2025 ᠣᠨ᠎ᠤ ᠳᠤᠮᠳᠠᠳᠤ ᠤᠯᠤᠰ᠎ᠤᠨ ᠵᠠᠯᠠᠭᠤᠴᠤᠳ ᠪᠠᠭᠠᠴᠤᠳ᠎ᠤᠨ ᠭᠤᠯᠭᠤᠭᠤᠷ ᠬᠠᠪᠲᠠᠰᠤᠶᠢᠨᠡᠭᠡᠯᠵᠢᠳᠦ ᠤᠷᠤᠯᠳᠤᠭᠠᠨ (ᠥᠪᠥᠷ ᠮᠣᠩᠭᠣᠯ ᠥᠷᠲᠡᠭᠡ) ᠲᠦᠷᠦᠬᠦᠬᠡᠨ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠶᠡᠷᠦᠩᠬᠡᠢᠯᠡᠭ᠌ᠰᠡᠨ ᠣᠷᠳᠣᠨ᠎ᠳᠤ ᠠᠮᠵᠢᠯᠲᠠ᠎ᠲᠠᠶ ᠶᠠᠪᠤᠭ᠍ᠳᠠᠪᠠ᠃ ᠲᠣᠰ ᠤᠳᠠᠭᠠᠨ᠎ᠤ ᠤᠷᠤᠯᠳᠤᠭᠠᠨ᠎ᠢ ᠳᠤᠮᠳᠠᠳᠤ ᠤᠯᠤᠰ᠎ᠤᠨ ᠬᠦᠷᠳᠦᠲᠦ ᠲᠠᠰᠢᠯᠲᠠ᠎ᠶᠢᠨ ᠨᠡᠢᠭᠡᠮᠯᠢᠭ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠪᠡ᠃
ᠤᠷᠤᠯᠳᠤᠭᠠᠨ᠎ᠨᠢ ᠲᠤᠰᠭᠠᠶ ᠮᠡᠷᠭᠡᠵᠢᠯ᠎ᠦᠨ ᠴᠢᠨᠠᠷ ᠪᠠ ᠰᠣᠨᠢᠷᠬᠠᠯᠲᠤ ᠴᠢᠨᠠᠷ᠎ᠢ ᠵᠡᠷᠭᠡ᠎ᠪᠡᠷ ᠴᠢᠬᠤᠯᠠᠴᠢᠯᠠᠵᠤ᠂ ᠪᠡᠭᠡᠵᠢᠩ᠂ ᠵᠢᠶᠠᠩᠰᠦ᠂ ᠨᠢᠩᠱᠢᠶᠠ᠂ ᠥᠪᠥᠷ ᠮᠣᠩᠭᠣᠯ ᠵᠡᠷᠭᠡ ᠭᠠᠵᠠᠷ ᠤᠷᠤᠨ᠎ᠤ 200 ᠭᠠᠷᠤᠢ ᠲᠠᠮᠢᠷᠴᠢᠨ ᠤᠷᠤᠯᠴᠠᠵᠠᠢ᠃ ᠤᠷᠤᠯᠳᠤᠭᠠᠨ᠎ᠤ ᠬᠤᠭᠤᠴᠠᠭᠠᠨ᠎ᠳᠤ ᠲᠠᠮᠢᠷᠴᠢᠳ ᠬᠦᠬᠡᠬᠤᠲᠠ᠎ᠶᠢᠨ ᠦᠵᠡᠮᠵᠢ᠎ᠶ᠋ᠢᠨ ᠣᠷᠣᠨ᠎ᠢᠶᠠᠷ ᠲᠣᠭᠣᠷᠢᠨ ᠦᠵᠡᠵᠦ᠍᠂ ᠬᠦᠬᠡᠬᠤᠲᠠ᠎ᠶᠢᠨ ᠥᠪᠡᠷᠮᠢᠴᠡ ᠵᠠᠩ ᠦᠶ᠋ᠯᠡ ᠰᠣᠶᠣᠯ᠎ᠤᠨ ᠷᠢᠳᠢ ᠱᠢᠳᠢ᠎ᠶ᠋ᠢ ᠪᠡᠶᠡᠴᠢᠯᠡᠨ ᠣᠢᠯᠠᠭᠠᠵᠤ᠂《ᠤᠷᠤᠯᠳᠤᠭᠠᠨ᠎ᠢ ᠳᠠᠭᠠᠵᠤ ᠵᠢᠭᠤᠯᠴᠢᠯᠠᠬᠤ》 ᠠᠭᠤᠰᠤᠯᠴᠠᠨ ᠬᠥᠭ᠌ᠵᠢᠬᠦ᠌ ᠣᠢᠯᠠᠭᠠᠭ᠍ᠳᠠᠬᠤᠨ᠎ᠢ ᠭᠦᠶ᠋ᠴᠡᠳ ᠢᠯᠡᠷᠡᠭᠦᠯᠪᠡ᠃ ᠬᠦᠬᠡᠬᠤᠲᠠ ᠲᠣᠰ ᠤᠳᠠᠭᠠᠨ᠎ᠤ ᠤᠷᠤᠯᠳᠤᠭᠠᠨ᠎ᠢ ᠠᠮᠵᠢᠯᠲᠠ᠎ᠲᠠᠶ ᠡᠷᠭᠢᠯᠡᠭ᠌ᠰᠡᠨ ᠨᠢ ᠵᠠᠯᠠᠭᠤᠴᠤᠳ ᠪᠠᠭᠠᠴᠤᠳ᠎ᠤᠨ ᠭᠤᠯᠭᠤᠭᠤᠷ ᠬᠠᠪᠲᠠᠰᠤ᠎ᠶᠢᠨ ᠬᠥᠳᠡᠯᠭᠡᠭᠡᠨ᠎ᠳᠦ ᠴᠢᠨᠠᠷ ᠰᠠᠢᠲᠠᠶ ᠤᠷᠤᠯᠳᠤᠭᠠᠨ᠎ᠤ ᠰᠣᠯᠢᠯᠴᠠᠭᠠᠨ᠎ᠤ ᠲᠠᠪᠴᠠᠩ ᠬᠠᠩᠭᠠᠭ᠍ᠰᠠᠨ᠎ᠢᠶᠠᠷ ᠪᠠᠷᠠᠬᠤ ᠥᠬᠡᠶ᠂ ᠭᠤᠯᠭᠤᠭᠤᠷ ᠬᠠᠪᠲᠠᠰᠤ᠎ᠶᠢᠨ ᠬᠥᠳᠡᠯᠭᠡᠭᠡᠨ᠎ᠢ ᠲᠣᠰ ᠭᠠᠵᠠᠷ ᠣᠷᠣᠨ᠎ᠳᠤ ᠲᠦᠭᠡᠮᠡᠯᠵᠢᠭᠦᠯᠬᠦ᠌ ᠪᠠ ᠬᠥᠭ᠌ᠵᠢᠭᠦᠯᠬᠦ᠌᠎ᠶ᠋ᠢ ᠨᠠᠩ ᠬᠦᠴᠦᠲᠡᠶ ᠠᠬᠢᠭᠤᠯᠵᠤ᠂ ᠪᠡᠶ᠎ᠡ᠎ᠶ᠋ᠢᠨ ᠲᠠᠮᠢᠷ ᠬᠢᠭᠡᠳ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠯ᠎ᠢ ᠠᠬᠢᠭᠤᠯᠬᠤ᠂ ᠪᠥᠬᠥ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ ᠬᠦᠴᠦᠨ ᠨᠡᠮᠡᠷᠢᠯᠡᠵᠡᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号