CCER ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠵᠢᠨ ᠲᠥᠷᠥᠯ ᠵᠦᠶ᠋ᠯ
2025-12-15 11:29:16
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠶᠠᠭ᠍ᠰᠢ ᠬᠣᠲᠠ ᠵᠢᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠵᠢᠨ ᠲᠥᠷᠥᠯ ᠵᠦᠶ᠋ᠯ》 ᠢ᠋ ᠪᠥᠬᠥ᠌ ᠤᠯᠤᠰ ᠤ᠋ᠨ ᠬᠦᠯᠡᠮᠵᠢ ᠵᠢᠨ ᠬᠡᠶ ᠪᠡᠶᠡᠲᠦ᠍ ᠵᠢᠨ ᠭᠠᠳᠠᠭ᠍ᠰᠢᠯᠠᠭᠤᠯᠤᠯᠲᠠ᠎ᠶ᠋ᠢ ᠰᠠᠢᠨ ᠳᠤᠷ᠎ᠠ ᠡᠴᠡ ᠪᠡᠨ ᠪᠠᠭᠠᠰᠭᠠᠬᠤ ᠳᠡᠩᠰᠡᠯᠡᠭᠤᠯᠤᠯᠲᠡ ᠵᠢᠨ ᠱᠢᠰᠲ᠋ᠧᠮ ᠵᠢᠴᠢ ᠮᠡᠳᠡᠭᠡ ᠵᠠᠩᠭᠢ ᠵᠢᠨ ᠲᠠᠪᠴᠠᠩ ᠳ᠋ᠤ ᠵᠠᠷᠯᠠᠨ ᠨᠡᠢᠲᠡᠯᠡᠪᠡ᠃

ᠳᠤᠰ ᠲᠥᠷᠥᠯ ᠵᠦᠶ᠋ᠯ᠎ᠨᠢ 6.5 ᠲᠦᠮᠡᠨ ᠮᠥ᠍ ᠱᠢᠨ᠎ᠡ ᠪᠡᠷ ᠣᠢᠵᠢᠭᠤᠯᠬᠤ ᠭᠠᠵᠠᠷ ᠲᠤ᠌ ᠲᠦᠱᠢᠭ᠌ᠯᠡᠨ᠂ ᠵᠢᠱ᠌ᠢᠯᠲᠡ ᠪᠡᠷ 61.2 ᠲᠦᠮᠡᠨ ᠲᠣᠨ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ᠎ᠢ᠋ ᠰᠢᠩᠭᠡᠭᠡᠨ ᠠᠪᠬᠤ ᠲᠠᠢ ᠲᠡᠩᠴᠡᠬᠦ ᠪᠤᠯᠤᠨ᠎ᠡ᠃ ᠲᠣᠰ ᠲᠥᠷᠥᠯ ᠵᠦᠶ᠋ᠯ ᠪᠣᠯ ᠬᠥᠯᠥᠨ ᠪᠣᠢᠷ ᠬᠣᠲᠠ ᠵᠢᠨ ᠣᠷᠣᠨ ᠨᠤᠲᠤᠭ ᠤ᠋ᠨ ᠭᠤᠷᠪᠠᠳᠠᠬᠢ ᠵᠠᠷᠯᠠᠨ ᠨᠡᠢᠲᠡᠯᠡᠭ᠌ᠰᠡᠨ CCER ᠨᠡᠭᠦᠷᠡᠰᠦᠲᠥ᠋ᠷᠥᠭ᠌ᠴᠢ᠎ᠶ᠋ᠢᠨ ᠬᠤᠷᠠᠮᠳᠤᠭᠤᠯᠭ᠎ᠠ ᠵᠢᠨ ᠣᠢᠵᠢᠭᠤᠯᠤᠯᠳᠠ ᠵᠢᠨ ᠲᠥᠷᠥᠯ ᠵᠦᠶ᠋ᠯ ᠪᠣᠯᠤᠨ᠎ᠠ᠃ ᠣᠳᠣᠬᠠᠨ ᠪᠣᠯᠲᠠᠯ᠎ᠠ᠂ ᠬᠦᠯᠦᠨ ᠪᠤᠢᠷ ᠬᠣᠲᠠ ᠵᠢᠨ ᠣᠷᠣᠨ ᠨᠤᠲᠤᠭ ᠲᠤ᠌ ᠨᠢᠭᠡᠨᠲᠡ 13.5 ᠲᠦᠮᠡᠨ ᠮᠥ᠍ ᠱᠢᠬᠠᠮ ᠣᠢᠵᠢᠭᠤᠯᠤᠭ᠍ᠰᠠᠨ ᠭᠠᠵᠠᠷ ᠲᠤ᠌ ᠬᠤᠯᠪᠤᠭᠳᠠᠬᠤ CCER ᠲᠥᠷᠥᠯ ᠵᠦᠶ᠋ᠯ ᠢ᠋ ᠨᠡᠭᠡᠭᠡᠨ ᠬᠥᠭ᠌ᠵᠢᠭᠦᠯᠵᠦ᠍᠂ ᠵᠢᠱ᠌ᠢᠯᠲᠡ ᠪᠡᠷ ᠭᠠᠳᠠᠭ᠍ᠰᠢᠯᠠᠭᠤᠯᠤᠯᠳᠠ ᠵᠢᠨ ᠶᠡᠷᠦᠩᠬᠡᠢ ᠬᠡᠮᠵᠢᠶ᠎ᠡ᠎ᠶ᠋ᠢ 117 ᠲᠦᠮᠡᠨ ᠲᠣᠨ ᠪᠠᠭᠠᠰᠭᠠᠬᠤ᠎ᠪᠠᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号