ᠥᠪᠥᠷ ᠮᠣᠩᠭᠣᠯ ᠤ᠋ᠨ 2 ᠬᠦᠷᠡᠩ ᠴᠠᠷᠭᠠᠰᠤ ᠵᠢᠨ ᠱᠢᠨ᠎ᠡ ᠡᠭᠦᠯᠳᠡᠷ ᠤᠯᠤᠰ ᠤ᠋ᠨ ᠡᠪᠡᠰᠦᠨ ᠤ᠋ ᠡᠭᠦᠯᠳᠡᠷ ᠤ᠋ᠨ ᠬᠢᠨᠠᠨ ᠲᠣᠭ᠍ᠲᠠᠭᠠᠯᠲᠠ᠎ᠳᠤ ᠬᠢᠷᠢ ᠲᠡᠩᠴᠡᠵᠡᠢ
2025-12-15 11:32:20
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠡᠪᠡᠰᠦᠨ ᠤ᠋ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠡᠴᠡ ᠣᠯᠠᠨ ᠨᠢᠭᠡᠴᠢ᠎ᠲᠡᠶ  ᠬᠠᠮᠲᠤᠷᠠᠨ  ᠪᠣᠢᠵᠢᠭᠤᠯᠤᠭ᠍ᠰᠠᠨ 《WL349HQ》 《ᠨᠢᠩ ᠨᠦᠩ 1 ᠳ᠋ᠤᠭᠡᠷ ᠨᠤᠮᠸᠷᠲᠤ》  2 ᠬᠦᠷᠡᠩ ᠴᠠᠷᠭᠠᠰᠤ ᠵᠢᠨ ᠱᠢᠨ᠎ᠡ ᠡᠭᠦᠯᠳᠡᠷ᠎ᠲᠦᠷᠦᠭᠦᠬᠡᠨ ᠤᠯᠤᠰ ᠤ᠋ᠨ ᠡᠪᠡᠰᠦᠨ ᠤ᠋ ᠡᠭᠦᠯᠳᠡᠷ ᠤ᠋ᠨ ᠬᠢᠨᠠᠨ ᠲᠣᠭ᠍ᠲᠠᠭᠠᠯᠲᠠ᠎ᠳᠤ ᠬᠢᠷᠢ ᠲᠡᠩᠴᠡᠪᠡ᠃ ᠡᠨᠡ᠎ᠨᠢ ᠡᠪᠡᠰᠦᠨ ᠤ᠋ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ  ᠡᠪᠡᠰᠦᠨ ᠦᠷ᠎ᠡ  ᠪᠣᠢᠵᠢᠭᠤᠯᠬᠤ ᠬᠦᠷᠢᠶᠡᠨ ᠳ᠋ᠤ ᠱᠢᠨ᠎ᠡ ᠱᠢᠪᠲᠤᠯᠤᠯᠲᠠ᠎ᠲᠠᠶ ᠪᠣᠯᠤᠭ᠍ᠰᠠᠨ ᠢ᠋ ᠬᠠᠷᠠᠭᠤᠯᠵᠤ ᠪᠠᠢᠨ᠎ᠠ᠃

2023 ᠣᠨ ᠳ᠋ᠤ ᠡᠪᠡᠰᠦᠨ ᠤ᠋ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠬᠦᠷᠡᠩ ᠴᠠᠷᠭᠠᠰᠤ ᠵᠢᠨ ᠡᠪᠡᠳᠴᠢᠨ ᠡᠰᠡᠷᠭᠦᠴᠡᠬᠦ᠌ ᠴᠢᠨᠠᠷ ᠪᠠᠭᠤᠷᠠᠶ᠂ ᠥᠨᠳᠥᠷ  ᠤᠨᠠᠯᠲᠠ ᠵᠢᠨ ᠳᠠᠭᠠᠭᠠᠮᠠᠭᠠᠶ ᠴᠢᠨᠠᠷ ᠠᠨᠠᠶ᠂ ᠦᠷ᠎ᠡ ᠵᠢᠨ ᠤᠨᠠᠯᠲᠠ ᠲᠣᠭ᠍ᠲᠠᠭᠤᠨ ᠪᠤᠰᠤ ᠵᠡᠷᠭᠡ ᠪᠣᠭᠣᠮᠢ ᠵᠢᠨ ᠠᠰᠠᠭᠤᠳᠠᠯ ᠳ᠋ᠤ ᠴᠢᠭ᠌ᠯᠡᠭᠦᠯᠦᠨ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠵᠡᠷᠭᠡ ᠡᠪᠡᠰᠦᠨ ᠳ᠋ᠤ ᠬᠣᠯᠪᠣᠭ᠍ᠳᠠᠬᠤ ᠣᠯᠠᠨ ᠳᠠᠪᠠᠭᠤᠯᠢᠭ ᠨᠢᠭᠡᠴᠢ᠎ᠲᠡᠶ ᠬᠠᠮᠲᠤᠷᠠᠨ᠂ 《ᠡᠭᠦᠯᠳᠡᠷ ᠢ᠋  ᠰᠣᠩᠭᠣᠨ  ᠪᠣᠢᠵᠢᠭᠤᠯᠬᠤ — ᠮᠡᠷᠭᠡᠵᠢᠯ ᠢ᠋ ᠰᠤᠳᠤᠯᠤᠨ ᠨᠡᠭᠡᠭᠡᠬᠦ᠌ — ᠵᠢᠱ᠌ᠢᠶ᠎ᠡ  ᠦᠵᠡᠭᠦᠯᠬᠦ᠌》 ᠲᠠᠰ ᠳᠠᠪᠬᠤᠷᠭ᠎ᠠ ᠶᠣᠰᠣᠭᠠᠷ ᠰᠤᠳᠤᠯᠭᠠᠨ ᠥᠷᠨᠢᠭᠦᠯᠵᠦ᠍᠂ ᠬᠦᠶ᠋ᠲᠡᠨ ᠳ᠋ᠤ ᠳᠠᠭᠠᠭᠠᠴᠠᠲᠠᠢ᠂ ᠭᠠᠩ ᠬᠠᠭ᠍ᠰᠠᠷᠠᠭᠠᠨ ᠢ᠋ ᠡᠰᠡᠷᠭᠦᠴᠡᠬᠦ᠌᠂ ᠬᠤᠵᠢᠷ ᠲᠤ᠌ ᠲᠡᠰᠪᠦᠷᠢᠲᠡᠶ ᠪᠠ ᠤᠨᠠᠯᠲᠠ ᠥᠨᠳᠥᠷ ᠵᠡᠷᠭᠡ ᠴᠠᠷᠭᠠᠰᠤ ᠵᠢᠨ ᠥᠨᠳᠥᠷ ᠦᠷ᠎ᠡ ᠪᠦᠲᠦᠮᠵᠢᠲᠠᠢ ᠦᠷ᠎ᠡ ᠪᠣᠢᠵᠢᠭᠤᠯᠬᠤ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠶ᠋ᠢ ᠲᠦᠷᠭᠡᠳᠭᠡᠨ ᠱᠢᠪᠲᠤᠯᠪᠠ᠃

《 WL349HQ 》 ᠬᠦᠷᠡᠩ ᠴᠠᠷᠭᠠᠰᠤ᠎ᠨᠢ ᠡᠪᠡᠳᠴᠢᠨ ᠡᠰᠡᠷᠭᠦᠴᠡᠬᠦ᠌  ᠴᠢᠨᠠᠷ ᠵᠢᠡᠷ᠎ᠨᠠᠩ ᠴᠢᠩᠭ᠎ᠠ᠂ ᠡᠪᠡᠰᠦᠨ ᠤ᠋ ᠤᠨᠠᠯᠲᠠ 31% ᠪᠡᠷ ᠳᠡᠭᠡᠭ᠌ᠰᠢᠯᠡᠵᠦ᠍᠂ ᠦᠷᠭᠦᠯᠵᠢᠯᠡᠨ ᠤᠷᠭᠤᠬᠤ ᠴᠠᠭ ᠬᠤᠭᠤᠴᠠᠭ᠎ᠠ᠎ᠶ᠋ᠢ 40% ᠪᠡᠷ ᠤᠷᠲᠤᠳᠬᠠᠭᠰᠠᠨ ᠢᠯᠡᠳᠲᠡ ᠳᠠᠪᠠᠭᠤᠯᠢᠭ᠎ᠲᠠᠶ᠃ ᠣᠳᠣᠬᠠᠨ ᠳ᠋ᠤ ᠲᠤᠰ ᠡᠭᠦᠯᠳᠡᠷ ᠢ᠋ ᠨᠢᠭᠡᠨᠲᠡ ᠪᠦᠬᠦ᠌ ᠤᠯᠤᠰ ᠲᠤ᠌ ᠶᠡᠬᠡ ᠬᠡᠪᠴᠢᠶ᠎ᠡ᠎ᠪᠡᠷ ᠳᠡᠯᠭᠡᠷᠡᠭᠦᠯᠦᠨ ᠲᠠᠷᠢᠵᠤ ᠪᠠᠢᠨ᠎ᠠ᠃ 《ᠨᠢᠩ ᠨᠦᠩ 1 ᠳ᠋ᠤᠭᠡᠷ ᠨᠤᠮᠸᠷᠲᠤ》ᠬᠦᠷᠡᠩ ᠴᠠᠷᠭᠠᠰᠤ ᠵᠢᠨ ᠱᠢᠨ᠎ᠡ ᠡᠭᠦᠯᠳᠡᠷ ᠢ᠋ ᠣᠯᠠᠨ ᠵᠢᠯ ᠱᠢᠰᠲ᠋ᠧᠮ᠎ᠲᠡᠶ ᠰᠣᠩᠭᠣᠨ ᠪᠣᠢᠵᠢᠭᠤᠯᠤᠭ᠍ᠰᠠᠨ ᠵᠢᠡᠷ ᠭᠠᠷᠤᠯᠲᠠ ᠥᠨᠳᠥᠷ᠂ ᠭᠠᠩ ᠢ᠋ ᠡᠰᠡᠷᠭᠦᠴᠡᠬᠦ᠌ ᠴᠢᠳᠠᠪᠤᠷᠢ ᠪᠡᠷ ᠴᠢᠩᠭ᠎ᠠ᠂ ᠱᠢᠮ᠎ᠡ ᠲᠡᠵᠢᠭᠡᠯ ᠡᠯᠪᠡᠭ ᠵᠡᠷᠭᠡ ᠳᠠᠪᠠᠭᠤᠯᠢᠭ ᠣᠨᠴᠠᠯᠢᠭ ᠢ᠋ ᠪᠦᠷᠢᠯᠳᠦᠭᠦᠯᠵᠦ᠍᠂ ᠢᠯᠠᠩᠭᠤᠶ᠎ᠠ ᠪᠠᠷᠠᠭᠤᠨ ᠬᠣᠢᠲᠤ ᠣᠷᠣᠨ᠂ ᠤᠮᠠᠷᠠᠲᠤ ᠣᠷᠣᠨ ᠵᠡᠷᠭᠡ ᠭᠠᠩ ᠬᠠᠭᠤᠷᠠᠶ᠂ ᠬᠠᠭᠠᠰ ᠭᠠᠩ ᠬᠠᠭᠤᠷᠠᠶ ᠭᠠᠵᠠᠷ ᠣᠷᠣᠨ ᠳ᠋ᠤ ᠳᠡᠯᠭᠡᠷᠡᠭᠦᠯᠦᠨ ᠳᠠᠷᠢᠬᠤ ᠳ᠋ᠤ ᠮᠠᠰᠢ ᠲᠤᠬᠢᠷᠠᠮᠵᠢᠲᠠᠢ ᠪᠠᠢᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号