— ᠦᠪᠦᠷ ᠮᠤᠩᠭᠤᠯ᠎ᠦᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠠᠵᠢᠯᠯᠠᠭ᠎ᠠ ᠵᠢ ᠲᠡᠮᠳᠡᠭᠯᠡᠪᠡ
ᠰᠤᠷᠪᠤᠯᠵᠢᠯᠠᠬᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯ᠎ᠤᠨ ᠵᠥᠪᠯᠡᠯ ᠡᠴᠡ ᠤᠢᠯᠠᠭᠠᠬᠰᠠᠨ ᠵᠢᠡᠷ᠂ ᠤᠢᠷ᠎ᠠ ᠳ᠋ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯ᠎ᠤᠨ ᠵᠥᠪᠯᠡᠯ ᠡᠯ᠎ᠡ ᠱᠠᠲᠤᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠥᠷᠭᠡᠨ᠎ᠢᠶᠡᠷ ᠳᠠᠢᠴᠢᠯᠠᠵᠤ᠂ ᠬᠡᠷᠡᠯ ᠰᠡᠭᠦᠳᠡᠷ᠎ᠢᠶᠡᠷ ᠵᠠᠭᠤᠴᠢ ᠪᠣᠯᠭᠠᠨ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠨ ᠵᠠᠯᠭᠠᠮᠵᠢᠯᠠᠵᠤ᠂ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ᠎ᠶ᠋ᠢ ᠬᠥᠭ᠌ᠵᠢᠭᠡᠭ᠌ᠰᠡᠨ ᠭᠤᠤᠯ ᠰᠡᠳᠦᠪᠲᠦ ᠬᠥᠮᠦᠵᠢᠯ᠎ᠦᠨ ᠬᠠᠯᠠᠭᠤᠨ ᠥᠷᠨᠢᠯᠲᠡ᠎ᠶ᠋ᠢ ᠪᠣᠶ ᠪᠣᠯᠭᠠᠪᠠ᠃
ᠥᠪᠡᠷᠲᠡᠭᠡᠨ ᠵᠠᠰᠠᠬᠤ ᠣᠷᠣᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯ᠎ᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ ᠬᠠᠮᠳᠤᠷᠠᠨ 《ᠤᠯᠠᠭᠠᠨ ᠪᠦᠴᠡᠳᠡᠳᠤᠨ ᠬᠡᠷᠡᠯ ᠰᠡᠬᠦᠳᠡᠷ᠎ᠤᠨ ᠲᠤᠷᠠᠳᠬᠠᠯ》 ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠭᠤᠤᠯ ᠰᠡᠳᠦᠪᠲᠦ ᠺᠢᠨᠣ᠋ ᠰᠣᠨᠢᠷᠬᠠᠬᠤ ᠠᠵᠢᠯᠯᠠᠭ᠎ᠠ ᠥᠷᠨᠢᠭᠦᠯᠵᠦ᠍᠂ 160 ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠎ᠦ ᠲᠥᠯᠥᠭᠡᠯᠡᠭ᠌ᠴᠢ ᠵᠢᠴᠢ ᠬᠠᠪᠰᠤᠷᠤᠨ ᠵᠢᠯᠣᠭᠣᠳᠣᠭ᠍ᠴᠢ ᠪᠠᠭ᠍ᠰᠢ ᠬᠠᠮᠲᠤ᠎ᠪᠠᠷ ᠺᠢᠨᠣ᠋ ᠰᠣᠨᠢᠷᠬᠠᠵᠤ᠂ ᠡᠬᠡ ᠣᠷᠣᠨᠴᠢ ᠬᠠᠢᠷ᠎ᠠ ᠰᠡᠳᠭᠢᠯᠭᠡ ᠪᠡᠨ ᠵᠤᠵᠠᠭᠠᠳᠭᠠᠪᠠ᠃ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠳᠤᠮᠳᠠᠳᠤ ᠤᠯᠤᠰ᠎ᠤᠨ ᠠᠩᠬᠠᠳᠠᠭ᠍ᠴᠢ 8K ᠰᠠᠨᠰᠠᠷ᠎ᠤᠨ ᠪᠣᠳᠠᠲᠤ ᠦᠵᠡᠭᠳᠡᠯᠲᠦ ᠺᠢᠨᠣ᠋ 《ᠴᠣᠩᠬᠣᠨ ᠭᠠᠳᠠᠨ᠎ᠠ ᠣᠳᠣᠨ ᠮᠡᠴᠢᠳ ᠬᠢᠯᠠᠯᠵᠠᠨ᠎ᠠ》 ᠬᠡᠮᠡᠬᠦ ᠪᠦᠳᠦᠬᠡᠯ ᠢ ᠬᠠᠮᠲᠤ᠎ᠪᠠᠷ ᠰᠤᠨᠢᠷᠬᠠᠵᠤ᠂ ᠬᠤᠪᠢᠯᠭᠠᠨ ᠣᠩᠭᠣᠴᠠ ᠠᠷᠪᠠᠨ ᠭᠤᠷᠪᠠᠳᠤᠭᠠᠷ᠎ᠤᠨ ᠰᠠᠨᠰᠠᠷ᠎ᠤᠨ ᠠᠶᠠᠯᠠᠯ ᠪᠣᠯᠤᠨ ᠰᠠᠨᠰᠠᠷᠴᠢᠳ᠎ᠦᠨ ᠬᠠᠷᠢᠭᠤᠴᠠᠯᠭ᠎ᠠ ᠡᠭᠦᠷᠭᠡᠯᠡᠯ᠎ᠢ ᠦᠨᠡᠨ ᠪᠤᠳᠠᠳᠠᠢ ᠤᠢᠯᠠᠭᠠᠬᠤ ᠵᠢᠨ ᠬᠠᠮᠲᠤ᠂ 《ᠤᠯᠠᠭᠠᠨ ᠪᠦᠴᠡᠲᠡᠨ᠎ᠤ ᠬᠠᠷᠢᠭᠤᠴᠠᠯᠭ᠎ᠠ》᠂ 《ᠰᠠᠨᠰᠠᠷᠴᠢᠨ᠎ᠠᠴᠠ ᠬᠡᠷᠬᠢᠨ ᠰᠤᠷᠤᠯᠴᠠᠬᠤ ᠪᠤᠢ》 ᠵᠡᠷᠭᠡ ᠰᠡᠳᠦᠪ᠎ᠦᠨ ᠲᠣᠭᠣᠷᠢᠨ᠎ᠳᠤ ᠢᠳᠡᠪᠬᠢᠲᠡᠢ᠎ᠪᠡᠷ ᠶᠠᠷᠢᠶ᠎ᠠ ᠲᠠᠯᠪᠢᠵᠤ᠂ ᠰᠠᠨᠰᠠᠷᠴᠢᠳ᠎ᠢᠶᠡᠷ ᠳᠠᠭᠤᠷᠢᠶᠠᠯ ᠪᠣᠯᠭᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠨ᠎ᠠ ᠭᠡᠵᠦ᠍ ᠢᠯᠡᠳᠭᠡᠵᠡᠭᠡᠪᠡ᠃ ᠠᠵᠢᠯᠯᠠᠭ᠎ᠠ᠎ᠨᠢ ᠺᠢᠨᠣ᠋ ᠰᠣᠨᠢᠷᠬᠠᠬᠤ᠎ᠪᠠᠷ ᠠᠴᠢᠶᠠᠯᠠᠪᠤᠷᠢ ᠪᠣᠯᠭᠠᠵᠤ᠂ ᠦᠵᠡᠯ ᠰᠠᠨᠠᠭᠠᠨ᠎ᠤ ᠵᠢᠯᠣᠭᠣᠳᠤᠮᠵᠢ ᠪᠠ ᠬᠠᠢᠷ᠎ᠠ ᠰᠡᠳᠭᠢᠯᠭᠡ᠎ᠶ᠋ᠢᠨ ᠴᠤᠤᠷᠢᠶ᠎ᠠ᠎ᠶ᠋ᠢ ᠬᠠᠮᠲᠤᠳᠤᠨᠢ ᠬᠠᠷᠠᠭᠠᠯᠵᠠᠵᠤ᠂ ᠬᠤᠪᠢᠰᠭᠠᠯ᠎ᠦᠨ ᠤᠳᠤᠮᠱᠢᠯ ᠪᠣᠯᠤᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠪᠠ᠃
ᠬᠥᠬᠡᠬᠣᠲᠠ ᠵᠢᠨ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠪᠠᠭ᠎ᠠ ᠰᠤᠷᠭᠠᠭᠤᠯᠢ᠎ᠶ᠋ᠢᠨ ᠵᠢᠨ ᠾᠧ ᠬᠤᠪᠢᠶᠠᠷᠢ ᠰᠤᠷᠭᠠᠭᠤᠯᠢ ᠬᠤᠪᠢᠰᠬᠠᠯ᠎ᠤᠨ ᠺᠢᠨᠣ᠋ ᠦᠵᠡᠬᠦ᠌ ᠦᠢᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠪᠡ᠃ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠺᠢᠨᠣ᠋ ᠦᠵᠡᠬᠦ᠌᠎ᠪᠡᠷ ᠪᠠᠷᠠᠬᠤ ᠦᠭᠡᠢ ᠭᠠᠷ ᠬᠦᠳᠡᠯᠭᠡᠨ 《ᠪᠠᠭᠠᠲᠤᠷ᠎ᠤᠨ ᠭᠠᠪᠢᠶᠠᠨ ᠲᠡᠮᠳᠡᠭ》ᠵᠣᠬᠢᠶᠠᠵᠤ᠂ ᠤᠯᠤᠰ᠎ᠢᠶᠠᠨ ᠬᠠᠢᠷᠠᠯᠠᠬᠤ ᠦᠵᠡᠯ᠎ᠦᠨ ᠮᠡᠳᠡᠯᠭᠡ᠎ᠶ᠋ᠢᠨ ᠤᠷᠤᠯᠳᠤᠭᠠᠨ᠎ᠳᠤ ᠣᠷᠣᠯᠴᠠᠭ᠍ᠰᠠᠨ ᠪᠥᠭᠡᠳ ᠳᠤᠭᠤᠢᠯᠠᠩ᠎ᠤᠨ ᠬᠠᠮᠵᠢᠯᠴᠠᠭ᠎ᠠ᠎ᠪᠠᠷ ᠳᠠᠮᠵᠢᠨ ᠰᠡᠳᠭᠢᠯ ᠵᠢᠷᠦᠬᠡᠨ᠎ᠳᠡᠬᠢ 《ᠬᠤᠪᠢᠰᠭᠠᠯ᠎ᠤᠨ ᠤᠯᠠ ᠮᠥᠷ》 ᠢ᠋ ᠬᠢᠴᠢᠶᠡᠩᠬᠦᠢᠯᠡᠨ ᠵᠢᠷᠤᠪᠠ᠃ ᠡᠲᠡᠭᠡᠷ ᠠᠯᠢ ᠣᠯᠠᠨ ᠬᠠᠷᠢᠯᠴᠠᠨ ᠦᠶ᠋ᠯᠡᠳᠦᠯᠴᠡᠬᠦ᠌ ᠴᠢᠨᠠᠷ ᠪᠦᠬᠦᠢ ᠠᠵᠢᠯᠯᠠᠭ᠎ᠠ ᠨᠢ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠢ ᠨᠠᠩ ᠠᠮᠢᠳᠤᠯᠢᠭᠵᠢᠭᠤᠯᠵᠤ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠣᠷᠣᠯᠴᠠᠬᠤ ᠰᠡᠳᠭᠢᠯᠭᠡ ᠪᠠ ᠬᠦᠷᠲᠡᠮᠵᠢ᠎ᠶ᠋ᠢᠨ ᠲᠥᠷᠥᠭ᠌ᠳᠡᠯ᠎ᠢ ᠶᠡᠬᠡᠪᠡᠷ ᠳᠡᠭᠡᠭ᠌ᠰᠢᠯᠡᠭᠦᠯᠪᠡ᠃
ᠪᠤᠭᠤᠲᠤ ᠬᠤᠳᠠ᠎ᠶ᠋ᠢᠨ ᠡᠪᠯᠡᠯ᠎ᠦᠨ ᠬᠣᠷᠢᠢ᠎ᠠ᠂ ᠬᠤᠳᠠ᠎ᠶ᠋ᠢᠨ ᠪᠠᠭᠠᠴᠤᠳ᠎ᠤᠨ ᠠᠵᠢᠯ᠎ᠤᠨ ᠵᠥᠪᠯᠡᠯ ᠬᠤᠪᠢᠰᠭᠠᠯᠲᠦ ᠬᠥᠮᠦᠵᠢᠯ᠎ᠦᠨ ᠬᠢᠴᠢᠶᠡᠯ ᠡᠷᠬᠢᠯᠡᠪᠡ᠃ 《ᠨᠤᠮ ᠤᠩᠰᠢᠬᠤ + ᠺᠢᠨᠣ᠋ ᠰᠣᠨᠢᠷᠬᠠᠬᠤ》 ᠠᠵᠢᠯᠯᠠᠭ᠎ᠠ᠎ᠨᠢ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠲᠦ ᠬᠤᠪᠢᠰᠭᠠᠯᠲᠤ ᠰᠣᠶᠣᠯ᠎ᠤᠨ ᠡᠭᠦᠳᠡ᠎ᠶ᠋ᠢ ᠨᠡᠭᠡᠭᠡᠵᠦ᠍ ᠥᠭ᠌ᠭᠦᠭ᠌ᠰᠡᠨ᠎ᠢᠶᠡᠷ ᠪᠠᠷᠠᠬᠤ ᠥᠬᠡᠶ᠂ ᠲᠡᠳᠡᠨ᠎ᠢ ᠬᠥᠲᠥᠯᠥᠨ ᠵᠢᠯᠣᠭᠣᠳᠴᠤ᠌ ᠥᠰᠥᠭ ᠪᠢᠴᠢᠭ᠎ᠡᠴᠡ ᠣᠭ ᠰᠠᠨᠠᠭ᠎ᠠ᠎ᠶ᠋ᠢ ᠣᠢᠯᠠᠭᠠᠭᠤᠯᠵᠤ᠂ ᠬᠡᠷᠡᠯ ᠰᠡᠭᠦᠳᠡᠷ᠎ᠡᠴᠡ ᠬᠦᠴᠦᠨ ᠴᠢᠳᠠᠯ ᠬᠦᠷᠳᠡᠵᠦ᠂ ᠨᠠᠩ ᠴᠤ᠌ ᠦᠵᠡᠯ ᠰᠠᠨᠠᠭᠠᠨ᠎ᠤ ᠵᠢᠯᠣᠭᠣᠳᠣᠯᠭ᠎ᠠ ᠪᠠ ᠦᠶ᠋ᠯᠡᠳᠦᠯᠭᠡ᠎ᠶ᠋ᠢᠨ ᠪᠣᠢᠵᠢᠯᠲᠠ᠎ᠶ᠋ᠢᠨ ᠬᠥᠭᠥᠷᠭᠡ ᠬᠣᠯᠪᠣᠭᠠᠰᠤ᠎ᠶ᠋ᠢ ᠪᠠᠢᠭᠤᠯᠵᠤ᠂ ᠪᠠᠭᠠᠴᠤᠳ᠎ᠤᠨ ᠤᠯᠤᠰ ᠵᠢᠡᠨ ᠬᠠᠢᠷᠠᠯᠠᠬᠤ ᠬᠠᠢᠷ᠎ᠠ ᠰᠡᠳᠭᠢᠯᠭᠡ᠎ᠶ᠋ᠢ ᠨᠢ ᠵᠤᠵᠠᠭᠠᠳᠭᠠᠪᠠ᠃
ᠣᠷᠳᠣᠰ ᠬᠣᠲᠠ᠎ᠶ᠋ᠢᠨ ᠪᠠᠭᠠᠴᠤᠳ᠎ᠤᠨ ᠠᠵᠢᠯ᠎ᠤᠨ ᠵᠥᠪᠯᠡᠯ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠭᠤᠤᠯ ᠰᠡᠳᠦᠪᠲᠦ ᠺᠢᠨᠣ᠋ ᠦᠵᠡᠬᠦ᠌ ᠠᠵᠢᠯᠯᠠᠭ᠎ᠠ ᠥᠷᠨᠢᠭᠦᠯᠵᠦ᠍᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠳᠤᠮᠳᠠᠳᠤ ᠤᠯᠤᠰ᠎ᠤᠨ ᠠᠩᠬᠠᠳᠠᠭ᠍ᠴᠢ ᠰᠠᠨᠰᠠᠷ᠎ᠲᠤ ᠰᠡᠭᠦᠳᠡᠷᠯᠡᠭ᠌ᠰᠡᠨ ᠺᠢᠨᠣ᠋ ᠵᠢ ᠰᠣᠨᠢᠷᠬᠠᠵᠤ᠂ ᠬᠤᠪᠢᠯᠭᠠᠨ ᠣᠩᠭᠣᠴᠠ ᠠᠷᠪᠠᠨ ᠭᠤᠷᠪᠠᠳᠤᠭᠠᠷ᠎ᠤᠨ ᠰᠠᠨᠰᠠᠷᠴᠢᠨ ᠸᠠᠩ ᠶᠠ ᠫᠢᠩ᠎ᠦᠨ ᠬᠠᠷᠠᠭᠠᠰᠤ᠎ᠶ᠋ᠢ ᠳᠠᠭᠠᠵᠤ᠂ ᠭᠦᠨ ᠭᠦᠨᠵᠡᠭᠡᠶ ᠪᠡᠶᠡᠴᠢᠯᠡᠨ ᠣᠢᠯᠠᠭᠠᠬᠤ ᠬᠡᠯᠪᠡᠷᠢ᠎ᠶ᠋ᠢᠨ ᠰᠠᠨᠰᠠᠷ᠎ᠤᠨ ᠥᠷᠲᠡᠭᠡ᠎ᠳᠦ ᠴᠠᠭᠠᠨ ᠰᠠᠷ᠎ᠠ᠎ᠶ᠋ᠢᠨ ᠬᠣᠣᠰ ᠤᠶᠠᠩᠭ᠎ᠠ ᠨᠠᠭᠠᠬᠤ᠂ ᠳᠡᠯᠡᠬᠡᠶ᠎ᠶ᠋ᠢᠨ ᠪᠥᠮᠪᠥᠷᠴᠡᠭ᠎ᠢ ᠪᠠᠷᠠᠯᠠᠬᠤ᠂ ᠲᠤᠷᠱᠢᠯᠲᠠ ᠬᠢᠬᠦ᠌ ᠵᠡᠷᠭᠡ ᠪᠠᠢᠳᠠᠯ᠎ᠢ ᠰᠣᠨᠢᠷᠬᠠᠵᠤ᠂ 《ᠰᠠᠨᠰᠠᠷ᠎ᠤᠨ ᠵᠡᠭᠦᠳᠦ》 ᠪᠠ 《ᠤᠯᠤᠰ ᠢᠶᠠᠨ ᠬᠠᠢᠷᠠᠯᠠᠬᠤ ᠰᠡᠳᠭᠢᠯ》 ᠢ᠋ ᠵᠡᠷᠭᠡ᠎ᠪᠡᠷ ᠬᠥᠭ᠌ᠵᠢᠭᠡᠪᠡ᠃
ᠬᠥᠯᠥᠨ ᠪᠣᠢᠷ ᠬᠣᠲᠠ᠎ᠶ᠋ᠢᠨ ᠵᠠᠯᠠᠢᠨᠠᠭᠤᠷ ᠲᠣᠭᠣᠷᠢᠭ᠎ᠤᠨ ᠪᠠᠭᠠᠴᠤᠳ᠎ᠤᠨ ᠠᠵᠢᠯ᠎ᠤᠨ ᠵᠥᠪᠯᠡᠯ ᠪᠥᠬᠥ᠌ ᠲᠤᠭᠤᠷᠢᠬ᠎ᠤᠨ 3 ᠪᠠᠭ᠎ᠠ ᠰᠤᠷᠭᠠᠭᠤᠯᠢ᠎ᠶ᠋ᠢᠨ 120 ᠭᠠᠷᠤᠶ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠢ ᠵᠣᠬᠢᠶᠠᠨ ᠪᠠᠢᠭᠤᠯᠵᠤ᠂ ᠤᠯᠤᠰ ᠵᠢᠡᠨ ᠬᠠᠢᠷᠠᠯᠠᠬᠤ ᠬᠦᠮᠦᠵᠢᠯ᠎ᠤᠨ ᠺᠢᠨᠣ᠋᠎ᠶ᠋ᠢ ᠲᠥᠪᠯᠡᠷᠡᠭᠦᠯᠦᠨ ᠰᠣᠨᠢᠷᠬᠠᠪᠠ᠃ ᠺᠢᠨᠣ᠋ ᠦᠵᠡᠬᠦ᠌ ᠠᠬᠤᠶ ᠲᠠᠯᠠᠪᠠᠶ᠎ᠶ᠋ᠢᠨ ᠠᠭᠤᠷ ᠠᠮᠢᠰᠭᠤᠯ ᠲᠥᠪ ᠶᠡᠬᠡᠮᠰᠦᠭ ᠪᠥᠭᠡᠳ ᠬᠥᠷ ᠬᠥᠭ᠌ᠵᠢᠶᠡᠨ᠎ᠢᠶᠡᠷ ᠪᠢᠯᠬᠠᠵᠤ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠰᠤᠷᠭᠠᠭᠤᠯᠢ᠎ᠶ᠋ᠢᠨ ᠬᠤᠪᠴᠠᠰᠤ ᠪᠡᠨ ᠡᠮᠦᠰᠴᠦ᠍᠂ ᠡᠩᠭᠡᠷᠲᠡᠬᠡᠨ ᠬᠤᠷᠴᠠ ᠤᠯᠠᠭᠠᠨ ᠪᠦᠴᠡ ᠵᠡᠭᠦᠵᠦ᠂ ᠡᠮᠬᠢ ᠵᠢᠷᠤᠮᠲᠠᠶᠰᠠᠭᠤᠯᠴᠠᠨ᠂ ᠠᠩᠬᠠᠷᠤᠯ ᠲᠥᠪᠯᠡᠷᠡᠭᠦᠯᠵᠦ᠍᠂ ᠳᠡᠯᠡᠬᠡᠶ᠎ᠶ᠋ᠢᠨ ᠪᠥᠮᠪᠥᠷᠴᠡᠭ᠎ᠦᠨ ᠰᠦᠷᠯᠢᠭ ᠰᠠᠢᠬᠠᠨ᠎ᠢ ᠰᠤᠨᠢᠷᠬᠠᠵᠤ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠬᠤᠪᠢ ᠨᠡᠮᠡᠷᠢ ᠪᠠ ᠪᠠᠲᠤ ᠰᠠᠬᠢᠯᠲᠠ᠎ᠶ᠋ᠢ ᠨᠠᠩ ᠭᠦᠨᠵᠡᠭᠡᠶ ᠣᠢᠯᠠᠭᠠᠪᠠ᠃
ᠠᠯᠠᠱᠠ ᠠᠢᠮᠠᠭ᠎ᠤᠨ ᠵᠠᠯᠠᠭᠤᠴᠤᠳ ᠪᠠᠭᠠᠴᠤᠳ᠎ᠤᠨ ᠣᠷᠳᠣᠨ ᠰᠤᠷᠭᠠᠭᠤᠯᠢ᠎ᠶ᠋ᠢᠨ ᠭᠠᠳᠠᠨᠠᠬᠢ ᠵᠢᠭ᠍ᠰᠠᠭᠠᠯ᠎ᠤᠨ ᠭᠠᠵᠠᠷ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠪᠥᠬᠥ᠌ ᠠᠢᠮᠠᠭ᠎ᠤᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠲᠦ ᠬᠠᠨᠳᠤᠭᠤᠯᠤᠨ ᠨᠡᠢᠲᠡ᠎ᠶ᠋ᠢᠨ ᠠᠰᠠᠷᠠᠮᠵᠢ᠎ᠶ᠋ᠢᠨ ᠺᠢᠨᠣ᠋ ᠰᠤᠨᠢᠷᠬᠠᠬᠤ ᠠᠵᠢᠯᠯᠠᠭ᠎ᠠ ᠵᠢ ᠵᠣᠬᠢᠶᠠᠨ ᠪᠠᠢᠭᠤᠯᠪᠠ᠃ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠴᠡᠭᠡᠨ ᠬᠥᠱᠢᠭᠡᠨ ᠡᠴᠡ ᠤᠯᠤᠰ ᠵᠢᠡᠨ ᠬᠠᠢᠷᠠᠯᠠᠬᠤ ᠬᠠᠢᠷ᠎ᠠ ᠰᠡᠳᠭᠢᠯᠭᠡ ᠪᠠ ᠪᠠᠭᠠᠲᠤᠷᠯᠢᠭ ᠵᠤᠷᠢᠭ ᠰᠠᠨᠠᠭ᠎ᠠ᠎ᠶ᠋ᠢ ᠰᠡᠳᠬᠢᠯ ᠳ᠋ᠡᠭᠡᠨ ᠰᠢᠩᠭᠡᠭᠡᠪᠡ᠃ ᠨᠡᠢᠲᠡ᠎ᠶ᠋ᠢᠨ ᠠᠰᠠᠷᠠᠮᠵᠢ᠎ᠶ᠋ᠢᠨ ᠺᠢᠨᠣ᠋ ᠰᠤᠨᠢᠷᠬᠠᠬᠤ ᠠᠵᠢᠯᠯᠠᠭ᠎ᠠ᠎ᠨᠢ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠲᠦ ᠺᠢᠨᠣ᠋ ᠦᠵᠡᠬᠦ᠌ ᠳᠥᠭᠥᠮ ᠳᠥᠲᠡ ᠠᠷᠭ᠎ᠠ ᠵᠠᠮ ᠬᠠᠩᠭᠠᠵᠤ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠤ᠂ ᠲᠡᠳᠡᠨ᠎ᠦ ᠬᠢᠴᠢᠶᠡᠯ᠎ᠦᠨ ᠭᠠᠳᠠᠨᠠᠬᠢ ᠠᠮᠢᠳᠤᠷᠠᠯ ᠳᠤᠮᠳᠠᠬᠢ ᠮᠠᠷᠲᠠᠭ᠍ᠳᠠᠰᠢ ᠥᠬᠡᠶ 《ᠬᠤᠪᠢᠰᠭᠠᠯ᠎ᠤᠨ ᠬᠢᠴᠢᠶᠡᠯ᠎ᠦᠨ ᠲᠠᠩᠬᠢᠮ》 ᠪᠣᠯᠵᠠᠶ᠃