ᠲᠩᠷᠢ ᠡᠯᠡᠰᠦᠨ᠎ᠤ ᠭᠡᠭᠡᠷ᠎ᠠ᠎ᠵᠢᠨ ᠠᠮᠢᠳᠠᠨ
2025-12-15 11:28:46
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

 ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠵᠢᠨ ᠱᠢᠨᠵᠢᠯᠡᠬᠦ᠌ ᠤᠬᠠᠭᠠᠨ ᠤ᠋ ᠬᠦᠷᠢᠶᠡᠯᠡᠩ᠎ᠤᠨ ᠬᠢᠨ ᠣᠢᠷ᠎ᠠ ᠳ᠋ᠤ ᠲᠤᠰᠭᠠᠶ ᠮᠡᠷᠭᠡᠵᠢᠯᠲᠡᠨ ᠪᠣᠯᠤᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠠᠵᠢᠯᠲᠠᠨ ᠢ᠋ ᠵᠣᠬᠢᠶᠠᠨ ᠪᠠᠢᠭᠤᠯᠵᠤ ᠲᠩᠷᠢ ᠡᠯᠡᠰᠦᠨ ᠤ᠋ ᠠᠮᠢ ᠠᠬᠤᠶ ᠵᠢᠨ ᠣᠳᠣᠬᠢ ᠪᠠᠢᠳᠠᠯ ᠳ᠋ᠤ ᠶᠡᠷᠦᠩᠬᠡᠢᠯᠡᠭ᠌ᠰᠡᠨ ᠱᠢᠨᠵᠢᠯᠡᠬᠦ᠌ ᠤᠬᠠᠭᠠᠨ ᠤ᠋ ᠪᠠᠢᠴᠠᠭᠠᠯᠲᠠ ᠬᠢᠵᠤ᠂ ᠪᠠᠢᠴᠠᠭᠠᠯᠳᠠ ᠵᠢᠨ ᠶᠠᠪᠤᠴᠠ ᠳ᠋ᠤ ᠪᠥᠬᠥᠩ ᠤ᠋ᠨ ᠰᠦᠷᠦᠭ ᠢ᠋ ᠢᠯᠡᠷᠡᠭᠦᠯᠪᠡ ᠃

ᠲᠩᠷᠢ ᠡᠯᠡᠰᠦᠨ ᠴᠦᠯ ᠪᠤᠯ ᠠᠯᠠᠱᠠ ᠠᠢᠮᠠᠭ ᠤ᠋ᠨ ᠵᠡᠭᠦᠨ ᠡᠮᠦᠨᠡᠲᠦ ᠬᠡᠰᠡᠭ ᠲᠤ᠌ ᠣᠷᠣᠱᠢᠵᠤ᠂ ᠪᠠᠳᠠᠢ ᠵᠢᠨ ᠵᠢᠷᠠᠨ ᠤ᠋ ᠡᠯᠡᠰᠦᠨ ᠴᠥᠯ᠂ ᠤᠯᠠᠭᠠᠨᠪᠤᠬ᠎ᠠ ᠵᠢᠨ ᠡᠯᠡᠰᠦᠨ ᠴᠥᠯ᠎ᠲᠡᠶ ᠬᠥᠷᠱᠢᠯᠡᠵᠦ᠍ ᠪᠠᠢᠬᠤ ᠮᠥᠷᠲᠡᠭᠡᠨ ᠡᠮᠦᠨᠡᠰᠢ ᠪᠡᠨ ᠨᠢᠩᠱᠢᠶᠠ ᠭᠠᠨᠰᠦ ᠵᠢᠨ ᠬᠢᠯᠢ ᠬᠦᠷᠲᠡᠯ᠎ᠡ ᠦᠷᠭᠦᠯᠵᠢᠯᠡᠳᠡᠭ᠃ ᠲᠣᠰ ᠤᠳᠠᠭᠠᠨ ᠤ᠋ ᠪᠥᠬᠥᠩ ᠤ᠋ᠨ ᠰᠦᠷᠦᠭ ᠢ᠋ ᠢᠯᠡᠷᠡᠭᠦᠯᠦᠨ ᠳᠡᠮᠳᠡᠭᠯᠡᠭᠰᠡᠨ ᠨᠢ ᠲᠡᠭᠦᠨ ᠤ᠋ ᠳᠦᠷᠰᠤ ᠵᠢᠨ ᠰᠦᠷᠦᠭ ᠤ᠋ᠨ ᠲᠣᠭ᠎ᠠ ᠦᠷᠭᠦᠯᠵᠢᠯᠡᠨ ᠨᠡᠮᠡᠭ᠌ᠳᠡᠵᠦ᠍ ᠪᠠᠢᠬᠤ ᠶ᠋ᠢ ᠭᠡᠷᠡᠴᠢᠯᠡᠭ᠌ᠰᠡᠨ ᠵᠢᠡᠷ ᠪᠠᠷᠠᠬᠤ ᠥᠬᠡᠶ᠂ ᠲᠩᠷᠢ ᠡᠯᠡᠰᠦᠨ ᠤ᠋ ᠠᠮᠢ ᠠᠬᠤᠶ ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠠᠵᠢᠯ ᠤ᠋ᠨ ᠢᠯᠡᠳᠲᠡ ᠦᠷ᠎ᠡ ᠪᠦᠲᠦᠮᠵᠢ ᠶ᠋ᠢ ᠤᠯᠤᠭᠰᠠᠨ ᠢ᠋ ᠴᠦ᠍ ᠭᠡᠷᠡᠴᠢᠯᠡᠵᠦ᠍᠂ ᠣᠷᠣᠨ ᠪᠦᠰᠡ ᠵᠢᠨ ᠠᠮᠢ ᠠᠬᠤᠶ ᠤᠷᠴᠢᠨ ᠳᠤᠭᠤᠷᠢᠨ ᠤ᠋ ᠪᠦᠬᠦ ᠴᠣᠭ᠍ᠴᠠ ᠵᠢᠨ ᠰᠠᠢᠵᠢᠷᠠᠯᠲᠠ ᠵᠢᠨ ᠬᠦᠴᠦᠲᠡᠶ ᠭᠡᠷᠡᠴᠢ ᠪᠣᠯᠵᠠᠶ᠃

ᠲᠣᠰ ᠤᠳᠠᠭᠠᠨ ᠤ᠋ ᠱᠢᠨᠵᠢᠯᠡᠬᠦ᠌ ᠤᠬᠠᠭᠠᠨ ᠤ᠋ ᠪᠠᠢᠴᠠᠭᠠᠯᠲᠠ ᠳ᠋ᠤ᠂ ᠡᠯᠡᠰᠦᠨ ᠴᠥᠯ ᠤ᠋ᠨ ᠤᠷᠭᠤᠮᠠᠯ ᠤ᠋ᠨ ᠬᠤᠴᠢᠯᠭ᠎ᠠ᠂ ᠬᠥᠷᠥᠰᠥ᠍ ᠱᠢᠷᠣᠶ᠂ ᠠᠷᠢᠶᠠᠲᠠᠨ ᠠᠮᠢᠲᠠᠨ ᠵᠡᠷᠭᠡ᠎ᠠᠮᠢ ᠠᠬᠤᠶ ᠵᠢᠨ ᠦᠨᠳᠦᠰᠦᠨ ᠪᠠᠢᠳᠠᠯ ᠳ᠋ᠤ ᠱᠢᠰᠲ᠋ᠧᠮ᠎ᠲᠡᠶ ᠪᠠᠢᠴᠠᠭᠠᠯᠲᠠ ᠬᠢᠵᠦ᠍ ᠥᠯᠢᠭᠡᠷ ᠭᠡᠪ ᠠᠪᠴᠤ᠌᠂ ᠶᠡᠬᠡ ᠬᠡᠮᠵᠢᠶᠡᠨ ᠤ᠋ ᠲᠣᠭ᠎ᠠ ᠪᠠᠷᠢᠮᠲᠠ ᠶ᠋ᠢ ᠴᠤᠭ᠍ᠯᠠᠭᠤᠯᠪᠠ᠃ ᠪᠥᠬᠥᠩ᠎ᠡᠴᠡ ᠭᠠᠳᠠᠨ᠎ᠠ ᠪᠠᠰᠠ ᠡᠯᠡᠰᠦᠨ ᠭᠦᠷᠪᠡᠯ᠂ ᠬᠢᠷᠰᠠ᠂ ᠮᠢᠬᠠᠴᠢᠨ ᠵᠢᠭᠦᠷᠲᠡᠨ᠂ ᠤᠰᠤᠨ ᠤ᠋ ᠱᠢᠪᠠᠭᠤ ᠵᠢᠴᠢ ᠡᠯ᠎ᠡ ᠲᠥᠷᠥᠯ ᠤ᠋ᠨ ᠮᠡᠷᠡᠭ᠌ᠴᠢ ᠠᠮᠢᠲᠠᠨ ᠵᠡᠷᠭᠡ ᠎ᠵᠢ ᠢᠯᠡᠷᠡᠭᠦᠯᠦᠭᠰᠡᠨ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号