ᠥᠪᠥᠷ ᠮᠣᠩᠭᠣᠯ 18 ᠳ᠋ᠦᠩᠱᠢᠭᠤᠷ ᠲᠦᠬᠦᠷᠢᠭ ᠡᠷᠡᠮᠡᠯᠵᠡᠨ ᠣᠯᠵᠤ 6 ᠬᠠᠶᠠᠭ᠍ᠳᠠᠮᠠᠯ ᠠᠭᠤᠷᠬᠠᠶ᠎ᠶ᠋ᠢ ᠵᠠᠰᠠᠨ ᠰᠡᠷᠬᠦᠬᠡᠵᠤ ᠪᠤᠢ
2025-12-15 11:17:55
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠦᠪᠤᠷ ᠮᠤᠨᠭᠭᠤᠯ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ 6 ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠵᠤ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠤᠯᠤᠰ᠎ᠤᠨ ᠳᠡᠮᠵᠢᠯᠭᠡ᠎ᠶ᠋ᠢᠨ ᠬᠡᠪᠴᠢᠶᠡᠨ᠎ᠳᠦ ᠣᠷᠣᠭᠤᠯᠬᠤ ᠪᠡᠷ ᠠᠮᠵᠢᠯᠳᠡ ᠲᠠᠢ ᠭᠤᠶᠤᠴᠢᠯᠡᠨ ᠮᠡᠳᠡᠬᠦᠯᠵᠤ᠂ ᠲᠥᠪ᠎ᠦᠨ ᠡᠳ᠋᠎ᠦᠨ ᠵᠠᠰᠠᠭ᠎ᠤᠨ ᠪᠠᠯᠠ ᠮᠥᠩᠭᠥ᠎ᠶ᠋ᠢ ᠨᠡᠢᠲᠡ 18 ᠳ᠋ᠦᠩᠱᠢᠭᠤᠷ ᠲᠥᠭᠥᠷᠢᠭ ᠡᠷᠡᠮᠡᠯᠵᠡᠨ ᠤᠯᠪᠠ᠃ ᠡᠳᠡᠬᠡᠷ 6 ᠵᠢᠱ᠌ᠢᠶ᠎ᠡ ᠦᠵᠡᠭᠦᠯᠬᠦ᠌ ᠢᠨᠵᠧᠨᠧᠷᠢᠩ ᠨᠢ ᠮᠠᠨ ᠤ᠋ ᠤᠷᠤᠨ ᠤ᠋ 6 ᠠᠢᠮᠠᠭ ᠬᠣᠲᠠ᠎ᠳᠤ ᠲᠠᠷᠬᠠᠵᠤ ᠪᠤᠶ᠃

ᠬᠠᠲᠤᠨ ᠭᠤᠤᠯ᠎ᠤᠨ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠣᠷᠣᠨ (ᠣᠷᠳᠣᠰ᠎ᠤᠨ ᠬᠡᠰᠡᠭ) ᠳ᠋ᠡᠬᠢ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠵᠤ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠦᠨ ᠶᠡᠷᠦᠩᠬᠡᠶ ᠪᠠᠯᠠ ᠣᠷᠣᠭᠤᠯᠤᠯᠲᠠ 6.07 ᠳ᠋ᠦᠩᠱᠢᠭᠤᠷ ᠲᠥᠭᠥᠷᠢᠭ᠎ᠲᠦ ᠬᠦᠷᠴᠦ᠍᠂ ᠣᠷᠣᠨ ᠪᠦᠰᠡ᠎ᠶ᠋ᠢᠨ ᠳᠣᠲᠣᠷᠠᠬᠢ ᠬᠠᠲᠤᠨ ᠭᠤᠤᠯ᠎ᠤᠨ ᠠᠮᠤᠷ ᠲᠦᠪᠱᠢᠨ᠎ᠢ ᠭᠤᠤᠯᠳᠠᠯᠭ᠎ᠠ᠎ᠲᠠᠶ ᠪᠠᠲᠤᠯᠠᠵᠤ᠂ ᠬᠠᠲᠤᠨ ᠭᠤᠤᠯ᠎ᠳᠤ ᠤᠷᠤᠰᠤᠨ ᠣᠷᠣᠬᠤ ᠡᠯᠡᠰᠦ ᠱᠢᠪᠠᠷ᠎ᠤᠨ ᠬᠡᠮᠵᠢᠶ᠎ᠡ᠎ᠶ᠋ᠢ ᠪᠠᠭᠠᠰᠭᠠᠨ᠂ ᠪᠡᠭᠡᠵᠢᠩ ᠲᠢᠶᠠᠨᠵᠢᠨ ᠾᠧᠪᠧᠶ᠎ᠶ᠋ᠢᠨ ᠰᠠᠯᠬᠢ᠎ᠶ᠋ᠢ ᠰᠡᠷᠭᠡᠢᠯᠡᠵᠦ᠍ ᠡᠯᠡᠰᠦ᠎ᠶ᠋ᠢ ᠲᠣᠭ᠍ᠲᠠᠪᠤᠷᠢᠵᠢᠭᠤᠯᠬᠤ ᠬᠠᠯᠬᠠᠪᠴᠢ᠎ᠶ᠋ᠢ ᠪᠡᠬᠢᠵᠢᠬᠦᠯᠦᠨ᠂ ᠠᠭᠤᠷᠬᠠᠶ᠎ᠶ᠋ᠢᠨ ᠣᠷᠣᠨ᠎ᠤ ᠴᠥᠯᠯᠡᠷᠬᠡᠭ᠌ᠵᠢᠯ᠎ᠢ ᠰᠡᠷᠭᠡᠢᠯᠡᠨ ᠵᠠᠰᠠᠬᠤ ᠥᠯᠢᠭᠡᠷ ᠵᠢᠱ᠌ᠢᠶ᠎ᠡ᠎ᠵᠢ ᠪᠣᠶ ᠪᠣᠯᠭᠠᠬᠤ᠎ᠪᠠᠷ ᠵᠣᠷᠢᠯᠭ᠎ᠠ᠎ᠪᠠᠨ ᠪᠣᠯᠭᠠᠪᠠ᠃

ᠤᠮᠠᠷᠠᠲᠤ ᠢ᠋ᠢᠨ ᠡᠯᠡᠰᠦᠷᠬᠡᠭ᠌ᠵᠢᠯ᠎ᠢ᠋ ᠰᠡᠷᠭᠡᠢᠯᠡᠬᠦ᠌ ᠪᠦᠰᠡ — ᠬᠠᠲᠤᠨ ᠭᠣᠣᠯ᠎ᠤᠨ ᠭᠣᠣᠯᠳᠠᠯᠭ᠎ᠠ᠎ᠲᠠᠶ ᠠᠮᠢ ᠠᠬᠤᠶ᠎ᠶ᠋ᠢᠨ ᠣᠷᠣᠨ (ᠬᠥᠬᠡᠬᠣᠲᠠ) ᠳ᠋ᠡᠬᠢ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠵᠤ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠦᠨ ᠶᠡᠷᠦᠩᠬᠡᠶ ᠪᠡᠯᠡ ᠣᠷᠣᠭᠤᠯᠤᠯᠲᠠ 5.54 ᠳ᠋ᠦᠩᠱᠢᠭᠤᠷ ᠲᠥᠭᠥᠷᠢᠭ ᠲᠦ᠍ ᠬᠦᠷᠴᠤ᠂ ᠭᠠᠵᠠᠷ ᠱᠢᠷᠣᠶ ᠡᠯᠡᠰᠦᠷᠬᠡᠭ᠌ᠵᠢᠬᠦ᠌᠂ ᠨᠤᠲᠤᠭ ᠪᠡᠯᠴᠢᠭᠡᠷ ᠮᠠᠭᠤᠳᠠᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠡᠪᠳᠡᠭ᠌ᠳᠡᠬᠦ᠌ ᠵᠡᠷᠭᠡ ᠠᠰᠠᠭᠤᠳᠠᠯ᠎ᠢ ᠭᠣᠣᠯᠳᠠᠯᠭ᠎ᠠ᠎ᠲᠠᠶ ᠱᠢᠶ᠋ᠳᠪᠦᠷᠢᠯᠡᠵᠦ᠍᠂ ᠦᠵᠡᠰᠭᠦᠯᠡᠩᠲᠦ ᠰᠠᠢᠬᠠᠨ ᠬᠥᠬᠡᠬᠣᠲᠠ᠂ ᠲᠠᠯ᠎ᠠ ᠨᠤᠲᠤᠭ᠎ᠤᠨ ᠬᠣᠲᠠ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠠᠢᠭᠤᠯᠬᠤ᠎ᠳᠤ ᠬᠦᠴᠦᠨ ᠨᠡᠮᠡᠷᠢᠯᠡᠬᠦ ᠪᠤᠯᠤᠨ᠎ᠡ᠃

ᠤᠮᠠᠷᠠᠲᠤ ᠢ᠋ᠢᠨ ᠡᠯᠡᠰᠦᠷᠬᠡᠭ᠌ᠵᠢᠯ ᠢ᠋ ᠰᠡᠷᠭᠡᠢᠯᠡᠬᠦ᠌ ᠪᠦᠰᠡ (ᠪᠠᠶᠠᠨᠨᠠᠭᠤᠷ ᠬᠣᠲᠠ) ᠳ᠋ᠡᠬᠢ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠵᠤ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠳ᠋ᠤ᠌ 5.42 ᠳ᠋ᠦᠩᠱᠢᠭᠤᠷ ᠲᠥᠭᠥᠷᠢᠭ ᠤ᠋ᠨ ᠪᠡᠯᠡ ᠤᠷᠤᠭᠤᠯᠵᠤ᠂ ᠤᠮᠠᠷᠠᠲᠤ ᠢ᠋ᠢᠨ ᠡᠯᠡᠰᠦᠷᠬᠡᠭ᠌ᠵᠢᠯ ᠢ᠋ ᠰᠡᠷᠭᠡᠢᠯᠡᠬᠦ᠌ ᠪᠦᠰᠡ᠎ᠶ᠋ᠢᠨ 《ᠪᠠᠶᠠᠨᠨᠠᠭᠤᠷ᠎ᠤᠨ ᠰᠡᠷᠭᠡᠢᠯᠡᠯᠲᠡ᠎ᠶ᠋ᠢᠨ ᠱᠤᠭᠤᠮ》᠎ᠢ᠋ ᠪᠠᠳᠤ ᠪᠠᠢᠭᠤᠯᠵᠤ᠂ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ᠎ᠤ ᠠᠮᠢ ᠠᠬᠤᠶ᠎ᠶ᠋ᠢᠨ ᠠᠮᠤᠷ ᠲᠦᠪᠱᠢᠨ᠎ᠢ ᠪᠠᠳᠤᠯᠠᠬᠤ ᠪᠡᠷ ᠵᠤᠷᠢᠯᠭ᠎ᠠ ᠪᠡᠨ ᠪᠤᠯᠭᠠᠵᠡᠢ᠃

ᠤᠮᠠᠷᠠᠲᠤ ᠢ᠋ᠢᠨ ᠡᠯᠡᠰᠦᠷᠭᠡᠭᠵᠢᠯ ᠢ᠋ ᠰᠡᠷᠭᠡᠢᠯᠡᠬᠦ᠌ ᠪᠦᠰᠡ (ᠤᠯᠠᠭᠠᠨᠴᠠᠪ ᠬᠣᠲᠠ) ᠳ᠋ᠡᠬᠢ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠵᠤ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠳᠦ ᠨᠡᠢᠲᠡ 5.52 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠣᠷᠣᠨ ᠪᠦᠰᠡ᠎ᠶ᠋ᠢᠨ ᠳᠣᠲᠣᠷᠠᠬᠢ ᠭᠠᠵᠠᠷ᠎ᠤᠨ ᠭᠠᠳᠠᠷᠭᠤ᠂ ᠤᠷᠭᠤᠮᠠᠯ᠎ᠤᠨ ᠬᠤᠴᠢᠯᠭ᠎ᠠ ᠢ᠋ᠢᠨ ᠡᠪᠳᠡᠭᠳᠡᠯ ᠵᠡᠷᠭᠡ ᠠᠮᠢ ᠠᠬᠤᠢ ᠤᠷᠴᠢᠨ ᠲᠤᠭᠤᠷᠢᠨ ᠤ᠋ ᠠᠰᠠᠭᠤᠳᠡᠯ ᠢ᠋ ᠵᠠᠰᠠᠨ ᠰᠡᠷᠬᠦᠬᠡᠬᠦ ᠪᠤᠯᠤᠨ᠎ᠡ᠃

ᠤᠮᠠᠷᠠᠳᠤ᠎ᠶ᠋ᠢᠨ ᠡᠯᠡᠰᠦᠷᠭᠡᠭᠵᠢᠯ ᠢ᠋ ᠰᠡᠷᠭᠡᠢᠯᠡᠬᠦ᠌ ᠪᠦᠰᠡ᠎ᠶ᠋ᠢᠨ ᠭᠣᠣᠯᠳᠠᠯᠭ᠎ᠠ᠎ᠲᠠᠶ ᠠᠮᠢ ᠠᠬᠤᠢ᠎ᠶ᠋ᠢᠨ ᠪᠣᠭᠣᠮᠲᠠ ᠱᠢᠪᠲᠤᠯᠬᠤ ᠣᠷᠣᠨ (ᠪᠤᠭᠤᠲᠤ ᠬᠤᠳᠠ) ᠳ᠋ᠡᠬᠢ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠢ᠎ᠶ᠋ᠢᠨ ᠠᠮᠢ ᠠᠬᠤᠢ᠎ᠶ᠋ᠢ ᠵᠠᠰᠠᠨ ᠰᠡᠷᠬᠦᠬᠡᠵᠤ ᠵᠢᠱ᠌ᠢᠢ᠎ᠡ ᠦᠵᠡᠭᠦᠯᠬᠦ᠌ ᠢᠨᠵᠧᠨᠧᠷᠢᠩ᠎ᠦᠨ ᠶᠡᠷᠦᠩᠬᠡᠢ ᠪᠡᠯᠡ ᠣᠷᠣᠭᠤᠯᠤᠯᠲᠠ 5.54 ᠳ᠋ᠦᠩᠱᠢᠭᠤᠷ ᠲᠥᠭᠥᠷᠢᠭ᠎ᠲᠦ ᠬᠦᠷᠴᠦ᠍᠂ ᠰᠠᠯᠬᠢ᠎ᠶ᠋ᠢ ᠬᠠᠯᠬᠠᠯᠠᠨ ᠡᠯᠡᠰᠦ᠎ᠶ᠋ᠢ ᠲᠣᠭ᠍ᠲᠠᠪᠤᠷᠢᠵᠢᠭᠤᠯᠬᠤ᠂ ᠬᠦᠷᠦᠰᠦ ᠱᠢᠷᠣᠢ᠎ᠢ᠋ᠢᠨ ᠢᠳᠡᠭᠳᠡᠯ ᠢ᠋ ᠵᠠᠰᠠᠬᠤ᠂ ᠤᠰᠤᠨ ᠰᠤᠷᠪᠤᠯᠵᠢ᠎ᠢ᠋ᠢᠨ ᠬᠤᠷᠠᠭᠤᠯᠤᠨ ᠬᠠᠳᠠᠭᠠᠯᠠᠬᠤ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠬᠦ ᠪᠤᠯᠤᠨ᠎ᠡ᠃

ᠤᠮᠠᠷᠠᠲᠤ ᠢ᠋ᠢᠨ ᠡᠯᠡᠰᠦᠷᠭᠡᠭᠵᠢᠯ ᠢ᠋ ᠰᠡᠷᠭᠡᠢᠯᠡᠬᠦ᠌ ᠪᠦᠰᠡ — ᠬᠠᠲᠤᠨ ᠭᠣᠣᠯ᠎ᠤᠨ ᠭᠣᠣᠯᠳᠠᠯᠭ᠎ᠠ᠎ᠲᠠᠶ ᠠᠮᠢ ᠠᠬᠤᠶ᠎ᠶ᠋ᠢᠨ ᠣᠷᠣᠨ (ᠠᠯᠠᠱᠠ ᠵᠡᠭᠦᠨ ᠬᠣᠱᠢᠭᠤ) ᠳ᠋ᠡᠬᠢ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠬᠦᠬᠡᠵᠤ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠦᠨ ᠶᠡᠷᠦᠩᠬᠡᠶ ᠪᠡᠯᠡ ᠣᠷᠣᠭᠤᠯᠤᠯᠲᠠ 5.19 ᠳ᠋ᠦᠩᠱᠢᠭᠤᠷ ᠲᠥᠭᠥᠷᠢᠭ ᠲᠦ᠍ ᠬᠦᠷᠴᠤ᠂ ᠡᠯᠡᠰᠦ ᠮᠠᠩᠬ᠎ᠠ ᠢ᠋ᠢᠨ ᠵᠡᠭᠦᠨᠰᠢ ᠲᠦᠷᠢᠬᠦ᠌᠎ᠶ᠋ᠢ ᠪᠦᠲᠦᠮᠵᠢᠲᠡᠶ ᠬᠣᠷᠢᠭ᠍ᠯᠠᠵᠤ᠂ ᠬᠠᠲᠤᠨ ᠭᠣᠣᠯ᠎ᠤᠨ ᠤᠰᠤᠨ ᠰᠤᠷᠪᠤᠯᠵᠢ᠎ᠶ᠋ᠢᠨ ᠬᠠᠩᠭᠠᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠵᠦ᠍᠂ ᠠᠯᠠᠱᠠ᠎ᠠᠭᠤᠯᠠ ᠢ᠋ᠢᠨ ᠪᠠᠷᠠᠭᠤᠨ ᠬᠣᠷᠮᠣᠶ᠎ᠶ᠋ᠢᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠱᠢᠰᠲᠧᠮ᠎ᠢ᠋ ᠲᠡᠭᠦᠯᠳᠡᠷᠵᠢᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号