ᠮᠠᠨ ᠤ᠋ ᠤᠷᠤᠨ ᠤ᠋ 11 ᠲᠥᠷᠥᠯ ᠵᠦᠶ᠋ᠯ ᠤᠯᠤᠰ ᠤ᠋ᠨ ᠤᠷᠠᠯᠢᠭ ᠤ᠋ᠨ ᠰᠠᠭᠤᠷᠢ ᠮᠥᠩᠭᠥ ᠶ᠋ᠢᠨ ᠳᠡᠳᠬᠦᠨ ᠳᠡᠮᠵᠢᠬᠦ ᠲᠦᠷᠦᠯ ᠵᠦᠢᠯ ᠳ᠋ᠦ ᠰᠣᠩᠭᠣᠭ᠍ᠳᠠᠪᠠ
2025-12-15 10:37:39
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

 ᠦᠪᠦᠷ ᠮᠤᠨᠭᠭᠤᠯ ᠤ᠋ᠨ ᠰᠤᠶᠤᠯ ᠵᠢᠭᠤᠯᠴᠢᠯᠠᠯ ᠤ᠋ᠨ ᠬᠦᠭᠵᠢᠬᠦᠯᠦᠯᠳᠡ ᠰᠤᠳᠤᠯᠭᠠᠨ ᠤ᠋ ᠬᠦᠷᠢᠶᠡᠯᠡᠩ ᠡᠴᠡ ᠤᠢᠯᠠᠭᠠᠭᠰᠠᠨ ᠵᠢᠡᠷ᠂ ᠮᠠᠨ ᠤ᠋ ᠤᠷᠤᠨ ᠤ᠋ 11 ᠤᠷᠠᠯᠢᠭ ᠤ᠋ᠨ ᠲᠥᠷᠥᠯ ᠵᠦᠶ᠋ᠯ ᠤᠯᠤᠰ ᠤ᠋ᠨ ᠤᠷᠠᠯᠢᠭ ᠤ᠋ᠨ ᠰᠠᠭᠤᠷᠢ ᠮᠥᠩᠭᠥ᠌ (ᠡᠩ ᠤ᠋ᠨ ᠲᠥᠷᠥᠯ ᠵᠦᠶ᠋ᠯ) ᠶ᠋ᠢᠨ 2026 ᠣᠨ ᠤ᠋ ᠳᠡᠳᠬᠦᠨ ᠳᠡᠮᠵᠢᠬᠦ ᠲᠥᠷᠥᠯ ᠵᠦᠶ᠋ᠯ ᠳ᠋ᠦ ᠰᠣᠩᠭᠣᠭ᠍ᠳᠠᠵᠦ᠂ ᠦᠪᠦᠷ ᠮᠤᠨᠭᠭᠤᠯ ᠤ᠋ᠨ ᠤᠳᠬ᠎ᠠ ᠤᠷᠠᠯᠢᠭ ᠤ᠋ᠨ ᠵᠤᠬᠢᠶᠠᠨ ᠪᠦᠳᠦᠭᠡᠯᠭᠡ᠂ ᠤᠳᠬ᠎ᠠ ᠤᠷᠠᠯᠢᠭ ᠤ᠋ᠨ ᠴᠢᠳᠠᠪᠤᠷᠢᠳᠠᠨ ᠤ᠋ ᠬᠦᠮᠦᠵᠢᠯ᠂ ᠰᠤᠶᠤᠯ ᠤᠷᠠᠯᠢᠭ ᠤ᠋ᠨ ᠴᠢᠨᠠᠷ ᠰᠠᠢᠳᠠᠢ ᠬᠦᠭᠵᠢᠯᠳᠡ ᠪᠠ ᠳᠡᠯᠭᠡᠷᠡᠬᠦᠯᠦᠯᠳᠡ ᠳ᠋ᠦ ᠮᠠᠰᠢ ᠴᠢᠬᠤᠯᠠ ᠦᠢᠯᠡᠳᠦᠯ ᠦᠵᠡᠬᠦᠯᠪᠠ᠃

ᠤᠯᠤᠰ ᠤ᠋ᠨ ᠤᠷᠠᠯᠢᠭ ᠤ᠋ᠨ ᠰᠠᠭᠤᠷᠢ ᠮᠥᠩᠭᠥ ᠶ᠋ᠢᠨ 2026 ᠣᠨ ᠤ᠋ ᠳᠡᠳᠬᠦᠨ ᠳᠡᠮᠵᠢᠬᠦ ᠲᠥᠷᠥᠯ ᠵᠦᠶ᠋ᠯ ᠳ᠋ᠦ ᠰᠣᠩᠭᠣᠭ᠍ᠳᠠᠭᠰᠠᠨ ᠲᠦᠷᠦᠯ ᠵᠤᠢᠯ ᠤ᠋ᠨ ᠪᠠᠢᠳᠠᠯ ᠡᠴᠡ ᠦᠵᠡᠪᠡᠯ ᠦᠪᠦᠷ ᠮᠤᠨᠭᠭᠤᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠮᠤᠨᠭᠭᠤᠯ ᠵᠦᠴᠦᠭᠡ 《ᠡᠨᠡ  ᠪᠤᠯ ᠲᠤᠮᠳᠠᠳᠦ ᠤᠯᠤᠰ》 ᠨᠢ ᠲᠣᠮᠣ ᠬᠡᠯᠪᠡᠷᠢ ᠶ᠋ᠢᠨ ᠲᠠᠢᠰᠠᠨ ᠤ᠋ ᠵᠦᠴᠦᠭᠡ ᠪᠠ ᠵᠤᠬᠢᠶᠠᠨ ᠪᠦᠳᠦᠭᠡᠯᠬᠡ ᠶ᠋ᠢ ᠳᠡᠳᠬᠦᠨ ᠳᠡᠮᠵᠢᠬᠦ ᠲᠦᠷᠦᠯ ᠳ᠋ᠦ ᠰᠤᠩᠭᠤᠭᠳᠠᠵᠤ᠂ ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠤᠯᠠᠭᠠᠨᠮᠥ᠋ᠴᠢᠷ ᠤ᠋ᠨ ᠳᠠᠭᠤᠤ 《ᠲᠤᠭ》᠂ ᠥᠪᠥᠷ ᠮᠣᠩᠭᠣᠯ ᠤ᠋ᠨ ᠤᠷᠠᠯᠢᠭ ᠤ᠋ᠨ ᠳᠡᠭᠡᠳᠦ ᠰᠤᠷᠭᠠᠭᠤᠯᠢ ᠶ᠋ᠢᠨ ᠬᠠᠮᠲᠤ ᠶ᠋ᠢᠨ ᠪᠥᠵᠢᠭ 《ᠶᠣᠰᠣᠯᠠᠯ ᠤ᠋ᠨ ᠠᠢᠵᠠᠮ》᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠬᠠᠮᠲᠤ ᠶ᠋ᠢᠨ ᠪᠥᠵᠢᠭ 《ᠳᠣᠬᠢᠶ᠎ᠠ ᠳᠦᠭᠦᠷᠡᠩ》 ᠨᠢ ᠲᠤᠰ ᠲᠤᠰ ᠳᠤᠮᠳᠠ ᠪᠠᠭ᠎ᠠ ᠬᠡᠯᠪᠡᠷᠢ ᠶ᠋ᠢᠨ ᠵᠦᠴᠦᠭᠡ (ᠲᠤᠭᠯᠠᠯᠳᠠ) ᠪᠠ ᠵᠣᠬᠢᠶᠠᠨ ᠪᠦᠲᠦᠭᠡᠯᠭᠡ ᠶ᠋ᠢ ᠳᠡᠳᠬᠦᠨ ᠳᠡᠮᠵᠢᠬᠦ ᠲᠦᠷᠦᠯ ᠵᠦᠢᠯ ᠳ᠋ᠦ ᠰᠤᠩᠭᠤᠭᠳᠠᠪᠠ; ᠥᠪᠥᠷ ᠮᠣᠩᠭᠣᠯ ᠤ᠋ᠨ ᠤᠷᠠᠯᠢᠭ ᠤ᠋ᠨ ᠳᠡᠭᠡᠳᠦ ᠰᠤᠷᠭᠠᠭᠤᠯᠢ ᠶ᠋ᠢᠨ 《ᠱᠢᠨ᠎ᠡ ᠴᠠᠭ ᠦᠶ᠎ᠡ ᠶ᠋ᠢᠨ ᠨᠠᠭᠠᠳᠤᠮ ᠤ᠋ᠨ ᠬᠤᠷᠠᠯ ᠤ᠋ᠨ ᠲᠣᠰᠣᠨ ᠪᠤᠳᠤᠭ ᠤ᠋ᠨ ᠵᠢᠷᠤᠭ ᠤ᠋ᠨ ᠵᠤᠬᠢᠶᠠᠨ ᠪᠦᠳᠦᠭᠡᠯᠭᠡ ᠶ᠋ᠢᠨ ᠠᠵᠢᠯᠯᠠᠭ᠎ᠠ》 ᠨᠢ ᠤᠷᠠᠨ ᠵᠢᠷᠤᠭ ᠤ᠋ᠨ ᠵᠣᠬᠢᠶᠠᠨ ᠪᠠᠢᠭᠤᠯᠤᠯᠲᠠ ᠵᠤᠬᠢᠶᠠᠨ ᠪᠦᠳᠦᠭᠡᠯᠭᠡ ᠵᠢ ᠳᠡᠳᠬᠦᠨ ᠳᠡᠮᠵᠢᠬᠦ ᠲᠦᠷᠦᠯ ᠵᠦᠢᠯ ᠳ᠋ᠦ ᠰᠤᠩᠭᠤᠭᠳᠠᠵᠤ᠂ ᠨᠠᠰᠤᠨᠮᠦ᠋ᠩᠭᠡ ᠶ᠋ᠢᠨ ᠤᠰᠤᠨ ᠪᠤᠳᠤᠭ ᠤ᠋ᠨ ᠵᠢᠷᠤᠭ 《ᠵᠣᠯ ᠵᠢᠷᠭᠠᠯᠲᠤ ᠠᠮᠢᠳᠤᠷᠠᠯ》᠂ ᠱᠢᠤᠢ ᠳ᠋ᠢᠶᠠᠨ ᠪᠢᠨ ᠤ᠋ ᠱᠤᠭᠤᠮᠠᠯ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭ᠍ᠰᠠᠨ ᠨᠢ》᠂ ᠯᠢᠦ ᠸᠸᠨ ᠲᠤᠤ ᠶ᠋ᠢᠨ ᠬᠢᠲᠠᠳ ᠵᠢᠷᠤᠭ 《ᠵᠠᠯᠠᠭᠤ ᠨᠠᠰᠤ》 ᠬᠡᠬᠦ 3 ᠪᠦᠳᠦᠭᠡᠯ ᠨᠢ ᠤᠷᠠᠨ ᠵᠢᠷᠤᠭ ᠤ᠋ᠨ ᠬᠤᠪᠢ ᠬᠥᠮᠦᠨ ᠤ᠋ ᠵᠤᠬᠢᠶᠠᠨ ᠪᠦᠳᠦᠭᠡᠯᠭᠡ ᠵᠢ ᠳᠡᠳᠬᠦᠨ ᠳᠡᠮᠵᠢᠬᠦ ᠲᠦᠷᠦᠯ ᠵᠦᠢᠯ ᠳ᠋ᠦ ᠰᠤᠩᠭᠤᠭᠳᠠᠵᠠᠢ; ᠦᠪᠦᠷ ᠮᠤᠨᠭᠭᠤᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ 《ᠤᠮᠠᠷᠠᠲᠤ ᠶ᠋ᠢᠨ ᠬᠢᠯᠢ ᠬᠢᠵᠠᠭᠠᠷ ᠤ᠋ᠨ ᠦᠨᠳᠦᠰᠦᠲᠡᠨ ᠤ᠋ ᠭᠠᠵᠠᠷ ᠣᠷᠣᠨ ᠤ᠋ ᠤᠷᠠᠯᠢᠭ ᠤ᠋ᠨ ᠲᠣᠰᠭᠣᠨ ᠤ᠋ ᠪᠦᠳᠦᠬᠡᠨ ᠪᠠᠢᠭᠤᠯᠤᠯᠲᠠ ᠶ᠋ᠢᠨ ᠱᠢᠨ᠎ᠡ᠎ᠶ᠋ᠢ ᠡᠭᠦᠳᠬᠦ᠌ ᠬᠠᠮᠢᠶᠠᠷᠤᠯᠲᠠ ᠪᠠ ᠵᠢᠷᠤᠭ ᠲᠦᠰᠦᠪ ᠤ᠋ᠨ ᠰᠢᠨ᠎ᠠ ᠴᠢᠳᠠᠪᠤᠷᠢᠳᠠᠨ ᠤ᠋ ᠪᠤᠯᠪᠠᠰᠤᠷᠠᠯ》 ᠨᠢ ᠤᠷᠠᠯᠢᠭ ᠤ᠋ᠨ ᠴᠢᠳᠠᠪᠤᠷᠢᠳᠠᠨ ᠤ᠋ ᠪᠤᠯᠪᠠᠰᠤᠷᠠᠯ ᠢ᠋ ᠳᠡᠳᠬᠦᠨ ᠳᠡᠮᠵᠢᠬᠦ ᠲᠦᠷᠦᠯ ᠵᠦᠢᠯ ᠳ᠋ᠦ ᠰᠤᠩᠭᠤᠭᠳᠠᠵᠤ᠂ ᠵᠢᠷᠭᠠᠯ ᠤ᠋ᠨ ᠳᠠᠭᠤᠤ ᠬᠦᠭᠵᠢᠮᠳᠦ ᠵᠦᠴᠦᠭᠡ 《ᠰᠡᠩᠭᠡ ᠬᠦᠩᠵᠦ》᠂ ᠴᠧᠨ ᠮᠢᠩ ᠤ᠋ᠨ ᠲᠤᠰᠤᠨ ᠪᠤᠳᠤᠭ ᠤ᠋ᠨ ᠵᠢᠷᠤᠭ 《ᠳᠠᠯ᠎ᠠ ᠶ᠋ᠢᠨ ᠴᠤᠤᠷᠢᠶ᠎ᠠ — ᠦᠪᠦᠷ ᠮᠤᠨᠭᠭᠤᠯ ᠤ᠋ᠨ ᠨᠡᠬᠦᠳᠡᠯ ᠮᠠᠯᠵᠢᠯ ᠠᠮᠢᠳᠤᠷᠠᠯ ᠤ᠋ᠨ ᠬᠦᠥᠷᠨᠢᠯ ᠬᠢᠭᠡᠳ ᠤᠶᠤᠨ ᠰᠠᠨᠠᠭᠠᠨ ᠤ᠋ ᠪᠠᠢᠭᠤᠯᠤᠯᠳᠠ》 ᠨᠢ ᠲᠤᠰ ᠲᠤᠰ ᠵᠠᠯᠠᠭᠤ ᠤᠷᠠᠯᠢᠭ ᠤ᠋ᠨ ᠵᠤᠬᠢᠶᠠᠨ ᠪᠦᠳᠦᠭᠡᠯᠭᠡ ᠶ᠋ᠢᠨ ᠴᠢᠳᠠᠪᠤᠷᠢᠳᠠᠨ ᠢ᠋ ᠳᠡᠳᠬᠦᠨ ᠳᠡᠮᠵᠢᠬᠦ ᠲᠦᠷᠦᠯ ᠵᠦᠢᠯ ᠳ᠋ᠦ ᠰᠤᠩᠭᠤᠭᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号