ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠭᠤᠷᠪᠠᠨ ᠲᠤᠮᠤ ᠬᠤᠪᠢᠷᠠᠯᠳᠠ
2025-12-15 09:26:28
ᠵᠣᠬᠢᠶᠠᠭ᠍ᠴᠢ᠄
ᠪᠠᠶᠠᠰᠬᠤᠯᠠᠡᠭ ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠪᠠᠶᠠᠨ ᠨᠠᠮᠤᠷ᠎ᠤᠨ ᠲᠠᠡᠭᠰᠤᠭ ᠤᠯᠠᠷᠢᠯ ᠡᠬᠡ ᠭᠠᠵᠠᠷ᠎ᠲᠦ ᠰᠠᠭᠠᠳᠠᠬᠤ᠎ᠳᠤ ᠲᠠᠯ᠎ᠠ ᠬᠦᠨᠳᠡᠢ ᠪᠤᠳᠠ ᠴᠠᠢᠳᠠᠮ ᠠᠯᠳᠠᠨ ᠦᠡᠭᠭᠡ ᠪᠡᠷ ᠰᠢᠷᠭᠠᠯᠳᠤᠵᠦ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠵᠠᠰᠠᠵᠤ ᠤᠢᠵᠢᠭᠤᠯᠬᠤ ᠢᠨᠵᠸᠨ᠋ᠸᠷᠢᠡᠭ᠎ᠤᠨ ᠤᠷᠤᠨ᠎ᠤ ᠨᠠᠢᠯᠵᠠᠭᠤᠷ ᠪᠤᠷᠭᠠᠰᠤ᠎ᠰᠠᠯᠬᠢᠨ᠎ᠤ ᠠᠶ᠎ᠠ ᠪᠡᠷ ᠮᠢᠷᠠᠯᠵᠠᠨ᠎ᠠ᠃ ᠪᠤᠴᠠᠬᠤ ᠭᠠᠯᠠᠭᠤᠳ᠎ᠤᠨ ᠴᠤᠪᠤᠭ᠎ᠠ ᠲᠡᠷᠳᠡᠭᠡ ᠠᠯᠤᠰ᠎ᠲᠦ ᠵᠡᠯᠠᠯᠡᠵᠦ᠂ ᠬᠠᠶᠠ ᠰᠠᠢᠷᠠᠮ ᠭᠠᠵᠠᠷ ᠎ᠤᠨ ᠤᠰᠤᠨ ᠎ᠤ ᠬᠦᠪᠡᠭᠡᠨ ᠎ᠳᠤ ᠭᠠᠯᠠᠭᠤᠨ ᠰᠦᠷᠦᠭ ᠠᠮᠠᠷᠠᠨ ᠪᠠᠭᠤᠳᠠᠯᠯᠠᠬᠤ ᠨᠢ ᠭᠠᠡᠭᠭᠠᠡᠭ ᠪᠠᠢᠭᠠᠯᠢ ᠵᠢᠨ ᠭᠤᠢᠳᠠ ᠦᠵᠡᠮᠵᠢ᠎ᠳᠤ ᠡᠭᠡᠰᠢᠭ ᠬᠦᠭ ᠨᠡᠮᠡᠬᠦ ᠠᠵᠢ᠃ ᠡᠨᠡ ᠬᠦ᠌ ᠵᠢᠷᠤᠭ ᠮᠡᠳᠦ ᠦᠵᠡᠮᠵᠢ ᠵᠢᠨ ᠠᠷᠤ᠎ᠳᠤ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠵᠠᠰᠠᠵᠤ ᠤᠢᠵᠢᠭᠤᠯᠬᠤ ᠤᠷᠤᠨ᠎ᠤ ᠲᠤᠮᠤ ᠬᠤᠪᠢᠷᠠᠯᠳᠠ ᠪᠤᠯᠤᠨ ᠮᠠᠯᠴᠢᠨ᠎ᠠᠷᠠᠳ᠎ᠤᠨ ᠠᠮᠢ ᠠᠮᠢᠵᠢᠷᠠᠭ᠎ᠠ ᠵᠢᠨ ᠦᠮᠦᠭ ᠲᠦᠰᠢᠭ ᠪᠤᠯᠤᠭᠰᠠᠨ ᠡᠬᠡ ᠪᠠᠢᠭᠠᠯᠢ ᠵᠢᠨ ᠰᠡᠷᠭᠦᠯᠳᠡ ᠵᠢᠨ ᠦᠨᠡᠨ ᠲᠦᠷᠬᠦ ᠲᠤᠪ ᠲᠤᠳᠤᠷᠠᠭᠤᠨ ᠢᠯᠡᠷᠡᠨ᠎ᠡ᠃

ᠱᠢᠯᠢ᠎ᠶ᠋ᠢᠨ ᠭᠤᠤᠯ ᠠᠢᠮᠠᠭ ᠪᠣᠯ ᠪᠥᠬᠥ᠌ ᠣᠷᠣᠨ᠎ᠤ ᠡᠯᠡᠰᠦᠷᠬᠡᠭ᠌ᠵᠢᠭ᠌ᠰᠡᠨ ᠭᠠᠵᠠᠷ᠎ᠤᠨ ᠲᠠᠯᠠᠪᠠᠶ᠎ᠶ᠋ᠢᠨ ᠲᠠᠷᠬᠠᠴᠠ᠎ᠪᠠᠷ ᠬᠠᠮᠤᠭ ᠎ᠤᠨ ᠶᠡᠬᠡ ᠠᠢᠮᠠᠭ ᠬᠣᠲᠠ᠎ᠶ᠋ᠢᠨ ᠨᠢᠭᠡ ᠪᠣᠯᠤᠨ᠎ᠠ᠃ ᠡᠨᠳᠡᠬᠢ ᠡᠯᠡᠰᠦᠷᠬᠡᠭ᠌ᠵᠢᠭ᠌ᠰᠡᠨ ᠭᠠᠵᠠᠷ ᠎ᠤᠨ ᠶᠡᠷᠦᠩᠬᠡᠶ ᠲᠠᠯᠠᠪᠠᠶ ᠨᠢ 8645.8 ᠲᠦᠮᠡᠨ ᠮᠥ᠍ ᠪᠠᠢᠵᠦ᠂ ᠡᠭᠦᠨ᠎ᠳᠤ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠣᠷᠣᠨ ᠪᠦᠰᠡ᠎ᠶ᠋ᠢᠨ ᠲᠠᠯᠠᠪᠠᠶ ᠨᠢ 5294.2 ᠲᠦᠮᠡᠨ ᠮᠥ᠍ ᠳ᠋ᠤ ᠬᠦᠷᠴᠤ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠶᠡᠷᠦᠩᠬᠡᠶ ᠲᠠᠯᠠᠪᠠᠶ᠎ᠶ᠋ᠢᠨ 83% ᠵᠢ ᠡᠵᠡᠯᠡᠵᠤ ᠪᠤᠢ᠃ ᠲᠤᠰ ᠭᠠᠵᠠᠷ ᠪᠤᠯ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ ᠎ᠤᠨ ᠰᠥᠨᠥᠭᠡᠯᠳᠠ ᠵᠢᠨ ᠲᠡᠢᠯᠠᠯᠳᠤᠭᠠᠨ᠎ᠦ ᠭᠤᠤᠯ ᠲᠠᠯᠠᠪᠤᠷ ᠪᠤᠯᠤᠨ᠎ᠠ᠂ ᠪᠠᠰᠠ ᠴᠦ᠍ ᠪᠡᠭᠡᠵᠢᠩ ᠲᠢᠶᠠᠨᠵᠢᠨ ᠎ᠤ ᠰᠠᠯᠬᠢ ᠡᠯᠡᠰᠦᠨ᠎ᠦ ᠢᠷᠡᠯᠲᠡ ᠵᠢᠨ ᠭᠤᠤᠯ ᠬᠡᠰᠡᠭ ᠪᠤᠯᠬᠤ ᠪᠦᠭᠡᠳ ᠲᠠᠭᠠᠷᠢᠨ ᠦᠡᠭᠭᠡᠷᠡᠬᠦ ᠵᠠᠮ᠎ᠪᠣᠯᠬᠤᠷ ᠡᠯᠡᠰᠦ ᠮᠠᠩᠬ᠎ᠠ᠎ᠶ᠋ᠢ ᠰᠡᠷᠭᠡᠢᠯᠡᠨ ᠵᠠᠰᠠᠬᠤ ᠬᠠᠷᠢᠭᠤᠴᠠᠯᠭ᠎ᠠ ᠬᠦᠨᠳᠦ ᠨᠢ ᠮᠡᠳᠡᠭᠡᠵᠢ ᠶᠤᠮ᠃

ᠣᠯᠠᠨ ᠵᠢᠯ᠎ᠦᠨ ᠲᠤᠷᠰᠢ  ᠱᠢᠯᠢ᠎ᠶ᠋ᠢᠨ ᠭᠤᠤᠯ ᠠᠢᠮᠠᠭ 《ᠤᠯᠤᠰ᠎ᠤᠨ ᠶᠡᠬᠡ ᠲᠠᠯ᠎ᠠ》ᠵᠢᠨ ᠦᠨᠳᠦᠷᠴᠡ ᠡᠴᠡ 《ᠨᠤᠮᠢᠨ ᠤᠰᠤ ᠬᠥᠬᠡᠮᠳᠦᠭ  ᠠᠭᠤᠯᠠ ᠪᠣᠯ ᠳᠠᠷᠤᠢ ᠠᠯᠲᠠᠨ ᠠᠭᠤᠯᠠ ᠮᠥᠩᠭᠥᠨ ᠬᠠᠢᠷᠬᠠᠨ ᠮᠥᠨ》 ᠭᠡᠬᠦ᠌ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠴᠢᠡᠭᠭ᠎ᠠ ᠪᠠᠷᠢᠮᠲᠠᠯᠠᠵᠤ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠦ ᠡᠬᠢ᠎ᠶ᠋ᠢ ᠵᠠᠰᠠᠬᠤ᠂ ᠲᠠᠷᠢᠶᠠᠯᠠᠬᠤ᠎ᠶ᠋ᠢ ᠵᠣᠭ᠍ᠰᠣᠭᠠᠵᠤ ᠣᠶ ᠱᠢᠭᠤᠶ ᠡᠪᠡᠰᠦ ᠪᠡᠯᠴᠢᠭᠡᠷ᠎ᠢ ᠰᠡᠷᠭᠦᠭᠡᠬᠦ᠌᠂ ᠲᠠᠴᠢᠷᠳᠠᠭ᠍ᠰᠠᠨ ᠨᠤᠲᠤᠭ ᠪᠡᠯᠴᠢᠭᠡᠷ ᠎ᠦᠨ ᠠᠮᠢ ᠠᠬᠤᠶ᠎ᠶ᠋ᠢ ᠰᠡᠷᠭᠦᠭᠡᠨ ᠵᠠᠰᠠᠬᠤ ᠵᠡᠷᠭᠡ ᠠᠯᠢ ᠣᠯᠠᠨ ᠠᠮᠢ ᠠᠬᠤᠶ᠎ᠶ᠋ᠢᠨ ᠢᠨᠵᠧᠨᠧᠷᠢᠩ᠎ᠢ ᠱᠠᠯᠠᠪᠳᠠᠭᠤᠯᠤᠨ ᠬᠡᠷᠡᠭ᠌ᠵᠢᠭᠦᠯᠵᠦ᠍᠂ ᠨᠡᠢᠲᠡ 3250 ᠲᠦᠮᠡᠨ ᠮᠥ᠍ ᠵᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠪᠡᠶᠡᠯᠡᠭᠦᠯᠪᠡ᠃ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠪᠠ ᠣᠶ ᠱᠢᠭᠤᠶ᠎ᠶ᠋ᠢᠨ ᠪᠦᠷᠬᠦᠴᠡ ᠵᠢᠨ 《ᠬᠣᠶᠠᠷ᠎ᠢ ᠳᠡᠭᠡᠭ᠌ᠰᠢᠯᠡᠭᠦᠯᠬᠦ᠌》᠂ ᠴᠥᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ 《ᠬᠣᠶᠠᠷ᠎ᠢ ᠪᠠᠭᠠᠰᠭᠠᠬᠤ》 ᠵᠢ ᠪᠡᠶᠡᠯᠡᠭᠦᠯᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠢ ᠠᠬᠤᠢ᠎ᠶ᠋ᠢᠨ ᠬᠠᠯᠬᠠᠪᠴᠢ᠎ᠶ᠋ᠢ ᠴᠣᠭ᠍ᠴᠠᠯᠠᠨ ᠪᠠᠢᠭᠤᠯᠬᠤ ᠵᠢ ᠬᠦᠴᠦᠯᠡᠨ ᠠᠬᠢᠭᠤᠯᠵᠠᠢ᠃

ᠨᠢᠭᠡᠳᠦᠭᠡᠷ ᠲᠤᠮᠤ ᠬᠤᠪᠢᠷᠠᠯᠳᠠ᠄ 2023 ᠣᠨ᠎ᠳᠤ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠰᠥᠨᠥᠭᠡᠯᠳᠠ ᠵᠢᠨ ᠲᠡᠢᠯᠠᠯᠳᠤᠭᠠᠨ ᠡᠬᠢᠯᠡᠵᠦ᠍᠂ ᠠᠮᠢ ᠠᠬᠤᠶ᠎ᠶ᠋ᠢ ᠬᠠᠮᠠᠭᠠᠯᠠᠬᠤ ᠱᠢᠨ᠎ᠡ ᠪᠠᠢᠷᠢᠱᠢᠯ᠎ᠢ ᠪᠠᠢᠭᠤᠯᠪᠠ

2023 ᠣᠨ᠎ᠤ 6 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠬᠤᠭᠤᠴᠠᠭᠠᠨ᠎ᠳᠤ᠂ ᠡᠯᠡᠰᠤᠷᠭᠡᠭᠵᠢᠯ᠎ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠬᠤ ᠪᠠ 《ᠤᠮᠠᠷᠠᠲᠤ᠎ᠶ᠋ᠢᠨ ᠭᠤᠷᠪᠠᠨ ᠣᠷᠣᠨ》ᠵᠡᠷᠭᠡ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠥᠬᠥ᠌ ᠤᠯᠤᠰ᠎ᠲᠤ 《ᠤᠮᠠᠷᠠᠲᠤ᠎ᠶ᠋ᠢᠨ ᠭᠤᠷᠪᠠᠨ ᠣᠷᠣᠨ》ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌ ᠶᠡᠷᠦᠩᠬᠡᠶ ᠳᠠᠢᠴᠢᠯᠠᠯᠲᠠ᠎ᠶ᠋ᠢᠨ ᠵᠠᠷᠯᠢᠭ ᠪᠠᠭᠤᠯᠭᠠᠭ᠍ᠰᠠᠨ ᠪᠥᠭᠡᠳ 《ᠬᠣᠷᠴᠢᠨ ᠪᠠ ᠬᠤᠯᠠᠨ ᠱᠢᠷᠭ᠎ᠠ ᠲᠠᠭ᠎ᠠ᠎ᠶ᠋ᠢᠨ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠯᠳᠠ ᠵᠢᠨ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠰᠠᠢᠲᠤᠷ ᠬᠢᠬᠦ᠌ ᠬᠡᠷᠡᠭ᠌ᠲᠡᠶ》 ᠭᠡᠬᠦ᠌ ᠴᠢᠬᠤᠯᠠ ᠵᠢᠭᠠᠪᠤᠷᠢ ᠥᠭ᠌ᠴᠡᠶ᠃

ᠶᠡᠷᠦᠩᠬᠡᠶ ᠳᠠᠢᠴᠢᠯᠠᠯᠲᠠ᠎ᠶ᠋ᠢᠨ ᠵᠠᠷᠯᠢᠭ᠎ᠢ ᠪᠠᠭᠤᠯᠭᠠᠭ᠍ᠰᠠᠨ᠎ᠤ ᠳᠠᠷᠠᠭ᠎ᠠ ᠱᠢᠯᠢ᠎ᠶ᠋ᠢᠨ ᠭᠤᠤᠯ ᠠᠢᠮᠠᠭ ᠡᠷᠡᠰ ᠱᠢᠭᠤᠷᠬᠠᠶ᠎ᠪᠠᠷ ᠭᠤᠤᠯ ᠬᠦᠴᠦᠨ ᠪᠣᠯᠵᠣ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠱᠢᠰᠲ᠋ᠧᠮ᠎ᠢ ᠰᠡᠷᠭᠦᠭᠡᠬᠦ᠎ᠶ᠋ᠢ ᠴᠢᠩᠭᠠᠳᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ᠂ ᠠᠷᠭ᠎ᠠ ᠪᠣᠳᠣᠯᠭ᠎ᠠ ᠵᠢ ᠣᠨᠣᠪᠴᠢᠲᠠᠶ᠎ᠬᠡᠷᠡᠭ᠌ᠵᠢᠭᠦᠯᠵᠦ᠍᠂ 《ᠱᠢᠯᠢ᠎ᠶ᠋ᠢᠨ ᠭᠤᠤᠯ ᠠᠢᠮᠠᠭ᠎ᠤᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠰᠥᠨᠥᠭᠡᠯᠳᠠ ᠵᠢᠨ  ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠵᠢ ᠬᠡᠷᠡᠭ᠌ᠵᠢᠭᠦᠯᠬᠦ᠌ ᠲᠥᠰᠦᠯ (2021—2030 ᠣᠨ)》 ᠢ᠋ ᠰᠤᠳᠤᠯᠤᠨ ᠲᠣᠭ᠍ᠲᠠᠭᠠᠵᠤ᠂ 6 ᠬᠤᠪᠢᠶᠠᠷᠢ ᠲᠥᠷᠥᠯ ᠵᠦᠶ᠋ᠯ ᠵᠢᠴᠢ ᠪᠡᠬᠢᠵᠢᠭᠦᠯᠦᠨ ᠳᠡᠭᠡᠭ᠌ᠰᠢᠯᠡᠭᠦᠯᠬᠦ᠌ ᠲᠥᠷᠥᠯ ᠵᠦᠶ᠋ᠯ᠎ᠢ ᠲᠦᠰᠦᠪᠯᠡᠨ ᠲᠤᠭᠳᠠᠭᠠᠵᠦ ᠳᠡᠭᠡᠭ᠌ᠰᠢ ᠮᠡᠳᠡᠭᠦᠯᠦᠭᠡᠳ᠂ 《ᠲᠠᠪᠤᠨ ᠣᠷᠣᠨ ᠬᠣᠶᠠᠷ ᠪᠦᠰᠡ ᠣᠯᠠᠨ ᠴᠡᠭ》 ᠤ᠋ᠨ ᠵᠠᠰᠠᠯᠲᠠ᠎ᠶ᠋ᠢᠨ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠲᠣᠭ᠍ᠲᠠᠭᠠᠵᠤ᠂ ᠱᠢᠰᠲ᠋ᠧᠮᠵᠢᠭᠰᠠᠨ ᠵᠠᠰᠠᠯᠲᠠ ᠬᠢᠭᠡᠳ ᠭᠤᠤᠯᠳᠠᠯᠭ᠎ᠠ᠎ᠲᠠᠶ ᠱᠢᠪᠲᠤᠯᠤᠯᠲᠠ᠎ᠶ᠋ᠢ ᠤᠶᠠᠯᠳᠤᠭᠤᠯᠬᠤ᠎ᠶ᠋ᠢ ᠠᠬᠢᠭᠤᠯᠵᠤ᠂ ᠠᠮᠢ ᠠᠬᠤᠶ᠎ᠶ᠋ᠢᠨ ᠱᠢᠰᠲ᠋ᠧᠮ᠎ᠦᠨ ᠣᠯᠠᠨ ᠶᠠᠩᠵᠤᠲᠤ ᠴᠢᠨᠠᠷ᠂ ᠲᠣᠭ᠍ᠲᠠᠪᠤᠷᠢᠲᠤ ᠴᠢᠨᠠᠷ᠎ᠢ ᠭᠤᠤᠯ ᠪᠠᠢᠷᠢᠨ᠎ᠳᠤ ᠲᠠᠯᠪᠢᠪᠠ᠃ 《ᠪᠥᠬᠥ᠌ ᠣᠷᠣᠨ ᠪᠦᠰᠡ ᠎ᠶ᠋ᠢ ᠨᠢᠭᠡᠳᠦᠯᠲᠡᠶ ᠲᠥᠯᠥᠪᠵᠢᠭᠦᠯᠬᠦ᠌᠂ ᠪᠥᠬᠥ᠌ ᠲᠠᠯ᠎ᠠ᠎ᠪᠠᠷ ᠵᠠᠰᠠᠬᠤ》ᠠᠮᠢ ᠠᠬᠤᠶ᠎ᠶ᠋ᠢ ᠬᠠᠮᠠᠭᠠᠯᠠᠬᠤ ᠱᠢᠨ᠎ᠡ ᠪᠠᠢᠷᠢᠱᠢᠯ᠎ᠢ ᠡᠭᠦᠳᠦᠨ ᠪᠠᠢᠭᠤᠯᠵᠤ᠂ ᠡᠯᠡᠰᠦᠷᠬᠡᠭ ᠭᠠᠵᠠᠷ᠎ᠢ ᠵᠠᠰᠠᠬᠤ 24 ᠲᠥᠷᠥᠯ ᠵᠦᠶ᠋ᠯ᠎ᠢ ᠲᠥᠷᠥᠯ ᠬᠤᠪᠢᠶᠠᠨ ᠲᠣᠭ᠍ᠲᠠᠭᠠᠵᠤ᠂ 《ᠰᠡᠷᠭᠦᠭᠡᠬᠦ᠌ ᠵᠠᠰᠠᠬᠤ ᠳᠡᠭᠡᠭ᠌ᠰᠢᠯᠡᠭᠦᠯᠬᠦ᠌ ᠬᠠᠮᠠᠭᠠᠯᠠᠬᠤ》ᠬᠡᠯᠬᠢᠶᠡᠵᠢᠭᠰᠡᠨ ᠵᠠᠰᠠᠯᠲᠠ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ 2030 ᠣᠨ ᠪᠣᠯᠬᠤ᠎ᠳᠤ ᠨᠡᠢᠲᠡ 4108 ᠲᠦᠮᠡᠨ ᠮᠥ᠍ ᠣᠶ ᠱᠢᠭᠤᠶ ᠡᠪᠡᠰᠦ ᠪᠡᠯᠴᠢᠭᠡᠷ᠎ᠢ ᠶᠡᠷᠦᠩᠬᠡᠢᠯᠡᠨ ᠵᠠᠰᠠᠬᠤ ᠪᠡᠷ  ᠲᠥᠯᠥᠪᠵᠢᠭᠦᠯᠵᠠᠢ᠃

ᠡᠭᠦᠨ᠎ᠳᠤ ᠰᠢᠯᠢ ᠵᠢᠨ ᠭᠤᠤᠯ ᠠᠢᠮᠠᠭ᠎ᠤᠨ ᠡᠮᠦᠨ᠎ᠡ ᠬᠡᠰᠡᠭ᠎ᠲᠡᠬᠢ ᠱᠢᠯᠤᠭᠤᠨ ᠬᠥᠬᠡ ᠬᠣᠱᠢᠭᠤ ᠪᠣᠯ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠭᠤᠤᠯ ᠣᠷᠣᠨ ᠪᠠᠢᠵᠦ᠂ ᠡᠯᠡᠰᠦᠷᠬᠡᠭ ᠭᠠᠵᠠᠷ᠎ᠤᠨ ᠲᠠᠯᠠᠪᠠᠶ᠎ᠨᠢ 1278.31 ᠲᠦᠮᠡᠨ ᠮᠦ᠍᠎ᠳᠦ ᠬᠦᠷᠴᠦ᠍᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠶᠡᠷᠦᠩᠬᠡᠶ ᠲᠠᠯᠠᠪᠠᠶ᠎ᠶ᠋ᠢᠨ 22.2%᠎ᠢ ᠡᠵᠡᠯᠡᠵᠦ᠍᠂ ᠡᠯᠡᠰᠦᠷᠬᠡᠭ ᠭᠠᠵᠠᠷ᠎ᠤᠨ ᠪᠦᠷᠬᠦᠴᠡ᠎ᠪᠡᠷ ᠬᠠᠮᠤᠭ᠎ᠤᠨ ᠶᠡᠬᠡ ᠬᠣᠱᠢᠭᠤ ᠱᠢᠶᠠᠨ ᠪᠣᠯᠤᠨ᠎ᠠ᠃ ᠪᠡᠭᠡᠵᠢᠩ᠎ᠡᠴᠡ ᠬᠠᠮᠤᠭ᠎ᠤᠨ ᠣᠢᠷ᠎ᠠ ᠮᠠᠯᠵᠢᠬᠤ ᠣᠷᠣᠨ ᠪᠣᠯᠤᠭ᠍ᠰᠠᠨ᠎ᠤ ᠬᠤᠪᠢ᠎ᠳᠤ᠂ ᠱᠢᠯᠤᠭᠤᠨ ᠬᠥᠬᠡ ᠬᠣᠱᠢᠭᠤ ᠪᠣᠯ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ ᠎ᠤᠨ ᠰᠥᠨᠥᠭᠡᠯᠳᠠ  ᠲᠠᠢᠯᠠᠯᠳᠤᠭᠠᠨ᠎ᠤ ᠭᠣᠣᠯ ᠣᠷᠣᠨ ᠪᠣᠯᠤᠨ᠎ᠠ᠃

ᠬᠤᠯᠠᠨ ᠱᠢᠷᠭ᠎ᠠ ᠲᠠᠭ᠎ᠠ ᠎ᠶ᠋ᠢᠨ ᠡᠯᠡᠰᠦᠷᠬᠡᠭ ᠭᠠᠵᠠᠷ ᠎ᠤᠨ ᠠᠮᠢ ᠠᠬᠤᠢ᠎ᠶ᠋ᠢᠨ ᠰᠤᠳᠤᠯᠭᠠᠨ᠎ᠤ ᠦᠷᠳᠡᠭᠡᠨ᠎ᠳᠦ 25 ᠵᠢᠯ ᠰᠤᠳᠤᠯᠭᠠᠨ᠎ᠤ ᠠᠵᠢᠯ ᠬᠢᠭ᠌ᠰᠡᠨ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠶᠡᠬᠡ ᠰᠤᠷᠭᠠᠭᠤᠯᠢ᠎ᠶ᠋ᠢᠨ ᠠᠰᠫᠢᠷᠠᠨᠲ᠎ᠤᠨ ᠵᠢᠯᠤᠭᠤᠳᠤᠭ᠍ᠴᠢ ᠪᠠᠭ᠍ᠰᠢ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠤᠷᠭᠤᠮᠠᠯ ᠰᠤᠳᠤᠯᠬᠤ ᠭᠠᠵᠠᠷ᠎ᠤᠨ ᠰᠤᠳᠤᠯᠤᠭ᠍ᠴᠢ ᠯᠢ ᠶᠦᠩ ᠭᠸᠩ᠎ᠤᠨ ᠬᠡᠯᠡᠬᠦ ᠪᠡᠷ᠂ 2000 ᠣᠨ᠎ᠳᠤ ᠠᠡᠭᠬ᠎ᠠ ᠡᠨᠳᠡ ᠢᠷᠡᠬᠦ᠎ᠳᠤ ᠡᠯᠡᠰᠦᠨ ᠰᠢᠭᠤᠷᠭ᠎ᠠ ᠲᠡᠭᠳᠡᠪᠡᠯ ᠨᠢᠳᠤ ᠨᠡᠭᠡᠭᠡᠬᠦ ᠵᠢᠨ ᠠᠷᠭ᠎ᠠ ᠦᠭᠡᠢ ᠬᠡᠴᠡᠭᠦᠦ ᠪᠠᠢᠵᠠᠢ᠂ ᠲᠡᠳᠡ ᠲᠡᠷᠡ ᠦᠶ᠎ᠡ ᠡᠴᠡ ᠡᠬᠢᠯᠡᠨ ᠪᠡᠯᠴᠢᠭᠡᠷᠯᠡᠭᠦᠯᠬᠦ᠌᠎ᠶ᠋ᠢ ᠴᠠᠭᠠᠵᠠᠯᠠᠨ ᠪᠢᠲᠡᠭᠦᠮᠵᠢᠯᠡᠨ ᠰᠡᠷᠭᠦᠭᠡᠬᠦ ᠲᠤᠷᠱᠢᠯᠲᠠ ᠵᠢ ᠬᠢᠵᠦ ᠡᠬᠢᠯᠡᠭᠰᠡᠨ ᠭᠡᠨ᠎ᠡ᠃ ᠯᠢ ᠶᠦᠩ ᠭᠧᠩ ᠳ᠋ᠣᠺᠲ᠋ᠣᠷ ᠬᠠᠮᠲᠤ ᠠᠵᠢᠯᠯᠠᠭ᠍ᠰᠠᠳ ᠲᠠᠶ ᠎ᠪᠠᠨ ᠲᠣᠣᠷᠵᠢᠭᠤᠯᠤᠨ ᠡᠯᠡᠰᠦ᠎ᠶ᠋ᠢ ᠲᠣᠭ᠍ᠲᠠᠪᠤᠷᠢᠵᠢᠭᠤᠯᠬᠤ᠂ ᠨᠢᠰᠭᠡᠯ᠎ᠢᠶᠡᠷ ᠲᠠᠷᠢᠬᠤ᠂ ᠲᠣᠣᠷᠯᠠᠵᠤ ᠡᠪᠡᠰᠦ ᠪᠣᠢᠵᠢᠭᠤᠯᠬᠤ ᠵᠡᠷᠭᠡ ᠠᠷᠭ᠎ᠠ᠎ᠪᠡᠷ ᠤᠷᠭᠤᠮᠠᠯ᠎ᠤᠨ ᠪᠦᠷᠬᠦᠴᠡ᠎ᠶ᠋ᠢ ᠰᠡᠷᠭᠦᠭᠡᠵᠦ᠍᠂ ᠬᠠᠮᠠᠷ ᠬᠠᠳᠭᠤᠬᠤ ᠡᠪᠡᠰᠤ ᠪᠠᠢᠭᠰᠠᠨ ᠦᠭᠡᠢ ᠡᠯᠡᠰᠦ ᠠᠭᠠᠵᠢᠮ᠎ᠢᠶᠠᠷ ᠠᠮᠢᠵᠢᠷᠠᠯ᠎ᠤᠨ ᠬᠦᠴᠦᠨ᠎ᠢᠶᠡᠨ ᠰᠡᠷᠭᠦᠭᠡᠪᠡ᠃ ᠯᠢ ᠶᠦᠩ ᠭᠸᠩ᠎ᠤᠨ ᠰᠤᠳᠤᠯᠭᠠᠨ᠎ᠤ ᠪᠠᠭ᠎ᠤᠨ ᠲᠤᠷᠱᠢᠯᠲᠠ᠎ᠶ᠋ᠢᠨ ᠲᠣᠭ᠎ᠠ ᠪᠠᠷᠢᠮᠲᠠ ᠪᠡᠨ ᠦᠨᠳᠦᠰᠦᠯᠡᠨ ᠲᠤᠷᠠᠳᠴᠤ ᠭᠠᠷᠭᠠᠭᠰᠠᠨ ᠡᠯᠡᠰᠦᠷᠬᠡᠭᠵᠢᠯ᠎ᠢ ᠵᠠᠰᠠᠬᠤ ᠲᠥᠰᠦᠯ ᠨᠢ ᠲᠤᠬᠠᠢ ᠵᠢᠨ ᠭᠠᠵᠠᠷ᠎ᠤᠨ ᠤᠯᠠᠨ ᠲᠦᠮᠡᠨ᠎ᠤ ᠦᠨᠳᠦᠷ ᠦᠨᠡᠯᠡᠯᠳᠡ ᠵᠢ ᠤᠯᠵᠠᠢ᠃

2025 ᠣᠨ᠎ᠤ 4 ᠰᠠᠷ᠎ᠠ᠎ᠶ᠋ᠢᠨ 9᠎ᠤ᠋ ᠡᠳᠦᠷ᠂ ᠱᠢᠯᠤᠭᠤᠨ ᠬᠥᠬᠡ ᠬᠣᠱᠢᠭᠤ ᠰᠠᠩ᠎ᠤᠨ ᠲᠡᠯᠡᠶ ᠪᠠᠯᠭᠠᠰᠤᠨ᠎ᠤ ᠠᠯᠲᠠᠶ ᠭᠠᠴᠠᠭᠠᠨ᠎ᠤ ᠲᠥᠷᠥᠯ ᠵᠦᠶ᠋ᠯ᠎ᠦᠨ ᠲᠣᠭᠣᠷᠢᠭ᠎ᠲᠤ 《2025 ᠣᠨ᠎ᠤ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠬᠠᠪᠤᠷ᠎ᠤᠨ ᠤᠯᠠᠷᠢᠯ᠎ᠤᠨ ᠬᠠᠮᠲᠤᠷᠠᠭ᠍ᠰᠠᠨ ᠳᠠᠢᠯᠠᠯᠳᠤᠭᠠᠨ》 ᠢ᠋ ᠡᠬᠢᠯᠡᠭᠦᠯᠵᠦ᠂ 《ᠥᠪᠥᠷ ᠮᠣᠩᠭᠣᠯ ᠾᠸᠪᠸᠢ ᠵᠢᠨ ᠵᠠᠭᠠᠭ》ᠤ᠋ᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ ᠲᠥᠷᠥᠯ ᠵᠦᠶ᠋ᠯ᠎ᠳᠦ ᠲᠦᠰᠢᠭᠯᠡᠨ᠂《ᠡᠯᠡᠰᠦᠨ ᠬᠠᠯᠬᠠᠪᠴᠢ + ᠪᠤᠲᠠᠯᠢᠭ ᠡᠪᠡᠰᠦ ᠳᠠᠷᠢᠬᠤ + ᠪᠢᠲᠡᠭᠦᠮᠵᠢᠯᠡᠨ ᠰᠡᠷᠭᠦᠭᠡᠬᠦ》 ᠵᠠᠭ᠍ᠪᠤᠷ᠎ᠢ ᠬᠡᠷᠡᠭᠵᠢᠭᠦᠯᠵᠦ᠂ ᠭᠠᠴᠠᠭᠠᠨ᠎ᠤ ᠮᠠᠯᠴᠢᠨ ᠲᠠᠷᠢᠶᠠᠴᠢᠨ ᠵᠢᠴᠢ ᠬᠤᠷᠱᠢᠭ᠍ᠰᠠᠨ ᠵᠣᠬᠢᠶᠠᠨ ᠪᠠᠢᠭᠤᠯᠤᠯᠲᠠ ᠬᠡᠷᠡᠰᠭᠡ ᠲᠠᠲᠠᠬᠤ᠂ ᠡᠯᠡᠰᠦᠨ ᠬᠠᠯᠬᠠᠪᠴᠢ ᠳᠡᠪᠢᠰᠭᠦ᠂ ᠱᠢᠷ᠎ᠠ ᠪᠤᠷᠭᠠᠰᠤ ᠳᠠᠷᠢᠬᠤ᠎ᠳᠤ ᠣᠷᠣᠯᠴᠠᠪᠠ᠃

ᠰᠠᠩ᠎ᠤᠨ ᠲᠡᠯᠡᠶ ᠪᠠᠯᠭᠠᠰᠤᠨ᠎ᠤ ᠡᠷᠳᠡᠨᠢᠳᠠᠯᠠᠢ ᠭᠠᠴᠠᠭᠠᠨ᠎ᠤ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ ᠣᠷᠣᠨ ᠲᠣᠰ ᠭᠠᠴᠠᠭᠠᠨ᠎ᠤ ᠵᠤᠰᠠᠯᠠᠩ᠎ᠳᠤ ᠪᠠᠢᠷᠢᠰᠢᠵᠤ᠂ ᠤᠷᠢᠳ ᠬᠤᠵᠢᠳ 《ᠥᠪᠥᠷ ᠮᠣᠩᠭᠣᠯ ᠾᠸᠪᠸᠢ ᠵᠢᠨ ᠵᠠᠭᠠᠭ》 ᠤ᠋ᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ ᠲᠥᠷᠥᠯ ᠵᠦᠶ᠋ᠯ᠎ᠢ ᠬᠡᠷᠡᠭᠵᠢᠭᠦᠯᠦᠭᠡᠳ᠂ 1.47 ᠲᠦᠮᠡᠨ ᠮᠥ᠍ ᠡᠯᠡᠰᠦ᠎ᠶ᠋ᠢ ᠪᠢᠲᠡᠭᠦᠮᠵᠢᠯᠡᠨ ᠤᠢᠵᠢᠭᠤᠯᠵᠦ᠂ 7300 ᠮᠥ᠍ ᠡᠯᠡᠰᠦ᠎ᠶ᠋ᠢ ᠲᠣᠭ᠍ᠲᠠᠪᠤᠷᠢᠵᠢᠭᠤᠯᠤᠨ ᠠᠮᠢ ᠠᠬᠤᠢ ᠵᠢ ᠢᠯᠡᠳᠳᠡ ᠰᠠᠢᠵᠢᠷᠠᠭᠤᠯᠵᠠᠢ᠃

ᠬᠣᠶᠠᠳᠤᠭᠠᠷ ᠶᠡᠬᠡ ᠬᠤᠪᠢᠷᠠᠯᠲᠠ᠄ 2024 ᠣᠨ᠎ᠳᠤ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠰᠥᠨᠥᠭᠡᠯᠳᠠ ᠵᠢᠨ ᠳᠠᠢᠯᠠᠯᠳᠤᠭᠠᠨ᠎ᠢ ᠬᠡᠷᠡᠭ᠌ᠵᠢᠭᠦᠯᠦᠭ᠌ᠰᠡᠨ ᠨᠢᠭᠡ ᠵᠢᠯ᠎ᠦᠨ ᠲᠤᠷᠰᠢ ᠰᠢᠷᠭᠠᠯ ᠮᠠᠡᠭᠬ᠎ᠠ ᠨᠤᠭᠤᠭᠠᠨ ᠬᠦᠷᠮ᠎ᠡ ᠬᠡᠲᠤᠷᠪᠡ

ᠱᠢᠯᠤᠭᠤᠨ ᠬᠥᠬᠡ ᠬᠣᠱᠢᠭᠤᠨ᠎ᠤ ᠲᠠᠪᠤ ᠨᠢᠭᠡ ᠮᠠᠯᠵᠢᠯ᠎ᠤᠨ ᠲᠠᠯᠠᠪᠠᠢ᠎ᠶ᠋ᠢᠨ ᠵᠡᠭᠦᠨ ᠬᠡᠰᠡᠭ᠎ᠦᠨ ᠲᠠᠪᠤᠳᠤᠭᠠᠷ ᠬᠤᠪᠢᠶᠠᠷᠢ ᠲᠠᠯᠠᠪᠠᠢ᠎ᠳᠤ ᠬᠦᠷᠬᠦ᠎ᠳᠤ ᠡᠯᠡᠰᠦ᠎ᠶ᠋ᠢ ᠲᠣᠭ᠍ᠲᠠᠪᠤᠷᠢᠵᠢᠭᠤᠯᠬᠤ ᠢᠨᠵᠧᠨᠧᠷᠢᠩ᠎ᠦᠨ ᠲᠠᠷᠢᠭᠰᠠᠨ ᠱᠢᠷ᠎ᠠ ᠪᠤᠷᠭᠠᠰᠤ ᠨᠢᠭᠡᠨᠲᠡ ᠬᠦᠮᠦᠨ ᠡᠴᠡ ᠦᠨᠳᠦᠷ ᠪᠣᠯᠵᠠᠶ᠃ ᠱᠢᠯᠤᠭᠤᠨ ᠬᠥᠬᠡ ᠬᠣᠱᠢᠭᠤᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠳᠡᠳ᠋ ᠳᠠᠷᠤᠭ᠎ᠠ ᠰᠤᠯᠦᠩᠭᠤᠤ᠎ᠠ᠄ 《ᠡᠨᠡ ᠪᠣᠯ 2024 ᠣᠨ᠎ᠳᠤ ᠲᠠᠷᠢᠭ᠍ᠰᠠᠨ ᠪᠤᠷᠭᠠᠰᠤ ᠪᠤᠯᠤᠨ᠎ᠠ᠂ ᠤᠳᠤ ᠡᠳᠡᠭᠡᠷᠡᠯᠲᠡ᠎ᠶ᠋ᠢᠨ ᠨᠤᠷᠮ᠎ᠠ ᠨᠢ 90%᠎ᠳᠤ ᠬᠦᠷᠴᠡᠢ》ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃ ᠡᠨᠳᠡ ᠥᠪᠥᠷ ᠮᠣᠩᠭᠣᠯ᠎ᠤᠨ ᠵᠡᠭᠦᠨ ᠬᠡᠰᠡᠭ᠎ᠦᠨ ᠨᠤᠲᠤᠭ ᠪᠡᠯᠴᠢᠭᠡᠷ᠎ᠦᠨ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ ᠢᠨᠵᠧᠨᠧᠷᠢᠩ(ᠨᠢᠭᠡᠳᠦᠭᠡᠷ ᠬᠤᠭᠤᠴᠠᠭ᠎ᠠ) ᠢ᠋ ᠬᠡᠷᠡᠭ᠌ᠵᠢᠭᠦᠯᠵᠦ᠍᠂ ᠱᠢᠷ᠎ᠠ ᠪᠤᠷᠭᠠᠰᠤ ᠪᠡᠷ 4✕4 ᠮᠧᠲ᠋ᠷ᠎ᠤᠨ ᠲᠤᠤᠷᠯᠢᠭ ᠡᠯᠡᠰᠦᠨ ᠬᠠᠯᠬᠠᠪᠴᠢ ᠪᠠᠢᠭᠤᠯᠵᠤ᠂ ᠳᠠᠬᠢᠨ ᠡᠯᠡᠰᠦᠨ ᠬᠠᠯᠬᠠᠪᠴᠢ ᠳᠠᠭᠠᠤ ᠬᠠᠷᠭᠠᠨ᠎ᠠ ᠵᠡᠷᠭᠡ᠎ᠶ᠋ᠢ 1᠄ 1 ᠵᠢᠨ ᠬᠠᠷᠢᠴᠠᠯ ᠵᠢᠡᠷ ᠬᠣᠯᠢᠵᠤ ᠳᠠᠷᠢᠨ᠂ ᠮᠥ᠍ ᠪᠦᠷᠢ᠎ᠳᠦ 0.1 ᠺᠢᠯᠣᠭ᠌ᠷᠠᠮ ᠪᠣᠳᠠ ᠮᠣᠳᠣᠨ᠎ᠤ ᠦᠷ᠎ᠡ ᠳᠠᠷᠢᠭᠰᠠᠨ ᠪᠠᠢᠨ᠎ᠠ᠃

ᠱᠢᠯᠤᠭᠤᠨ ᠬᠥᠬᠡ ᠬᠣᠱᠢᠭᠤᠨ᠎ᠤ ᠱᠠᠩᠳᠤ ᠪᠠᠯᠭᠠᠰᠤᠨ᠎ᠤ ᠴᠡᠩᠭᠡᠯᠳᠦ ᠭᠠᠴᠠᠭᠠᠨ᠎ᠤ ᠨᠤᠲᠤᠭ ᠪᠡᠯᠴᠢᠭᠡᠷ᠎ᠢ ᠵᠠᠰᠠᠬᠤ ᠲᠥᠷᠥᠯ ᠵᠦᠶ᠋ᠯ᠎ᠦᠨ ᠲᠣᠭᠣᠷᠢᠭ᠎ᠲᠤ᠎ᠴᠦ ᠨᠠᠢᠯᠵᠠᠭᠤᠷ ᠪᠤᠷᠭᠠᠰᠤ ᠰᠠᠯᠬᠢᠠ᠎ᠤ ᠠᠶ᠎ᠠ ᠪᠡᠷ ᠨᠠᠢᠭᠤᠨ᠎ᠠ᠃ ᠮᠠᠯᠴᠢᠨ ᠪᠠᠲᠤᠭᠡᠷᠡᠯ᠎ᠦᠨ ᠲᠠᠭᠠᠭᠠᠴᠢᠯᠠᠭᠰᠠᠨ ᠨᠤᠲᠤᠭ ᠪᠡᠯᠴᠢᠭᠡᠷ ᠶᠠᠭ ᠲᠤᠰ ᠲᠥᠷᠥᠯ ᠵᠦᠶ᠋ᠯ᠎ᠦᠨ ᠲᠣᠭᠣᠷᠢᠭ᠎ᠲᠤ ᠪᠤᠢ᠃ 《ᠡᠨᠡ ᠬᠡᠰᠡᠭ 5 ᠵᠢᠯ ᠪᠢᠳᠡᠭᠦᠮᠵᠢᠯᠡᠭᠰᠡᠨ ᠪᠡᠯᠴᠢᠭᠡᠷ ᠲᠡᠭᠡᠨ ᠪᠢᠳᠡ ᠡᠨᠡ ᠵᠢᠯ᠎ᠤᠨ 5 ᠰᠠᠷ᠎ᠠ᠎ᠳᠤ ᠪᠤᠷᠤ ᠴᠠᠷᠭᠠᠰᠤ ᠵᠡᠷᠭᠡ 5 ᠵᠦᠢᠯ᠎ᠤᠨ ᠡᠯᠡᠰᠤ ᠵᠢ ᠲᠤᠭᠳᠠᠪᠤᠷᠢᠵᠢᠭᠤᠯᠬᠤ ᠮᠤᠳᠤ ᠲᠠᠷᠢᠵᠠᠢ》 ᠭᠡᠵᠦ ᠪᠠᠲᠤᠭᠡᠷᠡᠯ ᠶᠠᠷᠢᠯ᠎ᠠ᠃

ᠡᠨᠡ ᠬᠡᠰᠡᠭ ᠪᠡᠯᠴᠢᠭᠡᠷ᠎ᠦᠨ ᠪᠠᠷᠠᠭᠤᠨ ᠲᠠᠯ᠎ᠠ᠎ᠳᠤ ᠪᠠᠰᠠ ᠪᠠᠳᠤᠭᠡᠷᠡᠯ᠎ᠤᠨ᠎ᠬᠢᠨ᠎ᠤ 500 ᠭᠠᠷᠤᠶ ᠮᠥ᠍ ᠬᠦᠷᠢᠶᠡᠯᠡᠨ ᠵᠠᠰᠠᠵᠦ ᠪᠤᠢ ᠪᠡᠯᠴᠢᠭᠡᠷ ᠲᠠᠢ᠂ ᠮᠦᠨ ᠴᠦ᠍ 2024 ᠣᠨ᠎ᠤ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠤᠭ᠍ᠰᠠᠨ ᠲᠥᠷᠥᠯ ᠵᠦᠶ᠋ᠯ᠎ᠦᠨ ᠣᠷᠣᠨ ᠪᠣᠯᠤᠨ᠎ᠠ᠃ 《ᠡᠨᠡ ᠬᠡᠰᠡᠭ᠎ᠤᠨ ᠡᠯᠡᠰᠦᠷᠬᠡᠭ᠌ᠵᠢᠭᠰᠡᠨ ᠨᠢ ᠦᠡᠭᠭᠡᠷᠡᠭᠰᠡᠨ᠎ᠳᠤ ᠨᠡᠡᠭ ᠨᠣᠴᠢᠲᠠᠶ ᠪᠠᠢᠵᠤ᠂ ᠪᠦᠷ ᠨᠢᠴᠦᠬᠦᠨ ᠡᠯᠡᠰᠦ ᠬᠦᠯᠢᠭᠡᠷ ᠮᠠᠡᠭᠬ᠎ᠠ ᠪᠠᠢᠯ᠎ᠠ᠂ ᠣᠳᠣ ᠪᠢᠳᠡᠭᠦᠮᠵᠢᠯᠡᠨ ᠵᠠᠰᠠᠭᠰᠠᠨ᠎ᠤ ᠠᠴᠢ ᠪᠡᠷ ᠤᠷᠭᠤᠮᠠᠯ ᠬᠤᠴᠢᠯᠭ᠎ᠠ ᠠᠭᠠᠵᠢᠮ ᠵᠢᠠᠷ ᠰᠡᠷᠭᠦᠵᠦ᠂ ᠬᠤᠯᠠ ᠡᠴᠡ ᠬᠠᠷᠠᠬᠤ᠎ᠳᠤ ᠨᠤᠭᠤᠭᠠᠨ ᠦᠡᠭᠭᠡ ᠲᠠᠢ ᠪᠤᠯᠵᠠᠢ》 ᠭᠡᠵᠦ᠍ ᠲᠡᠷᠡ ᠦᠷᠭᠦᠯᠵᠢᠯᠡᠨ ᠬᠡᠯᠡᠪᠡ᠃

ᠡᠳᠦᠭᠡ ᠱᠢᠯᠤᠭᠤᠨ ᠬᠥᠬᠡ ᠬᠣᠱᠢᠭᠤᠨ᠎ᠤ ᠪᠥᠬᠥ᠌ ᠣᠷᠣᠨ ᠪᠦᠰᠡ᠎ᠳᠦ ᠨᠤᠲᠤᠭ ᠪᠡᠯᠴᠢᠭᠡᠷ᠎ᠦᠨ ᠲᠤᠤᠷᠵᠢᠭ᠍ᠰᠠᠨ ᠬᠢᠨᠠᠯᠲᠠ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠣᠷᠣᠨ ᠪᠦᠰᠡ᠎ᠶ᠋ᠢᠨ ᠲᠠᠯᠠᠪᠠᠢ᠂ ᠭᠠᠵᠠᠷ᠎ᠤᠨ ᠪᠠᠢᠴᠠ᠎ᠶ᠋ᠢᠨ ᠣᠨᠴᠠᠯᠢᠭ᠂ ᠬᠥᠮᠦᠨ ᠠᠮᠠ᠎ᠶ᠋ᠢᠨ ᠲᠠᠷᠬᠠᠯᠲᠠ ᠵᠡᠷᠭᠡ ᠡᠯᠧᠮᠧᠨ᠋ᠲ᠎ᠢ ᠦᠨᠳᠦᠰᠦᠯᠡᠨ᠂ ᠥᠷᠭᠡᠨ ᠠᠭᠤᠳᠠᠮ ᠨᠤᠲᠤᠭ ᠪᠡᠯᠴᠢᠭᠡᠷ᠎ᠢ ᠬᠠᠷᠢᠴᠠᠩᠭᠤᠶ᠎ᠪᠠᠷ ᠪᠡᠶ᠎ᠡ᠎ᠪᠡᠨ ᠳᠠᠭᠠᠭᠠᠭ᠍ᠰᠠᠨ ᠪᠥᠭᠡᠳ ᠨᠢᠭ᠍ᠲᠠ ᠬᠣᠯᠪᠣᠭ᠎ᠠ᠎ᠲᠠᠶ ᠲᠤᠤᠷᠵᠢᠭ᠍ᠰᠠᠨ ᠨᠢᠭᠡᠴᠢ ᠪᠣᠯᠭᠠᠨ ᠨᠠᠷᠢᠯᠢᠭ ᠬᠤᠪᠢᠶᠠᠪᠡ᠃ ᠲᠤᠰ ᠬᠣᠱᠢᠭᠤᠨ᠎ᠤ 9 ᠰᠤᠮᠤ ᠪᠠᠯᠭᠠᠰᠤ ᠲᠠᠯᠠᠪᠠᠶ᠂ 117 ᠭᠠᠴᠠᠭ᠎ᠠ ᠲᠣᠰᠭᠣᠨ᠎ᠳ᠋ᠤ 10 ᠲᠦᠮᠡᠨ ᠮᠦ᠍᠎ᠶ᠋ᠢᠨ ᠪᠠᠷᠢᠮᠵᠢᠶ᠎ᠠ᠎ᠪᠠᠷ 139 ᠰᠠᠭᠤᠷᠢ ᠬᠠᠮᠢᠶᠠᠷᠤᠯᠲᠠ᠎ᠶ᠋ᠢᠨ ᠲᠤᠤᠷ᠎ᠢ ᠵᠠᠭᠠᠭ᠍ᠯᠠᠨ ᠲᠣᠭ᠍ᠲᠠᠭᠠᠵᠤ᠂ 《ᠬᠣᠱᠢᠭᠤ᠂ ᠰᠤᠮᠤ ᠪᠠᠯᠭᠠᠰᠤ᠂ ᠭᠠᠴᠠᠭ᠎ᠠ ᠲᠣᠰᠭᠣᠨ》ᠭᠤᠷᠪᠠᠨ ᠱᠠᠲᠤᠨ᠎ᠤ ᠲᠤᠤᠷᠵᠢᠭᠤᠯᠤᠭ᠍ᠰᠠᠨ ᠬᠠᠮᠢᠶᠠᠷᠤᠯᠲᠠ᠎ᠶ᠋ᠢᠨ ᠱᠢᠰᠲ᠋ᠧᠮ᠎ᠢ ᠨᠢᠭᠡᠨᠳᠡ ᠪᠠᠢᠭᠤᠯᠵᠠᠢ᠃

ᠡᠭᠦᠨ ᠯᠤᠭᠡ ᠠᠳᠠᠯᠢ ᠪᠡᠷ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠨᠤᠲᠤᠭ ᠲᠡᠪᠢᠰᠭᠡᠷ᠎ᠢ ᠡᠮᠦᠨᠡᠰᠢ ᠤᠮᠠᠷᠠᠰᠢ ᠰᠤᠨᠳᠠᠯᠠᠵᠤ᠂ ᠤᠯᠠᠭᠠᠨᠴᠠᠪ ᠪᠣᠯᠤᠨ ᠶᠡᠬᠡᠨᠠᠭᠤᠷ 2 ᠰᠤᠮᠤ᠂ 24 ᠭᠠᠴᠠᠭ᠎ᠠ᠎ᠶ᠋ᠢ ᠬᠠᠮᠤᠷᠴᠤ᠌᠂ ᠡᠯᠡᠰᠦᠷᠬᠡᠭ ᠭᠠᠵᠠᠷ᠎ᠤᠨ ᠲᠠᠯᠠᠪᠠᠢ ᠨᠢ 479 ᠲᠦᠮᠡᠨ ᠮᠥ᠍ ᠪᠠᠢᠵᠦ᠂ ᠪᠥᠬᠥ᠌ ᠬᠣᠱᠢᠭᠤᠨ᠎ᠤ ᠶᠡᠷᠦᠩᠬᠡᠶ ᠲᠠᠯᠠᠪᠠᠶ᠎ᠶ᠋ᠢᠨ 50% ᠵᠢ ᠡᠵᠡᠯᠡᠵᠦ᠍ ᠪᠠᠢᠨ᠎ᠠ᠃

2019 ᠣᠨ᠎ᠤ ᠵᠢᠷᠭᠤᠳᠤᠭᠠᠷ ᠤᠳᠠᠭᠠᠨ᠎ᠤ ᠴᠦᠯᠯᠡᠷᠭᠡᠭ᠌ᠵᠢᠯ ᠎ᠢ ᠨᠡᠢᠳᠡᠮ ᠪᠠᠢᠴᠠᠭᠠᠭ᠍ᠰᠠᠨ ᠦᠷ᠎ᠡ ᠳ᠋ᠦᠩ᠎ᠬᠢᠭᠡᠳ ᠪᠥᠬᠥ᠌ ᠠᠢᠮᠠᠭ᠎ᠤᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠰᠥᠨᠥᠭᠡᠬᠦ᠌ ᠳᠠᠢᠯᠠᠯᠳᠤᠭᠠᠨ᠎ᠤ ᠲᠥᠯᠥᠪᠵᠢᠭᠦᠯᠭᠡ᠎ᠶ᠋ᠢ ᠦᠨᠳᠦᠰᠦᠯᠡᠪᠡᠯ᠂ ᠲᠣᠰ ᠬᠣᠱᠢᠭᠤ 138 ᠲᠦᠮᠡᠨ ᠮᠥ᠍ ᠡᠯᠡᠰᠦᠷᠬᠡᠭᠵᠢᠭᠰᠡᠨ ᠭᠠᠵᠠᠷ᠎ᠢ ᠵᠠᠰᠠᠨ᠎ᠠ᠂ ᠡᠭᠦᠨ᠎ᠳᠦ ᠨᠡᠭᠦᠳᠡᠯ ᠡᠯᠡᠰᠦ 2.04 ᠲᠦᠮᠡᠨ ᠮᠥ᠍᠂ ᠬᠠᠭᠠᠰ ᠲᠣᠭ᠍ᠲᠠᠪᠤᠷᠢᠵᠢᠭᠤᠯᠤᠭ᠍ᠰᠠᠨ ᠡᠯᠡᠰᠦᠷᠬᠡᠭ ᠭᠠᠵᠠᠷ 7.8 ᠲᠦᠮᠡᠨ ᠮᠥ᠍᠂ ᠲᠣᠭ᠍ᠲᠠᠪᠤᠷᠢᠵᠢᠭᠤᠯᠤᠭ᠍ᠰᠠᠨ ᠡᠯᠡᠰᠦᠷᠬᠡᠭ ᠭᠠᠵᠠᠷ 120 ᠲᠦᠮᠡᠨ ᠮᠥ᠍ ᠪᠤᠢ᠂ ᠡᠭᠦᠨ᠎ᠦ ᠬᠠᠮᠲᠤ ᠡᠯᠡᠰᠦᠷᠬᠡᠭ ᠭᠠᠵᠠᠷ᠎ᠤᠨ ᠭᠠᠳᠠᠨᠠᠬᠢ 8.16 ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ᠎ᠴᠦ ᠵᠠᠰᠠᠬᠤ ᠬᠡᠪᠴᠢᠶᠡᠨ᠎ᠳᠦ ᠣᠷᠣᠭᠤᠯᠵᠠᠶ᠃

ᠱᠢᠯᠤᠭᠤᠨ ᠬᠥᠪᠡᠭᠡᠲᠦ ᠴᠠᠭᠠᠨ ᠬᠣᠱᠢᠭᠤ ᠬᠣᠶᠠᠷ ᠱᠠᠲᠦ ᠬᠤᠪᠢᠶᠠᠵᠤ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠰᠦᠨᠦᠭᠡᠬᠦ ᠳᠠᠢᠯᠠᠯᠳᠤᠭᠠᠨ ᠎ᠢ ᠪᠡᠶᠡᠯᠡᠭᠦᠯᠬᠦ ᠪᠡᠷ ᠨᠠᠷᠢᠯᠢᠭ ᠲᠦᠯᠦᠪᠵᠢᠭᠦᠯᠪᠡ᠃ ᠨᠢᠭᠡᠳᠦᠭᠡᠷ ᠱᠠᠲᠤ᠎ᠨᠢ 2024 — 2025 ᠣᠨ ᠪᠣᠯᠲᠠᠯ᠎ᠠ᠂ ᠨᠡᠭᠦᠳᠡᠯ ᠡᠯᠡᠰᠦ ᠪᠠ ᠬᠠᠭᠠᠰ ᠲᠣᠭ᠍ᠲᠠᠮᠠᠯ ᠡᠯᠡᠰᠦᠷᠬᠡᠭ ᠭᠠᠵᠠᠷ᠎ᠢ ᠪᠥᠬᠥ᠌ ᠲᠠᠯ᠎ᠠ᠎ᠪᠠᠷ ᠵᠠᠰᠠᠵᠦ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠶ᠋ᠢ ᠪᠦᠬᠦᠨ᠎ᠢ 30% ᠡᠴᠠ ᠳᠡᠭᠡᠭ᠌ᠰᠢ᠎ᠳᠦ ᠬᠦᠷᠭᠡᠨ᠎ᠡ᠃ 2024 ᠣᠨ᠎ᠳᠤ ᠳᠡᠭᠡᠳᠦ ᠱᠠᠲᠤᠨ᠎ᠠᠴᠠ 35.6 ᠲᠦᠮᠡᠨ ᠮᠥ᠍ ᠡᠯᠡᠰᠦᠷᠬᠡᠭ ᠭᠠᠵᠠᠷ᠎ᠢ ᠰᠡᠷᠭᠡᠢᠯᠡᠨ ᠵᠠᠰᠠᠬᠤ ᠡᠭᠦᠷᠭᠡ ᠪᠠᠭᠤᠯᠭᠠᠵᠤ᠂ 41 ᠲᠦᠮᠡᠨ ᠮᠥ᠍᠎ᠶ᠋ᠢ ᠪᠣᠳᠠᠲᠠᠶ ᠪᠡᠶᠡᠯᠡᠭᠦᠯᠵᠦ᠍᠂ ᠬᠣᠱᠢᠭᠤᠨ ᠳᠣᠲᠣᠷᠠᠬᠢ 2.04 ᠲᠦᠮᠡᠨ ᠮᠥ᠍ ᠨᠡᠭᠦᠳᠡᠯ ᠡᠯᠡᠰᠦᠷᠬᠡᠭ ᠭᠠᠵᠠᠷ᠎ᠢ ᠤᠷᠢᠳᠠᠪᠠᠷ ᠰᠡᠷᠭᠡᠢᠯᠡᠨ ᠵᠠᠰᠠᠪᠠ᠃ 2025 ᠣᠨ᠎ᠳᠤ ᠳᠡᠭᠡᠳᠦ ᠱᠠᠲᠤᠨ᠎ᠠᠴᠠ 50.73 ᠲᠦᠮᠡᠨ ᠮᠥ᠍ ᠡᠯᠡᠰᠦᠷᠬᠡᠭ ᠭᠠᠵᠠᠷ᠎ᠢ ᠰᠡᠷᠭᠡᠢᠯᠡᠨ ᠵᠠᠰᠠᠬᠤ ᠡᠭᠦᠷᠭᠡ ᠪᠠᠭᠤᠯᠭᠠᠵᠠᠢ᠂ ᠪᠡᠶᠡᠯᠡᠭᠦᠯᠦᠭᠰᠡᠨ᠎ᠤ ᠳᠠᠷᠠᠭ᠎ᠠ 7.8 ᠲᠦᠮᠡᠨ ᠮᠥ᠍ ᠬᠠᠭᠠᠰ ᠲᠣᠭ᠍ᠲᠠᠮᠠᠯ ᠡᠯᠡᠰᠦᠷᠬᠡᠭ ᠭᠠᠵᠠᠷ᠎ᠢ ᠪᠦᠬᠦᠨ᠎ᠢ ᠵᠠᠰᠠᠵᠤ ᠳᠠᠭᠤᠰᠬᠠᠬᠤ ᠪᠤᠯᠤᠨ᠎ᠠ᠃ ᠬᠣᠶᠠᠳᠤᠭᠠᠷ ᠱᠠᠲᠤ᠎ᠨᠢ 2026 — 2030 ᠣᠨ ᠪᠣᠯᠲᠠᠯ᠎ᠠ᠂ ᠪᠡᠬᠢᠵᠢᠭᠦᠯᠦᠨ ᠳᠡᠭᠡᠭ᠌ᠰᠢᠯᠡᠭᠦᠯᠬᠦ᠌ ᠱᠠᠲᠤ ᠦᠶ᠎ᠡ ᠪᠣᠯᠬᠣᠷ᠂ ᠭᠤᠤᠯᠳᠠᠭᠤ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠠᠷᠭ᠎ᠠ ᠬᠡᠮᠵᠢᠶ᠎ᠡ ᠠᠪᠴᠤ᠌᠂ ᠰᠠᠯᠬᠢᠨ᠎ᠳᠤ ᠢᠳᠡᠭ᠌ᠳᠡᠵᠦ᠍ ᠤᠰᠤᠨ᠎ᠳᠤ ᠢᠳᠡᠭ᠌ᠳᠡᠬᠦ᠌᠎ᠶ᠋ᠢ ᠪᠠᠭᠠᠰᠭᠠᠵᠤ᠂ 2030 ᠣᠨ ᠪᠣᠯᠬᠤ᠎ᠳᠤ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠤᠷᠭᠤᠮᠠᠯ᠎ᠤᠨ ᠪᠦᠷᠬᠦᠴᠡ᠎ᠶ᠋ᠢ ᠪᠦᠬᠦᠨ᠎ᠢ 46% ᠡᠴᠠ ᠳᠡᠭᠡᠭ᠌ᠰᠢ᠎ᠪᠤᠯᠭᠠᠵᠦ᠂ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠱᠢᠰᠲ᠋ᠧᠮ ᠪᠠ ᠣᠶ ᠮᠣᠳᠣ ᠡᠪᠡᠰᠦ ᠡᠯᠡᠰᠦᠨ᠎ᠦ ᠠᠵᠤ ᠦᠶ᠋ᠯᠡᠰ᠎ᠦᠨ ᠱᠢᠰᠲ᠋ᠧᠮ᠎ᠢ ᠱᠢᠯᠢᠳᠡᠭ᠌ᠵᠢᠭᠦᠯᠵᠦ᠍᠂ ᠪᠥᠬᠥ᠌ ᠣᠷᠣᠨ ᠪᠦᠰᠡ᠎ᠶ᠋ᠢᠨ ᠵᠠᠰᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠬᠦ ᠪᠤᠯᠤᠨ᠎ᠠ᠃

《ᠣᠯᠠᠨ ᠵᠢᠯ᠎ᠦᠨ ᠲᠤᠷᠰᠢ ᠬᠠᠷᠠᠭᠳᠠᠭ᠎ᠠ ᠦᠭᠡᠢ ᠡᠪᠡᠰᠦ ᠡᠨᠡ ᠵᠢᠯ ᠢᠯᠡᠷᠡᠯ᠎ᠠ᠂ ᠨᠢᠭᠡ ᠲᠡᠭ᠌ᠰᠢ ᠳᠥᠷᠪᠡᠯᠵᠢᠨ ᠮᠧᠲᠷ᠎ᠪᠦᠬᠦᠢ ᠦᠯᠢᠭᠡᠷ ᠭᠠᠵᠠᠷ᠎ᠢ ᠳᠤᠷ᠎ᠠ ᠪᠡᠷ ᠵᠢᠡᠨ ᠰᠤᠩᠭᠤᠭᠰᠠᠨ ᠴᠦ᠍ ᠪᠦᠷ 50 ᠵᠦᠢᠯ᠎ᠡᠴᠡ ᠳᠡᠭᠡᠭᠰᠢ ᠤᠷᠭᠤᠮᠠᠯ ᠤᠷᠭᠤᠵᠡᠢ》 ᠭᠡᠵᠦ᠍ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠡᠯᠡᠰᠦᠷᠬᠡᠭ᠌ᠵᠢᠯ᠎ᠢ ᠵᠠᠰᠠᠬᠤ ᠠᠵᠢᠯ᠎ᠤᠨ ᠥᠷᠲᠡᠭᠡᠨ᠎ᠦ ᠳᠠᠷᠤᠭ᠎ᠠ ᠵᠠᠩ ᠾᠧᠩ ᠶᠠᠷᠢᠯ᠎ᠠ᠃

2024 ᠣᠨ᠎ᠳᠤ᠂ ᠱᠢᠯᠢ᠎ᠶ᠋ᠢᠨ ᠭᠤᠤᠯ ᠠᠢᠮᠠᠭ ᠨᠡᠢᠲᠡ 18.2 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠵᠠᠰᠠᠬᠤ ᠡᠭᠦᠷᠭᠡ᠎ᠶ᠋ᠢ 378.55 ᠲᠦᠮᠡᠨ ᠮᠥ᠍ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠪᠠᠭᠤᠯᠭᠠᠭ᠍ᠰᠠᠨ ᠡᠭᠦᠷᠭᠡ᠎ᠶ᠋ᠢ 7% ᠰᠢᠬᠠᠮ ᠵᠢᠡᠷ ᠳᠠᠪᠠᠵᠦ ᠪᠡᠶᠡᠯᠡᠭᠦᠯᠵᠡᠢ᠃ ᠡᠨᠡ ᠵᠢᠯ᠎ᠤᠨ 4 ᠰᠠᠷ᠎ᠠ᠎ᠶ᠋ᠢᠨ ᠳᠤᠮᠳᠠᠴᠢ᠎ᠠᠴᠠ ᠨᠠᠭᠠᠰᠢ᠂ ᠲᠤᠰ ᠠᠢᠮᠠᠭ ᠡᠳᠦᠷ ᠪᠦᠷᠢ ᠳᠤᠮᠳᠠᠴᠢ᠎ᠪᠠᠷ 5.7 ᠲᠦᠮᠡᠨ ᠮᠥ᠍ ᠵᠢᠨ ᠠᠮᠢ ᠠᠬᠤᠶ᠎ᠶ᠋ᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠪᠠ 4.5 ᠲᠦᠮᠡᠨ ᠮᠥ᠍ ᠵᠢᠨ ᠡᠯᠡᠰᠦ᠎ᠶ᠋ᠢ ᠵᠠᠰᠠᠬᠤ ᠬᠤᠷᠳᠤᠴᠠ᠎ᠪᠠᠷ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠪᠠ᠃

ᠭᠤᠷᠪᠠᠳᠤᠭᠠᠷ ᠲᠤᠮᠤ ᠬᠤᠪᠢᠷᠠᠯᠳᠠ᠄ 2025 ᠣᠨ ᠪᠤᠯᠳᠠᠯ᠎ᠠ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠰᠥᠨᠥᠭᠡᠬᠦ᠌ ᠳᠠᠢᠯᠠᠯᠳᠤᠭᠠᠨ᠎ᠢ ᠬᠡᠷᠡᠭ᠌ᠵᠢᠭᠦᠯᠦᠭ᠌ᠰᠡᠨ ᠬᠣᠶᠠᠷ ᠵᠢᠯ᠎ᠦᠨ ᠲᠤᠷᠰᠢ ᠲᠥᠷᠥᠯ ᠵᠦᠶ᠋ᠯ᠎ᠦᠨ ᠣᠷᠣᠨ᠎ᠳᠤ ᠨᠣᠭᠣᠭᠠᠷᠠᠭᠤᠯᠬᠤ ᠬᠢᠭᠡᠳ ᠪᠠᠶᠠᠵᠢᠭᠤᠯᠬᠤ ᠬᠤᠤᠰ ᠦᠷ᠎ᠡ ᠠᠰᠢᠬ᠎ᠢ ᠡᠭᠦᠳᠪᠡ

ᠥᠩᠭᠡᠷᠡᠭᠡᠭ᠌ᠰᠡᠨ᠎ᠳᠦ ᠱᠢᠷ᠎ᠠ ᠡᠯᠡᠰᠦ ᠨᠡᠯᠦᠢᠵᠦ᠍ ᠪᠠᠢᠭᠰᠠᠨ ᠭᠠᠵᠠᠷ ᠥᠨᠥᠳᠦᠷ ᠨᠤᠮᠢᠨ ᠲᠠᠪᠠᠯᠭᠠᠨ ᠬᠠᠶᠠᠯᠠᠨ᠎ᠠ᠃ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠵᠠᠰᠠᠬᠤ ᠨᠢ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠤ ᠭᠤᠤᠯ ᠠᠵᠢᠯ᠎ᠤᠨ ᠨᠢᠭᠡ ᠨᠢ ᠪᠣᠯᠤᠭ᠍ᠰᠠᠨ᠎ᠤ ᠬᠤᠪᠢ᠎ᠳᠤ᠂ ᠵᠦᠶ ᠵᠣᠬᠢᠰᠲᠠᠶ 《ᠪᠠᠢᠷᠢᠯᠠᠭᠤᠯᠬᠤ》᠂ ᠱᠢᠨᠵᠢᠯᠡᠬᠦ᠌ ᠤᠬᠠᠭᠠᠨᠴᠢ᠎ᠪᠠᠷ ᠵᠠᠰᠠᠬᠤ᠎ᠪᠠᠷ ᠳᠠᠮᠵᠢᠭᠤᠯᠤᠨ᠂ 《ᠬᠥᠮᠦᠨ᠎ᠦ ᠬᠦᠴᠦ᠍᠎ᠪᠡᠷ ᠡᠪᠡᠰᠦ ᠳᠠᠷᠢᠬᠤ + ᠢᠨᠵᠧᠨᠧᠷᠢᠩ᠎ᠢᠶᠡᠷ ᠡᠯᠡᠰᠦ᠎ᠶ᠋ᠢ ᠲᠣᠭ᠍ᠲᠠᠪᠤᠷᠢᠵᠢᠭᠤᠯᠬᠤ》 ᠶᠡᠷᠦᠩᠬᠡᠢᠯᠡᠨ ᠵᠠᠰᠠᠬᠤ ᠵᠠᠭ᠍ᠪᠤᠷ᠎ᠢ ᠠᠪᠴᠤ᠌᠂ 《ᠡᠯᠡᠰᠦ ᠤᠷᠤᠭ᠍ᠰᠢᠯᠠᠵᠤ ᠬᠥᠮᠦᠨ ᠤᠬᠤᠷᠢᠬᠤ》 ᠡᠴᠡ 《ᠨᠤᠭᠤᠭᠠᠷᠠᠭᠤᠯᠤᠯᠳᠠ ᠠᠬᠢᠵᠦ ᠡᠯᠡᠰᠦ ᠨᠤᠮᠤᠬᠠᠷᠬᠤ》 ᠪᠤᠯᠳᠠᠯᠠᠬᠢ ᠳᠠᠢᠯᠠᠯᠳᠤᠭᠠᠨ᠎ᠤ ᠢᠯᠠᠯᠲᠠ᠎ᠶ᠋ᠢ ᠣᠯᠤᠭ᠍ᠰᠠᠨ ᠪᠠᠢᠨ᠎ᠠ᠃

ᠰᠠᠢᠨ ᠰᠠᠢᠬᠠᠨ ᠠᠮᠢ ᠠᠬᠤᠶ᠎ᠶ᠋ᠢᠨ ᠣᠷᠴᠢᠨ ᠨᠥᠬᠥᠴᠡᠯ ᠪᠣᠯ ᠬᠠᠮᠤᠭ᠎ᠤᠨ ᠰᠠᠢᠨ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠮᠥᠨ᠃ ᠠᠮᠢ ᠠᠬᠤᠢ᠎ᠶ᠋ᠢ ᠠᠵᠤ ᠦᠢᠯᠡᠰᠴᠢᠯᠡᠭᠦᠯᠬᠦ᠌᠂ ᠠᠵᠤ ᠦᠢᠯᠡᠰ᠎ᠢ ᠠᠮᠢ ᠠᠬᠤᠢᠵᠢᠭᠤᠯᠤᠨ ᠬᠦᠭᠵᠢᠭᠦᠯᠬᠦ ᠪᠤᠯ ᠰᠠᠶᠢ ᠭᠠᠷᠬᠤ ᠵᠠᠮ ᠮᠦᠨ᠃ ᠡᠯᠡᠰᠦ ᠮᠠᠩᠬ᠎ᠠ᠎ᠶ᠋ᠢ ᠰᠡᠷᠭᠡᠢᠯᠡᠨ ᠵᠠᠰᠠᠬᠤ ᠠᠵᠢᠯ ᠥᠷᠨᠢᠬᠦ᠌᠎ᠶ᠋ᠢ ᠳᠠᠭᠠᠯᠳᠤᠨ᠂ ᠥᠩᠭᠡᠷᠡᠭ᠌ᠰᠡᠨ᠎ᠳᠦ ᠬᠥᠮᠦᠰ᠎ᠦᠨ ᠰᠠᠨᠠᠭᠠᠨ᠎ᠳᠤ ᠣᠷᠣᠮ᠎ᠠ ᠥᠬᠡᠶ ᠡᠯᠡᠰᠦᠨ ᠮᠤᠬᠤᠷ ᠨᠢ ᠴᠢᠨᠡᠭᠡᠯᠢᠭᠵᠢᠯ᠎ᠤᠨ ᠰᠢᠨ᠎ᠡ ᠭᠠᠷᠤᠭ᠎ᠠ ᠪᠤᠯᠪᠠ᠃

2025 ᠣᠨ᠎ᠠᠴᠠ ᠨᠠᠭᠠᠰᠢ᠂ ᠱᠢᠯᠢ᠎ᠶ᠋ᠢᠨ ᠭᠤᠤᠯ ᠠᠢᠮᠠᠭ 《ᠠᠵᠢᠯ ᠣᠯᠭᠣᠬᠤ᠎ᠪᠠᠷ ᠲᠡᠳᠬᠦᠮᠵᠢ᠎ᠶ᠋ᠢ ᠣᠷᠣᠯᠠᠭᠤᠯᠬᠤ》 ᠵᠠᠭ᠍ᠪᠤᠷ ᠵᠢᠡᠷ ᠮᠠᠯᠴᠢᠨ ᠲᠠᠷᠢᠶᠠᠴᠢᠨ᠂ ᠬᠤᠷᠱᠢᠭ᠍ᠰᠠᠨ ᠵᠣᠬᠢᠶᠠᠨ ᠪᠠᠢᠭᠤᠯᠤᠯᠲᠠ᠎ᠶ᠋ᠢᠨ ᠡᠯᠡᠰᠦᠷᠬᠡᠭ ᠭᠠᠵᠠᠷ᠎ᠢ ᠵᠠᠰᠠᠬᠤ᠎ᠳᠤ ᠣᠷᠣᠯᠴᠠᠬᠤ ᠢᠳᠡᠪᠬᠢᠵᠢᠯ᠎ᠢ ᠪᠠᠳᠠᠷᠠᠭᠤᠯᠵᠦ᠂ ᠲᠡᠳᠡᠨ᠎ᠢ ᠲᠠᠢᠴᠢᠯᠠᠨ᠂ ᠡᠯᠡᠰᠦ᠎ᠶ᠋ᠢ ᠪᠢᠲᠡᠭᠦᠮᠵᠢᠯᠡᠨ ᠣᠶ ᠱᠢᠭᠤᠶ ᠡᠪᠡᠰᠦ ᠪᠡᠯᠴᠢᠭᠡᠷ᠎ᠢ ᠤᠷᠭᠤᠭᠤᠯᠬᠤ᠂ ᠬᠥᠮᠦᠨ᠎ᠦ ᠬᠦᠴᠦ᠍᠎ᠪᠡᠷ ᠡᠪᠡᠰᠦ ᠳᠠᠷᠢᠬᠤ᠂ ᠲᠠᠴᠢᠷᠳᠠᠭ᠍ᠰᠠᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ᠌᠂ ᠪᠣᠳᠠ ᠮᠣᠳᠣ ᠵᠢ ᠬᠠᠳᠤᠬᠤ᠌᠂ ᠡᠯᠡᠰᠦᠨ ᠬᠠᠯᠬᠠᠪᠴᠢ ᠪᠠᠢᠭᠤᠯᠬᠤ ᠵᠡᠷᠭᠡ ᠲᠥᠷᠥᠯ ᠵᠦᠶ᠋ᠯ᠎ᠦᠨ ᠢᠨᠵᠧᠨᠧᠷᠢᠩ᠎ᠳᠦ ᠣᠷᠣᠯᠴᠠᠭᠤᠯᠪᠠ᠃ ᠬᠣᠷᠱᠢᠶ᠎ᠠ ᠪᠤᠯᠤᠨ ᠬᠥᠳᠡᠯᠮᠦᠷᠢ ᠦᠶ᠋ᠯᠡᠴᠢᠯᠡᠭᠡᠨ᠎ᠦ ᠬᠠᠮᠲᠤᠷᠠᠯᠴᠠᠭ᠎ᠠ ᠵᠡᠷᠭᠡ᠎ᠳᠤ ᠲᠦᠰᠢᠨ᠂ ᠮᠠᠯᠴᠢᠨ ᠲᠠᠷᠢᠶᠠᠴᠢᠨ᠎ᠢ ᠬᠥᠲᠥᠯᠦᠨ ᠵᠢᠯᠣᠭᠣᠳᠴᠤ᠌᠂ ᠤᠷᠢᠳ ᠬᠤᠵᠢᠳ 1.15 ᠲᠦᠮᠡ ᠭᠠᠷᠤᠶ ᠮᠠᠯᠴᠢᠨ ᠲᠠᠷᠢᠶᠠᠴᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ ᠪᠠ ᠠᠷᠠᠴᠢᠯᠠᠵᠤ ᠬᠠᠮᠠᠭᠠᠯᠠᠬᠤ᠎ᠳᠤ ᠣᠷᠣᠯᠴᠠᠵᠤ᠂ ᠬᠥᠮᠦᠨ ᠪᠦᠷᠢ᠎ᠶ᠋ᠢᠨ ᠳᠤᠮᠳᠠᠴᠢ ᠣᠷᠣᠯᠭ᠎ᠠ᠎ᠶ᠋ᠢ 2.19 ᠲᠦᠮᠡᠨ ᠲᠥᠭᠥᠷᠢᠭ ᠨᠡᠮᠡᠭ᠌ᠳᠡᠭᠦᠯᠦᠨ᠂ ᠵᠠᠰᠠᠯᠲᠠ᠎ᠯᠤᠭ᠎ᠠ ᠬᠣᠯᠪᠣᠭ᠍ᠳᠠᠬᠤ ᠴᠢᠬᠢ ᠪᠣᠢᠵᠢᠭᠤᠯᠬᠤ ᠪᠠ ᠡᠭᠦᠯᠳᠡᠷ ᠪᠣᠢᠵᠢᠭᠤᠯᠬᠤ ᠠᠵᠤ ᠦᠶ᠋ᠯᠡᠰ ᠴᠦ᠍ ᠥᠷᠨᠢᠨ ᠬᠥᠭ᠌ᠵᠢᠪᠡ᠃

ᠠᠯᠲᠠᠩᠬᠤ᠎ᠠ ᠴᠡᠴᠡᠭ᠎ᠤᠨ ᠨᠤᠲᠤᠭ ᠬᠡᠮᠡᠭᠳᠡᠭᠰᠡᠨ ᠱᠢᠯᠤᠭᠤᠨ ᠬᠥᠬᠡ ᠬᠣᠱᠢᠭᠤ 《ᠠᠮᠢ ᠠᠬᠤᠶ᠎ᠪᠠᠷ ᠠᠵᠤ ᠦᠶ᠋ᠯᠡᠰ᠎ᠢ ᠳᠠᠢᠴᠢᠯᠠᠬᠤ᠂ ᠠᠵᠤ ᠦᠶ᠋ᠯᠡᠰ᠎ᠢᠶᠡᠷ ᠠᠮᠢ ᠠᠬᠤᠶ᠎ᠶ᠋ᠢᠨ ᠬᠠᠮᠠᠭᠠᠯᠠᠯᠲᠠ ᠵᠢ ᠠᠬᠢᠭᠤᠯᠬᠤ》 ᠡᠯᠡᠰᠦᠷᠬᠡᠭ᠌ᠵᠢᠯ᠎ᠢ ᠰᠡᠷᠭᠡᠢᠯᠡᠨ ᠵᠠᠰᠠᠬᠤ ᠵᠠᠮ᠎ᠢᠶᠠᠷ ᠵᠠᠮᠨᠠᠵᠦ᠂ ᠠᠯᠲᠠᠩᠬᠤ᠎ᠠ ᠴᠡᠴᠡᠭ᠎ᠢ ᠨᠠᠷᠢᠯᠢᠭ ᠡᠳ᠋ᠱᠢᠭᠦᠯᠬᠦ᠌᠂ ᠰᠣᠶᠣᠯ᠎ᠤᠨ ᠪᠦᠲᠦᠭᠡᠯᠴᠢ ᠰᠠᠨᠠᠭ᠎ᠠ ᠵᠡᠷᠭᠡ ᠲᠠᠯ᠎ᠠ᠎ᠵᠢᠨ ᠦᠨ᠎ᠡ ᠥᠷᠲᠡᠭ ᠎ᠢ ᠢᠳᠡᠪᠬᠢᠲᠡᠶ᠎ᠬᠠᠢᠨ ᠰᠦᠪᠡᠭ᠌ᠴᠢᠯᠡᠵᠦ᠍᠂ ᠠᠯᠲᠠᠩᠬᠤ᠎ᠠ ᠴᠡᠴᠡᠭ᠎ᠤᠨ ᠴᠠᠢ᠂ ᠱᠢᠬᠢᠷ᠂ ᠪᠠᠯ ᠵᠡᠷᠭᠡ ᠪᠦᠲᠦᠭᠡᠭ᠌ᠳᠡᠬᠦᠨ᠎ᠢ ᠵᠢᠷᠤᠭ᠍ᠯᠠᠨ ᠲᠥᠯᠥᠪᠯᠡᠵᠦ᠍᠂ ᠠᠯᠲᠠᠩᠬᠤ᠎ᠠ ᠴᠡᠴᠡᠭ᠎ᠤᠨ ᠠᠵᠤ ᠦᠢᠯᠡᠰ᠎ᠦᠨ ᠠᠮᠢ ᠠᠬᠤᠢ᠎ᠶ᠋ᠢᠨ ᠦᠷ᠎ᠡ ᠠᠱᠢᠭ᠂ ᠠᠵᠤ ᠠᠬᠤᠢ᠎ᠶ᠋ᠢᠨ ᠦᠷ᠎ᠡ ᠠᠱᠢᠭ᠂ ᠨᠡᠢᠭᠡᠮ᠎ᠦᠨ ᠦᠷ᠎ᠡ ᠠᠱᠢᠭ᠎ᠢ ᠣᠷᠭᠠᠨᠢᠭ᠎ᠢᠶᠠᠷ ᠤᠶᠠᠯᠳᠤᠭᠤᠯᠵᠦ᠂ ᠠᠯᠲᠠᠩᠬᠤ᠎ᠠ ᠴᠡᠴᠡᠭ ᠪᠣᠢᠵᠢᠭᠤᠯᠬᠤ ᠰᠠᠭᠤᠷᠢᠨ᠎ᠢ 635 ᠮᠦ᠍ ᠪᠠᠢᠭᠤᠯᠵᠤ᠂ ᠵᠢᠯ᠎ᠳᠦ ᠪᠠᠷᠤᠭ 9000 ᠲᠦᠮᠡᠨ ᠰᠠᠭᠤᠷᠢ ᠴᠢᠬᠢ ᠪᠣᠢᠵᠢᠭᠤᠯᠵᠤ᠂ ᠮᠦ᠍ ᠪᠦᠷᠢ᠎ᠶ᠋ᠢᠨ ᠠᠯᠲᠠᠩᠬᠤ᠎ᠠ ᠴᠡᠴᠡᠭ᠎ᠦᠨ ᠵᠢᠯ᠎ᠦᠨ ᠡᠭᠦᠳᠬᠦ᠌ ᠦᠢᠯᠡᠳᠬᠦᠨ᠎ᠦ ᠥᠷᠲᠡᠭ ᠨᠢ 4000 — 8000 ᠲᠥᠭᠥᠷᠢᠭ᠎ᠲᠦ ᠬᠦᠷᠪᠡ᠃

ᠪᠤᠷᠭᠠᠰᠤ ᠪᠣᠯ ᠡᠯᠡᠰᠦ᠎ᠶ᠋ᠢ ᠰᠡᠷᠭᠡᠢᠯᠡᠵᠦ᠍ ᠡᠯᠡᠰᠦ᠎ᠶ᠋ᠢ ᠵᠠᠰᠠᠬᠤ᠎ᠳᠤ ᠠᠰᠢᠭᠳᠠᠢ ᠮᠣᠳᠣᠨ᠎ᠤ ᠲᠥᠷᠥᠯ ᠪᠤᠯᠬᠤ ᠶᠤᠮ᠂ ᠪᠤᠷᠭᠠᠰᠤ ᠪᠤᠲᠠᠯᠠᠨ ᠤᠷᠭᠤᠳᠠᠭ ᠪᠤᠯᠬᠤᠷ ᠭᠣᠭᠣᠳ᠎ᠲᠠᠶ ᠠᠳᠠᠯᠢ ᠬᠠᠳᠤᠬᠤ ᠬᠡᠷᠡᠭᠲᠡᠢ᠂ ᠣᠷᠳᠣ ᠬᠤᠭᠤᠴᠠᠭ᠎ᠠ ᠬᠠᠳᠤᠬᠤ ᠦᠭᠡᠢ ᠪᠤᠯ ᠬᠤᠪᠠᠬᠠᠢᠷᠠᠭᠠᠳ ᠭᠡᠳᠡᠷᠬᠦ ᠪᠡᠨ ᠨᠤᠲᠤᠭ ᠪᠡᠯᠴᠢᠭᠡᠷ᠎ᠤᠨ ᠠᠮᠢ ᠠᠬᠤᠢ᠎ᠳᠤ ᠠᠰᠢᠭ ᠦᠭᠡᠢ ᠪᠠᠢᠳᠠᠭ᠃ ᠪᠤᠷᠭᠠᠰᠤ᠎ᠶ᠋ᠢ ᠬᠠᠳᠤᠬᠤ ᠨᠢ ᠪᠤᠷᠭᠠᠰᠤ᠎ᠶ᠋ᠢᠨ ᠬᠤᠪᠠᠬᠠᠢᠷᠠᠬᠤ ᠠᠰᠠᠭᠤᠳᠠᠯ᠎ᠢ ᠱᠢᠶ᠋ᠳᠪᠦᠷᠢᠯᠡᠭ᠌ᠰᠡᠨ᠎ᠢᠶᠡᠷ ᠪᠠᠷᠠᠬᠤ ᠥᠬᠡᠶ ᠪᠠᠰᠠ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠤᠨ ᠵᠠᠮ᠎ᠢ ᠦᠷᠭᠡᠳᠭᠡᠵᠦ᠂ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌ ᠬᠤᠤᠰ ᠨᠡᠮᠡᠭᠳᠡᠯ᠎ᠢ ᠪᠡᠶᠡᠯᠡᠭᠦᠯᠪᠡ᠃

《ᠪᠢᠳᠡ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠎ᠤ ᠬᠦᠷᠢᠶᠡᠯᠡᠩ᠎ᠯᠤᠭᠡ ᠬᠠᠮᠲᠤᠷᠠᠨ᠂ ᠲᠡᠵᠢᠭᠡᠯ ᠡᠪᠡᠰᠦ ᠪᠣᠷᠳᠣᠭ᠎ᠠ ᠵᠢ ᠨᠠᠷᠢᠯᠢᠭ ᠡᠳ᠋ᠱᠢᠭᠦᠯᠬᠦ᠌ ᠲᠥᠷᠥᠯ ᠵᠦᠶ᠋ᠯ᠎ᠢ ᠰᠤᠳᠤᠯᠤᠨ ᠨᠡᠭᠡᠭᠡᠵᠦ᠍᠂ ᠪᠣᠳᠠ ᠰᠥᠭᠡᠭ ᠮᠣᠳᠣᠨ᠎ᠤ ᠡᠬᠢ ᠪᠠᠶᠠᠯᠢᠭ᠎ᠢ ᠡᠷᠭᠢᠯᠳᠦᠭᠦᠯᠦᠨ ᠠᠱᠢᠭ᠍ᠯᠠᠬᠤ ᠬᠢᠭᠡᠳ ᠬᠤᠯᠠᠨ ᠱᠢᠷᠭ᠎ᠠ ᠲᠠᠭ᠎ᠠ᠎ᠶ᠋ᠢᠨ ᠣᠷᠣᠨ᠎ᠤ ᠪᠣᠬᠢᠷᠲᠤᠯ ᠥᠬᠡᠶ ᠠᠵᠤ ᠦᠶ᠋ᠯᠡᠰ᠎ᠦᠨ ᠬᠥᠭ᠌ᠵᠢᠯᠲᠡ᠎ᠶ᠋ᠢ ᠶᠡᠷᠦᠩᠬᠡᠢᠯᠡᠨ ᠵᠠᠰᠠᠬᠤ᠎ᠶ᠋ᠢ ᠠᠬᠢᠭᠤᠯᠵᠡᠢ》 ᠭᠡᠵᠦ᠍ ᠥᠪᠥᠷ ᠮᠣᠩᠭᠣᠯ᠎ᠤᠨ ᠯᠢᠶᠡᠨ ᠳ᠋ᠦᠩ ᠸᠸᠢ ᠯᠠᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᡁᠢ ᠬᠤᠸᠠ ᠬᠡᠯᠡᠪᠡ᠃

ᠲᠠᠨᠢᠯᠴᠠᠭᠤᠯᠤᠭ᠍ᠰᠠᠨ᠎ᠢᠶᠠᠷ᠂ ᠲᠣᠰ ᠠᠵᠤ ᠠᠬᠤᠢᠯᠠᠯ ᠢᠰᠭᠡᠬᠦ᠌᠂ ᠬᠥᠭᠡᠯᠭᠡᠬᠦ᠌᠂ ᠱᠢᠷᠬᠡᠭ ᠲᠠᠮᠤᠬᠤ ᠵᠡᠷᠭᠡ ᠠᠯᠢ ᠣᠯᠠᠨ ᠮᠡᠷᠭᠡᠵᠢᠯ᠎ᠢᠶᠡᠷ ᠬᠠᠲᠤᠭᠰᠠᠨ ᠪᠤᠳᠠ ᠮᠤᠳᠤ ᠵᠢ ᠮᠠᠯ ᠣᠨᠣᠭ᠎ᠠ᠎ᠳᠤ ᠳᠣᠭᠢᠷᠠᠬᠤ ᠰᠠᠢᠨ ᠲᠡᠵᠢᠭᠡᠯ ᠪᠣᠷᠳᠣᠭ᠎ᠠ ᠪᠣᠯᠭᠠᠵᠤ᠂ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠵᠢᠯ ᠎ᠤᠨ 10 ᠲᠦᠮᠡᠨ ᠲᠣᠨ᠎ᠤ 《ᠪᠣᠳᠠ ᠮᠣᠳᠣᠨ᠎ᠤ ᠬᠦᠭᠡᠯᠭᠡᠨ ᠢᠰᠭᠡᠭ᠌ᠰᠡᠨ ᠪᠣᠷᠳᠣᠭ᠎ᠠ》ᠵᠢᠨ ᠦᠶ᠋ᠯᠡᠳᠪᠦᠷᠢᠯᠡᠯ ᠎ᠦᠨ ᠱᠤᠭᠤᠮ᠎ᠢ ᠠᠰᠢᠬᠠᠯᠠᠯᠳᠠ᠎ᠳᠤ ᠤᠷᠤᠭᠤᠯᠵᠦ᠂ ᠪᠦᠲᠦᠭᠡᠭ᠌ᠳᠡᠬᠦᠨ᠎ᠢ ᠪᠥᠬᠥ᠌ ᠣᠷᠣᠨ᠎ᠤ ᠡᠯ᠎ᠡ ᠭᠠᠵᠠᠷ᠎ᠲᠤ ᠪᠣᠷᠣᠯᠠᠭᠤᠯᠵᠤ ᠪᠠᠢᠨ᠎ᠠ᠃ 2025 ᠣᠨ᠎ᠤ ᠳᠡᠭᠡᠷ᠎ᠡ ᠬᠠᠭᠠᠰ ᠵᠢᠯ᠎ᠳᠦ 255 ᠮᠠᠯᠴᠢᠨ ᠡᠷᠦᠬᠡ ᠵᠢᠨ ᠲᠤᠮᠳᠠᠴᠢ ᠤᠷᠤᠯᠭ᠎ᠠ᠎ᠶ᠋ᠢ 3.2 ᠲᠦᠮᠡᠨ ᠲᠥᠭᠥᠷᠢᠭ ᠨᠡᠮᠡᠭ᠌ᠳᠡᠭᠦᠯᠵᠠᠢ᠃

2023 ᠣᠨ᠎ᠤ 10 ᠰᠠᠷ᠎ᠠ᠎ᠳᠤ᠂ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠪᠠᠶᠠᠠᠠᠤᠳᠤ ᠮᠠᠯ ᠠᠵᠤ ᠠᠬᠤᠶ᠎ᠶ᠋ᠢᠨ ᠲᠤᠰᠭᠠᠶ ᠬᠣᠷᠱᠢᠶ᠎ᠠ ᠡᠵᠡᠡᠭᠨᠡᠯᠳᠡ ᠵᠢᠨ ᠬᠡᠯᠪᠡᠷᠢ ᠪᠡᠨ ᠵᠤᠷᠢᠭᠳᠠᠢ ᠦᠭᠡᠷᠡᠴᠢᠯᠡᠵᠦ᠂ ᠦᠭᠡᠷ ᠠᠷᠠᠴᠢᠯᠠᠨ ᠮᠠᠯᠵᠢᠵᠦ ᠪᠠᠢᠭᠰᠠᠨ ᠡᠴᠡ ᠪᠡᠨ ᠪᠤᠷᠭᠠᠰᠤ ᠡᠳ᠋ᠰᠢᠭᠦᠯᠬᠦ ᠪᠤᠯᠵᠦ᠂ ᠪᠤᠷᠭᠠᠰᠤ᠎ᠪᠡᠷ ᠡᠯᠡᠰᠦᠨ ᠬᠠᠯᠬᠠᠪᠴᠢ ᠦᠢᠯᠡᠳᠪᠦᠷᠢᠯᠡᠵᠦ᠂ 40 ᠭᠠᠷᠤᠢ ᠬᠥᠮᠦᠨ᠎ᠦ ᠣᠷᠣᠯᠭ᠎ᠠ᠎ᠶ᠋ᠢ ᠨᠡᠮᠡᠭ᠌ᠳᠡᠭᠦᠯᠪᠡ᠃

ᠬᠣᠷᠱᠢᠶ᠎ᠠ᠎ᠶ᠋ᠢᠨ ᠭᠡᠰᠢᠭᠦᠨ ᠯᠢ ᡁᠢ ᠭᠠᠩ᠎ᠤᠨ 2500 ᠮᠥ᠍ ᠪᠡᠯᠴᠢᠭᠡᠷ ᠨᠢ ᠰᠠᠯᠬᠢᠨ ᠬᠦᠴᠦᠨ᠎ᠦ ᠴᠠᠬᠢᠯᠭᠠᠨ᠎ᠪᠠ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠲᠥᠷᠥᠯ ᠵᠦᠶ᠋ᠯ᠎ᠦᠨ ᠲᠣᠭᠣᠷᠢᠭ᠎ᠲᠤ ᠪᠣᠶ᠃ 2024 ᠣᠨ᠎ᠳᠤ᠂ ᠲᠡᠷᠡ 40 ᠭᠠᠷᠤᠢ ᠦᠬᠡᠷ 20 ᠭᠠᠷᠤᠢ ᠬᠤᠨᠢ᠎ᠪᠠᠨ ᠬᠤᠳᠠᠯᠳᠤᠭᠠᠳ ᠬᠤᠷᠱᠢᠶᠠᠨ ᠎ᠳᠤ ᠠᠵᠢᠯᠯᠠᠵᠦ ᠡᠬᠢᠯᠡᠵᠡᠢ᠃ ᠪᠡᠯᠴᠢᠭᠡᠷ᠎ᠢ ᠨᠢ 5 ᠵᠢᠯ ᠬᠦᠷᠢᠶᠡᠯᠡᠨ ᠪᠢᠲᠡᠭᠦᠮᠵᠢᠯᠡᠵᠦ᠍᠂ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠣᠷᠣᠨ ᠪᠣᠯᠭᠠᠪᠠ᠃《ᠪᠡᠯᠴᠢᠭᠡᠷᠯᠡᠭᠦᠯᠬᠦ ᠶ᠋ᠢ ᠴᠠᠭᠠᠵᠠᠯᠠᠭ᠍ᠰᠠᠨ ᠨᠥᠬᠥᠪᠥᠷᠢ᠎ᠶ᠋ᠢ ᠨᠡᠮᠡᠪᠡᠯ ᠣᠲᠣ ᠮᠠᠨᠠᠢᠬᠢᠨ ᠎ᠤ ᠵᠢᠯ᠎ᠦᠨ ᠣᠷᠣᠯᠭ᠎ᠠ 10 ᠲᠦᠮᠡᠨ ᠲᠥᠭᠥᠷᠢᠭ ᠣᠷᠴᠢᠮ᠎ᠳᠤ ᠬᠦᠷᠦᠨ᠎ᠡ》 ᠭᠡᠵᠦ ᠯᠢ ᡁᠢ ᠭᠠᠩ ᠲᠠᠨᠢᠯᠴᠠᠭᠤᠯᠤᠯ᠎ᠠ᠃

ᠪᠣᠬᠢᠷᠲᠤᠯ ᠦᠭᠡᠢ ᠬᠥᠭ᠌ᠵᠢᠯᠲᠡ᠎ᠶ᠋ᠢᠨ ᠡᠭᠦᠷᠭᠡ ᠬᠦᠨᠳᠦ ᠵᠠᠮ ᠬᠤᠯᠠ ᠪᠠᠢᠭᠰᠠᠭᠠᠷ ᠁ ᠭᠡᠪᠡᠴᠦ ᠤᠷᠤᠰᠢᠨ ᠠᠮᠢᠳᠤᠷᠬᠤ ᠦᠯᠦᠭᠡᠢ ᠨᠤᠲᠤᠭ᠎ᠤᠨ ᠵᠢᠠᠨ ᠠᠮᠢ ᠠᠬᠤᠢ ᠵᠢ ᠰᠡᠷᠭᠦᠭᠡᠨ ᠬᠠᠮᠠᠭᠠᠯᠠᠬᠤ ᠡᠷᠴᠢ ᠵᠤᠷᠢᠭ ᠬᠢᠭᠡᠳ ᠤᠢᠯᠡ ᠠᠵᠢᠯᠯᠠᠭ᠎ᠠ ᠨᠢ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠠᠮᠢ ᠠᠬᠤᠢ᠎ᠶ᠋ᠢᠨ ᠲᠤᠮᠤ ᠬᠤᠪᠢᠷᠠᠯᠲᠠ ᠵᠢ ᠠᠪᠴᠢᠷᠠᠵᠦ᠂ ᠳᠤᠮᠳᠠᠳᠤ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠠᠮᠢᠳᠤᠯᠢᠭ ᠲᠠᠢᠯᠪᠤᠷᠢ ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号