ᠤᠡᠭᠰᠢᠯᠭᠠᠵᠢᠨ ᠬᠦᠳᠤᠯᠤᠮᠵᠢ
ᠦᠪᠦᠷ ᠮᠤᠩᠭᠤᠯ ᠳᠠᠭ᠎ᠠ ᠵᠢᠨ ᠨᠠᠭᠤᠷ ᠤ᠋ᠨ ᠤᠰᠤᠨ ᠰᠤᠷᠪᠤᠯᠵᠢ ᠵᠢ ᠬᠠᠮᠠᠭᠠᠯᠠᠬᠤ᠂ ᠤᠰᠤᠨ ᠤ᠋ ᠣᠷᠴᠢᠨ ᠲᠣᠭᠣᠷᠢᠨ ᠢ᠋ ᠵᠠᠰᠠᠬᠤ᠂ ᠤᠰᠤᠨ ᠤ᠋ ᠠᠮᠢ ᠠᠬᠤᠢ ᠵᠢ ᠰᠡᠷᠭᠦᠭᠡᠬᠦ᠌ ᠠᠵᠢᠯ ᠢ᠋ ᠨᠢᠭᠡᠳᠦᠯᠳᠠᠢ ᠲᠦᠯᠦᠪᠵᠢᠭᠦᠯᠦᠨ ᠶᠡᠷᠦᠩᠬᠡᠢᠯᠡᠨ ᠵᠠᠰᠠᠵᠤ᠂ ᠨᠠᠭᠤᠷ ᠤ᠋ᠨ ᠤᠰᠤᠨ ᠭᠠᠳᠠᠷᠭᠤ ᠵᠢᠨ ᠳᠠᠯᠠᠪᠠᠢ ᠵᠢ ᠵᠦᠢ ᠵᠤᠬᠢᠰᠳᠠᠢ ᠤᠷᠤᠨ ᠵᠠᠢ ᠳ᠋ᠤ ᠳᠤᠭᠳᠠᠪᠤᠷᠢᠵᠢᠭᠤᠯᠤᠨ ᠂ ᠠᠮᠢ ᠠᠬᠤᠢ ᠤᠷᠴᠢᠨ ᠳᠤᠭᠤᠷᠢᠨ ᠢ᠋ ᠦᠷᠭᠦᠯᠵᠢᠯᠡᠨ ᠰᠠᠢᠵᠢᠷᠠᠭᠤᠯᠵᠤ᠂ ᠠᠮᠢᠳᠤ ᠪᠤᠳᠠᠰ ᠤ᠋ᠨ ᠤᠯᠠᠨ ᠶᠠᠩᠵᠤᠳᠤ ᠴᠢᠨᠠᠷ ᠢ᠋ ᠯᠠᠪᠳᠠᠭᠤᠨ ᠵᠢᠡᠷ ᠳᠡᠭᠡᠭᠰᠢᠯᠡᠭᠦᠯᠬᠦ ᠵᠢ ᠠᠬᠢᠭᠤᠯᠤᠨ᠂ ᠳᠠᠭ᠎ᠠ ᠵᠢᠨ ᠨᠠᠭᠤᠷᠤᠨ ᠠᠮᠢ ᠠᠬᠤᠢᠵᠢ ᠰᠠᠢᠵᠢᠷᠠᠭᠤᠯᠵᠤ᠂ ᠮᠠᠨ ᠤ᠋ ᠤᠯᠤᠰ ᠤ᠋ᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠳᠤ ᠴᠤᠭᠴᠠᠯᠠᠬᠤ ᠳ᠋ᠤ ᠬᠦᠴᠤᠨ ᠨᠡᠮᠡᠷᠢᠯᠡᠨ᠎ᠠ᠃

ᠦᠪᠤᠷ ᠮᠤᠡᠭᠭᠤᠯ 10 ᠵᠢᠯ ᠤ᠋ᠨ ᠶᠡᠷᠦᠩᠬᠡᠢᠯᠡᠭᠰᠡᠨ ᠵᠠᠰᠠᠯᠳᠠ ᠪᠡᠷ ᠳᠠᠮᠵᠢᠨ ᠲᠠᠭᠠᠵᠢᠨ ᠨᠠᠭᠤᠷᠤᠨ ᠠᠮᠢ ᠠᠬᠤᠶ ᠣᠷᠴᠢᠨ ᠲᠣᠭᠣᠷᠢᠨ ᠢ᠋ ᠢᠯᠡᠳᠲᠡ ᠰᠠᠢᠵᠢᠷᠠᠭᠤᠯᠪᠠ᠃ ᠤᠳᠤ ᠨᠠᠭᠤᠷᠤᠨ ᠤᠰᠤᠨᠳᠤ ᠵᠢᠭᠠᠰᠤ ᠵᠢᠷᠠᠭᠠᠬᠠᠢ ᠢᠷᠠᠯᠵᠠᠨ᠂ ᠨᠠᠭᠤᠷ ᠲᠠᠭᠠᠤᠵᠢᠨ ᠦᠡᠭᠭᠡ ᠦᠵᠡᠮᠵᠢ ᠭᠤᠶᠤᠵᠢᠨ᠂ ᠠᠮᠢᠯᠠᠯᠤᠨ ᠨᠤᠮᠢᠨ ᠲᠤᠯᠬᠢᠶ᠎ᠠ ᠮᠢᠷᠠᠯᠵᠠᠭᠤᠯᠤᠨ ᠪᠠᠢᠭᠠᠯᠢ ᠲᠡᠯᠡᠭᠡᠢ ᠬᠦᠮᠤᠨ ᠠᠷᠠᠳ ᠲᠠᠭᠠᠨ ᠪᠤᠶᠠᠨ ᠭᠡᠰᠢᠭᠵᠢᠡᠨ ᠲᠦᠭᠡᠭᠡᠨ᠎ᠠ᠃
《2023 ᠣᠨ ᠡᠴᠡ ᠡᠬᠢᠯᠡᠨ᠂ ᠨᠠᠭᠤᠷ ᠲᠦ᠍ ᠵᠠᠯᠭᠠᠭ᠎ᠠ ᠪᠠᠷ ᠳᠤᠮᠳᠠᠳᠤ ᠵᠢᠨ ᠳᠡᠪᠵᠡ ᠵᠢᠭᠠᠰᠤ ᠂ ᠯᠠᠬ᠎ᠠ ᠠᠮᠤᠷᠯᠢᠭ ᠵᠢᠷᠠᠭᠠᠬᠠᠢ ᠂ ᠬᠡᠯᠲᠡᠭᠡ ᠵᠡᠷᠭᠡ ᠵᠢᠭᠠᠰᠤᠨ ᠤ᠋ ᠲᠥᠷᠥᠯ ᠢᠯᠡᠷᠡᠭᠰᠡᠨ ᠢ᠋ ᠬᠠᠢᠨ ᠲᠤᠳᠤᠯᠠᠵᠤ᠂ ᠢᠯᠠᠩᠭᠤᠶ᠎ᠠ ᠡᠨᠡ ᠵᠢᠯ ᠤ᠋ᠨ ᠵᠣᠨ ᠤ᠋ ᠤᠯᠠᠷᠢᠯ ᠳ᠋ᠤ ᠵᠢᠭᠠᠰᠤᠨ ᠤ᠋ ᠲᠥᠷᠥᠯ ᠪᠠ ᠲᠣᠭ᠎ᠠ ᠬᠡᠮᠵᠢᠶ᠎ᠡ ᠨᠠᠩ ᠣᠯᠠᠰᠢᠷᠠᠵᠠᠢ》 ᠭᠡᠵᠦ᠍ ᠲᠠᠭ᠎ᠠ ᠵᠢᠨ ᠨᠠᠭᠤᠷ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠦᠶ᠋ᠯᠡᠴᠢᠯᠡᠭᠡᠨ ᠤ᠋ ᠲᠥᠪ ᠤ᠋ᠨ ᠡᠷᠬᠢᠯᠡᠭ᠌ᠴᠢ ᠳ᠋ᠦ᠋ ᠬᠠᠶ ᠵᠢᠶᠦ᠋ᠨ ᠳᠠᠨᠢᠯᠴᠠᠭᠤᠯᠤᠯ᠎ᠠ᠃
ᠲᠠᠭ᠎ᠠ ᠵᠢᠨ ᠨᠠᠭᠤᠷ ᠤ᠋ᠨ ᠬᠥᠪᠡᠭᠡᠨ ᠳ᠋ᠡᠬᠢ ᠵᠢᠭᠠᠰᠤᠨ ᠤ᠋ ᠲᠦᠷᠦᠯ ᠢ᠋ ᠬᠢᠨᠠᠨ ᠬᠡᠮᠵᠢᠬᠦ᠌ ᠴᠡᠭ ᠲᠦ᠍᠂ 《ᠬᠠᠷᠠᠭᠠᠴᠢ ᠳ᠋ᠠ᠂ ᠵᠠᠷᠢᠮ ᠬᠡᠯᠲᠡᠭᠡ ᠵᠢᠭᠠᠰᠤ ᠮᠠᠰᠢ ᠪᠦᠳᠦᠭᠦᠨ ᠪᠤᠯᠤᠭᠰᠠᠨ ᠰᠢᠦ︾ᠭᠡᠵᠤ ᠲᠠᠭ᠎ᠠ ᠵᠢᠨ ᠨᠠᠭᠤᠷ ᠪᠠᠯᠭᠠᠰᠤᠨ ᠤ᠋ ᠹᠦ᠋ ᠵᠢᠶᠠ ᠼᠦᠨ ᠲᠣᠰᠭᠣᠨ ᠤ᠋ ᠠᠷᠠᠳ ᠬᠤ᠌ ᠳ᠋ᠧᠩ ᠢᠦᠢ ᠰᠤᠷᠪᠤᠯᠵᠢᠯᠠᠭ᠍ᠴᠢ ᠳ᠋ᠤ ᠪᠠᠶᠠᠷᠲᠠᠢᠬᠠᠨ ᠭᠡᠯᠡᠨ᠎ᠠ᠃
ᠲᠠᠭ᠎ᠠ ᠵᠢᠨ ᠨᠠᠭᠤᠷ ᠪᠣᠯ ᠥᠪᠥᠷ ᠮᠣᠩᠭᠣᠯ ᠤ᠋ᠨ ᠦᠪᠡᠷᠳᠡᠭᠡᠨ ᠵᠠᠰᠠᠬᠤ ᠤᠷᠤᠨᠤ ᠭᠤᠷᠪᠠᠨ ᠶᠡᠬᠡ ᠳᠣᠲᠣᠭᠠᠳᠤ ᠬᠠᠭᠤᠷᠠᠶ ᠵᠢᠨ ᠨᠠᠭᠤᠷᠤᠨ ᠨᠢᠭᠡ ᠪᠣᠯᠤᠨ᠎ᠠ᠃ ᠬᠥᠮᠦᠨ ᠲᠥᠷᠥᠯᠬᠢᠲᠡᠨ ᠤ᠋ ᠠᠵᠢᠯᠯᠠᠭ᠎ᠠ ᠪᠣᠯᠤᠨ ᠠᠭᠤᠷ ᠠᠮᠢᠰᠭᠤᠯ ᠣᠷᠴᠢᠨ ᠲᠣᠭᠣᠷᠢᠨ ᠤ᠋ ᠨᠥᠯᠥᠭᠡ ᠵᠡᠷᠭᠡ ᠡᠴᠡ ᠪᠣᠯᠵᠣ᠂ ᠲᠠᠭ᠎ᠠ ᠵᠢᠨ ᠨᠠᠭᠤᠷ ᠤ᠋ᠨ ᠲᠠᠯᠠᠪᠠᠢ ᠪᠠᠭᠠᠰᠤᠨ᠂ ᠬᠤᠵᠢᠷᠰᠢᠬᠤ ᠭᠡᠮᠵᠢᠶ᠎ᠠ ᠨᠢ ᠰᠢᠷᠦᠬᠦᠰᠴᠤ᠂ ᠤᠰᠤᠨᠤ ᠴᠢᠨᠠᠷ ᠨᠢ ᠦᠷᠬᠦᠯᠵᠢᠯᠡᠨ ᠮᠠᠭᠤᠳᠠᠵᠤ᠂ ᠤᠰᠤᠨᠤ ᠠᠮᠢ ᠠᠬᠤᠢᠵᠢᠨ ᠰᠢᠰᠲᠸᠮ ᠬᠦᠨᠳᠤ ᠨᠤᠴᠢᠳᠠᠢ ᠡᠪᠳᠡᠭᠳᠡᠵᠤ᠂ ᠠᠮᠢ ᠠᠬᠤᠢ ᠮᠠᠭᠤᠳᠠᠬᠤ ᠠᠰᠠᠭᠤᠳᠠᠯ ᠬᠦᠨᠳᠤ ᠨᠤᠴᠢᠳᠠᠢ ᠪᠤᠯᠵᠠᠢ᠃ ᠠᠵᠢᠯ ᠲᠥᠷᠥᠯ ᠤ᠋ᠨ ᠬᠢᠨ ᠤ᠋ ᠲᠤᠰᠭᠠᠶ ᠮᠡᠷᠭᠡᠵᠢᠯᠲᠡᠨ᠂ 2016 ᠣᠨ ᠳ᠋ᠡᠬᠢ ᠤᠰᠤᠨ ᠲᠦᠪᠱᠢᠨ ᠤ᠋ ᠳᠣᠷᠣᠭ᠍ᠰᠢᠯᠠᠯᠳᠠ ᠵᠢᠨ ᠬᠤᠷᠳᠤᠴᠠ ᠪᠠᠷ ᠬᠡᠮᠵᠢᠨ ᠪᠤᠳᠤᠭᠰᠠᠨ ᠦᠷ᠎ᠡ ᠳ᠋ᠦᠩ ᠵᠢᠡᠷ ᠪᠤᠯ ᠳᠠᠬᠢᠭᠠᠳ 10 ᠵᠢᠯ ᠣᠷᠴᠢᠮ ᠤ᠋ᠨ ᠬᠤᠭᠤᠴᠠᠭᠠᠨ ᠳ᠋ᠤ ᠳᠠᠭ᠎ᠠ ᠵᠢᠨ ᠨᠠᠭᠤᠷ ᠤ᠋ᠨ ᠤᠰᠤ ᠬᠠᠳᠠᠵᠤ ᠰᠢᠷᠬᠢᠬᠦ ᠠᠶᠤᠯ ᠲᠠᠢ ᠬᠡᠵᠤ ᠲᠦᠰᠦᠭᠡᠯᠠᠵᠤ ᠪᠠᠢᠵᠠᠢ᠃
ᠲᠠᠭᠠᠵᠢᠨ ᠨᠠᠭᠤᠷᠤᠨ ᠠᠮᠢ ᠠᠬᠤᠢᠵᠢ ᠬᠠᠮᠠᠭᠠᠯᠠᠬᠤᠵᠢᠨ ᠲᠦᠯᠦᠭᠡ᠂ ᠦᠪᠦᠷ ᠮᠤᠩᠭᠤᠯ 2016 ᠣᠨ ᠡᠴᠡ ᠡᠬᠢᠯᠡᠨ ᠤᠰᠤᠨ ᠰᠤᠷᠪᠤᠯᠵᠢ ᠵᠢ ᠬᠠᠮᠠᠭᠠᠯᠠᠬᠤ᠂ ᠤᠰᠤᠨ ᠤ᠋ ᠣᠷᠴᠢᠨ ᠲᠣᠭᠣᠷᠢᠨ ᠢ᠋ ᠵᠠᠰᠠᠬᠤ᠂ ᠤᠰᠤᠨ ᠤ᠋ ᠠᠮᠢ ᠠᠬᠤᠢ ᠵᠢ ᠰᠡᠷᠭᠦᠭᠡᠬᠦ᠌ ᠶᠡᠷᠦᠩᠬᠡᠢᠯᠡᠭ᠌ᠰᠡᠨ ᠠᠷᠭ᠎ᠠ ᠬᠡᠮᠵᠢᠶ᠎ᠠ ᠵᠢ ᠬᠡᠷᠡᠭᠵᠢᠭᠦᠯᠵᠤ᠂ ᠳᠠᠭ᠎ᠠ ᠵᠢᠨ ᠨᠠᠭᠤᠷ ᠤ᠋ᠨ ᠠᠮᠢ ᠠᠬᠤᠢ ᠵᠢ ᠶᠡᠷᠦᠩᠬᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠪᠦᠬᠦ᠌ ᠲᠠᠯ᠎ᠠ ᠪᠠᠷ ᠡᠬᠢᠯᠡᠭᠦᠯᠪᠡ᠃
ᠤᠰᠤᠨ ᠰᠤᠷᠪᠤᠯᠵᠢ ᠵᠢ ᠬᠠᠮᠠᠭᠠᠯᠠᠬᠤ ᠲᠠᠯ᠎ᠠ ᠪᠠᠷ᠂ ᠨᠠᠭᠤᠷ ᠲᠦ᠍ ᠤᠷᠤᠰᠤᠨ ᠣᠷᠣᠬᠤ ᠭᠤᠤᠯ ᠤ᠋ᠨ ᠭᠤᠯᠳᠤᠷᠢᠯ ᠢ᠋ ᠯᠠᠢᠳᠠᠵᠤ ᠴᠡᠪᠡᠷᠯᠡᠨ ᠂ ᠲᠠᠭ᠎ᠠ ᠵᠢᠨ ᠨᠠᠭᠤᠷ ᠤ᠋ᠨ ᠠᠮᠢ ᠠᠬᠤᠶ ᠵᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠢ᠋ ᠢᠳᠡᠪᠬᠢᠲᠡᠶ ᠠᠬᠢᠭᠤᠯᠵᠤ᠂ ᠬᠠᠳᠤᠨ ᠭᠤᠤᠯ ᠤ᠋ᠨ ᠤᠰᠤ ᠨᠠᠭᠤᠷ ᠲᠦ᠍ ᠤᠷᠤᠰᠤᠨ ᠣᠷᠣᠬᠤ ᠬᠡᠮᠵᠢᠶ᠎ᠠ ᠵᠢ ᠨᠡᠮᠡᠭ᠌ᠳᠡᠭᠦᠯᠪᠡ᠃ ᠡᠭᠦᠨ ᠤ᠋ ᠬᠠᠮᠲᠤ᠂ ᠲᠠᠭ᠎ᠠ ᠵᠢᠨ ᠨᠠᠭᠤᠷ ᠤ᠋ᠨ ᠬᠥᠪᠡᠭᠡᠨ ᠳ᠋ᠡᠬᠢ ᠲᠠᠭ᠎ᠠ ᠵᠢᠨ ᠨᠠᠭᠤᠷ ᠴᠠᠬᠢᠯᠭᠠᠨ ᠤ᠋ ᠦᠶ᠋ᠯᠡᠳᠪᠦᠷᠢ ᠵᠢᠨ ᠦᠶ᠋ᠯᠡᠳᠪᠦᠷᠢᠯᠡᠯ ᠳ᠋ᠦ ᠬᠡᠷᠡᠭ᠌ᠯᠡᠬᠦ᠌ ᠤᠰᠤᠵᠢ ᠲᠠᠭ᠎ᠠ ᠵᠢᠨ ᠨᠠᠭᠤᠷ ᠤ᠋ᠨ ᠤᠰᠤ ᠵᠢᠴᠢ ᠡᠷᠬᠢᠨ ᠲᠣᠭᠣᠷᠢᠨ ᠤ᠋ ᠭᠠᠵᠠᠷ ᠳᠤᠤᠷᠠᠬᠢ ᠤᠰᠤ ᠵᠢ ᠳᠠᠳᠠᠨ ᠬᠡᠷᠡᠭ᠌ᠯᠡᠬᠦ᠌ ᠥᠬᠡᠶ ᠪᠣᠯᠭᠠᠪᠠ᠃ ᠲᠠᠭ᠎ᠠ ᠵᠢᠨ ᠨᠠᠭᠤᠷ ᠤ᠋ᠨ ᠡᠷᠬᠢᠨ ᠲᠣᠭᠣᠷᠢᠨ ᠤ᠋ ᠤᠰᠤᠯᠠᠯᠲᠠ ᠵᠢᠨ ᠭᠠᠵᠠᠷ ᠲᠦ᠍ ᠪᠠᠰᠠ 《ᠤᠰᠤᠯᠠᠯᠲᠠ ᠵᠢᠨ ᠲᠠᠷᠢᠶ᠎ᠠ ᠵᠢ ᠬᠠᠭᠤᠷᠠᠢ ᠲᠠᠷᠢᠶ᠎ᠠ ᠪᠣᠯᠭᠠᠬᠤ 》 ᠪᠠ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ ᠢ᠋ ᠬᠡᠷᠡᠭ᠌ᠵᠢᠭᠦᠯᠵᠡᠢ᠃
《ᠳᠠᠭ᠎ᠠ ᠵᠢᠨ ᠨᠠᠭᠤᠷ ᠤ᠋ᠨ ᠠᠮᠢ ᠠᠬᠤᠶ ᠵᠢᠨ ᠵᠠᠰᠠᠯᠲᠠ ᠳ᠋ᠤ 〈ᠳᠣᠲᠣᠨ᠎ᠠ ᠭᠠᠳᠠᠨᠠᠬᠢ ᠵᠢ ᠵᠡᠷᠭᠡ ᠪᠡᠷ ᠵᠠᠰᠠᠬᠤ〉 ᠶ᠋ᠢ ᠴᠢᠬᠤᠯᠠᠴᠢᠯᠠᠪᠠ᠃ ᠯᠢᠶᠠᠩᠴᠧᠩ ᠱᠢᠶᠠᠨ ᠤᠰᠤᠨ ᠤ᠋ ᠣᠷᠴᠢᠨ ᠲᠣᠭᠣᠷᠢᠨ ᠤ᠋ ᠵᠠᠰᠠᠯᠲᠠ ᠵᠢ ᠭᠦᠨᠵᠡᠭᠡᠢ ᠠᠬᠢᠭᠤᠯᠤᠨ᠂ ᠵᠠᠮᠠᠭ ᠱᠦᠭᠦᠬᠦ᠌ ᠠᠵᠢᠯ ᠢ᠋ ᠪᠠᠢᠩᠭᠤ ᠥᠷᠨᠢᠭᠦᠯᠵᠦ᠍᠂ ᠳᠠᠭ᠎ᠠ ᠵᠢᠨ ᠨᠠᠭᠤᠷ ᠤ᠋ᠨ ᠡᠷᠬᠢᠨ ᠲᠣᠭᠣᠷᠢᠨ ᠵᠢᠴᠢ ᠨᠠᠭᠤᠷ ᠲᠦ᠍ ᠤᠰᠤ ᠤᠷᠤᠰᠤᠨ ᠣᠷᠣᠬᠤ ᠭᠣᠣᠯ ᠪᠣᠯᠬᠤ ᠭᠤᠤ ᠳᠤᠳᠤᠷᠠᠬᠢ ᠳᠠᠷᠢᠮᠠᠯ ᠲᠡᠵᠢᠭᠡᠪᠦᠷᠢ ᠵᠢᠨ ᠲᠠᠯᠠᠪᠠᠢ ᠵᠡᠷᠭᠡ ᠵᠢᠨ ᠳᠤᠨᠤᠭ ᠲᠥᠬᠥᠭᠡᠷᠦᠮᠵᠢ ᠵᠢ ᠨᠤᠷᠠᠭᠠᠵᠤ᠂ ᠤᠰᠤᠨ ᠤ᠋ ᠣᠷᠴᠢᠨ ᠲᠣᠭᠣᠷᠢᠨ ᠤ᠋ ᠪᠣᠬᠢᠷᠲᠤᠯ ᠤ᠋ᠨ ᠲᠠᠷᠤᠭᠠᠰᠤ ᠵᠢ ᠬᠦᠡᠭᠭᠡᠷᠡᠭᠦᠯᠪᠡ᠃ ᠱᠢᠶᠠᠨ ᠤ᠋ ᠬᠢᠨ ᠪᠠᠰᠠ ᠤᠰᠤᠨ ᠤ᠋ ᠠᠮᠢ ᠠᠬᠤᠶ ᠵᠢᠨ ᠰᠡᠷᠭᠦᠭᠡᠯᠲᠡ ᠵᠢ ᠲᠦᠷᠭᠡᠳᠭᠡᠵᠦ᠍᠂ ᠬᠡᠷᠡᠰᠤ ᠵᠡᠷᠭᠡ ᠬᠤᠵᠢᠷᠰᠠᠭ ᠤᠷᠭᠤᠮᠠᠯ ᠢ᠋ ᠵᠢᠱ᠌ᠢᠶ᠎ᠡ ᠦᠵᠡᠭᠦᠯᠬᠦ᠌ ᠴᠢᠨᠠᠷᠲᠠᠶ ᠪᠠᠷ ᠳᠠᠷᠢᠵᠤ᠂ ᠨᠤᠭᠤ ᠭᠠᠵᠠᠷ ᠤ᠋ᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ ᠵᠢ ᠪᠥᠬᠥ᠌ ᠲᠠᠯ᠎ᠠ ᠪᠠᠷ ᠳᠡᠭᠡᠭ᠌ᠰᠢᠯᠡᠭᠦᠯᠵᠦ᠍᠂ ᠬᠥᠷᠥᠰᠥ᠍ ᠱᠢᠷᠣᠶ ᠵᠢᠨ ᠬᠠᠮᠠᠭᠠᠯᠠᠯᠲᠠ ᠵᠢ ᠴᠢᠩᠭᠠᠳᠭᠠᠪᠠ︾ᠬᠡᠵᠤ ᠯᠢᠶᠠᠩᠴᠧᠩ ᠱᠢᠶᠠᠨ ᠤ᠋ ᠳᠡᠳ᠋ ᠳᠠᠷᠤᠭ᠎ᠠ ᠺᠠᠩ ᠸᠧᠶ ᠵᠸ ᠲᠠᠨᠢᠯᠴᠠᠭᠤᠯᠵᠤ ᠭᠠᠷᠤᠯ᠎ᠠ ᠃
10 ᠵᠢᠯ ᠤ᠋ᠨ ᠵᠠᠰᠠᠯᠲᠠ ᠪᠠᠷ ᠳᠠᠮᠵᠢᠨ ᠦᠨᠤᠳᠤᠷ ᠤ᠋ᠨ ᠳᠠᠭ᠎ᠠ ᠵᠢᠨ ᠨᠠᠭᠤᠷ ᠱᠢᠨ᠎ᠡ ᠠᠮᠢᠵᠢᠷᠠᠯ ᠤ᠋ᠨ ᠬᠦᠴᠦᠨ ᠵᠢᠡᠷ ᠪᠢᠯᠬᠠᠯ᠎ᠠ᠃ ᠲᠠᠭ᠎ᠠ ᠵᠢᠨ ᠨᠠᠭᠤᠷ ᠤ᠋ᠨ ᠤᠰᠤᠨ ᠤ᠋ ᠡᠬᠢ ᠪᠠᠶᠠᠯᠢᠭ ᠤ᠋ᠨ ᠨᠦᠭᠡᠴᠡ ᠵᠢᠨ ᠬᠡᠮᠵᠢᠶ᠎ᠠ ᠠᠭᠠᠵᠢᠮ ᠵᠢᠠᠷ ᠳᠡᠭᠡᠭ᠌ᠰᠢᠯᠡᠵᠤ᠂ 2022 ᠣᠨ ᠤ᠋ ᠲᠠᠭ᠎ᠠ ᠵᠢᠨ ᠨᠠᠭᠤᠷ ᠤ᠋ᠨ ᠠᠮᠢ ᠠᠬᠤᠢ ᠵᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠤ᠋ᠨ ᠤᠰᠤ ᠨᠡᠪᠲᠡᠷᠡᠬᠦ ᠦᠶ᠎ᠡ ᠵᠢᠨ ᠬᠢ ᠲᠡᠶ ᠬᠠᠷᠢᠴᠠᠭᠤᠯᠪᠠᠯ᠂ ᠲᠠᠭ᠎ᠠ ᠵᠢᠨ ᠨᠠᠭᠤᠷ ᠤ᠋ᠨ ᠤᠰᠤᠨ ᠭᠠᠳᠠᠷᠭᠤ ᠵᠢᠨ ᠲᠠᠯᠠᠪᠠᠢ 5.9 ᠲᠡᠭ᠌ᠰᠢ ᠳᠥᠷᠪᠡᠯᠵᠢᠨ ᠺᠢᠯᠤᠮᠸᠲᠷ ᠥᠷᠭᠡᠵᠢᠵᠤ ᠂ ᠤᠰᠤᠨ ᠲᠦᠪᠱᠢᠨ 95 ᠰᠠᠨᠲ᠋ᠢᠮᠧᠲ᠋ᠷ ᠳᠡᠭᠡᠭ᠌ᠰᠢᠯᠡᠨ᠂ ᠤᠰᠤᠨ ᠴᠦᠭᠦᠷᠦᠮ ᠤ᠋ᠨ ᠪᠠᠭᠳᠠᠭᠠᠮᠵᠢ 4350 ᠲᠦᠮᠡᠨ ᠪᠤᠰᠤᠭ᠎ᠠ ᠲᠦᠷᠪᠡᠯᠵᠢᠨ ᠮᠧᠲᠷ ᠨᠡᠮᠡᠭᠳᠡᠵᠤ ᠂ ᠲᠠᠭ᠎ᠠ ᠵᠢᠨ ᠨᠠᠭᠤᠷ ᠤ᠋ᠨ ᠡᠷᠬᠢᠨ ᠲᠣᠭᠣᠷᠢᠨ ᠤ᠋ ᠭᠠᠵᠠᠷ ᠳᠣᠣᠷᠠᠬᠢ ᠤᠰᠤᠨ ᠲᠦᠪᠱᠢᠨ 2016 ᠣᠨ ᠤ᠋ ᠬᠢ ᠡᠴᠡ ᠪᠦᠬᠦ ᠴᠤᠭᠴᠠ ᠪᠡᠷ ᠳᠡᠭᠡᠭ᠌ᠰᠢᠯᠡᠵᠡᠢ ᠃
《ᠲᠠᠭ᠎ᠠ ᠵᠢᠨ ᠨᠠᠭᠤᠷ ᠤ᠋ᠨ ᠤᠰᠤᠨ ᠤ᠋ ᠴᠢᠨᠠᠷ ᠤ᠋ᠨ ᠭᠦᠶ᠋ᠴᠡᠳᠭᠡᠯ ᠲᠣᠭ᠎ᠠ ᠴᠤ᠌ ᠲᠣᠭ᠍ᠲᠠᠭᠤᠨ ᠵᠢᠠᠷ ᠰᠠᠢᠵᠢᠷᠠᠵᠤ᠂ ᠰᠠᠪᠠ ᠭᠠᠵᠠᠷ ᠤ᠋ᠨ ᠶᠡᠷᠦᠩᠬᠡᠢᠯᠡᠭ᠌ᠰᠡᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ 70% ᠳ᠋ᠤ ᠬᠥᠷᠴᠠᠢ》 ᠭᠡᠵᠤ ᠳ᠋ᠦ᠋ ᠬᠠᠢ ᠵᠢᠶᠦ᠋ᠨ ᠭᠡᠯᠡᠨ᠎ᠠ᠃ ᠡᠳᠦᠭᠡ᠂ ᠨᠤᠭᠤ ᠭᠠᠵᠠᠷ ᠤ᠋ᠨ ᠳᠣᠲᠣᠷᠠᠬᠢ ᠱᠢᠪᠠᠭᠤᠨ ᠤ᠋ ᠲᠥᠷᠥᠯᠨᠢ ᠵᠠᠰᠠᠯᠳᠠ ᠬᠢᠭᠦ ᠡᠴᠡ ᠡᠮᠦᠨᠡᠬᠢ 68 ᠵᠦᠢᠯ ᠪᠠᠢᠭᠰᠠᠨ ᠡᠴᠡ ᠨᠡᠮᠡᠭ᠌ᠳᠡᠭᠡᠳ ᠤᠳᠤ 101 ᠵᠦᠢᠯ ᠪᠣᠯᠵᠣ᠂ 2023 ᠣᠨ ᠡᠴᠡ ᠡᠬᠢᠯᠡᠨ ᠳᠠᠭ᠎ᠠ ᠵᠢᠨ ᠨᠠᠭᠤᠷ ᠡᠴᠡ ᠵᠢᠭᠠᠰᠤᠨ ᠤ᠋ ᠲᠦᠷᠦᠯ ᠢ᠋ ᠪᠠᠢᠴᠠᠭᠠᠨ ᠢᠯᠡᠷᠡᠭᠦᠯᠵᠤ᠂ ᠡᠨᠡ ᠵᠢᠯ ᠵᠢᠭᠠᠰᠤ ᠵᠢᠷᠠᠭᠠᠬᠠᠢ ᠵᠢᠨ ᠲᠣᠭ᠎ᠠ ᠬᠡᠮᠵᠢᠶ᠎ᠡ ᠢᠯᠡᠳᠲᠡ ᠨᠡᠮᠡᠭ᠌ᠳᠡᠭᠰᠡᠨ ᠠᠵᠢ ᠃
ᠳᠤᠰᠬᠤᠨ ᠤ᠋ ᠠᠷᠠᠳ ᠬᠤ᠌ ᠳ᠋ᠧᠩ ᠢᠦᠢ ᠳᠠᠭ᠎ᠠ ᠵᠢᠨ ᠨᠠᠭᠤᠷ ᠤ᠋ᠨ ᠦᠵᠡᠮᠵᠢ ᠵᠢᠨ ᠣᠷᠣᠨ ᠳ᠋ᠤ ᠳᠤᠭᠤᠷᠢᠨ ᠦᠵᠡᠭᠦ ᠣᠩᠭᠣᠴᠠ ᠡᠵᠡᠩᠨᠡᠵᠦ᠍᠂ ᠨᠢᠳᠤᠨᠤᠨ ᠵᠢᠭᠤᠯᠴᠢᠯᠠᠯ ᠤ᠋ᠨ ᠤᠩᠭᠤᠴᠠᠨ ᠤ᠋ ᠡᠵᠡᠡᠭᠨᠡᠯᠲᠡ ᠵᠢᠨ ᠤᠷᠤᠯᠭ᠎ᠠ ᠨᠢ 7 ᠲᠦᠮᠡᠨ ᠲᠥᠭᠥᠷᠢᠭ ᠲᠦ᠍ ᠬᠦᠷᠦᠭᠰᠡᠨ ᠪᠠᠢᠵᠠᠢ᠃ 《ᠠᠮᠢ ᠠᠬᠤᠢ ᠵᠢᠨ ᠰᠠᠢᠵᠢᠷᠠᠯᠳᠠ ᠬᠢᠯᠪᠠᠷ ᠪᠤᠰᠤ ᠪᠠᠷ ᠢᠷᠡᠭ᠌ᠰᠡᠨ ᠶᠤᠮ᠂ ᠮᠠᠨᠠᠢᠬᠢᠨ ᠨᠠᠭᠤᠷ ᠤ᠋ᠨ ᠵᠢᠡᠨ ᠳᠡᠷᠭᠡᠳᠡ ᠨᠠᠭᠤᠷ ᠵᠢᠡᠨ ᠲᠦᠱᠢᠵᠦ᠍ ᠠᠮᠢᠳᠤᠷᠠᠳᠠᠭ ᠪᠤᠯᠬᠤᠷ ᠳᠠᠭ᠎ᠠ ᠵᠢᠨ ᠨᠠᠭᠤᠷ ᠵᠢᠡᠨ ᠤᠯᠠᠮ ᠰᠠᠢᠳᠤᠷ ᠬᠠᠮᠠᠭᠠᠯᠠᠵᠤ᠂ ᠬᠠᠷᠠᠬᠤ ᠨᠢᠳᠤᠨ ᠤ᠋ ᠴᠡᠴᠡᠭᠡᠢ ᠪᠠᠨ ᠰᠢᠭ ᠬᠠᠢᠷᠠᠯᠠᠬᠤ ᠴᠢᠬᠤᠯᠠ ᠲᠠᠢ ᠶᠤᠮ》 ᠬᠡᠵᠤ ᠳᠡᠷᠡ ᠬᠠᠷᠠᠯᠳᠠ ᠪᠠᠨ ᠭᠡᠯᠡᠨ᠎ᠠ᠃
ᠦᠪᠦᠷ ᠮᠤᠩᠭᠤᠯ ᠣᠯᠠᠨ ᠵᠢᠯ ᠤ᠋ᠨ ᠲᠤᠷᠰᠢ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢ ᠪᠥᠲᠥᠭᠡᠨ ᠪᠠᠢᠭᠤᠯᠬᠤ ᠳ᠋ᠤ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠍᠂ ᠲᠠᠭ᠎ᠠ ᠵᠢᠨ ᠨᠠᠭᠤᠷ ᠢ᠋ ᠪᠠᠭᠳᠠᠭᠠᠭᠰᠠᠨ ᠠᠮᠢ ᠠᠬᠤᠶ ᠵᠢ ᠵᠠᠰᠠᠨ ᠰᠡᠷᠭᠦᠭᠡᠬᠦ᠌ ᠠᠷᠭ᠎ᠠ ᠬᠡᠮᠵᠢᠶ᠎ᠡ ᠵᠢ ᠪᠥᠬᠥ᠌ ᠲᠠᠯ᠎ᠠ ᠪᠠᠷ ᠨᠠᠢᠳᠠᠪᠤᠷᠢᠵᠢᠭᠤᠯᠬᠤ ᠵᠢ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ ᠤ᠋ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠵᠠᠢ ᠃ ᠡᠳᠦᠭᠡ ᠲᠠᠭ᠎ᠠ ᠵᠢᠨ ᠨᠠᠭᠤᠷ ᠤ᠋ᠨ ᠤᠰᠤᠨ ᠭᠠᠳᠠᠷᠭᠤ ᠵᠢᠨ ᠲᠠᠯᠠᠪᠠᠶ᠂ ᠤᠰᠤᠨ ᠤ᠋ ᠬᠡᠮᠵᠢᠶ᠎ᠡ ᠢᠯᠡᠳᠲᠡ ᠨᠡᠮᠡᠭᠳᠡᠵᠤ᠂ ᠠᠮᠢ ᠠᠬᠤᠢ ᠤᠷᠴᠢᠨ ᠲᠤᠭᠤᠷᠢᠨ ᠢᠯᠡᠳᠳᠠ ᠰᠠᠢᠵᠢᠷᠠᠭᠰᠠᠨ ᠪᠠᠢᠨ᠎ᠠ᠃