᠠ᠎ᠶ᠋ᠢᠨ 5 ᠵᠢᠯ᠎ᠳᠦ᠂ ᠭᠠᠳᠠᠭᠠᠳᠤ ᠣᠷᠴᠢᠨ᠎ᠤ ᠲᠠᠭᠠᠷᠢᠯᠲᠠ ᠢᠯᠡᠳᠲᠡ ᠴᠢᠩᠭᠠᠷᠠᠭ᠍ᠰᠠᠨ ᠠᠬᠤᠶ ᠪᠠᠢᠳᠠᠯ ᠳᠤᠤᠷ᠎ᠠ᠂ ᠳᠤᠮᠳᠠᠳᠤ ᠤᠯᠤᠰ᠎ᠤᠨ ᠠᠵᠤ ᠠᠬᠤᠶ ᠳᠠᠷᠤᠯᠲᠠ᠎ᠶ᠋ᠢ ᠰᠥᠷᠥᠨ ᠤᠷᠤᠭ᠍ᠰᠢᠯᠠᠵᠤ᠂ ᠱᠢᠨ᠎ᠡ ᠱᠢᠯᠢᠳᠡᠭ ᠲᠠᠢᠰᠢ ᠬᠦᠭᠵᠢᠵᠤ᠂ ᠪᠥᠬᠥ᠌ ᠪᠥᠮᠪᠥᠷᠴᠡᠭ᠎ᠦᠨ ᠠᠵᠤ ᠠᠬᠤᠶ᠎ᠶ᠋ᠢᠨ ᠨᠡᠮᠡᠭ᠌ᠳᠡᠯ᠎ᠳᠦ ᠦᠵᠡᠭᠦᠯᠦᠭ᠌ᠰᠡᠨ ᠬᠤᠪᠢ ᠨᠡᠮᠡᠷᠢ᠎ᠶ᠋ᠢᠨ ᠨᠣᠷᠮ᠎ᠠ 30% ᠣᠷᠴᠢᠮ᠎ᠳᠤ ᠲᠣᠭ᠍ᠲᠠᠪᠤᠷᠢᠵᠢᠪᠠ᠃ ᠨᠠᠮ ᠪᠠ ᠤᠯᠤᠰ᠎ᠤᠨ ᠠᠵᠢᠯ ᠦᠢᠯᠡᠰ ᠴᠢᠬᠤᠯᠠ ᠶᠡᠬᠡ ᠱᠢᠨ᠎ᠡ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠯᠠᠪᠳᠠᠭᠤᠨ ᠪᠠᠲᠤᠲᠠᠢ ᠠᠯᠬᠤᠮ᠎ᠢ ᠠᠯᠬᠤᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠪᠡ᠃
ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠂ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠦ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠮᠡᠬᠡᠢᠯᠡᠨ ᠤᠷᠤᠭ᠍ᠰᠢᠯᠠᠬᠤ ᠢᠲᠡᠭᠡᠯ ᠵᠣᠷᠢᠭ᠂ ᠢᠳᠡ ᠬᠦᠴᠤᠨ ᠮᠥᠨ᠃ ᠵᠠᠩᠭᠢᠯᠠᠭ᠎ᠠ᠎ᠶ᠋ᠢᠨ ᠴᠠᠭ ᠦᠶ᠎ᠡ᠂ ᠴᠢᠬᠤᠯᠠ ᠠᠭᠤᠯᠵᠠᠷ ᠴᠡᠭ ᠲᠤ᠌ ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠴᠠᠭ ᠲᠤᠬᠠᠢᠳᠤᠨᠢ ᠪᠠᠢᠳᠠᠯ᠎ᠢ ᠰᠤᠳᠤᠯᠤᠨ ᠮᠠᠭᠠᠳᠯᠠᠵᠤ᠂ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠬᠢᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠬᠥᠯᠭᠡ ᠣᠩᠭᠣᠴᠠ᠎ᠶ᠋ᠢᠨ ᠰᠠᠯᠬᠢ ᠰᠦᠷᠤᠨ ᠳᠠᠪᠠᠯᠭᠠᠨ᠎ᠢ ᠵᠦᠰᠦᠵᠦ᠍᠂ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠦᠨᠡᠨ ᠬᠦ᠌ ᠪᠠᠲᠤᠯᠠᠵᠤ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠪᠠᠢᠳᠠᠯ ᠳᠣᠣᠷ᠎ᠠ ᠠᠵᠤ ᠠᠬᠤᠢ᠎ᠶ᠋ᠢᠨ ᠠᠵᠢᠯ᠎ᠢ ᠵᠢᠯᠣᠭᠣᠳᠭᠤ ᠬᠡᠲᠦᠢᠳᠦᠭ᠌ᠰᠡᠨ ᠤᠶᠤᠨ ᠤᠬᠠᠭᠠᠨ ᠪᠠ ᠪᠣᠯᠪᠠᠰᠤᠷᠠᠩᠭᠤᠢ ᠴᠢᠳᠠᠪᠤᠷᠢ᠎ᠶ᠋ᠢ ᠭᠦᠢᠴᠡᠳ ᠢᠯᠡᠷᠡᠭᠦᠯᠵᠦ᠍᠂ 《ᠬᠣᠶᠠᠷ᠎ᠢ ᠲᠣᠭ᠍ᠲᠠᠭᠠᠬᠰᠡᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠢᠴᠡᠳ ᠢᠯᠡᠷᠡᠭᠦᠯᠵᠡᠢ᠃
ᠢᠷᠡᠬᠦ᠌ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠰᠠᠢ᠌ᠨ ᠡᠬᠢᠯᠡᠯᠲᠡ ᠪᠣᠯ ᠠᠮᠵᠢᠯᠲᠠ᠎ᠶ᠋ᠢᠨ ᠪᠠᠳᠤᠯᠠᠭ᠎ᠠ ᠪᠣᠯᠤᠨ᠎ᠠ᠃ ᠢᠲᠡᠭᠡᠯ ᠵᠣᠷᠢᠭ᠎ᠢᠶᠠᠨ ᠪᠠᠲᠤᠳᠭᠠᠵᠤ᠂ ᠥᠷᠢᠰᠥᠯᠳᠦᠭᠡᠨ᠎ᠢ ᠠᠷᠭᠠᠴᠠᠭᠠᠵᠤ᠂ ᠢᠷᠡᠬᠦ᠌ ᠵᠢᠯ᠎ᠦᠨ ᠠᠵᠤ ᠠᠬᠤᠶ᠎ᠶ᠋ᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠠᠵᠤ ᠠᠬᠤᠶ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠶ᠋ᠢ ᠲᠠᠰᠤᠷᠠᠯᠲᠠ ᠥᠬᠡᠶ ᠪᠡᠬᠢᠵᠢᠭᠦᠯᠦᠨ ᠥᠷᠭᠡᠳᠭᠡᠬᠦ᠌᠎ᠶ᠋ᠢᠨ ᠨᠢᠭᠡᠨ ᠲᠤᠢᠯ᠎ᠤᠨ ᠴᠢᠬᠤᠯᠠ ᠲᠠᠯ᠎ᠠ ᠪᠣᠯ ᠳᠠᠷᠤᠶ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠂ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠂ ᠪᠦᠷᠢᠨ ᠪᠦᠳᠤᠨ ᠠᠵᠤ ᠦᠶ᠋ᠯᠡᠰ᠎ᠦᠨ ᠱᠢᠰᠲ᠋ᠧᠮ᠎ᠦᠨ ᠳᠠᠪᠠᠭᠤᠯᠢᠭ᠂ ᠪᠠᠶᠠᠯᠢᠭ ᠴᠢᠳᠠᠪᠤᠷᠢᠲᠠᠨ᠎ᠤ ᠡᠬᠢ ᠪᠠᠶᠠᠯᠢᠭ᠎ᠤᠨ ᠲᠠᠪᠠᠭᠤᠯᠢᠭ ᠢ᠋ ᠰᠠᠢᠲᠤᠷ ᠠᠱᠢᠭ᠍ᠯᠠᠬᠤ ᠶᠠᠪᠤᠳᠠᠯ ᠪᠤᠯᠤᠨ᠎ᠠ᠃ ᠡᠨᠳᠡ ᠪᠦᠷᠢᠨ ᠪᠦᠲᠦᠨ ᠠᠵᠤ ᠦᠶ᠋ᠯᠡᠰ᠎ᠦᠨ ᠱᠢᠰᠲ᠋ᠧᠮ᠎ᠦᠨ ᠳᠠᠪᠠᠭᠤᠯᠢᠭ ᠪᠣᠯᠤᠨ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠎ᠢ ᠰᠠᠢᠲᠤᠷ ᠬᠡᠷᠡᠭ᠌ᠯᠡᠬᠦ᠌᠎ᠪᠡᠷ ᠵᠢᠱ᠌ᠢᠶ᠎ᠡ ᠪᠣᠯᠭᠠᠵᠤ ᠭᠦᠨᠵᠡᠭᠡᠶ ᠵᠠᠳᠠᠯᠤᠯᠲᠠ ᠬᠢᠶ᠎ᠠ᠃
ᠬᠠᠩᠭᠠᠯᠭ᠎ᠠ᠎ᠡᠴᠡ ᠦᠵᠡᠪᠡᠯ᠂ ᠠᠵᠤ ᠦᠶ᠋ᠯᠡᠰ᠎ᠦᠨ ᠬᠡᠪᠴᠢᠶ᠎ᠡ᠂ ᠠᠵᠤ ᠦᠶ᠋ᠯᠡᠰ᠎ᠦᠨ ᠱᠢᠰᠲ᠋ᠧᠮ ᠪᠣᠯ ᠲᠣᠮᠣ ᠤᠯᠤᠰ᠎ᠤᠨ ᠠᠵᠤ ᠠᠬᠤᠶ᠎ᠶ᠋ᠢᠨ ᠳᠣᠲᠣᠭᠠᠳᠤ᠎ᠶ᠋ᠢᠨ ᠣᠷᠴᠢᠯ ᠬᠢᠭᠡᠳ ᠳᠣᠲᠣᠭᠠᠳᠤ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠦᠨᠳᠦᠰᠦᠨ ᠲᠤᠯᠭᠠᠭᠤᠷᠢᠯᠠᠯ ᠮᠥᠨ᠂ ᠮᠠᠨ᠎ᠤ ᠤᠯᠤᠰ ᠪᠥᠬᠥ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ᠂ ᠢᠵᠢ ᠪᠥᠷᠢᠳᠦᠭ᠌ᠰᠡᠨ ᠬᠠᠮᠤᠭ᠎ᠤᠨ ᠪᠦᠷᠢᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠪᠥᠬᠥ᠌ ᠪᠥᠮᠪᠥᠷᠴᠡᠭ᠎ᠦᠨ ᠱᠢᠨ᠎ᠡ ᠮᠡᠷᠭᠡᠵᠢᠯ᠎ᠦᠨ 《ᠳᠡᠯᠭᠡᠷᠡᠭᠦᠯᠬᠦ᠌ ᠲᠠᠯᠠᠪᠠᠶ》᠂《ᠬᠡᠷᠡᠭ᠌ᠯᠡᠭᠡᠨ᠎ᠦ ᠲᠠᠯᠠᠪᠠᠶ》 ᠪᠣᠯᠪᠠ᠃
ᠥᠩᠭᠡᠷᠡᠭ᠌ᠰᠡᠨ 5 ᠵᠢᠯ᠎ᠳᠦ᠂ ᠮᠠᠨ᠎ᠤ ᠤᠯᠤᠰ᠎ᠤᠨ ᠠᠵᠤ ᠦᠶ᠋ᠯᠡᠰ᠎ᠦᠨ ᠱᠢᠰᠲ᠋ᠧᠮ᠎ᠦᠨ ᠪᠦᠷᠢᠨ ᠲᠡᠭᠦᠯᠳᠡᠷ ᠴᠢᠨᠠᠷ ᠪᠠ ᠱᠢᠰᠲ᠋ᠧᠮ᠎ᠳᠤ ᠴᠢᠨᠠᠷ ᠤᠯᠠᠮ ᠨᠢᠭᠡ ᠠᠯᠬᠤᠮ ᠴᠢᠩᠭᠠᠷᠠᠵᠤ᠂ 2024 ᠣᠨ᠎ᠳᠤ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ᠎ᠦᠨ ᠪᠥᠬᠥ᠌ ᠳᠡᠯᠡᠬᠡᠶ᠎ᠳᠦ ᠡᠵᠡᠯᠡᠬᠦ᠌ ᠬᠤᠪᠢ᠎ᠶ᠋ᠢᠨ ᠵᠢᠩ᠎ᠨᠢ 30% ᠱᠢᠬᠠᠮ᠎ᠳᠤ ᠬᠦᠷᠴᠦ᠍᠂ ᠶᠡᠷᠦᠩᠬᠡᠶ ᠬᠡᠪᠴᠢᠶ᠎ᠡ᠎ᠨᠢ 15 ᠵᠢᠯ ᠳᠠᠷᠠᠭᠠᠯᠠᠨ ᠳᠡᠯᠡᠬᠡᠶ᠎ᠶ᠋ᠢᠨ ᠨᠢᠭᠡᠳᠦᠭᠡᠷ᠎ᠲᠦ ᠣᠷᠣᠵᠤ᠂ 3.5 ᠲᠦᠮᠡ ᠭᠠᠷᠤᠶ ᠰᠠᠭᠤᠷᠢ ᠲᠠᠰ᠂ 230 ᠭᠠᠷᠤᠶ ᠭᠠᠷᠮᠠᠭᠠᠶ ᠲᠠᠰ᠎ᠤᠨ ᠣᠶᠤᠨᠳᠤ ᠦᠶ᠋ᠯᠡᠳᠪᠦᠷᠢ ᠪᠠ 5G ᠵᠢᠨ 1260 ᠦᠶ᠋ᠯᠡᠳᠪᠦᠷᠢ᠎ᠶ᠋ᠢ ᠪᠠᠢᠭᠤᠯᠵᠤ᠂ ᠪᠥᠬᠥ᠌ ᠪᠥᠮᠪᠥᠷᠴᠡᠭ᠎ᠦᠨ ᠡᠨᠧᠷᠭᠢ᠎ᠶ᠋ᠢᠨ ᠬᠣᠷᠣᠭ᠍ᠳᠠᠯ᠎ᠤᠨ ᠡᠷᠴᠢᠮ ᠬᠠᠮᠤᠭ᠎ᠤᠨ ᠲᠦᠷᠭᠡᠨ ᠪᠠᠭᠤᠷᠠᠭ᠍ᠰᠠᠨ ᠤᠯᠤᠰ᠎ᠤᠨ ᠨᠢᠭᠡ ᠪᠣᠯᠵᠠᠶ᠃
ᠮᠠᠨ᠎ᠤ ᠤᠯᠤᠰ᠎ᠤᠨ ᠪᠦᠷᠢᠨ ᠪᠦᠲᠦᠨ ᠠᠵᠤ ᠦᠶ᠋ᠯᠡᠰ᠎ᠦᠨ ᠱᠢᠰᠲ᠋ᠧᠮ᠎ᠦᠨ ᠳᠠᠪᠠᠭᠤᠯᠢᠭ᠎ᠢ ᠰᠠᠢᠲᠤᠷ ᠠᠱᠢᠭ᠍ᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠤᠯᠠᠮᠵᠢᠯᠠᠯᠲᠤ ᠠᠵᠤ ᠦᠶ᠋ᠯᠡᠰ᠎ᠢ ᠥᠭᠡᠷᠡᠴᠢᠯᠡᠨ ᠳᠡᠭᠡᠭ᠌ᠰᠢᠯᠡᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠢᠷᠡᠭᠡᠳᠦᠶ᠎ᠶ᠋ᠢᠨ ᠠᠵᠤ ᠦᠶ᠋ᠯᠡᠰ᠎ᠢ ᠤᠷᠢᠳᠴᠢᠯᠠᠨ ᠪᠠᠢᠷᠢᠱᠢᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠲᠡᠷᠢᠭᠦᠨ᠎ᠦ ᠦᠶ᠋ᠯᠡᠳᠬᠦ᠌ ᠦᠶ᠋ᠯᠡᠰ᠎ᠢᠶᠡᠷ ᠭᠤᠤᠯᠯᠠᠭ᠍ᠴᠢ ᠬᠦᠴᠦᠨ ᠪᠣᠯᠭᠠᠭ᠍ᠰᠠᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠎ᠨᠢ ᠯᠠᠪᠲᠠᠶ ᠮᠠᠨ᠎ᠤ ᠤᠯᠤᠰ᠎ᠤᠨ ᠠᠵᠤ ᠠᠬᠤᠶ᠎ᠶ᠋ᠢᠨ ᠶᠡᠬᠡ ᠲᠠᠯ᠎ᠠ᠎ᠶ᠋ᠢ ᠲᠣᠭ᠍ᠲᠠᠪᠤᠷᠢᠵᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠲᠠᠰᠤᠷᠠᠯᠲᠠ ᠥᠬᠡᠶ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠵᠦ᠍ ᠴᠢᠳᠠᠨ᠎ᠠ᠃
ᠬᠡᠷᠡᠭ᠌ᠴᠡᠭᠡ᠎ᠶ᠋ᠢᠨ ᠲᠠᠯ᠎ᠠ᠎ᠡᠴᠡ ᠦᠵᠡᠪᠡᠯ᠂ ᠲᠤᠮᠤ ᠤᠯᠤᠰ᠎ᠤᠨ ᠠᠵᠤ ᠠᠬᠤᠢ ᠪᠣᠯ ᠴᠥᠮ ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠪᠣᠯ ᠣᠳᠣᠬᠠᠨ᠎ᠤ ᠳᠡᠯᠡᠬᠡᠢ ᠳᠡᠭᠡᠷᠡᠬᠢ ᠬᠠᠮᠤᠭ᠎ᠤᠨ ᠬᠣᠪᠣᠷ ᠴᠤᠬᠠᠭ ᠡᠬᠢ ᠪᠠᠶᠠᠯᠢᠭ ᠮᠥᠨ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠲᠦᠱᠢᠭ ᠮᠥᠨ᠃
ᠥᠩᠭᠡᠷᠡᠭ᠌ᠰᠡᠨ 5 ᠵᠢᠯ᠎ᠳᠦ᠂ ᠮᠠᠨ᠎ᠤ ᠤᠯᠤᠰ᠎ᠤᠨ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠬᠡᠮᠵᠢᠶ᠎ᠡ ᠨᠠᠩ ᠶᠡᠬᠡ ᠪᠣᠯᠵᠣ᠂ ᠪᠥᠬᠥ᠌ ᠪᠥᠮᠪᠥᠷᠴᠡᠭ᠎ᠦᠨ ᠬᠣᠶᠠᠳᠤᠭᠠᠷ ᠲᠣᠮᠣ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠦᠨ ᠪᠠᠢᠷᠢ ᠰᠠᠭᠤᠷᠢ ᠨᠠᠩ ᠪᠡᠬᠢᠵᠢᠵᠦ᠍᠂ ᠨᠡᠢᠭᠡᠮ᠎ᠦᠨ ᠬᠡᠷᠡᠭ᠌ᠯᠡᠭᠡᠨ᠎ᠦ ᠵᠦᠶ᠋ᠯ᠎ᠦᠨ ᠵᠢᠵᠢᠭ᠌ᠯᠡᠨ ᠬᠤᠳᠠᠯᠳᠤᠭ᠍ᠰᠠᠨ ᠶᠡᠷᠦᠩᠬᠡᠶ ᠬᠡᠮᠵᠢᠶ᠎ᠡ 2020 ᠣᠨ᠎ᠳᠤ 39.1 ᠲᠦᠮᠡᠨ ᠳ᠋ᠦᠩᠱᠢᠭᠤᠷ ᠲᠥᠭᠥᠷᠢᠭ ᠪᠠᠢᠭ᠍ᠰᠠᠨ᠎ᠡᠴᠡ ᠪᠠᠨ 2024 ᠣᠨ᠎ᠳᠤ 48.3 ᠲᠦᠮᠡᠨ ᠳ᠋ᠦᠩᠱᠢᠭᠤᠷ ᠲᠥᠭᠥᠷᠢᠭ ᠪᠣᠯᠵᠣ ᠳᠡᠭᠡᠭ᠌ᠰᠢᠯᠡᠨ᠂ ᠵᠢᠯ ᠳᠤᠮᠳᠠᠴᠢ᠎ᠪᠠᠷ 5.5% ᠪᠡᠷ ᠨᠡᠮᠡᠭ᠌ᠳᠡᠵᠦ᠍᠂ ᠠᠵᠤ ᠠᠬᠤᠶ᠎ᠶ᠋ᠢᠨ ᠨᠡᠮᠡᠭ᠌ᠳᠡᠯ᠎ᠳᠦ ᠦᠵᠡᠭᠦᠯᠬᠦ᠌ ᠬᠡᠷᠡᠭ᠌ᠯᠡᠭᠡ᠎ᠶ᠋ᠢᠨ ᠬᠤᠪᠢ ᠨᠡᠮᠡᠷᠢ᠎ᠶ᠋ᠢᠨ ᠨᠣᠷᠮ᠎ᠠ 60% ᠣᠷᠴᠢᠮ᠎ᠳᠤ ᠬᠦᠷᠴᠦ᠍᠂ ᠭᠤᠤᠯ ᠬᠥᠳᠡᠯᠭᠡᠭᠦᠷ᠎ᠦᠨ ᠦᠢᠯᠡᠳᠦᠯ ᠦᠷᠭᠦᠯᠵᠢᠯᠡᠨ ᠲᠣᠪᠣᠢᠮ᠎ᠠ ᠪᠣᠯᠪᠠ᠃ ᠮᠠᠨ᠎ᠤ ᠤᠯᠤᠰ 14 ᠳ᠋ᠦᠩᠱᠢᠭᠤᠷ ᠭᠠᠷᠤᠢ ᠬᠥᠮᠦᠨ ᠠᠮᠠ᠎ᠲᠠᠶ᠂ ᠪᠦᠬᠦ᠌ ᠪᠥᠮᠪᠥᠷᠴᠡᠭ᠎ᠦᠨ ᠬᠡᠪᠴᠢᠶ᠎ᠡ ᠪᠡᠷ ᠬᠠᠮᠤᠭ᠎ᠤᠨ ᠶᠡᠬᠡ ᠳᠤᠮᠳᠠ ᠵᠡᠷᠭᠡ᠎ᠶ᠋ᠢᠨ ᠣᠷᠣᠯᠭ᠎ᠠ᠎ᠲᠠᠶ ᠬᠠᠮᠳᠤᠯᠢᠭ ᠪᠠᠢᠵᠤ᠂ ᠲᠡᠭᠦᠨ᠎ᠳᠦ ᠯᠤᠲᠤ ᠶᠡᠬᠡ ᠪᠡᠯᠡ ᠣᠷᠣᠭᠤᠯᠤᠯᠲᠠ ᠪᠠ ᠬᠡᠷᠡᠭ᠌ᠯᠡᠭᠡᠨ᠎ᠦ ᠳᠠᠯᠳᠠ ᠬᠦᠴᠦᠨ ᠠᠭᠤᠯᠤᠭ᠍ᠳᠠᠵᠤ᠂ ᠶᠠᠭ ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ ᠬᠡᠷᠡᠭ᠌ᠯᠡᠭᠡᠨ᠎ᠦ ᠵᠠᠬ᠎ᠠ ᠳᠡᠯᠭᠡᠭᠦᠷ ᠪᠤᠯᠬᠤ ᠪᠡᠷ ᠲᠦᠷᠭᠡᠨ ᠬᠥᠭ᠌ᠵᠢᠵᠦ ᠪᠤᠢ᠃
ᠮᠠᠨ᠎ᠤ ᠤᠯᠤᠰ᠎ᠤᠨ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠎ᠢ ᠰᠠᠢᠲᠤᠷ ᠠᠱᠢᠭ᠍ᠯᠠᠨ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ᠎ᠢ ᠪᠠᠷᠢᠮᠲᠠᠯᠠᠵᠤ᠂ ᠬᠡᠷᠡᠭ᠌ᠯᠡᠭᠡ᠎ᠶ᠋ᠢ ᠠᠬᠢᠭᠤᠯᠬᠤ ᠪᠠ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ᠂ ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠢ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠨᠢᠭᠡ ᠲᠠᠯ᠎ᠠ᠎ᠪᠠᠷ ᠬᠡᠷᠡᠭ᠌ᠯᠡᠭᠡᠨ᠎ᠦ ᠵᠦᠢᠯ᠎ᠦᠨ ᠬᠠᠩᠭᠠᠯᠭ᠎ᠠ ᠬᠡᠷᠡᠭ᠌ᠴᠡᠭᠡ᠎ᠶ᠋ᠢᠨ ᠵᠣᠬᠢᠴᠠᠬᠤ ᠴᠢᠨᠠᠷ᠎ᠢ ᠴᠢᠩᠭᠠᠳᠭᠠᠨ᠂ ᠨᠦᠬᠦᠭᠡ ᠲᠠᠯ᠎ᠠ᠎ᠪᠠᠷ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠳᠤᠮᠳᠠ ᠠᠵᠤ ᠠᠬᠤᠢ᠎ᠶ᠋ᠢᠨ ᠱᠢᠨ᠎ᠡ ᠨᠡᠮᠡᠭ᠌ᠳᠡᠯ᠎ᠦᠨ ᠴᠡᠭ᠎ᠢ ᠪᠤᠢ ᠪᠣᠯᠭᠠᠪᠠᠯ ᠳᠠᠷᠤᠢ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠳᠣᠲᠣᠭᠠᠳᠤ ᠬᠥᠳᠡᠯᠭᠡᠬᠦ᠌ ᠬᠦᠴᠦᠨ ᠪᠠ ᠨᠠᠢᠳᠠᠪᠤᠷᠢᠲᠤ ᠴᠢᠨᠠᠷ᠎ᠢ ᠨᠡᠮᠡᠭ᠌ᠳᠡᠭᠦᠯᠵᠦ᠍ ᠴᠢᠳᠠᠨ᠎ᠠ᠃
ᠢᠷᠡᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠨᠢ ᠪᠦᠬᠦ᠌ ᠲᠠᠯ᠎ᠠ᠎ᠳᠤ ᠬᠣᠯᠪᠣᠭ᠍ᠳᠠᠵᠤ᠂ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠃ ᠪᠢᠳᠡ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍᠂ ᠨᠠᠮ᠎ᠤᠨ ᠲᠥᠪ ᠬᠤᠷᠢᠶ᠎ᠠ ᠵᠢᠨ ᠠᠵᠤ ᠠᠬᠤᠢ᠎ᠶ᠋ᠢᠨ ᠪᠠᠢᠳᠠᠯ᠎ᠤᠨ ᠲᠤᠬᠠᠢ ᠱᠢᠨᠵᠢᠯᠡᠬᠦ᠌ ᠤᠬᠠᠭᠠᠨᠴᠢ ᠮᠠᠭᠠᠳᠯᠠᠯᠲᠠ ᠪᠣᠯᠤᠨ ᠢᠷᠡᠬᠦ᠌ ᠵᠢᠯ᠎ᠦᠨ ᠠᠵᠤ ᠠᠬᠤᠢ᠎ᠶ᠋ᠢᠨ ᠠᠵᠢᠯ᠎ᠤᠨ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠴᠦ᠍ ᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠵᠤ᠂ ᠡᠯ᠎ᠡ ᠲᠠᠯ᠎ᠠ᠎ᠶ᠋ᠢᠨ ᠳᠠᠪᠠᠭᠤᠯᠢᠭ᠎ᠢ ᠴᠢᠨᠠᠷ ᠰᠠᠢᠲᠠᠢ ᠬᠥᠭ᠌ᠵᠢᠯᠲᠡ᠎ᠶ᠋ᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ᠎ᠪᠠᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠨ ᠡᠬᠢᠯᠡᠯᠲᠡ ᠲᠠᠢ ᠪᠤᠯᠭᠠᠬᠤ ᠬᠡᠷᠡᠭ᠌ᠲᠡᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 12᠎ᠤ᠋ᠨ ᠴᠠᠬᠢᠯᠭᠠᠨ ᠮᠡᠳᠡᠭᠡ)