ᠪᠢᠴᠢᠯ ᠰᠢᠬᠦᠮᠵᠢ
2025-12-15 13:11:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠮᠡᠳᠡᠭᠡᠯᠡᠯ᠎ᠢ ᠦᠨᠳᠦᠰᠦᠯᠡᠪᠡᠯ᠂ ᠠᠨᠾᠦ᠋ᠢ᠎ᠶᠢᠨ ᠹᠦᠨᠠᠨ ᠰᠢᠶᠠᠨ᠎ᠤ ᠬᠣᠳᠠ ᠵᠢᠨ ᠬᠠᠮᠢᠶᠠᠷᠤᠯᠲᠠ᠎ᠶᠢᠨ ᠲᠣᠪᠴᠢᠶᠠᠨ᠎ᠤ ᠳᠡᠳ᠋ ᠳᠠᠷᠤᠭ᠎ᠠ ᠶᠠᠩ ᠣᠪᠣᠭᠲᠤ  11 ᠰᠠᠷ᠎ᠠ᠎ᠶᠢᠨ 28 ᠎ᠤ ᠡᠳᠦᠷ ᠠᠷᠢᠬᠢ ᠤᠤᠭᠤᠭᠰᠠᠨ᠎ᠤ ᠳᠠᠷᠠᠭ᠎ᠠ ᠴᠠᠭᠳᠠᠭ᠎ᠠ᠎ᠶᠢ ᠳᠠᠭᠠᠷᠢᠪᠠ᠃ 12 ᠰᠠᠷ᠎ᠠ᠎ᠶᠢᠨ 3 ᠎ᠦ ᠡᠳᠦᠷ ᠠᠨᠾᠦ᠋ᠶ᠎ᠶᠢᠨ ᠹᠦᠶᠠᠩ ᠬᠣᠲᠠ᠎ᠶᠢᠨ ᠹᠦᠨᠠᠨ ᠰᠢᠶᠠᠨ᠎ᠤ ᠪᠠᠢᠴᠠᠭᠠᠬᠤ ᠳᠤᠭᠤᠢᠯᠠᠩ ᠡᠴᠡ 11 ᠰᠠᠷ᠎ᠠ᠎ᠶᠢᠨ 25᠎ᠤ ᠣᠷᠣᠢ ᠶᠠᠩ ᠣᠪᠣᠭᠲᠤ ᠳᠠᠶ᠋ᠢᠯᠠᠯᠭ᠎ᠠ᠎ᠳᠤ ᠣᠷᠣᠯᠴᠠᠵᠤ᠂ ᠠᠷᠢᠬᠢ ᠤᠤᠭᠤᠭᠰᠠᠨ᠎ᠤ ᠳᠠᠷᠠᠭ᠎ᠠ ᠵᠡᠷᠭᠡᠯᠡᠳᠡᠭᠡ ᠠᠢᠯ᠎ᠲᠠᠢ᠎ᠪᠠᠨ ᠬᠡᠯᠡ ᠠᠮᠠ ᠪᠣᠯᠵᠠᠢ᠂ ᠠᠷᠠᠳ᠎ᠤᠨ ᠴᠠᠭᠳᠠᠭ᠎ᠠ ᠮᠡᠳᠡᠬᠦᠯᠦᠯᠳᠡ ᠵᠢ ᠲᠣᠰᠣᠬᠰᠠᠨ᠎ᠦ ᠲᠠᠷᠠᠭ᠎ᠠ ᠳᠠᠷᠤᠢ ᠳ᠋ᠤᠨᠢ ᠲᠤᠬᠠᠢ᠎ᠶᠢᠨ ᠲᠠᠯᠠᠪᠠᠶ᠎ᠳᠤ ᠬᠦᠷᠪᠠ᠃ ᠶᠠᠩ ᠣᠪᠣᠭᠲᠤ ᠠᠷᠠᠳ᠎ᠤᠨ ᠴᠠᠭᠳᠠᠭ᠎ᠠ᠎ᠶᠢᠨ ᠡᠭᠦᠷᠭᠡ ᠲᠤᠰᠢᠶᠠᠯ᠎ᠢᠶᠠᠨ ᠭᠦᠢᠴᠡᠳᠬᠡᠬᠦ᠎ᠶᠢ ᠬᠠᠷᠰᠢᠯᠠᠭᠰᠠᠨ ᠤᠴᠢᠷ᠎ᠡᠴᠡ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠠᠴᠠ ᠲᠡᠭᠦᠨ᠎ᠳᠦ ᠬᠠᠤᠯᠢ ᠶᠣᠰᠣᠭᠠᠷ ᠵᠠᠰᠠᠭ ᠵᠠᠬᠢᠷᠭᠠᠨ᠎ᠤ ᠲᠦᠷ ᠬᠣᠷᠢᠬᠤ ᠰᠢᠢᠳᠬᠡᠯ ᠥᠭᠪᠡ ᠬᠡᠵᠦ ᠢᠯᠡᠷᠭᠡᠢᠯᠡᠪᠡ᠃ ᠣᠳᠣᠬᠠᠨ᠎ᠳᠤ ᠶᠠᠩ ᠣᠪᠣᠭᠲᠤ᠎ᠶᠢ ᠨᠢᠭᠡᠨᠲᠡ ᠲᠤᠰᠢᠶᠠᠯ᠎ᠠᠴᠠ ᠨᠢ ᠵᠣᠭᠰᠣᠭᠠᠵᠤ ᠰᠢᠢᠳᠪᠦᠷᠢᠯᠡᠭᠡᠳ᠂ ᠰᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠲᠡᠭᠦᠨ᠎ᠢ ᠨᠢᠭᠡᠨᠲᠡ ᠬᠡᠷᠡᠭ ᠪᠣᠯᠭᠠᠨ ᠲᠠᠨᠭᠰᠠᠯᠠᠵᠤ ᠬᠢᠨᠠᠨ ᠪᠠᠢᠴᠠᠭᠠᠵᠤ ᠪᠠᠢᠨ᠎ᠠ᠃ ᠹᠦᠨᠠᠨ ᠰᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠡᠴᠡ ᠨᠠᠮ᠎ᠤᠨ ᠭᠡᠰᠢᠭᠦᠨ ᠺᠠᠳ᠋ᠷᠴᠤᠳ᠎ᠤᠨ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠥᠷᠢᠴᠡᠭᠰᠡᠨ ᠠᠵᠢᠯᠯᠠᠭ᠎ᠠ᠎ᠶᠢ ᠶᠠᠭᠠᠬᠢᠭ᠍ᠰᠠᠨ ᠴᠤ᠌ ᠢᠯᠳᠠᠷ ᠬᠠᠶᠠᠬᠤ ᠦᠭᠡᠢ᠂ ᠡᠷᠡᠰ ᠪᠠᠢᠴᠠᠭᠠᠨ ᠰᠢᠢᠳᠪᠦᠷᠢᠯᠡᠨ᠎ᠡ ᠬᠡᠵᠦ ᠢᠯᠡᠷᠭᠡᠢᠯᠡᠪᠡ᠃

ᠦᠨᠡᠯᠡᠯᠳᠡ᠄ ᠬᠠᠤᠯᠢ ᠰᠠᠬᠢᠯᠭ᠎ᠠ᠎ᠶᠢ ᠵᠢᠷᠤᠮᠯᠠᠬᠤ᠎ᠳᠤ 《ᠣᠨᠴᠠ ᠡᠷᠬᠡ》 ᠭᠡᠵᠦ  ᠦᠭᠡᠢ᠂ ᠬᠠᠤᠯᠢ ᠵᠢᠨ ᠡᠷᠭᠡ ᠰᠦᠷᠳᠦ ᠴᠢᠨᠠᠷ᠂ ᠲᠦᠪ ᠴᠢᠩᠭ᠎ᠠ ᠴᠢᠨᠠᠷ᠎ᠢ ᠬᠠᠮᠠᠭᠠᠯᠠᠬᠣ ᠬᠡᠷᠡᠭᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号