ᠪᠡᠶ᠎ᠡ᠎ᠶ᠋ᠢᠨ ᠲᠠᠮᠢᠷ᠎ᠤᠨ ᠰᠤᠷᠭᠠᠨ ᠬᠥᠮᠦᠵᠢᠯ ᠨᠢ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠦᠰᠦᠨ ᠪᠣᠢᠵᠢᠯᠲᠠ᠎ᠳᠤ ᠠᠯᠤᠰ ᠬᠡᠲᠦ᠍᠎ᠶ᠋ᠢᠨ ᠠᠴᠢ ᠬᠣᠯᠪᠣᠭ᠍ᠳᠠᠯ᠎ᠲᠠᠶ ᠪᠠᠢᠳᠠᠭ᠃ ᠪᠡᠶ᠎ᠡ ᠮᠠᠬᠠᠪᠤᠳ᠎ᠤᠨ ᠲᠠᠯ᠎ᠠ ᠡᠴᠡ ᠠᠪᠴᠤ ᠦᠵᠡᠪᠡᠯ ᠵᠣᠬᠢᠬᠤ ᠬᠡᠮᠵᠢᠶᠡᠨ᠎ᠦ ᠬᠥᠳᠡᠯᠭᠡᠭᠡᠨ ᠬᠢᠪᠡᠯ ᠰᠤᠷᠤᠭ᠍ᠴᠢᠳ᠎ᠤᠨ ᠪᠡᠶ᠎ᠡ ᠮᠠᠬᠠᠪᠣᠳ᠎ᠢ ᠴᠢᠭᠢᠷᠠᠭ᠍ᠵᠢᠭᠤᠯᠵᠤ᠂ ᠤᠨᠴᠠᠭᠠᠢᠯᠠᠨ ᠤᠳᠤᠬᠠᠨ ᠳ᠋ᠤ ᠦᠷᠬᠦᠯᠵᠢ ᠬᠠᠷᠠᠭᠳᠠᠬᠤ ᠣᠢᠷ᠎ᠠ ᠬᠠᠷᠠᠭ᠎ᠠ ᠪᠠ ᠮᠠᠷᠢᠶᠠᠯᠠᠬᠤ᠎ᠠᠴᠠ ᠰᠡᠷᠭᠡᠢᠯᠡᠵᠦ᠍ ᠴᠢᠳᠠᠨ᠎ᠠ; ᠰᠡᠳᠭᠢᠴᠡ ᠪᠠ ᠵᠠᠩ ᠠᠷᠠᠨᠱᠢᠨᠤ ᠲᠠᠯ᠎ᠠ ᠡᠴᠡ ᠦᠵᠡᠪᠡᠯ᠂ ᠪᠦᠯᠬᠦᠮ ᠨᠡᠢᠲᠡ᠎ᠶ᠋ᠢᠨ ᠬᠥᠳᠡᠯᠭᠡᠭᠡᠨ ᠨᠢ ᠬᠠᠮᠲᠤᠷᠠᠨ ᠠᠵᠢᠯᠯᠠᠬᠤ ᠴᠢᠳᠠᠪᠤᠷᠢ ᠪᠠ ᠲᠡᠰᠪᠦᠷᠢ ᠲᠡᠪᠴᠢᠶᠡᠷᠢ᠎ᠳᠦ ᠵᠠᠩ ᠴᠢᠨᠠᠷ᠎ᠢ ᠬᠥᠮᠦᠵᠢᠭᠦᠯᠵᠦ᠍᠂ ᠪᠡᠶ᠎ᠡ ᠵᠢᠨ ᠲᠠᠮᠢᠷ᠎ᠤᠨ ᠤᠷᠤᠯᠳᠤᠭᠠᠨ ᠨᠢ ᠰᠤᠷᠤᠭ᠍ᠴᠢᠳ᠎ᠢ ᠢᠯᠠᠵᠤ ᠢᠯᠠᠭ᠍ᠳᠠᠬᠤ᠎ᠳᠤ ᠵᠥᠪ ᠬᠠᠨᠳᠤᠬᠤ᠎ᠶ᠋ᠢ ᠰᠤᠷᠭᠠᠵᠤ᠂ ᠡᠷᠡᠭᠦᠯ ᠴᠢᠭᠢᠷᠠᠭ ᠵᠠᠩ ᠠᠷᠠᠨᠱᠢᠨ ᠲᠠᠶ ᠬᠦᠮᠦᠵᠢᠭᠳᠡᠬᠦ ᠳ᠋ᠦ ᠲᠤᠰᠠ ᠲᠠᠢ᠃ ᠡᠭᠦᠨ ᠳ᠋ᠤ ᠣᠷᠳᠣᠰ ᠬᠣᠲᠠ᠎ᠶᠢᠨ ᠲᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠪᠡᠶ᠎ᠡ᠎ᠶᠢᠨ ᠲᠠᠮᠢᠷ᠎ᠤᠨ ᠰᠤᠷᠭᠠᠨ ᠬᠦᠮᠦᠵᠢᠯ᠎ᠤᠨ ᠱᠢᠨ᠎ᠡ᠎ᠶ᠋ᠢ ᠡᠭᠦᠳᠦᠭ᠌ᠰᠡᠨ ᠠᠷᠭ᠎ᠠ ᠬᠡᠮᠵᠢᠶ᠎ᠡ᠂ ᠠᠮᠵᠢᠯᠳᠠ ᠪᠦᠳᠦᠮᠵᠢ ᠵᠢ ᠲᠤᠷᠠᠳᠤᠭᠤᠰᠢᠳᠠᠢ᠃
ᠣᠷᠳᠣᠰ ᠬᠣᠲᠠ 《13315》 ᠲᠣᠭ᠍ᠲᠠᠴᠠ ᠶᠤᠰᠤᠭᠠᠷ ᠬᠢᠴᠢᠶᠡᠯ᠂ ᠥᠷᠯᠥᠭᠡ᠎ᠶ᠋ᠢᠨ ᠪᠣᠯᠪᠠᠰᠤᠷᠠᠯ᠂ ᠬᠢᠴᠢᠶᠡᠯ᠎ᠦᠨ ᠶᠡᠬᠡ ᠵᠠᠪᠰᠠᠷᠯᠠᠭ᠎ᠠ ᠵᠡᠷᠭᠡ ᠣᠯᠠᠨ ᠲᠠᠯ᠎ᠠ᠎ᠠᠴᠠ ᠰᠤᠷᠤᠭ᠍ᠴᠢᠳ᠎ᠤᠨ ᠡᠳᠦᠷ ᠪᠦᠷᠢ᠎ᠶ᠋ᠢᠨ ᠶᠡᠷᠦᠩᠬᠡᠢᠯᠡᠭ᠌ᠰᠡᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠴᠠᠭ᠎ᠢ 2 ᠴᠠᠭ ᠡᠴᠡ ᠲᠤᠳᠠᠭᠤ ᠦᠭᠡᠢ ᠪᠠᠢᠯᠭᠠᠬᠤ ᠵᠢ ᠪᠠᠲᠤᠯᠠᠵᠤ᠂ ᠪᠠᠰᠠ ᠬᠢᠴᠢᠶᠡᠯ᠎ᠦᠨ ᠶᠡᠬᠡ ᠵᠠᠪᠰᠠᠷᠯᠠᠭ᠎ᠠ᠎ᠶ᠋ᠢᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠲᠦᠷᠢᠮ᠎ᠢ ᠬᠡᠷᠡᠭ᠌ᠵᠢᠭᠦᠯᠵᠦ᠍᠂ ᠰᠤᠷᠤᠭ᠍ᠴᠢᠳ᠎ᠤᠨ ᠬᠦᠳᠡᠯᠭᠡᠭᠡᠨ ᠬᠢᠬᠦ ᠴᠠᠬ᠎ᠢ ᠭᠦᠶ᠋ᠴᠡᠳ ᠪᠠᠲᠤᠯᠠᠵᠤ ᠪᠤᠢ᠃ ᠪᠠᠰᠠ ᠣᠷᠣᠨ ᠨᠤᠲᠤᠭ᠎ᠤᠨ ᠣᠨᠴᠠᠯᠢᠭ᠎ᠢ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠳᠤ ᠠᠭᠤᠰᠤᠯᠴᠠᠭᠤᠯᠵᠤ᠂ 《ᠭᠤᠷᠪᠠᠨ ᠲᠤᠮᠤ ᠪᠥᠮᠪᠥᠭᠡ》 ᠶ᠋ᠢᠨ ᠣᠨᠴᠠᠯᠢᠭ᠍ᠲᠤ ᠬᠢᠴᠢᠶᠡᠯ ᠨᠡᠭᠡᠭᠡᠵᠦ᠂ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠢ ᠲᠠᠮᠢᠷ᠎ᠤᠨ ᠬᠢᠴᠢᠶᠡᠯ᠎ᠤᠨ ᠵᠢᠭᠠᠨ ᠰᠤᠷᠭᠠᠯᠲᠠ ᠲᠠᠢ ᠠᠭᠤᠰᠤᠯᠴᠠᠭᠤᠯᠵᠤ᠂ ᠵᠢᠭᠠᠨ ᠰᠤᠷᠭᠠᠯᠲᠠ᠎ᠶ᠋ᠢᠨ ᠲᠠᠲᠠᠬᠤ ᠬᠦᠴᠦᠨ᠎ᠢ ᠨᠡᠮᠡᠭ᠌ᠳᠡᠭᠦᠯᠪᠡ᠃ 《ᠪᠡᠶ᠎ᠡ᠎ᠶ᠋ᠢᠨ ᠲᠠᠮᠢᠷ + ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ》 ᠤ᠋ᠨ ᠵᠢᠭᠠᠨ ᠰᠤᠷᠭᠠᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠦᠭ᠌ᠰᠡᠨ ᠨᠢ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢᠨ ᠪᠥᠬᠥ᠌ ᠶᠠᠪᠤᠴᠠ᠎ᠵᠢᠨ ᠲᠤᠭᠠᠴᠢᠯᠠᠯᠲᠠ᠂ ᠦᠵᠡᠭ᠌ᠳᠡᠮᠡᠯ᠂ ᠣᠨᠣᠪᠴᠢᠵᠢᠯᠲᠠᠶ᠋ᠢ ᠪᠡᠶᠡᠯᠡᠭᠦᠯᠵᠦ᠍᠂ 《ᠡᠳᠦᠷ ᠲᠤᠲᠤᠮ ᠴᠢᠬᠤᠯᠠᠴᠢᠯᠠᠬᠤ᠂ ᠤᠷ᠎ᠠ ᠴᠢᠳᠠᠪᠤᠷᠢ᠎ᠶ᠋ᠢ ᠴᠢᠩᠭᠠᠳᠭᠠᠬᠤ᠂ ᠡᠷᠡᠭᠦᠯ ᠮᠡᠨᠳᠦ᠍᠎ᠶ᠋ᠢ ᠠᠬᠢᠭᠤᠯᠬᠤ》 ᠪᠡᠶ᠎ᠡ᠎ᠶ᠋ᠢᠨ ᠲᠠᠮᠢᠷ᠎ᠤᠨ ᠬᠥᠮᠦᠨ ᠬᠥᠮᠦᠵᠢᠭᠦᠯᠬᠦ᠌ ᠱᠢᠨ᠎ᠡ ᠪᠠᠢᠷᠢᠱᠢᠯ᠎ᠢ ᠪᠣᠶ ᠪᠣᠯᠭᠠᠪᠠ᠃
ᠣᠷᠳᠣᠰ ᠬᠤᠳᠠ ᠵᠢᠨ ᠲᠤᠮᠳᠠᠳᠤ ᠪᠠᠭ᠎ᠠ ᠰᠤᠷᠭᠠᠭᠤᠯᠢ᠎ᠶᠢᠨ ᠪᠡᠶ᠎ᠡ ᠵᠢᠨ ᠲᠠᠮᠢᠷ᠎ᠤᠨ ᠬᠥᠭ᠌ᠵᠢᠯᠲᠡ᠎ᠶ᠋ᠢᠨ ᠵᠠᠭ᠍ᠪᠤᠷ ᠪᠣᠯ ᠦᠪᠦᠷ ᠮᠤᠩᠭᠤᠯ᠎ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠬᠤᠷᠢᠶᠠᠩᠭᠤᠢ ᠳᠦᠷᠰᠦ ᠪᠠᠢᠵᠤ᠂ ᠦᠪᠦᠷ ᠮᠤᠩᠭᠤᠯ ᠪᠡᠶ᠎ᠡ᠎ᠶ᠋ᠢᠨ ᠲᠠᠮᠢᠷ᠎ᠤᠨ ᠰᠤᠷᠭᠠᠨ ᠬᠥᠮᠦᠵᠢᠯ᠎ᠦᠨ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠤᠭᠰᠠᠨ᠎ᠢ ᠬᠠᠷᠠᠭᠤᠯᠵᠤ ᠪᠠᠢᠳᠠᠭ᠃ ᠭᠡᠪᠡᠴᠦ᠍ ᠪᠡᠶ᠎ᠡ᠎ᠶ᠋ᠢᠨ ᠲᠠᠮᠢᠷ᠎ᠤᠨ ᠰᠤᠷᠭᠠᠨ ᠬᠥᠮᠦᠵᠢᠯ ᠪᠣᠯ ᠤᠷᠳᠤ ᠬᠤᠭᠤᠴᠠᠭᠠᠨ᠎ᠤ ᠱᠢᠰᠲ᠋ᠧᠮᠲᠦ ᠢᠨᠵᠧᠨᠧᠷᠢᠩ ᠪᠣᠯᠬᠣᠷ ᠮᠥᠨ ᠯᠡ ᠦᠷᠭᠦᠯᠵᠢᠯᠡᠨ ᠬᠦᠴᠦᠯᠡᠬᠦ᠌ ᠴᠢᠬᠤᠯᠠ ᠲᠠᠢ᠃ ᠰᠤᠷᠭᠠᠭᠤᠯᠢ᠎ᠨᠤᠭᠤᠳ ᠬᠢᠴᠢᠶᠡᠯ᠎ᠦᠨ ᠲᠤᠬᠢᠷᠠᠭᠤᠯᠤᠯᠳᠠ ᠪᠠᠨ ᠲᠠᠰᠤᠷᠠᠯᠲᠠ ᠤᠢ᠍ᠭᠡᠢ ᠱᠢᠯᠢᠳᠡᠭ᠌ᠵᠢᠭᠦᠯᠵᠦ᠍᠂ ᠰᠤᠷᠤᠭ᠍ᠴᠢᠳ᠎ᠤᠨ ᠨᠠᠰᠤᠨ᠎ᠤ ᠣᠨᠴᠠᠯᠢᠭ ᠪᠣᠯᠤᠨ ᠳᠤᠷ᠎ᠠ ᠰᠣᠨᠢᠷᠬᠠᠯ᠎ᠢ ᠦᠨᠳᠦᠰᠦᠯᠡᠨ ᠣᠨᠴᠠᠯᠢᠭᠳᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠢᠯ᠎ᠢ ᠨᠡᠩ ᠣᠯᠠᠨ ᠨᠡᠭᠡᠭᠡᠵᠦ ᠪᠤᠯᠤᠨ᠎ᠠ; ᠪᠡᠶ᠎ᠡ᠎ᠶ᠋ᠢᠨ ᠲᠠᠮᠢᠷ᠎ᠤᠨ ᠪᠠᠭ᠍ᠰᠢ᠎ᠶ᠋ᠢᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠨ᠂ ᠪᠠᠭ᠍ᠰᠢ᠎ᠶ᠋ᠢᠨ ᠲᠤᠰᠭᠠᠶ ᠮᠡᠷᠭᠡᠵᠢᠯ᠎ᠦᠨ ᠮᠡᠳᠡᠯᠭᠡ ᠪᠣᠯᠪᠠᠰᠤᠷᠠᠯ ᠪᠣᠯᠤᠨ ᠵᠢᠭᠠᠨ ᠰᠤᠷᠭᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠰᠤᠷᠤᠭ᠍ᠴᠢᠳ᠎ᠲᠤ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠬᠠᠩᠭᠠᠪᠠᠯ ᠵᠤᠬᠢᠨ᠎ᠠ; ᠪᠠᠰᠠ ᠬᠡᠷ ᠪᠦᠯᠢ ᠪᠠ ᠰᠤᠷᠭᠠᠭᠤᠯᠢ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠡᠷ᠎ᠦᠨ ᠠᠬᠠᠮᠠᠳ᠎ᠢ ᠬᠥᠲᠥᠯᠥᠨ ᠵᠢᠯᠣᠭᠣᠳᠴᠤ᠌ ᠪᠠᠢᠭᠠᠳ ᠬᠡᠦᠬᠡᠳ᠎ᠦᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠢ ᠴᠢᠬᠤᠯᠠᠴᠢᠯᠠᠵᠤ᠂ ᠬᠡᠷ ᠪᠦᠯᠢ᠎ᠶ᠋ᠢᠨ ᠪᠡᠶ᠎ᠡ᠎ᠶ᠋ᠢᠨ ᠲᠠᠮᠢᠷ᠎ᠤᠨ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠪᠠᠯ ᠵᠤᠬᠢᠨ᠎ᠠ᠃
《ᠪᠠᠭᠠᠴᠤᠳ ᠬᠦᠴᠦᠷᠬᠡᠭ᠌ᠵᠢᠪᠡᠯ ᠤᠯᠤᠰ ᠬᠦᠴᠦᠷᠬᠡᠭ᠌ᠵᠢᠨ᠎ᠡ》᠃ ᠡᠷᠡᠭᠦᠯ ᠴᠢᠭᠢᠷᠠᠭ ᠪᠡᠶ᠎ᠡ ᠮᠠᠬᠠᠪᠣᠳ ᠪᠣᠯ ᠵᠠᠯᠠᠭᠤᠴᠤᠳ ᠪᠠᠭᠠᠴᠤᠳ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶ᠋ᠢᠨ ᠰᠠᠭᠤᠷᠢ ᠮᠥᠨ᠃ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠤᠨ ᠬᠥᠮᠦᠵᠢᠯ ᠨᠢ ᠴᠢᠳᠠᠪᠤᠷᠢᠲᠠᠨ᠎ᠢ ᠪᠦᠬᠦ᠌ ᠲᠠᠯ᠎ᠠ᠎ᠪᠠᠷ ᠬᠥᠮᠦᠵᠢᠭᠦᠯᠬᠦ᠌ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠃ ᠪᠢᠳᠡ ᠣᠷᠳᠣᠰ ᠬᠤᠳᠠ᠎ᠶᠢᠨ ᠠᠷᠭ᠎ᠠ ᠲᠤᠷᠰᠢᠯᠭ᠎ᠠ᠂ ᠠᠮᠵᠢᠯᠳᠠ ᠪᠦᠳᠦᠮᠵᠢ ᠪᠡᠷ ᠥᠯᠢᠭᠡᠷ ᠳᠠᠭᠤᠷᠢᠶᠠᠯ ᠪᠣᠯᠭᠠᠵᠤ᠂ ᠲᠠᠰᠤᠷᠠᠯᠲᠠ ᠥᠬᠡᠶ ᠬᠠᠢᠨ ᠰᠦᠪᠡᠭ᠌ᠴᠢᠯᠡᠵᠦ᠍ ᠱᠢᠨ᠎ᠡ᠎ᠶ᠋ᠢ ᠡᠭᠦᠳᠦᠨ᠂ ᠪᠡᠶ᠎ᠡ᠎ᠶ᠋ᠢᠨ ᠲᠠᠮᠢᠷ᠎ᠤᠨ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ 《ᠡᠷᠡᠭᠦᠯ ᠴᠢᠬᠢᠷᠠᠬ ᠪᠡᠶ᠎ᠡ ᠮᠠᠬᠠᠪᠣᠳ》 ᠢ᠋ ᠰᠤᠷᠭᠠᠭᠤᠯᠢ᠎ᠶ᠋ᠢᠨ ᠬᠦᠷᠢᠶᠡᠨ᠎ᠦ ᠱᠢᠨ᠎ᠡ ᠬᠡᠪ ᠰᠤᠷᠲᠠᠯ ᠪᠣᠯᠭᠠᠵᠤ᠂ ᠰᠣᠷᠣᠭ᠍ᠴᠢ ᠨᠢᠭᠡᠪᠦᠷᠢ᠎ᠶ᠋ᠢ ᠴᠥᠮ ᠡᠷᠡᠭᠦᠯ ᠴᠢᠭᠢᠷᠠᠭ ᠪᠡᠶ᠎ᠡ ᠮᠠᠬᠠᠪᠣᠳ᠎ᠲᠠᠶ᠂ ᠰᠠᠷᠠᠭᠤᠯ ᠦᠭᠡᠳᠡᠷᠭᠡᠭ ᠬᠦᠮᠦᠨ ᠴᠢᠨᠠᠷ ᠲᠠᠢ ᠪᠤᠯᠭᠠᠨ ᠬᠦᠮᠦᠵᠢᠭᠦᠯᠦᠶ᠎ᠡ᠃