ᠠᠷᠠᠳ᠎ᠤᠨ ᠠᠮᠢᠳᠤᠷᠠᠯ᠎ᠤᠨ ᠲᠤᠬᠠᠢ ᠠᠯᠢ ᠤᠯᠠᠨ ᠴᠢᠬᠤᠯᠠ ᠶᠡᠬᠡ ᠲᠦᠷᠦ᠎ᠶᠢᠨ ᠪᠣᠳᠣᠯᠭ᠎ᠠ᠎ᠶᠢ ᠨᠡᠢᠲᠡᠯᠡᠨ ᠬᠡᠷᠡᠭᠵᠢᠭᠦᠯᠦᠭᠰᠡᠨ᠎ᠦ ᠳᠠᠷᠠᠭᠠᠬᠢ ᠴᠢᠬᠤᠯᠠ ᠨᠢᠬᠡᠨ ᠭᠣᠭᠴᠣᠭ᠎ᠠ ᠪᠣᠯ ᠲᠡᠭᠦᠨ᠎ᠢ ᠨᠠᠷᠢᠨ ᠪᠣᠳᠠᠲᠠᠢ ᠨᠠᠢᠳᠠᠪᠤᠷᠢᠵᠢᠭᠤᠯᠵᠤ᠂ ᠲᠦᠷᠦ᠎ᠶᠢᠨ ᠪᠣᠳᠣᠯᠭ᠎ᠠ᠎ᠶᠢᠨ ᠠᠰᠢᠭ᠋ ᠲᠣᠰᠠ ᠵᠢ ᠭᠦᠢᠴᠡᠳ ᠪᠠᠳᠠᠷᠠᠭᠤᠯᠬᠤ᠎ᠳᠤ ᠪᠠᠢᠨ᠎ᠠ᠃ ᠵᠠᠷᠤᠯᠭ᠎ᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠪᠠᠲᠤ ᠴᠢᠩᠭ᠎ᠠ ᠪᠠᠲᠤᠯᠠᠭ᠎ᠠ ᠬᠠᠩᠭᠠᠵᠦ᠂ ᠵᠠᠷᠤᠯᠭ᠎ᠠ᠎ᠶᠢᠨ ᠪᠦᠲᠦᠴᠡ᠎ᠶᠢ ᠰᠢᠯᠢᠳᠡᠭᠵᠢᠭᠦᠯᠵᠦ᠂ ᠣᠨᠢᠨ ᠳᠡᠭᠡᠷ᠎ᠡ ᠨᠢ ᠬᠦᠴᠦᠯᠡᠬᠦ᠎ᠶᠢ ᠴᠢᠩᠭᠠᠳᠬᠠᠵᠦ᠂ ᠣᠯᠠᠨ ᠲᠦᠮᠡᠨ᠎ᠳᠦ ᠲᠥᠷᠥ᠎ᠶᠢᠨ ᠪᠣᠳᠣᠯᠭ᠎ᠠ᠎ᠶᠢᠨ ᠠᠰᠢᠭ᠋ ᠲᠣᠰᠠ ᠵᠢ ᠨᠠᠩ ᠳᠥᠭᠥᠮ ᠳᠥᠲᠡ᠎ᠪᠡᠷ ᠬᠦᠷᠲᠡᠭᠡᠬᠦ ᠬᠡᠷᠡᠭᠲᠡᠢ᠃
ᠣᠢᠷ᠎ᠠ᠎ᠳᠤ ᠡᠯ᠎ᠡ ᠭᠠᠵᠠᠷ᠎ᠤᠨ ᠬᠢᠨ ᠨᠥᠬᠥᠴᠡᠯ᠎ᠳᠦ ᠨᠡᠢᠴᠡᠬᠰᠡᠨ 3 ᠪᠦᠬᠦᠯᠢ ᠨᠠᠰᠤᠨ᠎ᠠᠴᠠ ᠳᠣᠷᠣᠭ᠍ᠰᠢᠬᠢ ᠨᠢᠯᠬ᠎ᠠ ᠬᠡᠦᠬᠡᠳ ᠲᠠᠢ ᠭᠡᠷ ᠪᠦᠯᠢ᠎ᠳᠦ ᠵᠢᠯ ᠪᠦᠷᠢ 3600 ᠲᠥᠭᠥᠷᠢᠭ᠎ᠦᠨ ᠬᠡᠦᠬᠡᠳ ᠪᠣᠢᠵᠢᠭᠤᠯᠬᠤ ᠨᠥᠬᠥᠪᠦᠷᠢ ᠣᠯᠭᠣᠬᠤ ᠠᠵᠢᠯ᠎ᠢ ᠵᠠᠯᠭᠠᠭ᠎ᠠ᠎ᠪᠠᠷ ᠡᠬᠢᠯᠡᠭᠦᠯᠪᠠ᠃ ᠬᠥᠮᠥᠨ᠎ᠳᠦ ᠪᠡᠯᠡ ᠣᠷᠣᠭᠤᠯᠬᠣ ᠡᠷᠴᠢᠮ᠎ᠢ ᠴᠢᠩᠭᠠᠷᠠᠭᠤᠯᠬᠤ ᠨᠢ ᠨᠢᠭᠡᠨᠲᠡ ᠪᠦᠬᠦ ᠨᠡᠢᠭᠡᠮ᠎ᠦᠨ ᠬᠠᠮᠲᠤ᠎ᠶᠢᠨ ᠲᠠᠨᠢᠯᠲᠠ ᠪᠣᠯᠪᠠ᠃ ᠠᠷᠠᠳ᠎ᠤᠨ ᠠᠮᠢᠳᠤᠷᠠᠯ᠎ᠤᠨ ᠲᠤᠬᠠᠢ ᠠᠯᠢ ᠤᠯᠠᠨ ᠴᠢᠬᠤᠯᠠ ᠶᠡᠬᠡ ᠲᠦᠷᠦ᠎ᠶᠢᠨ ᠪᠣᠳᠣᠯᠭ᠎ᠠ᠎ᠶᠢ ᠨᠡᠢᠲᠡᠯᠡᠨ ᠬᠡᠷᠡᠭᠵᠢᠭᠦᠯᠪᠡ᠂ ᠡᠭᠦᠨ᠎ᠢ ᠬᠡᠷᠬᠢᠨ ᠪᠣᠳᠠᠲᠠᠢ ᠪᠥᠭᠡᠳ ᠨᠠᠷᠢᠯᠢᠭ᠋ ᠨᠠᠢᠳᠠᠪᠤᠷᠢᠵᠢᠭᠤᠯᠵᠤ᠂ ᠲᠦᠷᠦ᠎ᠶᠢᠨ ᠪᠣᠳᠣᠯᠭ᠎ᠠ᠎ᠶᠢᠨ ᠠᠰᠢᠭ᠋ ᠲᠣᠰᠠ ᠵᠢ ᠭᠦᠢᠴᠡᠳ ᠪᠠᠳᠠᠷᠠᠭᠤᠯᠬᠤ ᠶᠠᠪᠤᠳᠠᠯ ᠨᠢ ᠬᠦᠮᠦᠰ᠎ᠲᠦ ᠳᠡᠭᠡᠳᠦ ᠬᠡᠮᠵᠢᠶ᠎ᠡ᠎ᠪᠡᠷ ᠠᠩᠬᠠᠷᠤᠭᠳᠠᠵᠤ ᠪᠠᠢᠨ᠎ᠠ᠃
《ᠬᠥᠮᠥᠨ᠎ᠳᠦ ᠪᠡᠯᠡ ᠣᠷᠣᠭᠤᠯᠬᠤ》 ᠶ᠋ᠢ ᠴᠢᠩᠭᠠᠳᠬᠠᠬᠤ ᠨᠢ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠳᠡᠭᠡᠭᠰᠢᠯᠡᠭᠦᠯᠬᠦ᠂ ᠬᠥᠭᠵᠢᠯᠲᠡ᠎ᠶᠢᠨ ᠬᠥᠳᠡᠯᠭᠡᠬᠦ ᠡᠨᠧᠷᠭᠢ᠎ᠶᠢ ᠴᠢᠩᠭᠠᠳᠬᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠣᠢᠷ᠎ᠠ᠎ᠶᠢᠨ ᠵᠢᠯ᠎ᠦᠳ᠎ᠲᠦ ᠮᠠᠨ᠎ᠤ ᠤᠯᠤᠰ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠪᠡᠯᠡ ᠣᠷᠣᠭᠤᠯᠤᠯᠲᠠ᠎ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠨᠠᠩ ᠲᠥᠪ ᠭᠤᠤᠯᠴᠢ᠂ ᠲᠡᠩᠴᠡᠭᠦᠷᠢᠲᠡᠢ᠂ ᠲᠦᠭᠡᠮᠡᠯ ᠬᠠᠷᠠᠭᠠᠯᠵᠠᠯ᠎ᠲᠠᠢ ᠪᠣᠯᠭᠠᠪᠠ᠃ ᠢᠯᠠᠩᠭᠤᠶ᠎ᠠ ᠡᠨᠡ ᠵᠢᠯ ᠠᠷᠠᠳ᠎ᠤᠨ ᠠᠮᠢᠳᠤᠷᠠᠯ᠎ᠤᠨ ᠲᠤᠬᠠᠢ ᠣᠯᠠᠨ ᠵᠦᠢᠯ᠎ᠦᠨ ᠴᠢᠬᠤᠯᠠ ᠲᠥᠷᠥ᠎ᠶᠢᠨ ᠪᠣᠳᠣᠯᠭ᠎ᠠ ᠨᠡᠢᠲᠡᠯᠡᠵᠦ᠂ ᠠᠰᠢᠭ᠋ ᠭᠥᠷᠳᠡᠬᠦ ᠬᠡᠪᠴᠢᠶ᠎ᠡ ᠨᠢ ᠥᠷᠭᠡᠨ ᠳᠡᠯᠭᠡᠷ᠂ ᠡᠷᠴᠢᠮ ᠨᠢ ᠵᠢᠱ᠌ᠢᠵᠦ ᠪᠠᠢᠬᠰᠠᠨ ᠡᠴᠡ ᠳᠠᠪᠠᠵᠠᠢ᠃ ᠡᠭᠦᠨ᠎ᠳᠦ ᠬᠡᠦᠬᠡᠳ ᠪᠣᠢᠵᠢᠭᠤᠯᠬᠤ ᠨᠥᠬᠥᠪᠦᠷᠢ ᠪᠣᠯ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠠᠴᠠ ᠨᠠᠭᠠᠰᠢᠬᠢ ᠠᠩᠬ᠎ᠠ ᠤᠳᠠᠭ᠎ᠠ ᠶᠡᠬᠡ ᠬᠡᠪᠴᠢᠶ᠎ᠡ᠎ᠲᠠᠢ᠂ ᠲᠦᠭᠡᠮᠡᠯ ᠬᠠᠷᠠᠭᠠᠯᠵᠠᠯ ᠲᠠᠢ ᠣᠯᠠᠨ ᠲᠦᠮᠡᠨ᠎ᠳᠦ ᠣᠯᠭᠣᠭᠰᠠᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠪᠡᠯᠨ ᠮᠥᠩᠭᠥ᠎ᠶᠢᠨ ᠨᠥᠬᠥᠪᠦᠷᠢ ᠮᠥᠨ᠂ ᠡᠭᠦᠨ᠎ᠳᠦ ᠲᠥᠪ᠎ᠦᠨ ᠡᠳ᠋᠎ᠦᠨ ᠵᠠᠰᠠᠭ᠎ᠠᠴᠠ ᠡᠨᠡ ᠵᠢᠯ 900 ᠳ᠋ᠦᠩᠰᠢᠭᠤᠷ ᠲᠥᠭᠥᠷᠢᠭ ᠣᠷᠴᠢᠮ ᠦᠨ ᠲᠥᠰᠥᠪ ᠲᠣᠬᠢᠷᠠᠭᠤᠯᠪᠠ᠃ ᠰᠦᠢᠳᠬᠡᠯ ᠬᠤᠷᠢᠶᠠᠬᠤ ᠦᠭᠡᠢᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠠᠯᠬᠤᠮ ᠠᠯᠬᠤᠮ᠎ᠢᠶᠠᠷ ᠠᠬᠢᠭᠤᠯᠵᠦ᠂ ᠠᠯᠪᠠᠨ᠎ᠠᠴᠠ ᠡᠷᠬᠢᠯᠡᠭᠰᠡᠨ ᠬᠡᠦᠬᠡᠳ᠎ᠦᠨ ᠴᠡᠴᠡᠷᠯᠢᠭ᠎ᠦᠨ ᠰᠤᠷᠬᠤ ᠨᠠᠰᠤᠨ᠎ᠠᠴᠠ ᠡᠮᠦᠨ᠎ᠡ ᠨᠢᠬᠡ ᠵᠢᠯ ᠦᠨ ᠴᠡᠴᠡᠷᠯᠢᠭ᠎ᠲᠦ ᠪᠠᠢᠬᠣ ᠬᠣᠭᠣᠴᠠᠭᠠᠨ᠎ᠳᠡᠬᠢ ᠠᠰᠠᠷᠠᠨ ᠬᠥᠮᠥᠵᠢᠭᠦᠯᠬᠦ ᠵᠠᠷᠤᠳᠠᠯ᠎ᠢ ᠬᠡᠯᠲᠦᠷᠢᠭᠦᠯᠵᠦ᠂ ᠭᠡᠷ ᠪᠦᠯᠢ᠎ᠶᠢᠨ ᠰᠤᠷᠭᠠᠨ ᠬᠥᠮᠦᠵᠢᠯ᠎ᠦᠨ ᠵᠠᠷᠤᠯᠭ᠎ᠠ᠎ᠶᠢ ᠪᠦᠲᠦᠮᠵᠢᠲᠡᠶ ᠪᠠᠭᠤᠷᠠᠭᠤᠯᠵᠤ᠂ ᠵᠥᠪᠬᠡᠨ ᠡᠨᠡ ᠵᠢᠯ᠎ᠦᠨ ᠨᠠᠮᠤᠷ᠎ᠤᠨ ᠤᠯᠠᠷᠢᠯ᠎ᠤᠨ ᠨᠢᠭᠡ ᠰᠤᠷᠤᠯᠭ᠎ᠠ᠎ᠶᠢᠨ ᠬᠤᠭᠤᠴᠠᠭ᠎ᠠ᠎ᠪᠠᠷ ᠭᠡᠷ ᠪᠦᠯᠢ᠎ᠶᠢᠨ ᠵᠠᠷᠤᠯᠭ᠎ᠠ᠎ᠶᠢ ᠵᠣᠬᠢᠴᠠᠩᠭᠤᠢ᠎ᠪᠠᠷ 200 ᠳ᠋ᠦᠩᠰᠢᠭᠤᠷ ᠲᠥᠭᠥᠷᠢᠭ ᠪᠠᠭᠠᠰᠬᠠᠪᠠ᠃ ᠡᠭᠦᠨ᠎ᠡᠴᠡ ᠭᠠᠳᠠᠨ᠎ᠠ ᠠᠵᠢᠯ ᠣᠯᠭᠣᠯᠲᠠ᠎ᠶᠢ ᠲᠣᠭᠲᠠᠪᠤᠷᠢᠵᠢᠭᠤᠯᠤᠨ ᠥᠷᠭᠡᠳᠬᠡᠬᠦ᠂ ᠦᠨᠳᠦᠰᠦᠨ ᠡᠮ ᠡᠮᠨᠡᠯᠭᠡ᠎ᠶᠢᠨ ᠪᠠᠲᠤᠯᠠᠭ᠎ᠠ᠎ᠶᠢᠨ ᠲᠦᠪᠰᠢᠨ᠎ᠢ ᠳᠡᠭᠡᠭᠰᠢᠯᠡᠭᠦᠯᠬᠦ᠂ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠲᠦᠪᠰᠢᠨ᠎ᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ᠎ᠶᠢ ᠴᠦ᠍ ᠬᠦᠴᠦᠯᠡᠨ ᠬᠡᠷᠡᠭᠵᠢᠭᠦᠯᠪᠡ᠃
ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠳᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠠ ᠬᠡᠷᠡᠭᠯᠡᠭᠡ᠎ᠶᠢ ᠠᠬᠢᠭᠤᠯᠬᠤ᠂ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠨ᠎ᠠ ᠭᠡᠵᠦ ᠲᠣᠷᠠᠳᠪᠠ᠃ ᠡᠨᠡ ᠬᠦ᠌ ᠴᠢᠬᠤᠯᠠ ᠪᠠᠢᠷᠢᠯᠠᠭᠤᠯᠤᠯᠲᠠ ᠨᠢ ᠬᠥᠮᠥᠰ᠎ᠦᠨ ᠰᠡᠳᠬᠢᠯ᠎ᠢ ᠬᠥᠭᠵᠢᠭᠡᠵᠦ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠭᠦᠢᠴᠡᠳ ᠢᠯᠡᠷᠡᠭᠦᠯᠪᠡ᠃ ᠬᠥᠮᠥᠨ᠎ᠦ ᠬᠦᠴᠦᠨ᠎ᠦ ᠬᠥᠷᠥᠩᠭᠡ᠎ᠶᠢᠨ ᠣᠷᠣᠭᠤᠯᠤᠯᠲᠠ᠎ᠶᠢ ᠴᠢᠩᠭᠠᠳᠬᠠᠬᠤ ᠨᠢ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ᠎ᠶᠢᠨ ᠬᠠᠮᠲᠤ ᠪᠠᠰᠠ ᠤᠯᠤᠰ᠎ᠤᠨ ᠳᠣᠲᠣᠭᠠᠳᠤ᠎ᠶᠢᠨ ᠬᠡᠷᠡᠭᠴᠡᠭᠡ᠎ᠶᠢ ᠥᠷᠭᠡᠳᠬᠡᠵᠦ᠂ ᠠᠵᠤ ᠠᠬᠤᠢ᠎ᠶᠢᠨ ᠬᠥᠭᠵᠢᠯᠲᠡ᠎ᠶᠢᠨ ᠥᠷᠢᠰᠦᠯᠳᠦᠬᠦ ᠬᠦᠴᠦᠨ᠎ᠢ ᠨᠡᠮᠡᠭᠳᠡᠭᠦᠯᠬᠦ᠎ᠳᠦ ᠠᠰᠢᠭ᠍ᠲᠠᠢ ᠶᠤᠮ᠃ ᠬᠦᠮᠦᠨ᠎ᠳᠦ ᠪᠡᠯᠡ ᠣᠷᠣᠭᠣᠯᠬᠣ ᠨᠢ ᠰᠢᠭᠤᠳ ᠲᠦᠭ ᠲᠦᠮᠡᠨ ᠪᠣᠳᠠᠭᠠᠯᠢ ᠪᠡᠶᠡᠳᠦ ᠬᠠᠨᠳᠤᠭᠤᠯᠵᠤ᠂ ᠠᠷᠠᠳ ᠲᠦᠮᠡᠨ᠎ᠦ ᠴᠢᠩ ᠰᠡᠳᠬᠢᠯ᠎ᠦᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠨ᠎ᠠ᠂ ᠭᠠᠭᠴᠠ ᠬᠦ᠌ ᠤᠨᠢᠨ ᠳᠡᠭᠡᠷ᠎ᠡ ᠨᠢ ᠬᠦᠴᠦᠯᠡᠵᠦ᠂ ᠨᠠᠷᠢᠯᠢᠭ᠋ ᠪᠣᠳᠠᠲᠠᠢ ᠨᠠᠢᠳᠠᠪᠤᠷᠢᠵᠢᠭᠤᠯᠪᠠᠯ ᠰᠠᠶᠢ ᠣᠢᠯᠠᠭᠠᠭᠳᠠᠬᠤᠨ ᠪᠣᠯᠣᠨ ᠲᠦᠷᠦ᠎ᠶᠢᠨ ᠪᠣᠳᠣᠯᠭ᠎ᠠ᠎ᠶᠢ ᠪᠣᠳᠠᠲᠤ ᠦᠷ᠎ᠡ ᠪᠦᠳᠦᠮᠵᠢ᠂ ᠠᠰᠢᠭ᠋ ᠣᠯᠵᠠᠪᠤᠷᠢ ᠪᠣᠯᠭᠠᠨ ᠬᠤᠪᠢᠷᠠᠭᠤᠯᠵᠤ ᠴᠢᠳᠠᠨ᠎ᠠ᠃
ᠬᠥᠮᠥᠨ᠎ᠳᠦ ᠪᠡᠯᠡ ᠣᠷᠣᠭᠤᠯᠬᠤ᠎ᠳᠠᠭᠠᠨ ᠵᠠᠷᠤᠯᠭ᠎ᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠣᠢᠷ᠎ᠠ᠎ᠶᠢᠨ ᠵᠢᠯ᠎ᠦᠳ᠎ᠲᠦ ᠮᠠᠨ᠎ᠤ ᠤᠯᠤᠰ᠎ᠤᠨ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠬᠦᠷᠢᠶᠡᠨ᠎ᠳᠡᠬᠢ ᠣᠷᠣᠭᠤᠯᠤᠯᠲᠠ ᠶᠡᠬᠡᠪᠡᠷ ᠳᠡᠭᠡᠭᠰᠢᠯᠡᠭᠰᠡᠨ ᠪᠣᠯᠪᠠᠴᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠷᠡᠭᠴᠡᠭᠡ᠂ ᠠᠷᠠᠳ ᠣᠯᠠᠨ᠎ᠤ ᠬᠦᠰᠡᠯ ᠡᠷᠡᠮᠡᠯᠵᠡᠯ᠎ᠲᠠᠢ ᠬᠠᠷᠢᠴᠠᠭᠤᠯᠪᠠᠯ ᠮᠥᠨ ᠯᠡ ᠪᠠᠭ᠎ᠠ ᠪᠤᠰᠤ ᠵᠥᠷᠢᠶ᠎ᠡ᠎ᠲᠠᠢ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠳᠤ᠂ 《ᠡᠳ᠋᠎ᠦᠨ ᠵᠠᠰᠠᠭ᠎ᠤᠨ ᠵᠠᠷᠤᠯᠭ᠎ᠠ᠎ᠳᠠᠬᠢ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠵᠠᠷᠤᠯᠭ᠎ᠠ᠎ᠶᠢᠨ ᠡᠵᠡᠯᠡᠬᠦ ᠬᠤᠪᠢ᠎ᠶᠢᠨ ᠵᠢᠩ᠎ᠢ ᠵᠦᠢ ᠵᠣᠬᠢᠰᠲᠠᠢ ᠳᠡᠭᠡᠭᠰᠢᠯᠡᠭᠦᠯᠦᠨ᠎ᠡ》᠂ 《ᠡᠳ᠋᠎ᠦᠨ ᠵᠠᠰᠠᠭ᠎ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ᠎ᠶᠢ ᠴᠢᠩᠭᠠᠳᠬᠠᠵᠤ᠂ ᠡᠳ᠋᠎ᠦᠨ ᠵᠠᠰᠠᠭ᠎ᠤᠨ ᠡᠬᠢ ᠪᠠᠶᠠᠯᠢᠭ᠋ ᠪᠠ ᠲᠥᠰᠥᠪ᠎ᠢ ᠨᠢᠭᠡᠳᠦᠯᠲᠡᠢ ᠲᠥᠯᠥᠪᠯᠡᠬᠦ᠎ᠶᠢ ᠴᠢᠩᠭᠠᠳᠬᠠᠵᠤ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠠᠷᠠᠳ᠎ᠤᠨ ᠦᠨᠳᠦᠰᠦᠨ ᠠᠮᠢᠳᠤᠷᠠᠯ᠎ᠤᠨ ᠡᠳ᠋᠎ᠦᠨ ᠬᠦᠴᠦᠨ᠎ᠦ ᠪᠠᠲᠤᠯᠠᠭ᠎ᠠ᠎ᠶᠢ ᠴᠢᠩᠭᠠᠳᠬᠠᠨ᠎ᠠ》 ᠭᠡᠵᠦ ᠳᠤᠷᠠᠳᠤᠨ ᠭᠠᠷᠭᠠᠪᠠ᠃ ᠣᠳᠣᠬᠠᠨ᠎ᠳᠤ ᠡᠳ᠋᠎ᠦᠨ ᠵᠠᠰᠠᠭ᠎ᠤᠨ ᠵᠠᠷᠤᠯᠭ᠎ᠠ᠎ᠳᠠᠬᠢ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠵᠠᠷᠤᠯᠭ᠎ᠠ᠎ᠶᠢᠨ ᠡᠵᠡᠯᠡᠬᠦ ᠬᠤᠪᠢ᠎ᠶᠢᠨ ᠵᠢᠩ᠎ᠢ ᠵᠦᠢ ᠵᠣᠬᠢᠰᠲᠠᠢ ᠳᠡᠭᠡᠭᠰᠢᠯᠡᠭᠦᠯᠬᠦ᠎ᠳᠦ ᠪᠠᠰᠠ ᠨᠡᠯᠢᠶᠡᠳ ᠶᠡᠬᠡ ᠳᠠᠯᠳᠠ ᠬᠦᠴᠦᠨ ᠪᠠ ᠣᠷᠣᠨ ᠵᠠᠢᠲᠠᠢ ᠪᠠᠢᠨ᠎ᠠ᠃ ᠡᠳ᠋᠎ᠦᠨ ᠵᠠᠰᠠᠭ᠎ᠤᠨ ᠵᠠᠷᠤᠯᠭ᠎ᠠ᠎ᠪᠠᠷ ᠠᠷᠠᠳ᠎ᠤᠨ ᠠᠮᠢᠳᠤᠷᠠᠯ᠎ᠤᠨ ᠤᠳᠤᠷᠢᠳᠤᠮᠵᠢ᠎ᠶᠢ ᠨᠡᠩ ᠢᠯᠡᠭᠦᠦ ᠲᠤᠪᠤᠢ᠍ᠢᠯᠭᠠᠵᠤ᠂ ᠨᠡᠩ ᠤᠯᠠᠨ ᠪᠡᠯᠡ ᠮᠥᠩᠭᠥ ᠡᠬᠢ ᠪᠠᠶᠠᠯᠢᠭ᠋᠎ᠢ ᠬᠥᠮᠥᠨ᠎ᠳᠦ ᠪᠡᠯᠡ ᠣᠷᠣᠭᠤᠯᠵᠤ᠂ ᠠᠷᠠᠳ᠎ᠤᠨ ᠠᠮᠢᠳᠤᠷᠠᠯ᠎ᠳᠤ ᠦᠢᠯᠡᠴᠢᠯᠡᠭᠦᠯᠬᠦ ᠬᠡᠷᠡᠭᠲᠡᠢ᠃ ᠬᠡᠯᠡᠯᠭᠡᠨ ᠦᠭᠡᠢ ᠴᠢᠳᠠᠯ᠎ᠢᠶᠠᠷ᠎ᠢᠶᠠᠨ ᠴᠢᠷᠮᠠᠢᠵᠤ᠂ ᠴᠢᠳᠠᠯ᠎ᠤᠨ᠎ᠢᠶᠠᠨ ᠬᠢᠷᠢ᠎ᠪᠡᠷ ᠬᠢᠬᠦ ᠵᠠᠷᠴᠢᠮ᠎ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢ ᠠᠵᠤ ᠠᠬᠤᠢ᠎ᠶᠢᠨ ᠬᠥᠭᠵᠢᠯᠲᠡ ᠪᠠ ᠡᠳ᠋᠎ᠦᠨ ᠬᠦᠴᠦᠨ᠎ᠦ ᠦᠷᠭᠦᠯᠵᠢᠯᠡᠬᠦ ᠰᠠᠭᠤᠷᠢᠨ ᠳᠡᠭᠡᠷ᠎ᠡ ᠪᠠᠢᠭᠤᠯᠵᠤ᠂ ᠪᠣᠳᠠᠲᠤ ᠪᠠᠢᠳᠠᠯ᠎ᠳᠤ ᠦᠯᠦ ᠨᠡᠢᠴᠡᠬᠦ ᠪᠠᠢᠳᠠᠯ᠎ᠢ ᠭᠠᠷᠭᠠᠵᠦ᠂ ᠦᠨᠡᠨ ᠬᠦ᠌ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ᠎ᠦ ᠲᠥᠷᠥᠭᠳᠡᠯ᠎ᠳᠦ 《ᠪᠡᠯᠡ ᠣᠷᠣᠭᠤᠯᠬᠤ》 ᠬᠡᠷᠡᠭᠲᠡᠢ᠃ ᠡᠭᠦᠨ᠎ᠡᠴᠡ ᠭᠠᠳᠠᠨ᠎ᠠ ᠪᠠᠰᠠ ᠲᠥᠷᠥ᠎ᠶᠢᠨ ᠪᠣᠳᠣᠯᠭ᠎ᠠ᠎ᠶᠢᠨ ᠬᠥᠲᠥᠯᠥᠨ ᠵᠢᠯᠤᠭᠣᠳᠬᠤ ᠦᠢᠯᠡᠳᠦᠯ᠎ᠢ ᠪᠠᠳᠠᠷᠠᠭᠤᠯᠬᠤ᠎ᠪᠠᠷ ᠳᠠᠮᠵᠢᠨ᠂ ᠨᠡᠢᠭᠡᠮ᠎ᠦᠨ ᠬᠥᠷᠥᠩᠭᠡ᠎ᠶᠢᠨ ᠬᠥᠮᠥᠨ᠎ᠳᠦ ᠪᠡᠯᠡ ᠣᠷᠣᠭᠤᠯᠬᠤ ᠢᠳᠡᠪᠬᠢᠵᠢᠯ᠎ᠢ ᠳᠠᠶ᠋ᠢᠴᠢᠯᠠᠵᠤ ᠪᠣᠯᠣᠨ᠎ᠠ᠃
ᠬᠥᠮᠥᠨ᠎ᠳᠦ ᠪᠡᠯᠡ ᠣᠷᠣᠭᠤᠯᠬᠤ᠎ᠳᠠᠭᠠᠨ ᠵᠠᠷᠤᠯᠭ᠎ᠠ᠎ᠶᠢᠨ ᠪᠦᠲᠦᠴᠡ᠎ᠶᠢ ᠰᠢᠯᠢᠳᠡᠭᠵᠢᠭᠦᠯᠵᠦ᠂ ᠤᠨᠢᠨ ᠳᠡᠭᠡᠷ᠎ᠡ ᠨᠢ ᠬᠦᠴᠦᠯᠡᠬᠦ᠎ᠶᠢ ᠴᠢᠩᠭᠠᠳᠬᠠᠬᠤ ᠬᠡᠷᠡᠭᠲᠡᠢ᠃ ᠠᠷᠠᠳ᠎ᠤᠨ ᠠᠮᠢᠳᠤᠷᠠᠯ᠎ᠳᠤ ᠣᠷᠣᠭᠤᠯᠬᠤ ᠪᠡᠯᠡ ᠣᠷᠣᠭᠤᠯᠤᠯᠲᠠ᠎ᠶᠢᠨ ᠬᠡᠮᠵᠢᠶ᠎ᠡ ᠶᠡᠬᠡ᠂ ᠬᠡᠪᠴᠢᠶ᠎ᠡ ᠥᠷᠭᠡᠨ ᠪᠣᠯᠬᠣᠷ ᠡᠬᠢ ᠪᠠᠶᠠᠯᠢᠭ᠋᠎ᠢ ᠪᠦᠷᠢᠯᠭᠡᠨ ᠰᠦᠢᠳᠬᠡᠵᠦ᠂ ᠵᠢᠱ᠌ᠢᠭᠰᠡᠨ ᠦᠷ᠎ᠡ ᠪᠦᠲᠦᠮᠵᠢ ᠳᠡᠭᠡᠨ ᠬᠦᠷᠴᠤ ᠲᠡᠢᠯᠬᠦ ᠦᠬᠡᠢ ᠠᠰᠠᠭᠣᠳᠠᠯ ᠢᠯᠡᠷᠡᠬᠦ ᠪᠣᠯᠣᠨ᠎ᠠ᠃ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠳᠤᠲᠠᠭᠤᠳᠠᠯ ᠪᠠᠭᠤᠷᠠᠢ ᠲᠠᠯ᠎ᠠ ᠵᠢᠴᠢ ᠠᠷᠠᠳ ᠤᠯᠠᠨ᠎ᠤ ᠪᠠᠴᠢᠮᠳᠠᠵᠦ ᠲᠦᠪᠡᠭᠳᠡᠵᠦ ᠵᠣᠪᠠᠨᠢᠵᠦ ᠬᠦᠰᠡᠵᠦ ᠪᠠᠢᠭ᠎ᠠ ᠵᠦᠢᠯ᠎ᠳᠦ ᠴᠢᠭᠯᠡᠭᠦᠯᠦᠨ᠂ ᠬᠦᠴᠦᠯᠡᠬᠦ ᠴᠢᠭᠯᠡᠯ᠎ᠢᠶᠡᠨ ᠲᠣᠳᠣᠷᠬᠠᠢᠯᠠᠵᠤ᠂ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠪᠡᠶᠡᠯᠡᠭᠦᠯᠵᠦ᠂ ᠪᠡᠯᠡ ᠮᠥᠩᠭᠥ᠎ᠶᠢ ᠦᠨᠡᠨ ᠬᠦ᠌ ᠴᠢᠬᠤᠯᠠᠲᠠᠢ ᠭᠠᠵᠠᠷ ᠲᠤᠨᠢ ᠬᠡᠷᠡᠭᠯᠡᠬᠦ ᠬᠡᠷᠡᠭᠲᠡᠢ᠃ ᠬᠡᠦᠬᠡᠳ ᠬᠥᠮᠥᠵᠢᠭᠦᠯᠬᠦ ᠨᠥᠬᠥᠪᠦᠷᠢ᠂ ᠰᠦᠢᠳᠬᠡᠯ ᠬᠤᠷᠢᠶᠠᠬᠤ ᠦᠭᠡᠢ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠲᠥᠷᠥ᠎ᠶᠢᠨ ᠪᠣᠳᠣᠯᠭ᠎ᠠ᠎ᠶᠢᠨ ᠲᠤᠰᠬᠠᠯ ᠴᠢᠩᠭ᠎ᠠ ᠂ ᠥᠷᠭᠡᠨ ᠳᠡᠯᠭᠡᠷ ᠰᠠᠢᠨ ᠦᠨᠡᠯᠡᠯᠲᠡ ᠣᠯᠵᠤ ᠪᠠᠢᠭ᠎ᠠ ᠨᠢ ᠳᠠᠷᠤᠢ ᠠᠷᠠᠳ ᠣᠯᠠᠨ᠎ᠤ ᠲᠤᠯᠭᠠᠮ᠎ᠠ ᠬᠡᠷᠡᠭᠴᠡᠭᠡ᠎ᠶᠢ ᠦᠨᠡᠨ ᠬᠦ᠌ ᠠᠩᠬᠠᠷᠴᠤ ᠪᠠᠢᠭ᠎ᠠ᠎ᠳᠤ ᠪᠠᠢᠨ᠎ᠠ᠃ ᠳᠠᠷᠠᠭᠠᠴᠢ᠎ᠶᠢᠨ ᠠᠯᠬᠤᠮ᠎ᠳᠤ 《ᠪᠠᠯᠴᠢᠷ ᠲᠤᠨᠢ ᠪᠣᠢᠵᠢᠭᠤᠯᠬᠤ ᠭᠠᠵᠠᠷ᠎ᠲᠠᠢ᠂ ᠰᠤᠷᠤᠯᠴᠠᠬᠤ᠎ᠠᠴᠠ ᠰᠤᠷᠭᠠᠨ ᠬᠥᠮᠦᠵᠢᠯ᠎ᠲᠠᠢ᠂ ᠬᠥᠳᠡᠯᠮᠦᠷᠢᠯᠡᠪᠡᠯ ᠬᠥᠯᠥᠰᠦ ᠣᠯᠭᠣᠮᠵᠢ᠎ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ᠎ᠲᠠᠢ᠂ ᠥᠲᠡᠯᠪᠡᠯ ᠬᠦᠷᠳᠡᠬᠦ ᠠᠰᠠᠷᠠᠮᠵᠢ᠎ᠲᠠᠢ᠂ ᠰᠠᠭᠤᠬᠤ᠎ᠠᠴᠠ ᠣᠷᠣᠨ ᠰᠠᠭᠤᠴᠠ᠎ᠲᠠᠢ᠂ ᠪᠠᠭᠤᠷᠠᠢᠴᠤᠤᠯ ᠨᠢ ᠬᠦᠷᠳᠡᠬᠦ ᠲᠤᠰᠠᠯᠠᠮᠵᠢ᠎ᠲᠠᠢ》 ᠪᠠᠢᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠦ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠬᠦ ᠬᠡᠷᠡᠭᠲᠡᠢ᠃ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢ ᠴᠢᠩᠭᠠᠳᠬᠠᠵᠤ᠂ ᠲᠥᠷᠦ᠎ᠶᠢᠨ ᠪᠣᠳᠣᠯᠭ᠎ᠠ᠎ᠶᠢᠨ ᠦᠢᠯᠡᠳᠦᠯ ᠴᠢᠳᠠᠪᠤᠷᠢ ᠪᠠ ᠪᠡᠯᠡ ᠮᠥᠩᠭᠥ᠎ᠶᠢᠨ ᠦᠷ᠎ᠡ ᠠᠰᠢᠭ᠋᠎ᠢ ᠳᠡᠭᠡᠭᠰᠢᠯᠡᠭᠦᠯᠦᠨ᠎ᠡ᠃
ᠬᠥᠮᠥᠨ᠎ᠳᠦ ᠪᠡᠯᠡ ᠣᠷᠣᠭᠤᠯᠬᠤ᠎ᠶᠢᠨ ᠴᠢᠬᠤᠯᠠ ᠵᠠᠩᠭᠢᠯᠠᠭ᠎ᠠ ᠨᠢ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠬᠦ᠎ᠶᠢᠨ 《ᠡᠴᠦᠰ᠎ᠦᠨ ᠨᠢᠭᠡ ᠺᠢᠯᠣᠮᠧᠲᠷ》᠎ᠲᠦ ᠪᠠᠢᠬᠤ ᠶᠤᠮ᠃ ᠬᠥᠮᠥᠨ᠎ᠳᠦ ᠪᠡᠯᠡ ᠣᠷᠣᠭᠤᠯᠬᠤ᠎ᠳᠤ ᠡᠴᠦᠰ᠎ᠲᠡᠬᠡᠨ ᠪᠣᠳᠠᠲᠠᠢ ᠬᠤᠪᠢ ᠬᠥᠮᠥᠨ᠎ᠦ ᠪᠡᠶ᠎ᠡ ᠳᠡᠭᠡᠷ᠎ᠡ ᠨᠠᠢᠳᠠᠪᠤᠷᠢᠵᠢᠭᠤᠯᠬᠤ ᠬᠡᠷᠡᠭᠲᠡᠢ᠂ ᠦᠨᠳᠦᠰᠦᠨ ᠱᠠᠲᠤᠨ᠎ᠤ ᠠᠵᠢᠯ ᠪᠣᠯ ᠲᠤᠢᠯ᠎ᠤᠨ ᠴᠢᠬᠤᠯᠠ ᠶᠤᠮ᠃ ᠲᠥᠪ᠎ᠦᠨ ᠡᠳ᠋᠎ᠦᠨ ᠵᠠᠰᠠᠭ᠎ᠠᠴᠠ ᠪᠡᠯᠡ ᠮᠥᠩᠭᠥ᠎ᠶᠢᠨ ᠲᠠᠯ᠎ᠠ᠎ᠪᠠᠷ ᠬᠦᠴᠦᠲᠡᠢ ᠲᠤᠯᠭᠠᠭᠤᠷᠢᠯᠠᠯ ᠬᠠᠩᠭᠠᠭᠰᠠᠨᠢ ᠠᠷᠠᠳ᠎ᠤᠨ ᠠᠮᠢᠳᠤᠷᠠᠯ᠎ᠤᠨ ᠠᠯᠢ ᠣᠯᠠᠨ ᠴᠢᠬᠤᠯᠠ ᠶᠡᠬᠡ ᠲᠥᠷᠥ᠎ᠶᠢᠨ ᠪᠣᠳᠣᠯᠭ᠎ᠠ᠎ᠠᠴᠠ ᠦᠵᠡᠵᠦ ᠭᠠᠷᠴᠤ ᠪᠣᠯᠣᠨ᠎ᠠ᠃ ᠵᠢᠱ᠌ᠢᠶᠡᠯᠡᠪᠡᠯ᠂ ᠬᠡᠦᠬᠡᠳ ᠪᠣᠢᠵᠢᠭᠤᠯᠬᠤ ᠨᠥᠬᠥᠪᠦᠷᠢ᠎ᠶᠢ ᠲᠥᠪ᠎ᠦᠨ ᠡᠳ᠋᠎ᠦᠨ ᠵᠠᠰᠠᠭ᠎ᠠᠴᠠ ᠵᠣᠬᠢᠬᠤ ᠬᠠᠷᠢᠴᠠᠯ᠎ᠢᠶᠠᠷ ᠣᠷᠣᠨ ᠨᠤᠲᠤᠭ᠎ᠲᠤ ᠨᠥᠬᠥᠪᠦᠷᠢ ᠥᠭᠴᠦ᠂ ᠲᠥᠪ᠎ᠡᠴᠡ ᠪᠠᠷᠤᠭ ᠶᠢᠰᠦᠨ ᠬᠤᠪᠢ᠎ᠶᠢ ᠡᠭᠦᠷᠭᠡᠯᠡᠨ᠎ᠡ; ᠦᠨ᠎ᠡ ᠲᠦᠯᠦᠪᠦᠷᠢ ᠦᠬᠡᠢ ᠬᠡᠣᠭᠡᠳ ᠠᠰᠠᠷᠠᠨ ᠬᠦᠮᠦᠵᠢᠬᠦᠯᠬᠦ ᠵᠠᠷᠤᠳᠠᠯ᠎ᠤᠨ ᠨᠥᠬᠥᠪᠦᠷᠢ ᠪᠡᠯᠡ ᠮᠥᠩᠭᠥ᠎ᠶᠢ ᠴᠦ᠍ ᠲᠥᠪ᠎ᠦᠨ ᠪᠠ ᠣᠷᠣᠨ ᠨᠤᠲᠤᠭ᠎ᠤᠨ ᠬᠢᠨ ᠬᠠᠮᠲᠤ᠎ᠪᠠᠷ ᠡᠭᠦᠷᠭᠡᠯᠡᠵᠦ᠂ ᠲᠥᠪ᠎ᠦᠨ ᠡᠳ᠋᠎ᠦᠨ ᠵᠠᠰᠠᠭ᠎ᠠᠴᠠ ᠶᠡᠬᠡᠩᠬᠢ ᠬᠡᠰᠡᠭ᠎ᠢ ᠨᠢ ᠦᠭᠴᠤ ᠪᠠᠢᠨ᠎ᠠ᠃ ᠣᠷᠣᠨ ᠨᠤᠲᠤᠭ᠎ᠤᠨ ᠡᠳ᠋᠎ᠦᠨ ᠵᠠᠰᠠᠭ᠎ᠤᠨ ᠲᠠᠯ᠎ᠠ᠎ᠠᠴᠠ ᠠᠪᠴᠤ ᠦᠵᠡᠪᠡᠯ᠂ ᠣᠷᠣᠯᠭ᠎ᠠ ᠵᠠᠷᠤᠯᠭ᠎ᠠ᠎ᠶᠢᠨ ᠳᠠᠷᠤᠯᠲᠠ ᠨᠡᠯᠢᠶᠡᠳ ᠶᠡᠬᠡ ᠪᠠᠢᠭ᠎ᠠ ᠪᠣᠯᠪᠠᠴᠤ ᠠᠷᠠᠳ᠎ᠤᠨ ᠠᠮᠢᠳᠤᠷᠠᠯ᠎ᠤᠨ ᠣᠷᠣᠭᠤᠯᠤᠯᠲᠠ᠎ᠶᠢ ᠶᠠᠭᠠᠬᠢᠭ᠍ᠰᠠᠨ ᠴᠤ᠌ ᠳᠤᠲᠠᠭᠤ ᠲᠤᠷᠭᠤᠨ ᠪᠠᠢᠯᠭᠠᠵᠤ ᠪᠣᠯᠬᠤ ᠦᠭᠡᠢ᠂ ᠡᠷᠬᠡᠪᠰᠢ ᠪᠡᠯᠡ ᠮᠥᠩᠭᠥ᠎ᠶᠢ ᠴᠠᠭ ᠲᠤᠬᠠᠢ ᠳ᠋ᠤᠨᠢ ᠲᠣᠭ᠎ᠠ ᠶᠣᠰᠣᠭᠠᠷ ᠰᠢᠯᠵᠢᠭᠦᠯᠦᠨ ᠥᠭᠴᠦ᠂ ᠪᠡᠯᠡ ᠮᠥᠩᠭᠥ᠎ᠶᠢ ᠵᠢᠷᠤᠮᠵᠢᠭᠤᠨ᠂ ᠠᠶᠤᠯᠭᠦᠢ᠂ ᠪᠦᠲᠦᠮᠵᠢᠲᠡᠢ ᠬᠡᠷᠡᠭᠯᠡᠬᠦ᠎ᠶᠢ ᠦᠨᠡᠨ ᠬᠦ᠌ ᠪᠠᠲᠤᠯᠠᠵᠤ᠂ ᠬᠤᠳᠠᠯ᠎ᠢᠶᠠᠷ ᠮᠡᠳᠡᠭᠦᠯᠵᠦ ᠬᠠᠭᠤᠷᠮᠠᠭᠯᠠᠨ ᠠᠪᠬᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ᠎ᠶᠢ ᠴᠢᠩᠭ᠎ᠠ ᠴᠠᠭᠠᠵᠠᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠦᠢᠯᠡᠴᠢᠯᠡᠭᠡ᠎ᠪᠡᠨ ᠴᠢᠩᠭᠠᠷᠠᠭᠤᠯᠤᠨ᠂ ᠲᠡᠰ ᠲᠠᠷᠠᠭ᠎ᠠ ᠵᠢ ᠳᠥᠭᠥᠮᠴᠢᠯᠡᠵᠦ᠂ ᠲᠥᠷᠥ᠎ᠶᠢᠨ ᠪᠣᠳᠣᠯᠭ᠎ᠠ᠎ᠶᠢᠨ ᠬᠠᠯᠠᠭᠤᠨ ᠳᠤᠯᠠᠭᠠᠨ᠎ᠢ ᠭᠦᠢᠴᠡᠳ ᠢᠯᠡᠷᠡᠭᠦᠯᠦᠨ᠂ ᠣᠯᠠᠨ ᠲᠦᠮᠡᠨ᠎ᠳᠦ ᠲᠥᠷᠥ᠎ᠶᠢᠨ ᠪᠣᠳᠣᠯᠭ᠎ᠠ᠎ᠶᠢᠨ ᠠᠰᠢᠭ᠋ ᠣᠯᠵᠠᠪᠤᠷᠢ᠎ᠶᠢ ᠨᠠᠩ ᠳᠥᠭᠥᠮ ᠳᠥᠲᠡ᠎ᠪᠡᠷ ᠬᠦᠷᠲᠡᠭᠡᠬᠦ ᠬᠡᠷᠡᠭᠲᠡᠢ᠃
ᠨᠡᠩ ᠶᠡᠬᠡ ᠡᠷᠴᠢᠮ᠎ᠢᠶᠡᠷ ᠬᠥᠮᠥᠨ᠎ᠳᠦ ᠪᠡᠯᠡ ᠣᠷᠣᠭᠤᠯᠬᠤ ᠨᠢ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ ᠪᠥᠭᠡᠳ ᠠᠵᠤ ᠠᠬᠤᠢ᠎ᠶᠢᠨ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ ᠬᠡᠦᠬᠡᠳ ᠬᠥᠮᠥᠵᠢᠭᠦᠯᠬᠦ ᠨᠥᠬᠥᠪᠦᠷᠢ᠂ ᠰᠦᠢᠳᠬᠡᠯ ᠬᠤᠷᠢᠶᠠᠬᠤ ᠦᠭᠡᠢᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ ᠪᠣᠯ ᠵᠥᠪᠬᠡᠨ ᠡᠬᠢᠯᠡᠯᠲᠡ ᠲᠡᠳᠦᠢ ᠶᠤᠮ᠂ ᠨᠠᠩ ᠡᠷᠴᠢᠮ᠎ᠲᠠᠢ᠂ ᠬᠠᠢᠷ᠎ᠠ ᠬᠠᠯᠠᠮᠵᠢ᠎ᠲᠠᠢ ᠠᠷᠠᠳ᠎ᠤᠨ ᠠᠮᠢᠳᠤᠷᠠᠯ᠎ᠤᠨ ᠲᠥᠷᠥ᠎ᠶᠢᠨ ᠪᠣᠳᠣᠯᠭ᠎ᠠ᠎ᠶᠢ ᠬᠦᠰᠡᠨ ᠬᠦᠯᠢᠶᠡᠭᠦᠰᠢᠲᠡᠢ ᠪᠠᠢᠨ᠎ᠠ᠃
— 《ᠠᠵᠦ ᠠᠬᠣᠢ ᠵᠢᠨ ᠡᠳᠦᠷ᠎ᠦᠨ ᠰᠣᠨᠢᠨ》 ᠡᠴᠡ