ᠮᠠᠨ ᠤ᠋ ᠤᠷᠤᠨ 611 ᠳ᠋ᠦ᠋ᠡᠭᠰᠢᠭᠤᠷ ᠲᠦᠭᠦᠷᠢᠭ ᠤ᠋ᠨ ᠪᠡᠯᠡ ᠮᠦᠡᠭᠬᠦ ᠤᠷᠤᠭᠤᠯᠵᠤ ᠳᠠᠬᠢᠨ ᠶᠠᠳᠠᠭᠤᠷᠠᠬᠤ ᠵᠢ ᠰᠡᠷᠭᠡᠢᠯᠡᠬᠦ ᠬᠤᠷᠢᠭ᠎ᠠ ᠱᠤᠭᠤᠮ ᠢ᠋ ᠪᠡᠬᠢᠵᠢᠭᠦᠯᠪᠡ
2025-12-15 10:08:12
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

 ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ 《ᠠᠷᠪᠠᠨ ᠳᠦᠷᠪᠡᠳᠦᠭᠡᠷ ᠲᠠᠪᠤᠨ ᠵᠢᠯ》 ᠪᠤᠯ ᠶᠠᠳᠠᠭᠤ ᠡᠴᠡ ᠠᠡᠭᠬᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠦᠷᠭᠡᠳᠭᠡᠬᠦ ᠵᠢ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠤᠯᠭᠠᠭᠤᠯᠬᠤ ᠰᠢᠯᠵᠢᠯᠲᠡ ᠶ᠋ᠢᠨ ᠬᠤᠭᠤᠴᠠᠭ᠎ᠠ ᠪᠠᠢᠵᠤ᠂ ᠡᠨᠡ ᠬᠦ᠌ ᠬᠤᠭᠤᠴᠠᠭᠠᠨ  ᠳ᠋ᠤ ᠮᠠᠨ  ᠤ᠋  ᠤᠷᠤᠨ ᠤ᠋ ᠳᠥᠷᠪᠡᠨ ᠱᠠᠲᠤᠨ ᠤ᠋ ᠶᠡᠷᠦᠩᠬᠡᠶ ᠪᠡᠯᠡ ᠣᠷᠣᠭᠤᠯᠤᠯᠲᠠ 611 ᠳ᠋ᠦᠩᠱᠢᠭᠤᠷ ᠲᠥᠭᠥᠷᠢᠭ ᠲᠦ᠍ ᠬᠦᠷᠴᠦ᠂ ᠪᠠᠯᠠ ᠮᠥᠩᠭᠥ ᠵᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠶ ᠬᠠᠪᠰᠤᠷᠤᠨ ᠲᠡᠳᠬᠦᠬᠦ᠌ ᠬᠣᠱᠢᠭᠤ ᠱᠢᠶᠠᠨ ᠲᠡᠢᠰᠢ ᠬᠡᠯᠪᠡᠢᠯᠭᠡᠨ᠂ ᠲᠥᠷᠥ ᠶ᠋ᠢᠨ ᠪᠣᠳᠣᠯᠭ᠎ᠠ ᠬᠢᠭᠡᠳ ᠪᠠᠯᠠ ᠮᠥᠩᠭᠥ ᠶ᠋ᠢᠨ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠵᠤ᠂ ᠳᠠᠬᠢᠨ ᠶᠠᠳᠠᠭᠤᠷᠠᠬᠤ ᠵᠢ ᠰᠡᠷᠭᠡᠢᠯᠡᠬᠦ ᠬᠤᠷᠢᠭ᠎ᠠ ᠱᠤᠭᠤᠮ ᠢ᠋ ᠪᠡᠬᠢᠵᠢᠭᠦᠯᠪᠠ᠃

ᠮᠠᠨ ᠤ᠋ ᠤᠷᠤᠨ 《ᠶᠠᠳᠠᠭᠤ ᠡᠴᠡ ᠠᠩᠬᠢᠵᠢᠷᠠᠬ᠍ᠰᠠᠨ ᠴᠤ᠌ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠡᠴᠡ ᠠᠩᠬᠢᠵᠢᠷᠠᠬ᠍ᠰᠠᠨ ᠴᠤ᠌ ᠲᠦᠷᠦ᠍᠎ᠶ᠋ᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠡᠴᠡ ᠠᠩᠬᠢᠵᠢᠷᠠᠬ᠍ᠰᠠᠨ ᠴᠤ᠌ ᠬᠠᠪᠰᠤᠷᠤᠨ ᠲᠡᠳᠭᠦᠬᠦ᠌ ᠪᠠᠨ ᠪᠤᠯᠢᠬᠤ ᠦᠭᠡᠢ᠂ ᠶᠠᠳᠠᠭᠤ ᠡᠴᠡ ᠠᠩᠬᠢᠵᠢᠷᠠᠬ᠍ᠰᠠᠨ ᠴᠤ᠌ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠭᠡᠢ》 ᠱᠠᠭᠠᠷᠳᠠᠯᠭ᠎ᠠ ᠵᠢ ᠴᠢᠡᠭᠭ᠎ᠠ ᠪᠠᠷᠢᠮᠳᠠᠯᠠᠨ᠂ 《ᠭᠤᠷᠪᠠ ᠵᠢ ᠨᠠᠢᠳᠠᠪᠤᠷᠢᠵᠢᠭᠤᠯᠵᠤ ᠨᠢᠭᠡ ᠵᠢ ᠪᠡᠬᠢᠵᠢᠭᠦᠯᠬᠦ》 ᠵᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ᠂ ᠰᠤᠮᠤ ᠱᠢᠶᠠᠩ ᠪᠠᠯᠭᠠᠰᠤ᠂ ᠭᠠᠴᠠᠭ᠎ᠠ ᠲᠣᠰᠭᠣᠨ ᠲᠠᠪᠤᠨ ᠱᠠᠲᠤᠨ ᠤ᠋ ᠱᠦᠵᠢ ᠵᠡᠷᠭᠡ ᠪᠡᠷ ᠠᠳᠭᠤᠬᠤ ᠬᠠᠷᠢᠭᠤᠴᠠᠯᠭ᠎ᠠ ᠶ᠋ᠢᠨ ᠱᠢᠰᠲ᠋ᠧᠮ ᠢ᠋ ᠪᠠᠢᠭᠤᠯᠤᠨ᠂ ᠶᠠᠳᠠᠭᠤ ᠡᠴᠡ ᠠᠡᠭᠬᠢᠵᠢᠷᠠᠭᠤᠯᠬᠤ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠦᠷᠭᠡᠳᠭᠡᠬᠦ ᠵᠢ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠤᠯᠭᠠᠭᠤᠯᠬᠤ ᠠᠵᠢᠯ ᠤ᠋ᠨ ᠬᠤᠪᠢᠶᠠᠷᠢᠯᠠᠯ ᠢ᠋ ᠲᠣᠳᠣᠷᠬᠠᠢᠯᠠᠵᠤ᠂ ᠬᠠᠷᠢᠭᠤᠴᠠᠯᠭ᠎ᠠ ᠵᠢ ᠪᠤᠳᠠᠲᠠᠢ ᠳ᠋ᠦ ᠨᠠᠢᠳᠠᠪᠤᠷᠢᠵᠢᠭᠤᠯᠪᠠ᠃ ᠲᠣᠭ᠍ᠲᠠᠮᠠᠯ ᠬᠤᠭᠤᠴᠠᠭ᠎ᠠ ᠲᠠᠶ ᠪᠠᠷ ᠱᠢᠪᠠᠳᠡᠨ ᠪᠠᠢᠴᠠᠭᠠᠵᠤ ᠬᠢᠨᠠᠨ ᠰᠢᠯᠭᠠᠬᠤ ᠪᠠ ᠲᠤᠰᠭᠠᠶ ᠱᠢᠪᠠᠳᠠᠭᠤᠯᠤᠨ ᠵᠢᠯᠣᠭᠣᠳᠭᠤ ᠪᠠᠷ ᠳᠠᠮᠵᠢᠨ ᠴᠡᠭ᠌ᠴᠡᠯᠡᠨ ᠰᠠᠢᠵᠢᠷᠠᠭᠤᠯᠬᠤ ᠶ᠋ᠢᠨ ᠪᠠᠭᠤᠷᠠᠶ ᠲᠠᠯ᠎ᠠ ᠵᠢ ᠴᠠᠭ ᠲᠤᠬᠠᠶ ᠳ᠋ᠤᠨᠢ ᠢᠯᠡᠷᠡᠭᠦᠯᠵᠦ᠍᠂ ᠡᠯ᠎ᠡ ᠱᠠᠲᠤᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ 《ᠡᠷᠴᠢ ᠰᠤᠯᠠᠷᠠᠬᠤ ᠥᠬᠡᠶ᠂ ᠴᠢᠭᠯᠡᠯ ᠬᠡᠯᠪᠡᠢᠬᠦ᠌ ᠥᠬᠡᠶ》 ᠪᠠᠢᠬᠤ ᠵᠢ ᠦᠨᠡᠨ ᠬᠦ᠌ ᠪᠠᠲᠤᠯᠠᠨ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠵᠦ᠂ ᠵᠡᠷᠭᠡ ᠪᠡᠷ ᠠᠳᠭᠤᠨ ᠬᠠᠮᠲᠤ ᠪᠠᠷ ᠬᠠᠮᠢᠶᠠᠷᠬᠤ ᠠᠵᠢᠯ ᠤ᠋ᠨ ᠪᠠᠢᠷᠢᠱᠢᠯ ᠢ᠋ ᠪᠤᠢ ᠪᠤᠯᠭᠠᠪᠠ᠃ ᠡᠬᠦᠨ ᠤ᠋ ᠬᠠᠮᠳᠤ ᠲᠥᠷᠥ ᠶ᠋ᠢᠨ ᠪᠣᠳᠣᠯᠭ᠎ᠠ ᠶ᠋ᠢᠨ ᠱᠢᠰᠲ᠋ᠧᠮ ᠢ᠋ ᠦᠷᠭᠦᠯᠵᠢᠯᠡᠨ ᠲᠡᠭᠦᠯᠳᠡᠷᠵᠢᠭᠦᠯᠵᠦ᠍᠂ ᠠᠵᠤ ᠦᠶ᠋ᠯᠡᠰ᠂ ᠠᠵᠢᠯ ᠣᠯᠭᠣᠯᠲᠠ ᠵᠡᠷᠭᠡ ᠬᠦᠷᠢᠶᠡᠨ᠎ᠤ᠋ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠲᠤᠯᠤᠭᠰᠠᠨ ᠪᠦᠲᠦᠮᠵᠢᠲᠡᠶ ᠲᠥᠷᠥ ᠶ᠋ᠢᠨ ᠪᠣᠳᠣᠯᠭ᠎ᠠ ᠵᠢ ᠦᠷᠭᠦᠯᠵᠢᠯᠡᠭᠦᠯᠬᠦ᠌ ᠶ᠋ᠢᠨ ᠬᠠᠮᠲᠤ ᠲᠠᠰ ᠳᠡᠪᠱᠢᠭᠦᠯᠵᠦ᠍᠂ ᠠᠵᠤ ᠦᠶ᠋ᠯᠡᠰ ᠤ᠋ᠨ ᠦᠷ᠎ᠡ ᠠᠱᠢᠭ ᠢ᠋ ᠨᠡᠮᠡᠭ᠌ᠳᠡᠭᠦᠯᠬᠦ᠌᠂ ᠠᠵᠢᠯ ᠣᠯᠭᠣᠯᠲᠠ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠲᠥᠷᠥ ᠶ᠋ᠢᠨ ᠪᠣᠳᠣᠯᠭ᠎ᠠ ᠶ᠋ᠢᠨ ᠦᠷ᠎ᠡ ᠠᠱᠢᠭ ᠢ᠋ ᠳᠡᠭᠡᠭ᠌ᠰᠢᠯᠡᠭᠦᠯᠬᠦ᠌ ᠳ᠋ᠤ ᠠᠩᠬᠠᠷᠤᠯ ᠵᠢᠡᠨ ᠲᠥᠪᠯᠡᠷᠡᠭᠦᠯᠦᠨ ᠤᠨᠤᠴᠠᠳᠠᠢ ᠬᠦᠴᠦᠯᠡᠵᠦ᠍᠂  《ᠮᠠᠯᠴᠢᠨ ᠲᠠᠷᠢᠶᠠᠴᠢᠨ ᠤ᠋ ᠣᠷᠣᠯᠭ᠎ᠠ ᠵᠢᠨ ᠨᠡᠮᠡᠭ᠌ᠳᠡᠯ ᠢ᠋ ᠠᠬᠢᠭᠤᠯᠬᠤ 15 ᠵᠦᠶ᠋ᠯ ᠤ᠋ᠨ ᠠᠷᠭ᠎ᠠ ᠬᠡᠮᠵᠢᠶ᠎ᠡ》 ᠵᠢ  ᠨᠡᠢᠲᠡᠯᠡᠪᠡ᠃

ᠮᠠᠨ ᠤ᠋ ᠤᠷᠤᠨ ᠳᠠᠬᠢᠨ ᠶᠠᠳᠠᠭᠤᠷᠠᠬᠤ ᠵᠢ ᠰᠡᠷᠭᠡᠢᠯᠡᠬᠦ᠌ ᠬᠡᠮᠵᠢᠯᠲᠡ ᠶ᠋ᠢᠨ ᠲᠤᠤᠷ ᠢ᠋ ᠨᠢᠭ᠍ᠲᠠ ᠰᠦᠯᠵᠢᠨ᠂ ᠬᠢᠨᠠᠨ ᠬᠡᠮᠵᠢᠬᠦ᠌ ᠣᠷᠣᠯᠭ᠎ᠠ ᠶ᠋ᠢᠨ ᠦᠨᠳᠦᠰᠦᠨ ᠪᠠᠷᠢᠮᠵᠢᠶ᠎ᠡ ᠵᠢ 2021 ᠣᠨ ᠤ᠋ 6000 ᠲᠥᠭᠥᠷᠢᠭ ᠪᠠᠢᠭᠰᠠᠨ ᠡᠴᠡ 2025 ᠣᠨ ᠤ᠋ 8800 ᠲᠥᠭᠥᠷᠢᠭ ᠪᠣᠯᠭᠠᠨ ᠳᠡᠭᠡᠭ᠌ᠰᠢᠯᠡᠭᠦᠯᠵᠦ᠂ ᠡᠨᠡ ᠵᠢᠯ ᠤ᠋ᠨ 10 ᠰᠠᠷ᠎ᠠ ᠶ᠋ᠢᠨ ᠰᠡᠭᠦᠯᠴᠢ ᠪᠣᠯᠲᠠᠯ᠎ᠠ ᠪᠥᠬᠥ᠌ ᠣᠷᠣᠨ ᠤ᠋ 7.35 ᠲᠦᠮᠡᠨ ᠡᠷᠦᠬᠡ᠂ 15.35 ᠲᠦᠮᠡᠨ ᠬᠥᠮᠦᠨ ᠢ᠋ ᠬᠢᠨᠠᠨ ᠬᠡᠮᠵᠢᠵᠦ ᠢᠯᠭᠠᠨ ᠲᠠᠨᠢᠵᠤ᠂ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ ᠵᠢ ᠨᠠᠢᠳᠠᠪᠤᠷᠢᠵᠢᠭᠤᠯᠤᠭᠰᠠᠨ ᠨᠤᠷᠮ᠎ᠠ 99% ᠳ᠋ᠤ ᠬᠦᠷᠴᠦ ᠂ 8.96 ᠲᠦᠮᠡᠨ ᠬᠥᠮᠦᠨ ᠤ᠋ ᠲᠠᠬᠢᠨ ᠶᠠᠳᠠᠭᠤᠷᠠᠬᠤ ᠲᠦᠭ᠌ᠰᠢᠭᠦᠷᠢ ᠵᠢ ᠠᠷᠢᠯᠭᠠᠪᠠ᠃ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭ᠌ᠳᠡᠭᠦᠯᠬᠦ᠌ ᠠᠷᠭ᠎ᠠ ᠵᠠᠮ ᠢ᠋ ᠥᠷᠭᠡᠳᠭᠡᠨ᠂ 15% ᠶ᠋ᠢᠨ ᠵᠣᠯᠭᠠᠭᠤᠯᠬᠤ ᠪᠠᠯᠠ ᠮᠥᠩᠭᠥ ᠵᠢ ᠡᠷᠦᠬᠡ ᠳ᠋ᠤ ᠬᠦᠷᠭᠡᠬᠦ᠌ ᠲᠥᠷᠥᠯ ᠵᠦᠶ᠋ᠯ ᠳ᠋ᠤ ᠲᠤᠰᠭᠠᠶ ᠬᠡᠷᠡᠭᠯᠡᠵᠦ᠂ ᠬᠦᠷᠢᠶ᠎ᠡ ᠬᠠᠱᠢᠶᠠᠨ ᠤ᠋ ᠠᠵᠤ ᠠᠬᠤᠶ᠂ ᠠᠵᠤ ᠦᠶ᠋ᠯᠡᠰ ᠤ᠋ᠨ ᠱᠠᠩᠨᠠᠯ ᠨᠥᠬᠥᠪᠥᠷᠢ ᠵᠡᠷᠭᠡ ᠪᠡᠷ ᠳᠠᠮᠵᠢᠨ ᠬᠢᠨᠠᠨ ᠬᠡᠮᠵᠢᠯᠲᠡ ᠶ᠋ᠢᠨ ᠡᠲᠡᠭᠡᠳ ᠪᠤᠯᠤᠨ ᠶᠠᠳᠠᠭᠤ ᠡᠴᠡ ᠠᠡᠭᠬᠢᠵᠢᠷᠠᠭᠰᠠᠨ ᠬᠦᠮᠦᠨ ᠠᠮᠠ ᠶ᠋ᠢᠨ ᠤᠷᠤᠯᠭ᠎ᠠ ᠵᠢ ᠨᠡᠮᠡᠭᠳᠡᠭᠦᠯᠵᠦ᠂ ᠶᠠᠳᠠᠭᠤ ᠡᠴᠡ ᠠᠡᠭᠬᠢᠵᠢᠷᠠᠭᠰᠠᠨ ᠬᠣᠱᠢᠭᠤ ᠱᠢᠶᠠᠨ ᠤ᠋ ᠮᠠᠯᠴᠢᠨ ᠲᠠᠷᠢᠶᠠᠴᠢᠨ ᠤ᠋ ᠣᠷᠣᠯᠭ᠎ᠠ 2021 ᠣᠨ ᠳ᠋ᠤ 15034 ᠲᠥᠭᠥᠷᠢᠭ ᠪᠠᠢᠭ᠍ᠰᠠᠨ ᠡᠴᠡ ᠪᠠᠨ 2024 ᠣᠨ ᠳ᠋ᠤ 18876 ᠲᠥᠭᠥᠷᠢᠭ ᠪᠣᠯᠵᠤ ᠨᠡᠮᠡᠭᠳᠡᠪᠡ᠃ ᠲᠥᠷᠥᠯ ᠵᠦᠶ᠋ᠯ ᠤ᠋ᠨ ᠡᠳ᠋ ᠬᠥᠷᠥᠩᠭᠡ ᠶ᠋ᠢᠨ ᠬᠠᠮᠢᠶᠠᠷᠤᠯᠲᠠ ᠵᠢ ᠳᠦᠷᠢᠮᠵᠢᠭᠦᠯᠤᠨ᠂ 918 ᠳ᠋ᠦᠩᠱᠢᠭᠤᠷ ᠲᠥᠭᠥᠷᠢᠭ ᠤ᠋ᠨ ᠡᠳ᠋ ᠬᠥᠷᠥᠩᠭᠡ ᠶ᠋ᠢᠨ ᠡᠷᠭᠡ ᠵᠢ ᠨᠤᠲᠠᠯᠠᠨ ᠲᠤᠭᠲᠠᠭᠠᠵᠤ᠂ ᠭᠤᠷᠪᠠᠨ ᠱᠠᠲᠤᠨ ᠤ᠋ ᠬᠠᠮᠢᠶᠠᠷᠤᠯᠲᠠ ᠶ᠋ᠢᠨ ᠡᠬᠡ ᠲᠠᠩᠰᠠ ᠵᠢ ᠲᠥᠷᠥᠯ ᠬᠤᠪᠢᠶᠠᠨ ᠪᠠᠢᠭᠤᠯᠵᠤ᠂ ᠬᠠᠮᠢᠶᠠᠷᠴᠤ᠌ ᠬᠠᠮᠠᠭᠠᠯᠠᠬᠤ ᠬᠠᠷᠢᠭᠤᠴᠠᠯᠭ᠎ᠠ ᠵᠢ ᠲᠣᠳᠣᠷᠬᠠᠢᠯᠠᠪᠠ᠃ ᠡᠭᠦᠨ ᠳ᠋ᠤ ᠬᠡᠷᠡᠯᠴᠢ ᠴᠡᠨᠡᠭ ᠵᠢᠡᠷ ᠬᠠᠪᠰᠤᠷᠤᠨ ᠲᠡᠳᠬᠦᠬᠦ᠌ ᠲᠦᠷᠦᠯ ᠵᠦᠢᠯ ᠤ᠋ᠨ ᠦᠷ᠎ᠡ ᠠᠱᠢᠭ ᠢᠯᠡᠳᠲᠡ ᠪᠠᠢᠵᠤ᠂ ᠭᠠᠴᠠᠭ᠎ᠠ ᠲᠣᠰᠭᠣᠨ ᠤ᠋ ᠲᠠᠰ ᠤ᠋ᠨ ᠴᠠᠬᠢᠯᠭᠠᠨ ᠥᠷᠲᠡᠭᠡ ᠵᠢ 487 ᠪᠠᠢᠭᠤᠯᠤᠨ᠂ ᠴᠠᠬᠢᠯᠭᠠᠨ ᠭᠠᠷᠭᠠᠭ᠍ᠰᠠᠨ ᠣᠷᠣᠯᠭ᠎ᠠ ᠨᠡᠢᠲᠡ 32.02 ᠳ᠋ᠦᠩᠱᠢᠭᠤᠷ ᠲᠥᠭᠥᠷᠢᠭ ᠲᠦ᠍ ᠬᠦᠷᠦᠭᠰᠡᠨ ᠪᠦᠬᠡᠳ ᠡᠬᠦᠨ ᠢ᠋ ᠨᠡᠢᠲᠡ ᠶ᠋ᠢᠨ ᠠᠰᠠᠷᠠᠮᠵᠢ ᠶ᠋ᠢᠨ ᠴᠢᠨᠠᠷᠲᠠᠶ ᠠᠵᠢᠯ ᠤ᠋ᠨ ᠪᠠᠢᠷᠢ᠂ ᠰᠠᠭᠤᠷᠢ ᠲᠦᠬᠦᠭᠡᠷᠦᠮᠵᠢ ᠵᠢ ᠰᠠᠢᠵᠢᠷᠠᠭᠤᠯᠬᠤ ᠪᠠ ᠮᠠᠯᠵᠢᠬᠤ ᠲᠠᠷᠢᠶᠠᠯᠠᠬᠤ ᠡᠷᠦᠬᠡ ᠳ᠋ᠤ ᠨᠥᠬᠥᠪᠥᠷᠢ ᠥᠭ᠌ᠬᠦ ᠳ᠋ᠤ ᠬᠡᠷᠡᠭ᠌ᠯᠡᠵᠦ᠍᠂ ᠣᠯᠠᠨ ᠲᠦᠮᠡᠨ ᠳ᠋ᠤ ᠪᠣᠳᠠᠲᠤ ᠠᠱᠢᠭ ᠬᠦᠷᠲᠡᠭᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号